ᠠᠶᠤᠩᠭ᠎ᠠ  ᠭᠡᠳᠡᠭ  ᠢ ᠬᠡᠷᠬᠢᠨ ᠦᠢᠯᠠᠭᠠᠬᠤ ᠪᠤᠢ
ᠨᠡᠶᠢᠲᠡᠯᠡᠭᠰᠡᠨ ᠴᠠᠭ᠄
2015/1/30

      ᠠᠶᠤᠩᠭ᠎ᠠ ᠭᠡᠳᠡᠭ ᠪᠤᠯ ᠬᠤᠷ᠎ᠠ ᠪᠤᠷᠤᠭᠠᠨ ᠤ ᠡᠬᠦᠯᠡ ᠴᠢᠩᠭ᠎ᠠ ᠪᠠᠷ ᠬᠤᠮᠠᠷᠠᠯᠳᠤᠨ ᠪᠥᠷᠢᠯᠳᠥᠬᠦ ᠱᠠᠳᠤᠨ ᠳᠠᠭᠠᠨ  ᠡᠬᠦᠯᠡᠨ ᠲᠠᠪᠬᠤᠷᠭ᠎ᠠ ᠶᠢᠨ ᠬᠤᠭᠤᠷᠤᠨᠳᠤ᠂ ᠡᠬᠦᠯᠡ ᠭᠠᠵᠠᠷ ᠤᠨ ᠬᠤᠭᠤᠷᠤᠨᠳᠤ᠂ ᠡᠬᠦᠯᠡ ᠠᠭᠠᠷ ᠤᠨ ᠬᠤᠭᠤᠷᠤᠨᠳᠤ ᠳᠠᠬᠢ  ᠴᠠᠬᠢᠯᠭᠠᠨ ᠤ ᠪᠠᠶᠢᠷᠢ ᠶᠢᠨ ᠵᠥᠷᠢᠶ᠎ᠡ ᠨᠢ ᠵᠤᠬᠢᠬᠤ ᠭᠡᠮᠵᠢᠶᠡᠨ᠎ᠡ ᠬᠥᠷᠬᠦ ᠳᠤ ᠴᠠᠬᠢᠯᠭᠠᠨ ᠲᠠᠯᠪᠢᠬᠤ ᠥᠵᠡᠭᠳᠡᠯ ᠡᠬᠦᠰᠳᠡᠭ᠃  ᠬᠥᠮᠥᠨ᠂ ᠪᠠᠷᠢᠯᠭ᠎ᠠ ᠪᠤᠶᠤ ᠡᠯ᠎ᠡ ᠵᠥᠢᠯ ᠤᠨ ᠪᠡᠯᠡᠳᠭᠡᠮᠵᠢ ᠳᠤ ᠠᠶᠤᠩᠭ᠎ᠠ ᠪᠠᠭᠤᠪᠠᠯ ᠶᠡᠷᠥ ᠠᠴᠠ ᠬᠥᠮᠥᠨ ᠥᠬᠦᠵᠤ  ᠰᠢᠷᠬᠠᠳᠠᠬᠤ ᠪᠠ ᠠᠵᠤ ᠠᠬᠤᠢ ᠶᠢᠨ ᠬᠤᠬᠢᠷᠠᠯ ᠭᠠᠷᠳᠠᠭ᠃        
    ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ        
     ○ ᠬᠥᠳᠡᠭᠡ ᠭᠠᠳᠠᠨ᠎ᠠ ᠰᠢᠬᠦᠷ ᠲᠡᠯᠭᠡᠬᠦ᠂ ᠲᠡᠷᠢᠶᠠᠯᠠᠩ ᠤᠨ ᠪᠠᠭᠠᠵᠢ᠂ ᠥᠳᠥᠨ ᠪᠥᠮᠪᠦᠭᠡ ᠶᠢᠨ ᠴᠤᠬᠢᠭᠤᠷ ᠪᠠ  ᠭᠤᠯᠹ ᠪᠥᠮᠪᠦᠭᠡ ᠶᠢᠨ ᠴᠤᠬᠢᠭᠤᠷ ᠵᠡᠷᠭᠡ ᠶᠢ ᠮᠥᠷᠥᠨ ᠲᠡᠭᠡᠷ᠎ᠡ ᠪᠠᠨ ᠲᠠᠯᠪᠢᠬᠤ ᠠᠴᠠ  ᠰᠡᠷᠭᠡᠶᠢᠯᠡᠨ᠎ᠡ᠃             ○ ᠴᠠᠬᠢᠯᠭᠠᠨ ᠤᠳᠠᠰᠤ᠂ ᠤᠰᠤᠨ ᠤ ᠬᠤᠭᠤᠯᠠᠢ᠂ ᠲᠡᠮᠥᠷ ᠲᠤᠤᠷ᠂ ᠲᠡᠮᠦᠷᠯᠢᠭ ᠡᠬᠦᠳᠡ ᠴᠤᠩᠬᠤ᠂ ᠪᠠᠷᠢᠯᠭ᠎ᠠ   ᠶᠢᠨ ᠭᠠᠳᠠᠭᠤᠷ ᠭᠡᠷᠡᠮ ᠲᠠᠢ ᠤᠢᠢᠷᠠᠳᠴᠤ ᠤᠭᠳᠤ ᠪᠤᠯᠬᠤ ᠥᠭᠡᠢ᠂ ᠴᠠᠬᠢᠯᠭᠠᠨ ᠤᠳᠠᠰᠤ ᠵᠡᠷᠭᠡ ᠴᠠᠬᠢᠯᠭᠠᠨ ᠲᠠᠢ  ᠪᠡᠯᠡᠳᠭᠡᠮᠵᠢ ᠪᠤᠯᠤᠨ ᠪᠤᠰᠤᠳ ᠲᠡᠮᠦᠷᠯᠢᠭ ᠪᠤᠶᠤ ᠲᠡᠮᠦᠷᠯᠢᠭ ᠲᠠᠢ ᠠᠳᠠᠯᠢᠪᠳᠤᠷ ᠪᠤᠳᠠᠰ ᠠᠴᠠ ᠬᠤᠯᠠ ᠪᠠᠶᠢᠬᠤ   ᠶᠢ  ᠪᠠᠷᠢᠮᠳᠠᠯᠠᠨ᠎ᠠ᠃        
     ○ ᠶᠡᠭᠡ ᠠᠶᠤᠩᠭ᠎ᠠ ᠨᠢᠷᠬᠢᠬᠦ ᠥᠶ᠎ᠡ ᠳᠤ᠂ ᠠᠶᠤᠩᠭ᠎ᠠ ᠰᠡᠷᠭᠡᠶᠢᠯᠡᠬᠦ ᠲᠤᠨᠤᠭᠯᠠᠯ ᠤᠭᠰᠤᠷᠠᠭᠰᠠᠨ ᠥᠭᠡᠢ  ᠵᠢᠷᠤᠭᠳᠤ ᠷᠠᠳᠢᠤ᠋᠂ ᠺᠤᠮᠫᠢᠦ᠋ᠲ᠋ᠧᠷ᠂ ᠤᠳᠠᠰᠤ ᠪᠠᠷ ᠢᠨᠲ᠋ᠧᠷ ᠰᠥᠯᠵᠢᠶᠡᠨ ᠳᠤ ᠭᠠᠷᠬᠤ ᠵᠡᠷᠭᠡ ᠡᠯᠧᠺᠲᠷᠤᠨ  ᠪᠥᠳᠥᠭᠡᠭᠳᠡᠬᠦᠨ ᠭᠡᠷᠡᠭᠯᠡᠬᠦ ᠪᠠᠨ ᠵᠤᠭᠰᠤᠬᠤ ᠭᠡᠷᠡᠭᠳᠡᠢ᠃        
    & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ        
     ◇ ᠭᠡᠷ ᠤᠨ ᠭᠠᠳᠠᠨᠠᠬᠢ ᠬᠥᠮᠥᠰ ᠠᠶᠤᠩᠭ᠎ᠠ ᠰᠡᠷᠭᠡᠶᠢᠯᠡᠬᠦ ᠪᠡᠯᠡᠳᠭᠡᠮᠵᠢ ᠤᠭᠰᠤᠷᠠᠭᠰᠠᠨ ᠪᠠᠷᠢᠯᠭ᠎ᠠ ᠪᠤᠶᠤ ᠮᠠᠰᠢᠨ  ᠲᠡᠷᠭᠡᠨ ᠲᠤᠳᠤᠷ᠎ᠠ  ᠲᠠᠯᠳᠠᠯᠠᠨ᠎ᠠ᠃        
     ◇ ᠠᠶᠤᠯᠳᠠᠢ ᠴᠠᠬᠢᠯᠭᠠᠨ ᠤ ᠢᠷᠡᠯᠳᠡ ᠶᠢ ᠲᠠᠰᠤᠯᠵᠤ᠂ ᠠᠶᠤᠩᠭ᠎ᠠ ᠨᠢᠷᠭᠢᠭᠰᠡᠨ ᠠᠴᠠ ᠪᠤᠯᠵᠤ ᠭᠠᠯ ᠤᠨ ᠠᠶᠤᠯ  ᠡᠬᠦᠰᠬᠦ ᠶᠢ  ᠰᠡᠷᠭᠡᠶᠢᠯᠡᠵᠤ ᠪᠤᠯᠤᠨ᠎ᠠ᠃        
     ◇ ᠵᠤᠷᠴᠢᠨ ᠶᠠᠪᠤᠭᠰᠠᠳ ᠮᠤᠳᠤ᠂ ᠴᠠᠬᠢᠯᠭᠠᠨ ᠤᠳᠠᠰᠤᠨ ᠤ ᠪᠠᠭᠠᠨ᠎ᠠ᠂ ᠰᠤᠪᠤᠷᠭᠠᠨ ᠭᠡᠯᠪᠡᠷᠢᠳᠤ ᠲᠡᠬᠦᠵᠢᠯᠡᠬᠦ  ᠮᠠᠰᠢᠨ ᠤ ᠲᠤᠤᠷ᠎ᠠ ᠪᠤᠷᠤᠭᠠᠨ ᠠᠴᠠ ᠲᠠᠯᠳᠠᠯᠠᠵᠤ ᠪᠤᠯᠬᠤ ᠥᠭᠡᠢ᠃        
     ◇ ᠬᠥᠳᠡᠭᠡ ᠭᠠᠳᠠᠨ᠎ᠠ ᠬᠠᠷᠮᠠᠨ ᠤᠳᠠᠰᠤ ᠭᠡᠷᠡᠭᠯᠡᠵᠤ ᠪᠤᠯᠬᠤ ᠥᠭᠡᠢ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map