︵ᠭᠤᠷᠪᠠ︶ ᠲᠠᠷᠢᠶᠠᠯᠠᠩ ᠤᠨ ᠭᠡᠮ ᠬᠤᠷᠤᠬᠠᠢ ᠶᠢ ᠪᠤᠭᠢᠷᠳᠤᠯ ᠦᠭᠡᠢ ᠰᠠᠷᠭᠡᠶᠢᠯᠡᠨ ᠬᠤᠷᠢᠭᠯᠠᠬᠤ
ᠨᠡᠶᠢᠲᠡᠯᠡᠭᠰᠡᠨ ᠴᠠᠭ᠄
2015/10/29

      1. ᠶᠠᠭᠤᠨ ᠳᠤ ᠲᠠᠷᠢᠶᠠᠯᠠᠩ ᠤᠨ ᠭᠡᠮ ᠬᠤᠷᠤᠬᠠᠢ ᠶᠢ ᠪᠤᠭᠢᠷᠳᠤᠯ ᠦᠭᠡᠢ ᠪᠠᠷ ᠰᠡᠷᠭᠡᠶᠢᠯᠡᠨ ᠵᠠᠰᠠᠬᠤ ᠪᠤᠢ︖
      ᠠᠮᠢ ᠠᠬᠤᠢ ᠪᠤᠯᠤᠨ ᠢᠳᠡᠭᠡᠨ ᠤ ᠠᠶᠤᠯ ᠦᠬᠡᠢ ᠪᠠᠶᠢᠬᠤ ᠨᠢ ᠮᠠᠨ ᠤ ᠭᠦᠮᠦᠨ ᠪᠦᠷᠢ ᠶᠢᠨ ᠠᠮᠢᠳᠤᠷᠠᠯ ᠳᠤ ᠴᠦᠮ ᠨᠢᠠᠠᠳᠠ ᠬᠠᠷᠢᠴᠠᠭ᠎ᠠ ᠲᠠᠢ ᠪᠠᠶᠢᠳᠠᠭ᠃ ᠦᠡᠭᠭᠡᠷᠡᠭᠰᠡᠨ ᠳᠤ ᠭᠤᠭᠤᠳ ᠤᠨ ᠦᠳᠤ ᠶᠢ ᠠᠷᠢᠯᠭᠠᠬᠤ ᠶᠢᠨ ᠲᠤᠰᠠᠳᠠ᠂ ᠬᠤᠤᠷ ᠶᠡᠭᠡᠳᠡᠢ ᠲᠠᠷᠢᠶᠠᠨ ᠡᠮ ᠢ ᠭᠤᠭᠤᠳ ᠤᠨ ᠦᠨᠳᠤᠰᠤᠨ ᠳᠤᠨᠢ ᠭᠦᠷᠳᠡᠯ᠎ᠡ ᠭᠢᠭᠰᠡᠨ ᠠᠴᠠ ᠪᠤᠯᠤᠭᠠᠳ ᠭᠦᠮᠦᠰ ᠭᠤᠭᠤᠳ ᠯᠡ ᠭᠡᠪᠡᠯ ᠴᠢᠷᠠᠢ ᠬᠤᠵᠶᠢᠨ ᠭᠡᠯᠮᠡᠭᠳᠡᠭᠦ ᠪᠤᠯᠤᠭᠰᠠᠨ ᠪᠠᠶᠢᠳᠠᠭ᠃ ᠭᠡᠳᠡᠯ᠎ᠠ ᠵᠠᠷᠢᠮ ᠲᠠᠷᠢᠶᠠᠴᠢᠳ ᠮᠡᠳᠡᠵᠤ ᠪᠠᠶᠢᠭᠠᠳ ᠵᠤᠷᠢᠭᠤᠳᠠ ᠭᠢᠵᠤ᠂ ᠦᠪᠠᠷ ᠤᠨ ᠲᠠᠳᠠᠭᠠᠯ ᠳᠠᠭᠠᠨ ᠬᠠᠷᠢᠨ ᠬᠤᠤᠷ ᠶᠡᠭᠡᠳᠡᠢ ᠲᠠᠷᠢᠶᠠᠨ ᠡᠮ ᠢ ᠭᠡᠷᠡᠭᠯᠡᠭᠦ ᠦᠭᠡᠢ ᠪᠠᠶᠢᠳᠠᠭ᠃ ᠡᠭᠦᠨ ᠠᠴᠠ ᠭᠢᠯᠪᠡᠷ ᠲᠦᠭᠦᠮ ᠤᠴᠢᠷ ᠶᠤᠰᠤ ᠶᠢ ᠮᠡᠳᠡᠵᠤ ᠪᠤᠯᠤᠨ᠎ᠠ᠃ ᠭᠦᠮᠦᠨ ᠪᠤᠯᠭᠠᠨ ᠴᠦᠮ ᠭᠡᠷᠡᠭᠯᠡᠭᠴᠢᠳ ᠮᠦᠨ᠂ ᠴᠢ ᠬᠤᠤᠷᠳᠠᠢ ᠭᠤᠭᠤᠳ ᠢ ᠢᠳᠡᠭᠦ ᠦᠭᠡᠢ ᠭᠡᠭᠦ ᠳᠤ ᠪᠤᠰᠤᠳ ᠭᠦᠮᠦᠨ ᠤ ᠦᠢᠯᠡᠳᠪᠤᠷᠢᠯᠡᠭᠰᠡᠨ ᠢᠳᠡᠭᠡᠨ ᠢ ᠲᠠ ᠶᠠᠮᠠᠷ ᠴᠤ ᠠᠰᠠᠭᠤᠳᠠᠯ ᠦᠭᠡᠢ ᠭᠡᠵᠤ ᠪᠠᠳᠤᠯᠠᠵᠤ ᠴᠢᠳᠠᠬᠤ ᠦᠭᠡᠢ ᠰᠢᠤ ᠳ᠋ᠠ᠂ ᠡᠶᠢᠮᠤ ᠠᠴᠠ ᠲᠠᠷᠢᠶᠠᠯᠠᠩ ᠤᠨ ᠭᠡᠮ ᠬᠤᠷᠤᠬᠠᠢ ᠶᠢ ᠰᠡᠷᠭᠡᠶᠢᠯᠡᠨ ᠤᠰᠠᠳᠬᠠᠬᠤ ᠳᠤ ᠠᠮᠢ ᠠᠬᠤᠢ ᠪᠠ ᠢᠳᠡᠭᠡᠨ ᠤ ᠠᠶᠤᠯ ᠦᠬᠡᠢ ᠪᠠᠶᠢᠬᠤ ᠶᠢ ᠪᠠᠳᠤᠯᠠᠬᠤ ᠭᠡᠷᠡᠭᠳᠡᠢ᠃ ᠡᠨᠡ ᠪᠤᠯ ᠲᠠᠷᠤᠢ ᠪᠤᠭᠢᠷᠳᠤᠯ ᠦᠭᠡᠢ ᠰᠡᠷᠭᠡᠶᠢᠯᠡᠨ ᠬᠤᠷᠢᠠᠠᠯᠠᠬᠤ ᠶᠠᠪᠤᠳᠠᠯ ᠪᠤᠯᠤᠨ᠎ᠠ᠃
      ᠦᠡᠭᠭᠡᠷᠡᠭᠰᠡᠨ ᠤ ᠤᠷᠭᠤᠮᠠᠯ ᠤᠨ ᠬᠠᠮᠠᠭᠠᠯᠠᠯᠳᠠ ᠶᠢᠨ ᠠᠵᠢᠯ ᠨᠢ ᠲᠠᠷᠢᠶᠠᠯᠠᠩ ᠤᠨ ᠭᠠᠮᠰᠢᠭ ᠭᠦᠨᠦᠭᠡᠯ ᠢ ᠬᠤᠷᠢᠠᠠᠯᠠᠬᠤ ᠪᠠ ᠪᠠᠭᠠᠰᠬᠠᠵᠤ᠂ ᠡᠯᠪᠡᠭ ᠬᠤᠷᠢᠶᠠᠯᠳᠠ ᠤᠯᠬᠤ ᠳᠤ ᠯᠡ ᠦᠢᠯᠡᠴᠢᠯᠡᠳᠡᠭ ᠠᠴᠠ ᠪᠢᠰᠢ ᠠᠮᠢ ᠠᠬᠤᠢ ᠪᠠ ᠶᠠᠰᠤ ᠴᠢᠨᠠᠷ ᠢ ᠲᠠᠮᠡᠢ ᠪᠤᠳᠤᠯᠭᠢᠯᠠᠳᠠᠭ ᠦᠭᠡᠢ ᠪᠠᠶᠢᠯ᠎ᠠ᠃ ᠦᠨᠤ ᠲᠠᠷᠢᠶᠠᠯᠠᠩ ᠤᠨ ᠭᠦᠭᠵᠢᠯᠳᠡ ᠶᠢᠨ ᠱᠠᠳᠤᠨ ᠳᠤ ᠤᠷᠤᠠᠠᠰᠠᠨ ᠦᠶ᠎ᠠ ᠳᠤ ᠤᠷᠭᠤᠮᠠᠯ ᠤᠨ ᠬᠠᠮᠠᠭᠠᠯᠠᠯᠳᠠ ᠶᠢᠨ ᠠᠵᠢᠯ ᠨᠢ ᠵᠦᠪᠭᠡᠨ ᠲᠠᠷᠢᠶᠠᠯᠠᠩ ᠤᠨ ᠭᠠᠮᠰᠢᠭ ᠭᠦᠨᠦᠭᠡᠯ ᠢ ᠭᠢᠵᠠᠭᠠᠷᠯᠠᠵᠤ ᠪᠠᠭᠠᠰᠬᠠᠵᠤ᠂ ᠡᠯᠪᠡᠭ ᠬᠤᠷᠢᠶᠠᠯᠳᠠ ᠤᠯᠭᠤᠭᠤᠯᠬᠤ ᠳᠤ ᠯᠡ ᠦᠢᠯᠡᠴᠢᠯᠡᠭᠦ ᠪᠢᠰᠢ ᠪᠠᠰᠠ ᠠᠮᠢ ᠠᠬᠤᠢ ᠶᠢᠨ ᠪᠤᠯᠪᠠᠰᠤᠨ ᠢᠳᠡᠭᠡᠨ ᠤ ᠠᠶᠤᠯ ᠦᠬᠡᠢ ᠶᠢ ᠪᠠᠳᠤᠯᠠᠬᠤ ᠰᠢᠨ᠎ᠠ ᠡᠭᠦᠷᠭᠡ ᠲᠠᠢ ᠪᠤᠯᠤᠠᠠᠰᠠᠨ ᠪᠠᠶᠢᠨ᠎ᠠ᠃
       2. ᠲᠠᠷᠢᠶᠠᠯᠠᠩ ᠤᠨ ᠭᠡᠮ ᠬᠤᠷᠤᠬᠠᠢ ᠶᠢ ᠰᠡᠷᠭᠡᠶᠢᠯᠡᠨ ᠬᠤᠷᠢᠠᠠᠯᠠᠬᠤ ᠳᠤ ᠶᠠᠮᠠᠷ ᠪᠤᠳᠠᠳᠠᠢ ᠠᠷᠭ᠎ᠠ ᠪᠤᠳᠤᠯᠭ᠎ᠠ ᠪᠠᠶᠢᠬᠤ ᠪᠤᠢ︖
       ᠪᠤᠭᠢᠷᠳᠤᠯ ᠦᠭᠡᠢ ᠪᠠᠷ ᠰᠡᠷᠭᠡᠶᠢᠯᠡᠨ ᠬᠤᠷᠢᠠᠠᠯᠠᠬᠤ ᠶᠢᠨ ᠠᠷᠭ᠎ᠠ ᠪᠤᠳᠤᠯᠭ᠎ᠠ ᠪᠤᠯ ᠠᠮᠢ ᠠᠬᠤᠢ ᠪᠠᠷ ᠭᠤᠤᠯᠳᠠᠯᠭ᠎ᠠ ᠪᠤᠯᠭᠠᠵᠤ᠂ ᠰᠡᠷᠭᠡᠶᠢᠯᠡᠨ ᠬᠤᠷᠢᠠᠠᠯᠠᠬᠤ ᠪᠠᠷ ᠤᠳᠤᠷᠢᠳᠤᠮᠵᠢ ᠪᠤᠯᠭᠠᠵᠤ᠂ ᠪᠦᠳᠦᠭᠡᠭᠳᠡᠭᠦᠨ ᠤ ᠠᠶᠤᠯ ᠦᠬᠡᠢ ᠪᠠᠶᠢᠬᠤ ᠪᠠᠷ ᠪᠠᠷᠢᠮᠵᠢᠶ᠎ᠠ ᠪᠤᠯᠭᠠᠬᠤ ᠤᠷᠭᠤᠮᠠᠯ ᠤᠨ ᠬᠠᠮᠠᠭᠠᠯᠠᠯᠳᠠ ᠶᠢᠨ ᠮᠡᠷᠭᠡᠵᠢᠯ ᠪᠤᠯᠤᠨ᠎ᠠ᠃ ᠲᠠᠷᠠ ᠨᠢ ᠭᠡᠮ ᠬᠤᠷᠤᠬᠠᠢ ᠪᠠᠷ ᠭᠤᠤᠯ ᠴᠤᠠᠠᠴᠠ ᠪᠤᠯᠭᠠᠨ ᠰᠡᠷᠭᠡᠶᠢᠯᠡᠨ ᠬᠤᠷᠢᠠᠠᠯᠠᠬᠤ ᠪᠢᠰᠢ ᠬᠠᠷᠢᠨ ᠭᠡᠮ ᠬᠤᠷᠤᠬᠠᠢ ᠡᠭᠦᠰᠦᠭᠰᠡᠨ ᠠᠮᠢ ᠠᠬᠤᠢ ᠶᠢᠨ ᠡᠯᠧᠮᠧᠨ᠋ᠲ ᠠᠴᠠ ᠡᠭᠦᠰᠴᠤ᠂ ᠤᠷᠴᠢᠨ ᠠᠬᠤᠢ ᠶᠢᠨ ᠡᠯᠧᠮᠧᠨ᠋ᠲ ᠢ ᠰᠢᠰᠲ᠋ᠧᠮᠵᠢᠭᠦᠯᠦᠨ ᠲᠤᠭᠢᠷᠠᠭᠤᠯᠵᠤ᠂ ᠲᠠᠷᠢᠮᠠᠯ ᠢ ᠢᠳᠡᠷᠡᠭᠦᠨ ᠤᠷᠭᠤᠭᠤᠯᠬᠤ ᠪᠠ ᠭᠡᠮ ᠬᠤᠷᠤᠬᠠᠢ ᠶᠢ ᠲᠠᠷᠤᠬᠤ ᠴᠢᠳᠠᠪᠤᠷᠢ ᠲᠠᠢ ᠪᠤᠯᠭᠠᠳᠠᠭ ᠶᠤᠮ᠃
       3. ᠪᠤᠭᠢᠷᠳᠤᠯ ᠦᠭᠡᠢ ᠰᠡᠷᠭᠡᠶᠢᠯᠡᠨ ᠬᠤᠷᠢᠠᠠᠯᠠᠬᠤ ᠳᠤ ᠶᠠᠮᠠᠷ ᠪᠤᠳᠠᠳᠠᠢ ᠠᠷᠭ᠎ᠠ ᠵᠠᠮ ᠪᠠᠶᠢᠬᠤ ᠪᠤᠢ︖
       ᠲᠠᠷᠢᠶᠠᠯᠠᠩ ᠤᠨ ᠭᠡᠮ ᠬᠤᠷᠤᠬᠠᠢ ᠪᠤᠯ ᠪᠠᠶᠢᠭᠠᠯᠢ ᠶᠢᠨ ᠠᠮᠢ ᠠᠬᠤᠢ ᠶᠢᠨ ᠨᠢᠬᠡᠨ ᠵᠦᠢᠯ ᠤᠨ ᠪᠦᠷᠢᠯᠳᠤᠬᠦᠨ ᠬᠡᠰᠡᠭ ᠮᠦᠨ᠂ ᠭᠡᠮ ᠬᠤᠷᠤᠬᠠᠢ ᠶᠢᠨ ᠭᠦᠨᠦᠭᠡᠯ ᠡᠭᠦᠰᠦᠭᠰᠡᠨ ᠦᠶ᠎ᠠ ᠪᠤᠯ ᠲᠡᠭᠦᠨ ᠤ ᠴᠢᠳᠠᠪᠤᠷᠢ ᠨᠢ ᠲᠠᠷᠢᠮᠠᠯ ᠤᠨ ᠡᠪᠡᠳᠴᠢᠨ ᠢᠶᠠᠨ ᠲᠠᠷᠤᠬᠤ ᠴᠢᠳᠠᠪᠤᠷᠢ ᠠᠴᠠ ᠨᠢ ᠲᠠᠪᠠᠭᠰᠠᠨ ᠢ ᠬᠠᠷᠠᠭᠤᠯᠵᠤ ᠪᠠᠶᠢᠬᠤ ᠪᠦᠭᠡᠳ ᠡᠭᠦᠨ ᠠᠴᠠ ᠪᠤᠯᠤᠭᠠᠳ ᠤᠷᠴᠢᠨ ᠠᠬᠤᠢ ᠲᠡᠩᠴᠡᠭᠦᠷᠢ ᠪᠠᠨ ᠠᠯᠳᠠᠳᠠᠭ᠃ ᠡᠶᠢᠮᠤ ᠠᠴᠠ ᠪᠤᠭᠢᠷᠳᠤᠯ ᠦᠭᠡᠢ ᠪᠠᠷ ᠰᠡᠷᠭᠡᠶᠢᠯᠡᠨ ᠬᠤᠷᠢᠠᠠᠯᠠᠬᠤ ᠠᠷᠭ᠎ᠠ ᠭᠡᠮᠵᠢᠶ᠋ᠨᠨ ᠤ ᠨᠢᠭᠡ ᠨᠢ ᠭᠡᠪᠡᠯ ᠲᠠᠷᠤᠢ ᠭᠡᠮ ᠬᠤᠷᠤᠬᠠᠢ ᠭᠢᠭᠡᠳ ᠤᠷᠭᠤᠮᠠᠯ ᠤᠨ ᠬᠤᠭᠤᠷᠤᠨᠳᠤᠭᠢ ᠲᠡᠩᠴᠡᠭᠦᠷᠢ ᠶᠢ ᠰᠡᠷᠭᠦᠭᠡᠭᠦ ᠶᠠᠪᠤᠳᠠᠯ ᠪᠤᠯᠤᠨ᠎ᠠ᠃ ᠨᠦᠭᠦᠭᠡ ᠨᠢᠭᠡ ᠠᠷᠭ᠎ᠠ ᠭᠡᠮᠵᠢᠶ᠎ᠠ ᠨᠢ ᠭᠡᠪᠡᠯ ᠰᠡᠷᠭᠡᠶᠢᠯᠡᠨ ᠬᠤᠷᠢᠠᠠᠯᠠᠬᠤ ᠶᠢᠨ ᠲᠤᠰ ᠪᠠᠶ᠎ᠠ ᠨᠢ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠶᠠᠪᠤᠳᠠᠯ ᠪᠤᠯᠤᠨ᠎ᠠ᠃ ᠡᠨᠡ ᠬᠤᠶᠠᠷ ᠪᠤᠯ ᠬᠠᠷᠢᠯᠴᠠᠨ ᠬᠤᠯᠪᠤᠠᠠᠳᠠᠵᠤ ᠬᠠᠷᠢᠯᠴᠠᠨ ᠨᠦᠭᠦᠴᠡᠯᠳᠦᠵᠤ ᠪᠠᠶᠢᠳᠠᠭ᠃
      4. ᠭᠡᠮ ᠬᠤᠷᠤᠬᠠᠢ ᠭᠢᠭᠡᠳ ᠲᠠᠷᠢᠮᠠᠯ ᠤᠨ ᠬᠤᠭᠤᠷᠤᠨᠳᠤᠭᠢ ᠲᠡᠩᠴᠡᠭᠦᠷᠢ ᠶᠢ ᠭᠡᠷᠭᠢᠨ ᠪᠠᠳᠤᠯᠠᠬᠤ ᠪᠤᠢ︖
       ᠦᠡᠭᠭᠡᠷᠡᠭᠰᠡᠨ ᠳᠤ ᠤᠯᠠᠩᠭᠢ ᠳᠠᠭᠠᠨ ᠲᠠᠷᠢᠶᠠᠨ ᠡᠮ ᠢ ᠶᠠᠭᠠᠭᠢᠵᠤ ᠭᠡᠷᠡᠭᠯᠡᠭᠦ ᠪᠡ ᠡᠮ ᠤᠨ ᠠᠯᠠᠵᠤ ᠤᠰᠠᠳᠬᠠᠬᠤ ᠦᠷ᠎ᠡ ᠳ᠋ᠦᠩ ᠢ ᠴᠢᠬᠤᠯᠠᠴᠢᠯᠠᠵᠤ᠂ ᠭᠡᠮ ᠬᠤᠷᠤᠬᠠᠢ ᠡᠭᠦᠰᠪᠡᠯ ᠶᠠᠭᠠᠭᠢᠵᠤ ᠬᠤᠷᠢᠠᠠᠯᠠᠨ ᠵᠤᠠᠠᠰᠤᠭᠠᠬᠤ ᠠᠷᠭ᠎ᠠ ᠶᠢ ᠰᠤᠳᠤᠯᠳᠠᠭ ᠪᠠᠶᠢᠯ᠎ᠠ᠃ ᠭᠡᠳᠡᠯ᠎ᠡ ᠪᠤᠭᠢᠷᠳᠤᠯ ᠦᠭᠡᠢ ᠪᠠᠷ ᠰᠡᠷᠭᠡᠶᠢᠯᠡᠨ ᠬᠤᠷᠢᠠᠠᠯᠠᠬᠤ ᠠᠷᠭ᠎ᠠ ᠨᠢ ᠭᠡᠮ ᠬᠤᠷᠤᠬᠠᠢ ᠭᠢᠭᠡᠳ ᠲᠠᠷᠢᠮᠠᠯ ᠤᠨ ᠬᠤᠭᠤᠷᠤᠨᠳᠤᠭᠢ ᠲᠡᠩᠴᠡᠭᠦᠷᠢ ᠶᠢ ᠪᠠᠳᠤᠯᠠᠬᠤ ᠪᠠᠷ ᠲᠠᠮᠵᠢᠭᠤᠯᠤᠨ ᠠᠮᠢ ᠠᠬᠤᠢ ᠶᠢᠨ ᠤᠷᠴᠢᠨ ᠳᠠᠬᠢ ᠭᠡᠮ ᠬᠤᠷᠤᠬᠠᠢ ᠶᠢᠨ ᠲᠤᠭ᠎ᠠ ᠭᠡᠮᠵᠢᠶ᠎ᠠ ᠶᠢ ᠪᠠᠭᠠᠰᠬᠠᠵᠤ᠂ ᠤᠭ ᠦᠨᠳᠤᠰᠤ ᠠᠴᠠ ᠨᠢ ᠰᠠᠷᠭᠡᠶᠢᠯᠡᠨ ᠬᠤᠷᠢᠠᠠᠯᠠᠳᠠᠭ᠃ ᠤᠳᠤᠬᠠᠨ ᠢᠶᠠᠷ ᠠᠪᠴᠤ ᠦᠵᠡᠪᠡᠯ ᠭᠡᠮ ᠬᠤᠷᠤᠬᠠᠢ ᠭᠢᠭᠡᠳ ᠲᠠᠷᠢᠮᠠᠯ ᠢ ᠲᠡᠩᠴᠡᠭᠦᠷᠢ ᠲᠠᠢ ᠪᠤᠯᠭᠠᠬᠤ ᠳᠤ ᠬᠤᠶᠠᠷ ᠵᠠᠩᠭᠢᠯᠠᠭ᠎ᠠ ᠶᠢ ᠠᠳᠬᠤᠬᠤ ᠭᠡᠷᠡᠭᠳᠡᠢ᠃ ᠨᠢᠭᠡ ᠳᠤ᠂ ᠲᠠᠷᠢᠮᠠᠯ ᠤᠨ ᠤᠷᠭᠤᠴᠠ ᠶᠢᠨ ᠤᠷᠴᠢᠨ ᠲᠤᠭᠤᠷᠢᠨ ᠢ ᠲᠤᠭᠢᠷᠠᠭᠤᠯᠬᠤ ᠭᠡᠷᠡᠭᠳᠡᠢ᠃ ᠬᠤᠶᠠᠷ ᠲᠤ᠂ ᠲᠠᠷᠢᠶᠠᠨ ᠭᠠᠵᠠᠷ ᠢ ᠠᠷᠢᠭᠤᠨ ᠴᠠᠪᠠᠷ ᠪᠠᠶᠢᠯᠭᠠᠬᠤ ᠭᠡᠷᠡᠭᠳᠡᠢ᠃
       5. ᠲᠠᠷᠢᠶᠠᠨ ᠭᠠᠵᠠᠷ ᠢ ᠴᠠᠪᠡᠷᠯᠡᠭᠦ ᠲᠠᠯ᠎ᠠ ᠪᠠᠷ ᠶᠠᠮᠠᠷ ᠮᠡᠳᠡᠯᠭᠡ ᠡᠵᠡᠮᠰᠢᠭᠦ ᠴᠢᠬᠤᠯᠠ ᠲᠠᠢ ᠪᠤᠢ︖
ᠤᠷᠳᠤ ᠬᠤᠭᠤᠴᠠᠭᠠᠨ ᠤ ᠲᠤᠷᠰᠢ ᠭᠡᠮ ᠬᠤᠷᠤᠬᠠᠢ ᠶᠢ ᠰᠡᠷᠭᠡᠶᠢᠯᠡᠨ ᠠᠷᠢᠯᠭᠠᠬᠤ ᠳᠠᠭᠠᠨ ᠲᠠᠷᠢᠶᠠᠯᠠᠩ ᠤᠨ ᠠᠷᠭ᠎ᠠ ᠭᠡᠮᠵᠢᠶ᠎ᠠ ᠶᠢ ᠲᠤᠷᠠᠳᠴᠤ ᠪᠠᠶᠢᠠᠠᠰᠠᠨ ᠶᠤᠮ᠃ ᠭᠡᠭᠦ ᠳᠡᠭᠡᠨ ᠪᠤᠳᠠᠳᠠᠢ ᠦᠢᠯᠡᠳᠪᠤᠷᠢᠯᠡᠯ ᠤᠨ ᠲᠤᠮᠳᠠ ᠡᠳᠡᠭᠡᠷ ᠠᠷᠭ᠎ᠠ ᠭᠡᠮᠵᠢᠶ᠎ᠠ ᠨᠢ ᠵᠦᠪᠭᠡᠨ ᠲᠠᠭᠠᠯᠳᠤᠯ ᠲᠡᠳᠦᠢ ᠠᠩᠬᠠᠷᠬᠤ ᠵᠦᠢᠯ ᠯᠡ ᠪᠤᠯᠵᠤ᠂ ᠭᠡᠮ ᠡᠭᠦᠰᠪᠡᠯ ᠲᠠᠷᠢᠶᠠᠴᠢᠳ ᠡᠮ ᠵᠠᠷᠤᠬᠤ ᠶᠢ ᠯᠡ ᠴᠢᠬᠤᠯᠠᠴᠢᠯᠠᠵᠤ᠂ ᠭᠡᠮ ᠲᠠᠢ ᠪᠤᠯᠪᠠᠯ ᠲᠠᠷᠤᠢ ᠤᠯᠠᠨ ᠵᠦᠢᠯ ᠤᠨ ᠦᠳᠭᠡᠴᠡ ᠨᠢ ᠭᠡᠳᠦᠷᠡᠭᠰᠡᠨ ᠡᠮ ᠢ ᠭᠡᠷᠡᠭᠯᠡᠭᠦ ᠪᠡ ᠠᠶᠤᠯ ᠦᠬᠡᠢ ᠶᠢᠨ ᠠᠯᠤᠰᠯᠠᠯ ᠬᠤᠭᠤᠴᠠᠭ᠎ᠠ ᠶᠢ ᠦᠯᠤ ᠬᠠᠶᠢᠬᠤᠷᠬᠤ ᠠᠷᠭ᠎ᠠ ᠪᠠᠷ ᠡᠮ ᠢ ᠲᠤᠷ᠎ᠡ ᠪᠠᠷ ᠢᠶᠠᠨ ᠭᠡᠷᠡᠭᠯᠡᠳᠡᠭ ᠪᠠᠶᠢᠨ᠎ᠠ᠃ ᠡᠭᠦᠨ ᠤ ᠤᠯᠠᠮ ᠠᠴᠠ ᠵᠤᠭᠢᠬᠤ ᠠᠮᠢ ᠠᠬᠤᠢ ᠶᠢᠨ ᠲᠡᠩᠴᠡᠭᠦᠷᠢ ᠶᠢ ᠡᠪᠳᠡᠭᠰᠡᠨ ᠪᠠᠶᠢᠨ᠎ᠠ᠃ ᠤᠨᠴᠠ ᠵᠠᠷᠢᠮ ᠭᠦᠮᠦᠰ ᠯᠡ ᠭᠡᠮ ᠤᠨ ᠦᠯᠡᠳᠡᠭᠳᠡᠯ ᠲᠠᠢ ᠶᠠᠭᠤᠮ᠎ᠠ ᠶᠢ ᠰᠢᠳᠠᠭᠠᠵᠤ ᠠᠷᠢᠯᠭᠠᠬᠤ ᠪᠦᠳᠦᠮᠵᠢᠳᠡᠢ ᠰᠡᠷᠭᠡᠶᠢᠯᠡᠯᠳᠡ ᠶᠢᠨ ᠠᠷᠭ᠎ᠠ ᠶᠢ ᠭᠡᠷᠡᠭᠯᠡᠭᠰᠡᠨ ᠪᠠᠶᠢᠳᠠᠭ᠃ ᠭᠡᠮ ᠤᠨ ᠦᠯᠡᠳᠡᠭᠳᠡᠯ ᠲᠠᠢ ᠶᠠᠭᠤᠮ᠎ᠠ ᠶᠢ ᠲᠤᠷ᠎ᠠ ᠪᠠᠷ ᠢᠶᠠᠨ ᠬᠠᠶᠠᠬᠤ ᠶᠤᠮ ᠪᠤᠯ ᠪᠤᠰᠤᠳ ᠢ ᠬᠤᠤᠷᠯᠠᠬᠤ ᠮᠦᠷᠳᠡᠭᠡᠨ ᠦᠪᠡᠷ ᠢ ᠪᠠᠨ ᠴᠤ ᠬᠤᠤᠷᠯᠠᠬᠤ ᠪᠤᠯᠤᠨ᠎ᠠ᠃
       ᠭᠡᠷᠡᠭ ᠲᠡᠭᠡᠷ᠎ᠡ ᠪᠠᠨ ᠡᠪᠡᠳᠴᠢᠨ ᠤ ᠪᠠᠺᠲ᠋ᠧᠷᠢ ᠪᠤᠯ ᠤᠯᠠᠨ ᠵᠦᠢᠯ ᠤᠨ ᠠᠷᠭ᠎ᠠ ᠵᠠᠮ ᠢᠶᠠᠷ ᠬᠠᠯᠳᠠᠪᠤᠷᠢᠯᠠᠳᠠᠭ ᠪᠦᠭᠡᠳ ᠠᠮᠢᠳᠤᠷᠠᠵᠤ ᠲᠦᠯᠵᠢᠭᠦ ᠨᠢ ᠴᠤ ᠤᠯᠠᠨ ᠠᠷᠭ᠎ᠠ ᠭᠡᠯᠪᠡᠷᠢ ᠲᠠᠢ ᠪᠠᠶᠢᠳᠠᠭ᠃ ᠠᠭᠤᠷ ᠠᠮᠢᠰᠬᠤᠯ᠂ ᠰᠠᠯᠭᠢᠨ᠂ ᠪᠤᠷᠤᠭᠠᠨ ᠢᠶᠠᠷ ᠬᠠᠯᠳᠠᠪᠤᠷᠢᠯᠠᠬᠤ ᠪᠠ ᠦᠷ᠎ᠠ᠂ ᠭᠦᠷᠤᠰᠤ ᠰᠢᠷᠤᠢ᠂ ᠤᠷᠤᠰᠬᠠᠯ ᠤᠰᠤ ᠪᠠ ᠭᠦᠮᠦᠨ ᠤ ᠰᠢᠯᠳᠠᠭᠠᠨ ᠢᠶᠠᠷ ᠴᠦᠮ ᠬᠠᠯᠳᠠᠪᠤᠷᠢᠯᠠᠳᠠᠭ᠃ ᠭᠦᠨᠦᠭᠡᠯᠳᠤ ᠬᠤᠷᠤᠬᠠᠢ ᠶᠢᠨ ᠬᠠᠯᠳᠠᠪᠤᠷᠢᠯᠠᠯ ᠨᠢ ᠡᠭᠦᠨ ᠲᠠᠢ ᠠᠳᠠᠯᠢ ᠶᠤᠮ᠂ ᠡᠶᠢᠮᠤ ᠠᠴᠠ ᠭᠡᠮ ᠤᠨ ᠦᠯᠡᠳᠡᠭᠳᠡᠯ ᠲᠠᠢ ᠶᠠᠭᠤᠮ᠎ᠠ ᠶᠢ ᠰᠢᠢᠳᠪᠤᠷᠢᠯᠡᠭᠦ ᠪᠤᠯ ᠪᠤᠭᠢᠷᠳᠤᠯ ᠦᠭᠡᠢ ᠪᠠᠷ ᠰᠡᠷᠭᠡᠶᠢᠯᠡᠨ ᠵᠠᠰᠠᠬᠤ ᠶᠢᠨ ᠴᠢᠬᠤᠯᠠ ᠠᠷᠭ᠎ᠠ ᠪᠤᠳᠤᠯᠭ᠎ᠠ ᠪᠠ ᠮᠡᠷᠭᠡᠵᠢᠯ ᠤᠨ ᠵᠠᠩᠭᠢᠯᠠᠭ᠎ᠠ ᠪᠤᠯᠤᠨ᠎ᠠ᠃
      6. ᠪᠤᠭᠢᠷᠳᠤᠯ ᠦᠭᠡᠢ ᠪᠠᠷ ᠰᠡᠷᠭᠡᠶᠢᠯᠡᠨ ᠵᠠᠰᠠᠬᠤ ᠳᠤ ᠶᠠᠮᠠᠷ ᠵᠠᠷᠴᠢᠮ ᠢ ᠪᠠᠷᠢᠮᠳᠠᠯᠠᠪᠠᠯ ᠵᠤᠭᠢᠬᠤ ᠪᠤᠢ︖
      ᠪᠤᠭᠢᠷᠳᠤᠯ ᠦᠭᠡᠢ ᠪᠠᠷ ᠰᠡᠷᠭᠡᠶᠢᠯᠡᠨ ᠬᠤᠷᠢᠠᠠᠯᠠᠬᠤ ᠠᠵᠢᠯ ᠳᠤ ᠰᠡᠷᠭᠡᠶᠢᠯᠡᠨ ᠵᠠᠰᠠᠬᠤ ᠠᠵᠢᠯᠯᠠᠭ᠎ᠠ ᠨᠢ ᠡᠷᠭᠡᠪᠰᠢ ᠠᠶᠤᠯ ᠦᠬᠡᠢ ᠰᠡᠷᠭᠡᠶᠢᠯᠡᠨ ᠵᠠᠰᠠᠬᠤ ᠵᠠᠷᠴᠢᠮ ᠢ ᠪᠠᠷᠢᠮᠳᠠᠯᠠᠬᠤ ᠶᠢ ᠱᠠᠭᠠᠷᠳᠠᠵᠤ ᠪᠠᠶᠢᠳᠠᠭ᠃ ᠡᠭᠦᠨ ᠳᠤ ᠭᠤᠷᠪᠡᠨ ᠠᠶᠤᠯ ᠦᠭᠡᠢ ᠶᠢ ᠪᠠᠳᠤᠯᠠᠬᠤ ᠭᠡᠷᠡᠭᠳᠡᠢ᠃ ᠲᠤᠬᠠᠶᠢᠯᠠᠪᠠᠯ᠂ ᠠᠮᠢ ᠠᠬᠤᠢ ᠶᠢᠨ ᠠᠶᠤᠯ ᠦᠬᠡᠢ᠂ ᠲᠠᠷᠢᠮᠠᠯ ᠤᠨ ᠠᠶᠤᠯ ᠦᠬᠡᠢ᠂ ᠭᠦᠮᠦᠨ ᠤ ᠠᠶᠤᠯ ᠦᠬᠡᠢ ᠶᠢ ᠪᠠᠳᠤᠯᠠᠬᠤ ᠭᠡᠷᠡᠭᠳᠡᠢ᠃
       7. ᠠᠮᠢ ᠠᠬᠤᠢ ᠶᠢ ᠭᠡᠷᠭᠢᠨ ᠬᠠᠮᠠᠭᠠᠯᠠᠬᠤ ᠪᠤᠢ︖
       ᠡᠩ ᠲᠠᠷᠢᠭᠦᠨ ᠳᠤ ᠰᠡᠷᠭᠡᠶᠢᠯᠡᠯᠳᠡ ᠶᠢᠨ ᠠᠵᠢᠯᠯᠠᠭ᠎ᠠ ᠨᠢ ᠠᠮᠢ ᠠᠬᠤᠢ ᠶᠢ ᠡᠪᠳᠡᠵᠤ ᠪᠤᠯᠬᠤ ᠦᠭᠡᠢ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠶᠢ ᠤᠷᠢᠳ ᠢᠶᠠᠷ ᠪᠤᠳᠤᠯᠭᠢᠯᠠᠬᠤ ᠭᠡᠷᠡᠭᠳᠡᠢ᠃ ᠵᠢᠱᠢᠶᠡᠯᠡᠪᠡᠯ ᠬᠤᠷᠤᠬᠠᠢ ᠲᠠᠷᠤᠬᠤ ᠭᠦᠪᠤᠩ ᠢ ᠲᠠᠷᠢᠬᠤ ᠲᠠᠯ᠎ᠠ ᠪᠠᠷ ᠭᠠᠳᠠᠭᠠᠳᠤ ᠤᠯᠤᠰ ᠠᠳᠠᠯᠢ ᠨᠢᠭᠡᠨ ᠲᠠᠷᠢᠶᠠᠨ ᠭᠠᠵᠠᠷ ᠲᠤ ᠬᠤᠷᠤᠬᠠᠢ ᠲᠠᠷᠤᠬᠤ ᠪᠠ ᠬᠤᠷᠤᠬᠠᠢ ᠦᠯᠤ ᠲᠠᠷᠤᠬᠤ ᠭᠦᠪᠤᠩ ᠲᠠᠷᠢᠬᠤ ᠶᠢ ᠱᠠᠭᠠᠷᠳᠠᠵᠤ᠂ ᠡᠭᠦᠨ ᠤ ᠬᠠᠷᠢᠴᠠᠯ ᠢ 1᠄ 3 ᠭᠦᠷᠭᠡᠳᠡᠭ᠃ ᠭᠡᠳᠡᠯ᠎ᠠ ᠮᠠᠨ ᠤ ᠤᠯᠤᠰ ᠪᠤᠯ ᠭᠦᠪᠤᠩ ᠤᠨ ᠡᠷᠪᠡᠭᠡᠢ ᠶᠢᠨ ᠬᠤᠯᠢᠮᠠᠭ ᠢᠳᠡᠰᠢᠳᠡᠨ ᠢ ᠠᠰᠢᠠᠠᠯᠠᠵᠤ᠂ ᠢᠳᠡᠰᠢᠨ ᠨᠤᠭᠤᠭ᠎ᠠ᠂ ᠰᠠᠮᠤᠷ ᠪᠤᠷᠴᠠᠭ᠂ ᠰᠢᠰᠢ ᠵᠡᠷᠭᠡ ᠠᠮᠳᠠᠳᠤ ᠲᠠᠷᠢᠮᠠᠯ ᠢᠶᠠᠷ ᠬᠤᠷᠤᠬᠠᠢ ᠲᠠᠷᠤᠬᠤ ᠪᠤᠰᠤ ᠭᠦᠪᠤᠩ ᠢ ᠤᠷᠤᠯᠠᠭᠤᠯᠤᠨ ᠲᠠᠷᠢᠳᠠᠭ᠃ ᠡᠨᠡ ᠨᠢ ᠭᠦᠪᠤᠩ ᠤᠨ ᠡᠷᠪᠡᠭᠡᠢ ᠳᠤ ᠬᠠᠮᠠᠭᠠᠯᠠᠯᠳᠠ ᠶᠢᠨ ᠭᠠᠵᠠᠷ ᠤᠯᠭᠤᠵᠤ ᠦᠭᠭᠦ ᠶᠢᠨ ᠲᠦᠯᠦᠭᠡ ᠶᠤᠮ᠃ ᠡᠨᠡ ᠬᠦ ᠦᠯᠢᠭᠡᠷ ᠭᠡᠪ ᠢᠶᠠᠷ ᠪᠤᠯ ᠠᠳᠠᠯᠢ ᠨᠢᠭᠡᠨ ᠭᠠᠵᠠᠷ ᠲᠠᠬᠢ ᠡᠯ᠎ᠡ ᠲᠠᠷᠢᠮᠠᠯ ᠤᠨ ᠲᠠᠯᠠᠪᠠᠢ ᠶᠢᠨ ᠬᠠᠷᠢᠴᠠᠯ ᠨᠢ ᠭᠡᠪᠡᠯ᠂ ᠲᠦᠷᠪᠡᠨ ᠤ ᠨᠢᠭᠡ ᠳᠤᠨᠢ ᠬᠤᠷᠤᠬᠠᠢ ᠲᠠᠷᠤᠬᠤ ᠭᠦᠪᠤᠩ ᠲᠠᠷᠢᠵᠤ᠂ ᠦᠯᠡᠳᠡᠭᠰᠡᠨ ᠲᠦᠷᠪᠡᠨ ᠤ ᠭᠤᠷᠪᠡ ᠳᠤᠨᠢ ᠮᠦᠯᠵᠢᠭᠦᠷ ᠲᠠᠷᠢᠶ᠎ᠠ ᠶᠢ ᠲᠠᠷᠢᠨ᠎ᠠ᠃ ᠢᠡᠭᠭᠢᠪᠡᠯ ᠬᠤᠷᠤᠬᠠᠢ ᠶᠢ ᠲᠠᠷᠤᠬᠤ ᠭᠦᠪᠤᠩ ᠤᠨ ᠲᠠᠷᠢᠶᠠᠨ ᠤ ᠡᠷᠪᠡᠭᠡᠢ ᠨᠢ ᠵᠤᠭᠢᠬᠤ ᠡᠰᠡᠷᠭᠦᠴᠡᠯ ᠤᠨ ᠴᠢᠳᠠᠯ ᠲᠠᠢ ᠪᠤᠯᠵᠤ ᠴᠢᠳᠠᠬᠤ ᠪᠦᠭᠡᠳ ᠪᠤᠰᠤᠳ ᠲᠠᠷᠢᠶ᠋ᠨᠨ ᠤ ᠨᠡᠩ ᠤᠯᠠᠨ ᠭᠦᠪᠤᠩ ᠤᠨ ᠡᠷᠪᠡᠭᠡᠢ ᠨᠢ ᠴᠤ ᠰᠢᠩᠭᠡᠷᠡᠭᠦ ᠪᠠ ᠲᠡᠭᠦᠨ ᠲᠠᠢ ᠡᠷᠯᠢᠰᠡᠵᠢᠭᠡᠳ᠂ ᠡᠭᠦᠨ ᠤ ᠤᠯᠠᠮ ᠢᠶᠠᠷ ᠡᠰᠡᠷᠭᠦ ᠴᠢᠨᠠᠷ ᠢ ᠤᠳᠠᠭᠠᠰᠢᠷᠠᠭᠤᠯᠬᠤ ᠪᠠ ᠪᠠᠭᠤᠷᠠᠭᠤᠯᠵᠤ᠂ ᠠᠮᠢ ᠠᠬᠤᠢ ᠶᠢ ᠲᠡᠩᠴᠡᠭᠦᠷᠢ ᠲᠠᠢ ᠪᠤᠯᠭᠠᠵᠤ ᠴᠢᠳᠠᠨ᠎ᠠ᠃ ᠲᠠᠷᠠᠭ᠎ᠠ ᠳᠤᠨᠢ ᠭᠢᠮᠢ ᠶᠢᠨ ᠡᠮ ᠢ ᠭᠡᠷᠡᠭᠯᠡᠭᠦ ᠳᠡᠭᠡᠨ ᠲᠤᠠᠠᠳᠠᠭᠠᠯ ᠶᠤᠰᠤᠭᠠᠷ ᠡᠷᠭᠡᠪᠰᠢ ᠴᠢᠳᠠᠯ ᠰᠠᠶᠢᠳᠠᠢ᠂ ᠬᠤᠤᠷ ᠪᠠᠭ᠎ᠠ᠂ ᠦᠯᠡᠳᠡᠭᠳᠡᠯ ᠪᠠᠭ᠎ᠠ ᠪᠠᠶᠢᠳᠠᠭ ᠡᠮ ᠢ ᠭᠡᠷᠡᠭᠯᠡᠭᠦ ᠭᠡᠷᠡᠭᠳᠡᠢ᠃
      ᠡᠭᠦᠨ ᠠᠴᠠ ᠭᠠᠳᠠᠨ᠎ᠠ ᠭᠢᠮᠢ ᠶᠢᠨ ᠡᠮ ᠭᠡᠷᠡᠭᠯᠡᠭᠦ ᠳᠡᠭᠡᠨ ᠭᠡᠮ ᠬᠤᠷᠤᠬᠠᠢ ᠶᠢᠨ ᠲᠦᠷᠦᠯᠭᠢ ᠲᠠᠶᠢᠰᠤᠨ ᠳᠤᠨᠢ ᠠᠶᠤᠯ ᠦᠬᠡᠢ ᠪᠠᠶᠢᠯᠭᠠᠬᠤ ᠶᠢ ᠠᠩᠬᠠᠷᠬᠤ ᠭᠡᠷᠡᠭᠳᠡᠢ᠃ ᠤᠳᠤᠬᠠᠨ ᠳᠤ ᠲᠠᠷᠢᠶᠠᠨ ᠡᠮ ᠤᠨ ᠤᠯᠠᠩᠭᠢ ᠨᠢ ᠬᠠᠨᠳᠤᠯᠭᠠᠳᠤ ᠴᠢᠨᠠᠷ ᠢᠶᠠᠷ ᠮᠠᠰᠢ ᠴᠢᠩᠭ᠎ᠠ ᠪᠠᠶᠢᠳᠠᠭ ᠪᠤᠯᠪᠠᠴᠤ ᠬᠠᠷᠢᠨ ᠭᠡᠮ ᠬᠤᠷᠤᠬᠠᠢ ᠶᠢᠨ ᠲᠦᠷᠦᠯᠭᠢ ᠲᠠᠶᠢᠰᠤᠨ ᠨᠢ ᠪᠤᠯᠬᠤ ᠮᠦᠯᠵᠢᠭᠦᠷ ᠬᠤᠷᠤᠬᠠᠢ ᠪᠠ ᠠᠭᠠᠯᠵᠢ ᠵᠡᠷᠭᠡ ᠶᠢ ᠠᠯᠬᠠᠰᠠᠨ ᠦᠭᠡᠢ ᠪᠠᠶᠢᠵᠤ᠂ ᠡᠳᠡᠭᠡᠷ ᠲᠦᠷᠦᠯᠭᠢ ᠲᠠᠶᠢᠰᠤᠨ ᠨᠢ ᠭᠦᠨᠦᠭᠡᠯᠳᠤ ᠬᠤᠷᠤᠬᠠᠢ ᠶᠢ ᠬᠤᠷᠢᠠᠠᠯᠠᠭᠠᠳ᠂ ᠰᠠᠶᠢᠨ ᠰᠠᠶᠢᠬᠠᠨ ᠤᠷᠴᠢᠯ ᠲᠠᠢ ᠪᠤᠯᠭᠠᠵᠤ ᠪᠠᠶᠢᠨ᠎ᠠ᠃
      8. ᠲᠠᠷᠢᠮᠡᠯ ᠤᠨ ᠠᠶᠤᠯ ᠦᠬᠡᠢ ᠶᠢᠨ ᠲᠠᠯ᠎ᠠ ᠪᠠᠷ ᠶᠠᠭᠤ ᠶᠢ ᠠᠩᠬᠠᠷᠬᠤ ᠴᠢᠬᠤᠯᠠ ᠲᠠᠢ ᠪᠤᠢ︖
       ᠡᠭᠦᠨ ᠳᠤ ᠬᠤᠶᠠᠷ ᠲᠠᠯ᠎ᠠ ᠪᠠᠭᠳᠠᠨ᠎ᠠ᠃ ᠨᠢᠭᠡ ᠳᠤ ᠦᠢᠯᠡᠳᠪᠤᠷᠢᠯᠡᠯ ᠠᠶᠤᠯ ᠦᠬᠡᠢ ᠪᠠᠶᠢᠬᠤ᠂ ᠬᠤᠶᠠᠷ ᠲᠤ ᠶᠠᠰᠤ ᠴᠢᠨᠠᠷ ᠠᠶᠤᠯ ᠦᠬᠡᠢ ᠪᠠᠶᠢᠬᠤ ᠶᠠᠪᠤᠳᠠᠯ ᠪᠤᠯᠤᠨ᠎ᠠ᠃ ᠭᠡᠮ ᠬᠤᠷᠤᠬᠠᠢ ᠶᠢ ᠰᠡᠷᠭᠡᠶᠢᠯᠡᠭᠦ ᠶᠢᠨ ᠵᠤᠷᠢᠯᠭ᠎ᠠ ᠪᠤᠯ ᠲᠠᠷᠢᠮᠠᠯ ᠤᠨ ᠭᠡᠪ ᠤᠨ ᠪᠡ ᠡᠷᠡᠭᠦᠯ ᠢᠶᠠᠷ ᠤᠷᠭᠤᠬᠤ ᠶᠢ ᠬᠠᠮᠠᠭᠠᠯᠠᠬᠤ ᠶᠠᠪᠤᠳᠠᠯ ᠪᠤᠯᠤᠨ᠎ᠠ᠃ ᠭᠡᠷᠪᠡ ᠰᠡᠷᠭᠡᠶᠢᠯᠡᠨ ᠵᠠᠰᠠᠬᠤ ᠳᠠᠭᠠᠨ ᠭᠡᠮ ᠬᠤᠷᠤᠬᠠᠢ ᠶᠢ ᠤᠰᠠᠳᠬᠠᠬᠤ ᠮᠦᠷᠳᠡᠭᠡᠨ ᠲᠠᠷᠢᠮᠠᠯ ᠢᠶᠠᠨ ᠴᠤ ᠭᠦᠨᠦᠭᠡᠴᠢᠭᠡᠭᠦ ᠶᠤᠮ ᠪᠤᠯ ᠡᠭᠦᠨ ᠢ ᠠᠶᠤᠯ ᠦᠬᠡᠢ ᠶᠢᠨ ᠰᠡᠷᠭᠡᠶᠢᠯᠡᠯᠳᠡ ᠭᠡᠵᠤ ᠭᠡᠯᠡᠵᠤ ᠪᠤᠯᠬᠤ ᠦᠭᠡᠢ᠃ ᠦᠢᠯᠡᠳᠪᠤᠷᠢᠯᠡᠯ ᠤᠨ ᠲᠤᠮᠳᠠ ᠲᠠᠷᠢᠶᠠᠨ ᠡᠮ ᠢ ᠶᠡᠭᠡ ᠭᠡᠮᠵᠢᠶ᠎ᠠ ᠪᠠᠷ ᠦᠷᠭᠦᠯᠵᠢᠯᠡᠨ ᠭᠡᠷᠡᠭᠯᠡᠭᠰᠡᠨ ᠠᠴᠠ ᠪᠤᠯᠤᠭᠠᠳ ᠲᠠᠷᠢᠮᠠᠯ ᠢᠶᠠᠨ ᠭᠦᠨᠦᠭᠡᠴᠢᠭᠡᠭᠦ ᠶᠠᠪᠤᠳᠠᠯ ᠦᠷᠭᠦᠯᠵᠢ ᠭᠠᠷᠴᠤ ᠪᠤᠢ᠃ ᠡᠭᠦᠨ ᠢ ᠡᠷᠭᠡᠪᠰᠢ ᠠᠩᠬᠠᠷᠬᠤ ᠭᠡᠷᠡᠭᠳᠡᠢ᠃
ᠤᠶᠢᠷ᠎ᠠ ᠶᠢᠨ ᠵᠢᠯ ᠤᠳ ᠲᠤ ᠲᠠᠷᠢᠮᠠᠯ ᠤᠨ ᠶᠠᠰᠤ ᠴᠢᠨᠠᠷ ᠤᠨ ᠠᠰᠠᠭᠤᠳᠠᠯ ᠢ ᠤᠯᠠᠮ ᠭᠦᠨᠳᠦᠳᠭᠡᠨ ᠦᠵᠡᠵᠤ᠂ ᠲᠠᠷᠢᠶᠠᠯᠠᠩ ᠤᠨ ᠪᠦᠳᠦᠭᠡᠭᠳᠡᠭᠦᠨ ᠤ ᠲᠤᠭ᠎ᠠ ᠭᠡᠮᠵᠢᠶ᠎ᠠ ᠶᠢ ᠭᠦᠭᠡᠭᠡᠴᠡᠯᠳᠦᠭᠦ ᠪᠢᠰᠢ ᠪᠠᠰᠠ ᠦᠨᠤᠷ ᠠᠮᠳᠠ᠂ ᠰᠢᠮ᠎ᠠ ᠲᠡᠵᠢᠭᠡᠯ᠂ ᠬᠠᠯᠢᠰᠤ ᠭᠠᠳᠠᠷ ᠰᠠᠶᠢᠬᠠᠨ ᠪᠠᠶᠢᠬᠤ ᠶᠢ ᠱᠠᠭᠠᠷᠳᠠᠵᠤ ᠪᠠᠶᠢᠨ᠎ᠠ᠃ ᠡᠨᠡ ᠭᠡᠮᠵᠢᠶᠠᠨ ᠳᠤ ᠭᠦᠷᠦᠭᠦᠯᠭᠦ ᠳᠤ ᠪᠤᠷᠳᠤᠭᠤᠷ᠂ ᠤᠰᠤ᠂ ᠭᠡᠷᠡᠯ᠂ ᠲᠤᠯᠠᠭᠠᠨ ᠢ ᠲᠤᠭᠢᠷᠠᠭᠤᠯᠬᠤ ᠠᠴᠠ ᠭᠠᠳᠠᠨ᠎ᠠ ᠪᠠᠰᠠ ᠭᠡᠮ ᠬᠤᠷᠤᠬᠠᠢ ᠶᠢ ᠰᠢᠨᠵᠢᠯᠡᠭᠦ ᠤᠬᠠᠭᠠᠠᠴᠢ ᠪᠠᠷ ᠰᠡᠷᠭᠡᠶᠢᠯᠡᠭᠦ ᠨᠢ ᠮᠦᠨ ᠭᠦ ᠴᠢᠬᠤᠯᠠ ᠲᠠᠯ᠎ᠠ ᠪᠤᠯᠤᠨ᠎ᠠ᠃
      9. ᠭᠡᠮ ᠬᠤᠷᠤᠬᠠᠢ ᠶᠢ ᠪᠤᠭᠢᠷᠳᠤᠯ ᠦᠭᠡᠢ ᠪᠠᠷ ᠰᠡᠷᠭᠡᠶᠢᠯᠡᠨ ᠬᠤᠷᠢᠠᠠᠯᠠᠬᠤ ᠳᠤ ᠭᠦᠮᠦᠨ ᠤ ᠠᠮᠤᠷ ᠲᠦᠪᠰᠢᠨ ᠢ ᠭᠡᠷᠭᠢᠨ ᠪᠠᠳᠤᠯᠠᠬᠤ ᠪᠤᠢ︖
       ᠦᠢᠯᠡᠳᠪᠤᠷᠢᠯᠡᠯ ᠤᠨ ᠲᠤᠮᠳᠠ ᠭᠦᠮᠦᠨ ᠤ ᠪᠡᠶ᠎ᠠ ᠮᠠᠬᠠᠪᠤᠳ ᠢ ᠬᠤᠤᠷᠳᠠᠭᠤᠯᠬᠤ ᠭᠡᠷᠡᠭ ᠦᠷᠭᠦᠯᠵᠢ ᠭᠠᠷᠴᠤ᠂ ᠭᠤᠤᠯ ᠨᠢ ᠦᠢᠯᠡᠳᠪᠤᠷᠢᠯᠡᠭᠴᠢᠳ ᠲᠠᠷᠢᠶᠠᠨ ᠲᠤᠮᠳᠠ ᠪᠠᠨ ᠲᠠᠷᠢᠶᠠᠨ ᠡᠮ ᠳᠤ ᠬᠤᠤᠷᠳ᠋ᠬᠠᠳᠠᠬᠰᠠᠨ ᠪᠠᠶᠢᠳᠠᠭ᠃ ᠤᠳᠤᠬᠠᠨ ᠳᠤ ᠰᠢᠷᠦᠭᠦᠨ ᠬᠤᠤᠷ᠂ ᠶᠡᠭᠡ ᠬᠤᠤᠷ ᠲᠠᠢ ᠲᠠᠷᠢᠶᠠᠨ ᠡᠮ ᠭᠡᠷᠡᠭᠯᠡᠭᠦ ᠶᠢ ᠴᠠᠭᠠᠵᠠᠯᠠᠵᠠᠢ᠃ ᠭᠡᠪᠡᠴᠤ ᠲᠤᠮᠳᠠ ᠲᠠᠰ ᠤᠨ᠂ ᠲᠤᠤᠷ᠎ᠡ ᠲᠠᠰ ᠤᠨ ᠬᠤᠤᠷ ᠲᠠᠢ ᠲᠠᠷᠢᠶᠠᠨ ᠡᠮ ᠤᠨ ᠬᠤᠤᠷ ᠨᠢ ᠪᠠᠭ᠎ᠠ ᠪᠤᠯᠪᠠᠴᠤ ᠠᠷᠪᠢᠨ ᠤᠶᠢᠷᠠᠳᠤᠪᠠᠯ ᠮᠦᠨ ᠭᠦ ᠬᠤᠤᠷᠳ᠋ᠬᠠᠳᠠᠬᠤ ᠪᠦᠭᠡᠳ ᠲᠦᠷᠭᠡᠨ ᠠᠪᠤᠷᠠᠬᠤ ᠦᠭᠡᠢ ᠪᠤᠯ ᠦᠭᠦᠵᠤ ᠴᠤ ᠮᠡᠳᠡᠨ᠎ᠡ᠃ ᠡᠶᠢᠮᠤ ᠠᠴᠠ ᠲᠠᠷᠢᠶᠠᠨ ᠡᠮ ᠢ ᠭᠡᠷᠡᠭᠯᠡᠭᠦ ᠳᠡᠭᠡᠨ ᠲᠦᠷᠢᠮ ᠲᠤᠠᠠᠳᠠᠭᠠᠯ ᠢ ᠴᠢᠩᠭ᠎ᠠ ᠵᠢᠷᠤᠮᠯᠠᠵᠤ᠂ ᠲᠤᠤᠷᠠᠭᠢ ᠭᠡᠳᠦᠨ ᠲᠠᠯ᠎ᠠ ᠪᠠᠷ ᠠᠩᠬᠠᠷᠬᠤ ᠭᠡᠷᠡᠭᠳᠡᠢ᠃
       ᠨᠢᠭᠡ ᠳᠤ᠂ ᠡᠮ ᠨᠠᠶᠢᠷᠠᠭᠤᠯᠬᠤ ᠦᠶᠡᠰ ᠡᠮ ᠨᠠᠶᠢᠷᠠᠭᠤᠯᠤᠠᠠᠴᠢ ᠨᠢ ᠡᠷᠭᠡᠪᠰᠢ ᠭᠤᠮ ᠪᠡᠭᠡᠯᠡᠢ ᠵᠡᠭᠦᠵᠤ᠂ ᠲᠤᠠᠠᠳᠠᠭᠠᠠᠠᠰᠠᠨ ᠭᠡᠮᠵᠢᠶ᠎ᠠ ᠶᠤᠰᠤ ᠪᠠᠷ ᠡᠮ ᠤᠨ ᠰᠢᠩᠭᠡᠨ ᠪᠤᠯᠤᠨ ᠨᠤᠨᠳᠠᠭ ᠡᠮ ᠢ ᠭᠡᠮᠵᠢᠵᠤ ᠵᠢᠩᠨᠡᠵᠤ ᠠᠪᠬᠤ ᠭᠡᠷᠡᠭᠳᠡᠢ᠃ ᠭᠡᠷᠡᠭᠯᠡᠭᠦ ᠭᠡᠮᠵᠢᠶ᠎ᠠ ᠶᠢ ᠲᠤᠷ᠎ᠡ ᠪᠠᠷ ᠢᠶᠠᠨ ᠨᠡᠮᠡᠵᠤ ᠪᠤᠯᠬᠤ ᠦᠭᠡᠢ᠃ ᠭᠠᠷ ᠢᠶᠠᠷ ᠢᠶᠠᠨ ᠬᠤᠯᠢᠵᠤ ᠨᠡᠩ ᠴᠤ ᠪᠤᠯᠬᠤ ᠦᠭᠡᠢ᠃
       ᠬᠤᠶᠠᠷ ᠲᠤ᠂ ᠦᠷ᠎ᠠ ᠳᠤ ᠡᠮ ᠬᠤᠯᠢᠬᠤ ᠳᠠᠭᠠᠨ ᠲᠤᠰᠬᠠᠢ ᠪᠠᠭᠠᠵᠢ ᠪᠠᠷ ᠬᠤᠯᠢᠵᠤ ᠬᠤᠳᠬᠤᠵᠤ᠂ ᠠᠯᠢ ᠴᠢᠳᠠᠬᠤ ᠪᠠᠷ ᠮᠠᠰᠢᠨ ᠢᠶᠠᠷ ᠲᠠᠷᠢᠬᠤ ᠭᠡᠷᠡᠭᠳᠡᠢ᠃ ᠭᠡᠷᠪᠡ ᠭᠠᠷ ᠢᠶᠠᠷ ᠲᠠᠷᠢᠬᠤ ᠪᠤᠶᠤ ᠰᠠᠭᠤᠯᠭᠠᠬᠤ ᠴᠢᠬᠤᠯᠠ ᠲᠠᠢ ᠪᠤᠯ ᠬᠠᠮᠠᠭᠠᠯᠠᠯᠳᠠ ᠶᠢᠨ ᠪᠡᠭᠡᠯᠡᠢ ᠵᠡᠭᠦᠭᠦ ᠭᠡᠷᠡᠭᠳᠡᠢ᠃ ᠦᠯᠡᠳᠡᠭᠰᠡᠨ ᠬᠤᠤᠷ ᠲᠠᠢ ᠦᠷ᠎ᠠ ᠶᠢ ᠰᠢᠳᠠᠭᠠᠬᠤ ᠭᠡᠷᠡᠭᠳᠡᠢ᠂ ᠲᠠᠵᠢᠭᠡᠯ ᠪᠤᠷᠳᠤᠭ᠎ᠠ ᠪᠤᠯᠭᠠᠵᠤ ᠪᠤᠯᠬᠤ ᠦᠭᠡᠢ᠃
       ᠭᠤᠷᠪᠡ ᠳᠤ᠂ ᠡᠮ ᠨᠠᠶᠢᠷᠠᠭᠤᠯᠬᠤ ᠪᠠ ᠦᠷ᠎ᠠ ᠳᠤ ᠡᠮ ᠬᠤᠯᠢᠬᠤ ᠳᠠᠭᠠᠨ ᠤᠤᠭᠤᠬᠤ ᠤᠰᠤᠨ ᠤ ᠰᠤᠷᠪᠤᠯᠵᠢ ᠪᠤᠯᠤᠨ ᠰᠠᠭᠤᠭᠠᠯᠢ ᠠᠷᠠᠳ ᠤᠨ ᠤᠷᠤᠨ ᠰᠠᠭᠤᠴᠠ ᠠᠴᠠ ᠵᠠᠶᠢᠳᠠᠭᠤ ᠭᠠᠵᠠᠷ ᠢ ᠰᠤᠩᠭᠤᠵᠤ᠂ ᠲᠤᠰᠬᠠᠢ ᠭᠦᠮᠦᠨ ᠢᠶᠠᠷ ᠬᠠᠷᠠᠭᠤᠯᠵᠤ ᠬᠠᠮᠢᠶᠠᠷᠤᠭᠤᠯᠬᠤ ᠭᠡᠷᠡᠭᠳᠡᠢ᠃ ᠲᠠᠷᠢᠶᠠᠨ ᠡᠮ᠂ ᠬᠤᠤᠷ ᠲᠠᠢ ᠦᠷ᠎ᠡ ᠶᠢ ᠲᠤᠷ᠎ᠡ ᠪᠠᠷ ᠢᠶᠠᠨ ᠬᠠᠶᠠᠵᠤ ᠤᠷᠭᠢᠵᠤ ᠤᠠᠠᠳᠤ ᠪᠤᠯᠬᠤ ᠦᠭᠡᠢ᠃
       ᠲᠦᠷᠪᠡ ᠳᠤ᠂ ᠭᠠᠷ ᠭᠦᠳᠡᠯᠭᠡᠭᠦᠷᠳᠤ ᠰᠦᠷᠴᠢᠭᠦ ᠮᠠᠰᠢᠨ ᠢ ᠭᠡᠷᠡᠭᠯᠡᠭᠦ ᠳᠡᠭᠡᠨ ᠮᠦᠷ ᠠᠯᠤᠰᠯᠠᠨ ᠰᠦᠷᠴᠢᠭᠦ ᠭᠡᠷᠡᠭᠳᠡᠢ᠂ ᠭᠠᠷ ᠭᠦᠳᠡᠯᠭᠡᠭᠦᠷᠳᠤ ᠪᠠ ᠮᠠᠰᠢᠨ ᠭᠦᠳᠡᠯᠭᠡᠭᠦᠷᠳᠤ ᠮᠠᠰᠢᠨ ᠢᠶᠠᠷ ᠡᠮ ᠰᠦᠷᠴᠢᠭᠦ ᠳᠡᠭᠡᠨ ᠵᠡᠭᠦᠨ ᠪᠠᠷᠠᠭᠤᠨ ᠬᠤᠶᠠᠷ ᠲᠠᠯ᠎ᠠ ᠪᠠᠷ ᠢᠶᠠᠨ ᠴᠤᠭ ᠰᠦᠷᠴᠢᠵᠤ ᠪᠤᠯᠬᠤ ᠦᠭᠡᠢ᠃ ᠶᠡᠭᠡ ᠰᠠᠯᠭᠢ ᠲᠠᠢ ᠪᠤᠶᠤ ᠠᠭᠠᠭᠢᠮ᠎ᠠ ᠬᠠᠯᠠᠭᠤᠨ ᠦᠳᠡ ᠶᠢᠨ ᠨᠠᠷᠠᠨ ᠳᠤ ᠡᠮ ᠰᠦᠷᠴᠢᠵᠤ ᠪᠤᠯᠬᠤ ᠦᠭᠡᠢ᠃ ᠡᠮ ᠤᠨ ᠰᠠᠭᠤᠯᠠᠭᠠᠨ ᠳᠤ ᠰᠢᠩᠭᠡᠨ ᠡᠮ ᠢ ᠪᠢᠯᠬᠠᠳᠠᠯ᠎ᠠ ᠲᠦᠭᠦᠷᠭᠡᠵᠤ ᠪᠤᠯᠬᠤ ᠦᠭᠡᠢ᠃
      ᠲᠠᠪᠤ ᠳᠤ᠂ ᠰᠦᠷᠴᠢᠭᠦᠷ ᠮᠠᠰᠢᠨ ᠢ ᠭᠡᠷᠡᠭᠯᠡᠭᠦ ᠠᠴᠠ ᠪᠠᠨ ᠡᠮᠦᠨ᠎ᠠ ᠵᠠᠯᠭᠠᠭᠠᠰᠤ᠂ ᠴᠤᠷᠭᠤ ᠵᠡᠷᠭᠡ ᠡᠷᠭᠢ ᠱᠤᠷᠠᠭ ᠨᠢ ᠴᠢᠩᠭ᠎ᠠ ᠪᠠᠶᠢᠬᠤ ᠡᠰᠡᠭᠦ᠂ ᠡᠮ ᠤᠨ ᠰᠠᠭᠤᠯᠠᠭ᠎ᠠ ᠴᠠᠪᠠ ᠰᠠᠪ ᠲᠠᠢ ᠪᠠᠶᠢᠬᠤ ᠡᠰᠡᠭᠦ ᠶᠢ ᠨᠠᠷᠢᠨ ᠪᠠᠶᠢᠴᠠᠭᠠᠬᠤ ᠭᠡᠷᠡᠭᠳᠡᠢ᠃ ᠡᠮ ᠰᠦᠷᠴᠢᠵᠤ ᠪᠠᠶᠢᠭᠠᠳ ᠭᠡᠨᠡᠳᠳᠡ ᠲᠦᠭᠵᠢᠷᠡᠪᠡᠯ᠂ ᠤᠰᠤ ᠪᠠᠷ ᠰᠦᠷᠴᠢᠵᠤ ᠪᠠᠶᠢᠭᠠᠳ ᠰᠠᠭᠠᠳ ᠢ ᠨᠢ ᠠᠷᠢᠯᠭᠠᠬᠤ ᠭᠡᠷᠡᠭᠳᠡᠢ᠃ ᠴᠤᠷᠭᠤ᠂ ᠱᠦᠭᠦᠯᠳᠡ ᠶᠢ ᠨᠢ ᠦᠯᠢᠶᠡᠭᠦ ᠪᠤᠶᠤ ᠰᠤᠷᠤᠵᠤ ᠤᠠᠠᠳᠤ ᠪᠤᠯᠬᠤ ᠦᠭᠡᠢ᠃
      ᠵᠢᠷᠭᠤᠭ᠎ᠠ ᠳᠤ ᠬᠤᠤᠷ ᠶᠡᠭᠡᠳᠡᠢ ᠲᠠᠷᠢᠶᠠᠨ ᠡᠮ ᠭᠡᠷᠡᠭᠯᠡᠭᠰᠡᠨ ᠭᠠᠵᠠᠷ ᠲᠤ ᠲᠡᠮᠳᠡᠭ ᠫᠠᠶᠢᠰᠠ ᠪᠤᠰᠬᠠᠵᠤ᠂ ᠵᠤᠭᠢᠬᠤ ᠬᠤᠭᠤᠴᠠᠭᠠᠨ ᠲᠤᠳᠤᠷ᠎ᠠ ᠮᠠᠯ ᠬᠠᠷᠢᠭᠤᠯᠵᠤ᠂ ᠡᠪᠡᠰᠤ ᠬᠠᠳᠤᠬᠤ᠂ ᠵᠡᠷᠯᠢᠭ ᠤᠭᠤᠭ᠎ᠠ ᠮᠠᠯᠳᠠᠬᠤ ᠶᠢ ᠡᠷᠡᠰ ᠴᠠᠭᠠᠵᠠᠯᠠᠬᠤ ᠭᠡᠷᠡᠭᠳᠡᠢ᠃ ᠰᠠᠷ᠎ᠠ ᠶᠢᠨ ᠭᠭᠢᠷ ᠤᠨ ᠬᠤᠭᠤᠴᠠᠭᠠᠨ ᠳᠠᠬᠢ ᠡᠮᠡᠭᠳᠡᠶᠢᠴᠤᠳ ᠪᠠ ᠪᠡᠶ᠎ᠠ ᠮᠠᠭᠤᠳᠠᠢ ᠭᠦᠮᠦᠰ ᠲᠠᠷᠢᠶᠠᠨ ᠡᠮ ᠰᠦᠷᠴᠢᠭᠦ ᠠᠵᠢᠯ ᠳᠤ ᠤᠷᠤᠯᠴᠠᠵᠤ ᠪᠤᠯᠬᠤ ᠦᠭᠡᠢ᠃
     10. ᠭᠦᠮᠦᠰ ᠲᠤ ᠤᠴᠠᠷᠠᠬᠤ ᠲᠠᠮ ᠭᠦᠨᠦᠭᠡᠯ ᠢ ᠭᠡᠷᠭᠢᠨ ᠤᠷᠢᠳᠴᠢᠯᠠᠨ ᠰᠡᠷᠭᠡᠶᠢᠯᠡᠭᠦ ᠪᠤᠢ︖
ᠭᠦᠮᠦᠰ ᠤᠨ ᠡᠷᠡᠭᠦᠯ ᠴᠢᠭᠢᠷᠠᠭ ᠢ ᠲᠠᠮ ᠭᠦᠨᠦᠭᠡᠳᠡᠭ ᠨᠢ ᠲᠠᠷᠢᠶᠠᠨ ᠡᠮ ᠤᠨ ᠪᠤᠭᠢᠷᠳᠤᠯ ᠪᠤᠯᠤᠨ᠎ᠠ᠃ ᠨᠢᠭᠡ ᠵᠦᠢᠯ ᠨᠢ ᠲᠦᠭᠦᠭᠡᠢ ᠪᠠᠷ ᠢᠳᠡᠭᠦ ᠲᠠᠷᠢᠶᠠᠯᠠᠩ ᠤᠨ ᠪᠦᠳᠦᠭᠡᠭᠳᠡᠭᠦᠨ ᠪᠤᠯᠤᠨ᠎ᠠ᠃ ᠡᠮ ᠰᠦᠷᠴᠢᠭᠦ ᠳᠡᠭᠡᠨ ᠠᠶᠤᠯ ᠦᠬᠡᠢ ᠶᠢᠨ ᠠᠯᠤᠰᠯᠠᠬᠤ ᠴᠠᠭ ᠬᠤᠭᠤᠴᠠᠭ᠎ᠠ ᠶᠢᠨ ᠱᠠᠭᠠᠷᠳᠠᠯᠭ᠎ᠠ ᠶᠢ ᠵᠢᠷᠤᠮᠯᠡᠬᠰᠠᠨ ᠦᠭᠡᠢ᠂ ᠡᠮ ᠤᠨ ᠦᠢᠯᠡᠳᠦᠯ ᠨᠢ ᠵᠠᠳᠠᠷᠠᠬᠤ ᠠᠴᠠ ᠡᠮᠦᠨ᠎ᠠ ᠲᠡᠭᠦᠵᠤ ᠠᠪᠤᠭᠠᠳ ᠵᠠᠬ᠎ᠠ ᠲᠡᠯᠭᠡᠭᠦᠷ ᠲᠤ ᠭᠠᠷᠭᠠᠠᠠᠰᠠᠨ ᠠᠴᠠ ᠢᠳᠡᠭᠡᠨ ᠳᠤ ᠬᠤᠤᠷᠳ᠋ᠬᠠᠳᠠᠳᠠᠭ᠃ ᠡᠶᠢᠮᠤ ᠠᠴᠠ ᠭᠦᠮᠦᠰ ᠰᠠᠶ᠋ᠢᠬᠠᠨ ᠬᠤᠷᠢᠶ᠋ᠬᠠᠰᠠᠨ ᠪᠤᠭᠤᠳᠠᠢ ᠶᠢ ᠵᠢᠭᠠᠬᠠᠨ ᠲᠠᠯᠪᠢᠵᠤ ᠪᠠᠶᠢᠭᠠᠳ ᠢᠳᠡᠭᠦ ᠭᠡᠷᠡᠭᠳᠡᠢ ᠭᠡᠵᠤ ᠲᠤᠷᠠᠳᠤᠠᠠᠰᠠᠨ ᠪᠠᠶᠢᠳᠠᠭ᠃
       ᠬᠠᠮᠤᠭ ᠤᠨ ᠤᠯᠠᠨ ᠢᠯᠡᠷᠡᠳᠡᠭ ᠨᠢ ᠲᠠᠷᠢᠶᠠᠯᠠᠩ ᠤᠨ ᠪᠦᠳᠦᠭᠡᠭᠳᠡᠭᠦᠨ ᠤ ᠦᠯᠡᠳᠡᠭᠳᠡᠯ ᠬᠤᠤᠷ ᠨᠢ ᠪᠠᠷᠢᠮᠵᠢᠶ᠎ᠠ ᠠᠴᠠ ᠭᠡᠳᠦᠷᠡᠭᠰᠡᠨ ᠶᠠᠪᠤᠳᠠᠯ ᠪᠤᠯᠤᠨ᠎ᠠ᠃ ᠡᠨᠡ ᠨᠢ ᠭᠦᠮᠦᠨ ᠤ ᠠᠮᠤᠷ ᠲᠦᠪᠰᠢᠨ ᠳᠤ ᠲᠤᠩ ᠶᠡᠭᠡ ᠰᠦᠷᠳᠡᠭᠦᠯᠦᠯ ᠪᠤᠯᠳᠠᠭ᠃ ᠪᠠᠷᠢᠮᠵᠢᠶ᠎ᠠ ᠠᠴᠠ ᠭᠡᠳᠦᠷᠡᠭᠰᠡᠨ ᠲᠠᠷᠢᠶᠠᠨ ᠡᠮ ᠤᠨ ᠦᠯᠡᠳᠡᠭᠳᠡᠯ ᠨᠢ ᠭᠦᠮᠦᠰ ᠤᠨ ᠪᠡᠶ᠎ᠡ ᠳᠤ ᠠᠭᠠᠵᠢᠮ ᠢᠶᠠᠷ ᠬᠤᠷᠠᠮᠳᠤᠨ ᠬᠤᠤᠷᠳᠠᠯ ᠪᠤᠯᠵᠤ᠂ ᠡᠪᠡᠳᠴᠢᠨ ᠡᠮᠭᠡᠭ ᠡᠭᠦᠰᠭᠡᠳᠡᠭ᠃ ᠡᠶᠢᠮᠤ ᠠᠴᠠ ᠲᠠᠷᠢᠶᠠᠯᠠᠩ ᠤᠨ ᠶᠠᠮᠤᠨ ᠠᠴᠠ ᠢᠳᠡᠭᠡᠨ ᠤ ᠠᠶᠤᠯ ᠦᠬᠡᠢ ᠠᠵᠢᠯᠯᠠᠭ᠎ᠠ ᠶᠢᠨ ᠲᠦᠯᠦᠪᠯᠡᠭᠡ ᠲᠤᠠᠠᠳᠠᠭᠠᠵᠤ᠂ ᠲᠠᠷᠢᠶᠠᠯᠠᠩ ᠤᠨ ᠪᠦᠳᠦᠭᠡᠭᠳᠡᠭᠦᠨ ᠤ ᠦᠢᠯᠡᠳᠪᠤᠷᠢᠯᠡᠯ ᠠᠴᠠ ᠠᠪᠤᠭᠠᠳ ᠬᠤᠭᠤᠯᠠᠨ ᠰᠢᠷᠡᠭᠡᠨ ᠳᠤ ᠭᠠᠷᠬᠤ ᠭᠦᠳᠡᠯᠡᠭᠢ ᠪᠦᠭᠦ ᠶᠠᠪᠤᠴᠠ ᠶᠢ ᠡᠵᠡᠮᠳᠡᠵᠡᠢ᠃
       11. ᠲᠠᠷᠢᠶᠠᠨ ᠡᠮ ᠢ ᠭᠡᠷᠭᠢᠨ ᠵᠦᠪ ᠭᠡᠷᠡᠭᠯᠡᠭᠦ ᠪᠤᠢ︖
       ᠰᠢᠨᠵᠢᠯᠡᠭᠦ ᠤᠬᠠᠭᠠᠨ ᠤ ᠰᠤᠳᠤᠯᠤᠯ ᠤᠨ ᠰᠠᠭᠤᠷᠢᠨ ᠲᠡᠭᠡᠷ᠎ᠡ ᠵᠢᠷᠤᠮᠵᠢᠭᠤᠯᠤᠯ ᠲᠠᠢ ᠪᠠᠷ ᠰᠡᠷᠭᠡᠶᠢᠯᠡᠨ ᠵᠠᠰᠠᠬᠤ ᠨᠢ ᠭᠡᠷᠡᠭᠯᠡᠭᠰᠡᠨ ᠡᠮ ᠢ ᠤᠷᠪᠠᠭᠤ ᠦᠢᠯᠡᠳᠦᠯ ᠦᠭᠡᠢ ᠪᠠᠶᠢᠯᠭᠠᠬᠤ ᠶᠢᠨ ᠪᠠᠳᠤᠯᠠᠭ᠎ᠠ ᠮᠦᠨ᠃ ᠤᠳᠤᠬᠠᠨ ᠤ ᠦᠢᠯᠡᠳᠪᠤᠷᠢᠯᠡᠯ ᠤᠨ ᠲᠤᠮᠳᠠ ᠦᠷᠭᠦᠯᠵᠢ ᠢᠯᠡᠷᠡᠵᠤ ᠪᠠᠶᠢᠭ᠎ᠠ ᠵᠢᠷᠤᠮᠵᠢᠭᠤᠯᠤᠯ ᠦᠭᠡᠢ ᠪᠠᠷ ᠰᠡᠷᠭᠡᠶᠢᠯᠡᠨ ᠵᠠᠰᠠᠵᠤ ᠪᠠᠶᠢᠭ᠎ᠠ ᠠᠵᠢᠯᠯᠠᠭ᠎ᠠ ᠶᠢ ᠡᠷᠭᠡᠪᠰᠢ ᠬᠤᠷᠢᠠᠠᠯᠠᠬᠤ ᠭᠡᠷᠡᠭᠳᠡᠢ᠃
       ᠨᠢᠭᠡ᠂ ᠴᠠᠭᠠᠵᠠ ᠳᠤ ᠵᠦᠪᠰᠢᠶᠡᠷᠡᠭᠰᠡᠨ
       ᠦᠬᠡᠢ ᠡᠮ ᠢ ᠲᠤᠠᠠᠳᠠᠭᠠᠯ ᠵᠦᠷᠢᠴᠡᠨ ᠭᠡᠷᠡᠭᠯᠡᠵᠤ ᠪᠤᠯᠬᠤ ᠦᠭᠡᠢ᠃ 2007 ᠤᠨ ᠳᠤ ᠮᠠᠨ ᠤ ᠤᠯᠤᠰ ᠮᠧᠲ᠋ᠢᠯ ᠠᠮᠢᠨᠳᠦ ᠹᠤᠰᠹᠤᠷ ︵甲胺磷︶᠂ ᠮᠧᠲ᠋ᠢᠯᠳᠤ ᠳ᠋ᠦᠢ ᠯᠢᠤ ᠯᠢᠨ ︵甲基对硫磷︶᠂ ᠳ᠋ᠦᠢ ᠯᠢᠤ ᠯᠢᠨ᠂ ᠵᠢᠤ ᠰᠢᠶᠤᠤ ᠯᠢᠨ ︵久效磷︶᠂ ᠹᠤᠰᠹᠤᠷᠳᠦ ᠠᠮᠢᠨ ︵磷胺︶ ᠵᠡᠷᠭᠡ ᠬᠤᠤᠷ ᠶᠡᠭᠡᠳᠡᠢ ᠲᠠᠪᠤᠨ ᠵᠦᠢᠯ ᠤᠨ ᠲᠠᠷᠢᠶᠠᠨ ᠡᠮ ᠢ ᠦᠢᠯᠡᠳᠪᠤᠷᠢᠯᠡᠵᠤ ᠭᠡᠷᠡᠭᠯᠡᠭᠦ ᠶᠢ ᠴᠠᠭᠠᠵᠠᠯᠬᠠᠰᠠᠨ ᠤ ᠬᠠᠮᠳᠤ ᠲᠡᠭᠦᠨ ᠢ ᠤᠷᠤᠯᠠᠬᠤ ᠲᠠᠷᠢᠶᠠᠨ ᠡᠮ ᠪᠠ ᠭᠡᠷᠡᠭᠯᠡᠭᠦ ᠮᠡᠷᠭᠡᠵᠢᠯ ᠢ ᠨᠡᠶᠢᠳᠡᠯᠡᠭᠰᠡᠨ ᠪᠠᠶᠢᠨ᠎ᠠ᠃
       ᠬᠤᠶᠠᠷ᠂ ᠭᠡᠮ ᠬᠤᠷᠤᠬᠠᠢ ᠶᠢ
       ᠤᠰᠠᠳᠬᠠᠬᠤ ᠳᠤ ᠰᠡᠷᠭᠡᠶᠢᠯᠡᠨ ᠵᠠᠰᠠᠬᠤ ᠭᠦᠢᠴᠡᠳᠭᠡᠯ ᠲᠤᠭ᠎ᠠ ᠶᠤᠰᠤᠭᠠᠷ ᠡᠮ ᠭᠡᠷᠡᠭᠯᠡᠭᠦ ᠭᠡᠷᠡᠭᠳᠡᠢ᠃
       ᠭᠤᠷᠪᠡ᠂ ᠲᠠᠷᠢᠶᠠᠯᠠᠩ ᠤᠨ ᠤᠷᠤᠭᠤᠯᠤᠯᠳᠠ ᠶᠢᠨ ᠮᠦᠡᠭᠬᠦ ᠭᠡᠷᠡᠭᠯᠡᠭᠦ ᠭᠡᠮᠵᠢᠶ᠎ᠠ ᠶᠢ ᠪᠠᠭᠤᠷᠠᠭᠤᠯᠵᠤ᠂ ᠲᠠᠷᠢᠶᠠᠨ ᠡᠮ ᠤᠨ ᠠᠰᠢᠠᠠᠯᠠᠯᠳᠠ ᠶᠢᠨ ᠨᠤᠷᠮ᠎ᠠ ᠶᠢ ᠲᠡᠭᠡᠭᠰᠢᠯᠡᠭᠦᠯᠭᠦ ᠭᠡᠷᠡᠭᠳᠡᠢ᠃
      ᠲᠦᠷᠪᠡ᠂ ᠡᠮ ᠢ ᠡᠭᠡᠯᠵᠢᠯᠡᠨ ᠰᠤᠯᠢᠵᠤ ᠭᠡᠷᠡᠭᠯᠡᠭᠦ ᠶᠢ ᠠᠩᠬᠠᠷᠴᠤ᠂ ᠡᠮ ᠤᠨ ᠭᠦᠴᠤ ᠶᠢ ᠲᠠᠷᠤᠬᠤ ᠴᠢᠨᠠᠷ ᠡᠭᠦᠰᠭᠦ ᠠᠴᠠ ᠵᠠᠶᠢᠯᠠᠰᠭᠢᠭᠦ ᠭᠡᠷᠡᠭᠳᠡᠢ᠃
      12. ᠲᠠᠷᠢᠶᠠᠨ ᠡᠮ ᠢ ᠶᠠᠭᠠᠭᠢᠵᠤ ᠰᠢᠨᠵᠢᠯᠡᠭᠦ ᠤᠬᠠᠭᠠᠠᠴᠢ ᠪᠠᠷ ᠭᠡᠷᠡᠭᠯᠡᠭᠦ ᠪᠤᠢ︖
       ᠡᠮ ᠢ ᠰᠢᠨᠵᠢᠯᠡᠭᠦ ᠤᠬᠠᠭᠠᠠᠴᠢ ᠪᠠᠷ ᠭᠡᠷᠡᠭᠯᠡᠭᠦ ᠳᠤ᠂ ᠨᠢᠭᠡ ᠳᠤ ᠭᠡᠷᠡᠭᠯᠡᠨ᠎ᠠ ᠤᠤ ᠦᠭᠡᠢ ᠤᠤ︖ ᠬᠤᠶᠠᠷ ᠲᠤ ᠶᠠᠭᠠᠭᠢᠵᠤ ᠭᠡᠷᠡᠭᠯᠡᠨ᠎ᠠ ᠪᠤᠢ︖ ᠭᠤᠷᠪᠡ ᠳᠤ ᠭᠡᠳᠦᠢ ᠭᠡᠷᠡᠭᠯᠡᠨ᠎ᠡ ᠪᠤᠢ︖ ᠲᠦᠷᠪᠡ ᠳᠤ ᠶᠠᠮᠠᠷ ᠡᠮ ᠭᠡᠷᠡᠭᠯᠡᠨ᠎ᠡ ᠪᠤᠢ︖ ᠭᠡᠰᠡᠨ ᠠᠰᠠᠭᠤᠳᠠᠯ ᠲᠠᠢ ᠬᠤᠯᠪᠤᠠᠠᠳᠠᠨ᠎ᠠ᠃ ᠭᠡᠮ ᠬᠤᠷᠤᠬᠠᠢ ᠶᠢᠨ ᠭᠦᠨᠦᠭᠡᠯ ᠢ ᠰᠡᠷᠭᠡᠶᠢᠯᠡᠭᠦ ᠠᠷᠭ᠎ᠠ ᠭᠡᠮᠵᠢᠶ᠎ᠠ ᠮᠠᠰᠢ ᠤᠯᠠᠨ ᠪᠤᠢ᠂ ᠡᠮ ᠭᠡᠷᠡᠭᠯᠡᠭᠦ ᠪᠤᠯ ᠵᠦᠪᠭᠡᠨ ᠲᠡᠭᠦᠨ ᠤ ᠲᠤᠳᠤᠷᠠᠭᠢ ᠨᠢᠭᠡ ᠨᠢ ᠪᠤᠯᠤᠨ᠎ᠠ᠃ ᠲᠠᠷᠢᠶᠠᠯᠠᠩ᠂ ᠭᠢᠮᠢ ᠶᠢᠨ ᠠᠷᠭ᠎ᠠ ᠪᠠᠷ ᠰᠡᠷᠭᠡᠶᠢᠯᠡᠵᠤ ᠵᠠᠰᠠᠬᠤ ᠪᠤᠯᠬᠤ ᠦᠶᠡᠰ ᠲᠠᠷᠢᠶᠠᠯᠠᠩ᠂ ᠭᠢᠮᠢ ᠶᠢᠨ ᠠᠷᠭ᠎ᠠ ᠶᠢ ᠰᠤᠩᠭᠤᠨ ᠭᠡᠷᠡᠭᠯᠡᠭᠦ ᠪᠤᠶᠤ ᠤᠶᠠᠯᠳᠤᠭᠤᠯᠤᠨ ᠭᠡᠷᠡᠭᠯᠡᠵᠤ ᠪᠤᠯᠤᠨ᠎ᠠ᠃ ᠵᠢᠱᠢᠶᠡᠯᠡᠪᠡᠯ ᠡᠪᠤᠯ ᠬᠠᠭᠠᠯᠪᠤᠷᠢᠯᠠᠵᠤ᠂ ᠨᠠᠮᠤᠷ ᠤᠰᠤᠯᠠᠬᠤ᠂ ᠭᠦᠨ ᠬᠠᠭᠠᠯᠪᠤᠷᠢᠯᠡᠨ ᠲᠠᠷᠢᠬᠤ ᠪᠠ ᠰᠢᠷ᠎ᠡ ᠬᠠᠪᠳᠠᠰᠤ ᠪᠠᠷ ᠦᠳᠦᠬᠡᠨ ᠠᠯᠠᠬᠤ᠂ ᠢᠳᠤᠭᠠᠨ ᠡᠷᠪᠡᠭᠡᠢ ᠶᠢ ᠡᠨᠧᠷᠭᠢ ᠶᠢᠨ ᠳ᠋ᠧᠩ ᠢᠶᠠᠷ ᠠᠯᠠᠬᠤ ᠵᠡᠷᠭᠡ ᠠᠷᠭ᠎ᠠ ᠶᠢ ᠴᠦᠮ ᠭᠡᠷᠡᠭᠯᠡᠵᠤ ᠪᠤᠯᠤᠨ᠎ᠠ᠃ ᠡᠳᠡᠭᠡᠷ ᠠᠷᠭ᠎ᠠ ᠨᠢ ᠪᠤᠭᠢᠷᠳᠤᠯ ᠢᠶᠠᠷ ᠪᠠᠭ᠎ᠠ ᠮᠦᠷᠳᠡᠭᠡᠨ ᠤᠷᠤᠭᠤᠯᠤᠯᠳᠠ ᠪᠠᠷ ᠴᠤ ᠪᠠᠭ᠎ᠠ ᠪᠠᠶᠢᠳᠠᠭ᠃ ᠲᠠᠭᠢᠪᠠᠯ ᠰᠤᠷᠲ ᠪᠤᠯ ᠦᠢᠯᠡᠳᠪᠤᠷᠢᠯᠡᠯ ᠤᠨ ᠰᠠᠭᠤᠷᠢ ᠪᠤᠯᠬᠤᠷ ᠭᠡᠮ ᠬᠤᠷᠤᠬᠠᠢ ᠶᠢ ᠲᠠᠷᠤᠬᠤ ᠴᠢᠳᠠᠯ ᠲᠠᠢ ᠰᠤᠷᠲ ᠢ ᠢᠯᠡᠭᠦᠭᠡᠨ ᠰᠤᠩᠭᠤᠨ ᠭᠡᠷᠡᠭᠯᠡᠭᠦ ᠭᠡᠷᠡᠭᠳᠡᠢ᠃
      13. ᠭᠡᠮ ᠬᠤᠷᠤᠬᠠᠢ ᠳᠤ ᠡᠮ ᠭᠡᠷᠡᠭᠯᠡᠭᠦ ᠳᠤ ᠶᠠᠮᠠᠷ ᠱᠠᠭᠠᠷᠳᠠᠯᠭ᠎ᠠ ᠪᠠᠶᠢᠬᠤ ᠪᠤᠢ︖
      ᠡᠮ ᠭᠡᠷᠡᠭᠯᠡᠭᠦ ᠳᠤ ᠰᠢᠨᠵᠢᠯᠡᠭᠦ ᠤᠬᠠᠭᠠᠠᠴᠢ ᠠᠷᠭ᠎ᠠ ᠶᠢ ᠡᠷᠭᠢᠮᠯᠡᠭᠦ ᠭᠡᠷᠡᠭᠳᠡᠢ᠂ ᠡᠮ ᠭᠡᠷᠡᠭᠯᠡᠭᠦ ᠳᠤ ᠴᠦᠮ ᠴᠠᠭ ᠬᠤᠭᠤᠴᠠᠭ᠎ᠠ ᠤᠷᠴᠢᠨ ᠲᠤᠭᠤᠷᠢᠨ ᠤ ᠱᠠᠭᠠᠷᠳᠠᠯᠭ᠎ᠠ ᠲᠠᠢ ᠪᠠᠶᠢᠳᠠᠭ᠃ ᠨᠢᠭᠡ ᠳᠤ ᠭᠡᠮ ᠬᠤᠷᠤᠬᠠᠢ ᠶᠢᠨ ᠭᠦᠨᠦᠭᠡᠯ ᠤᠨ ᠤᠨᠴᠠᠯᠢᠭ ᠢ ᠦᠨᠳᠦᠰᠦᠯᠡᠨ ᠡᠮ ᠭᠡᠷᠡᠭᠯᠡᠭᠦ ᠴᠠᠭ ᠬᠤᠭᠤᠴᠠᠭ᠎ᠠ ᠶᠢ ᠲᠤᠠᠠᠳᠠᠭᠠᠬᠤ ᠭᠡᠷᠡᠭᠳᠡᠢ᠃ ᠬᠤᠶᠠᠷ ᠲᠤ ᠲᠡᠭᠷᠢ ᠶᠢᠨ ᠪᠠᠶᠢᠳᠠᠯ ᠦᠭᠡᠷ᠎ᠠ ᠪᠠᠷ ᠭᠡᠯᠡᠪᠡᠯ ᠴᠠᠭ ᠠᠭᠤᠷ ᠤᠨ ᠪᠠᠶᠢᠳᠠᠯ ᠢ ᠦᠨᠳᠦᠰᠦᠯᠡᠨ ᠡᠮ ᠭᠡᠷᠡᠭᠯᠡᠭᠦ ᠭᠡᠷᠡᠭᠳᠡᠢ᠃ ᠭᠤᠷᠪᠡ ᠳᠤ ᠡᠮ ᠭᠡᠷᠡᠭᠯᠡᠭᠦ ᠳᠡᠭᠡᠨ ᠠᠳᠠᠯᠢ ᠪᠤᠰᠤ ᠡᠮ ᠤᠨ ᠲᠤᠯᠠᠭᠠᠨ ᠤ ᠭᠡᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠭᠦ ᠭᠡᠷᠡᠭᠳᠡᠢ᠃ ᠲᠦᠷᠪᠡ ᠳᠤ᠂ ᠭᠦᠨᠦᠭᠡᠯᠳᠤ ᠬᠤᠷᠤᠬᠠᠢ ᠶᠢᠨ ᠭᠦᠳᠡᠯᠭᠡᠭᠡᠨ ᠤ ᠵᠢᠮ᠎ᠠ ᠶᠤᠰᠤ ᠶᠢ ᠤᠨᠤᠪᠴᠢᠳᠡᠢ ᠡᠵᠡᠮᠰᠢᠵᠤ᠂ ᠭᠦᠳᠡᠯᠭᠡᠭᠡᠨ ᠤ ᠤᠷᠭᠢᠯ ᠴᠠᠭ ᠪᠠ ᠪᠦᠷᠢᠨ ᠢᠯᠡᠷᠡᠭᠦ ᠦᠶᠡᠰ ᠲᠤ ᠡᠮ ᠭᠡᠷᠡᠭᠯᠡᠭᠦ ᠭᠡᠷᠡᠭᠳᠡᠢ᠃
      14. ᠲᠠᠷᠢᠶᠠᠨ ᠡᠮ ᠢ ᠭᠡᠷᠭᠢᠨ ᠰᠤᠩᠭᠤᠵᠤ ᠶᠠᠭᠠᠭᠢᠵᠤ ᠭᠡᠷᠡᠭᠯᠡᠭᠦ ᠪᠤᠢ︖
      ᠡᠯ᠎ᠡ ᠵᠦᠢᠯ ᠤᠨ ᠡᠮ ᠤᠨ ᠭᠡᠷᠡᠭᠯᠡᠯᠳᠡ ᠶᠢᠨ ᠲᠠᠭᠢᠨ ᠲᠤᠭ᠎ᠠ ᠶᠢ ᠪᠤᠯ ᠲᠠᠷᠢᠶᠠᠨ ᠳᠠᠬᠢ ᠲᠤᠷᠰᠢᠯᠳᠡ ᠪᠠᠷ ᠲᠤᠠᠠᠳᠠᠭᠠᠠᠠᠰᠠᠨ ᠶᠤᠮ᠃ ᠲᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ᠃ ᠵᠢᠱᠢᠶᠡᠯᠡᠪᠡᠯ 50% ᠶᠢᠨ ᠾᠯᠤᠷ ᠪᠷᠤᠮᠳᠦ ᠤᠨᠳᠤᠤ ᠼᠢᠶᠡᠨ ᠰᠢᠬᠡᠰᠤᠨ ᠭᠦᠴᠢᠯ ︵氯溴异氰脲酸︶ ᠢ ᠶᠠᠷᠦᠩᠭᠡᠢ ᠳᠡᠭᠡᠨ 1500~2000 ᠲᠠᠭᠢᠨ ᠤ ᠰᠢᠩᠭᠡᠨ ᠪᠤᠯᠭᠠᠨ ᠭᠡᠷᠡᠭᠯᠡᠳᠡᠭ᠃ ᠭᠡᠪᠡᠴᠤ ᠭᠦᠨᠳᠤ ᠭᠡᠮ ᠬᠤᠷᠤᠬᠠᠢ ᠲᠠᠢ ᠲᠠᠷᠢᠶᠠᠨ ᠳᠤ 750 ᠲᠠᠭᠢᠨ ᠦᠳᠭᠡᠷᠡᠭᠦᠯᠵᠤ ᠪᠤᠯᠳᠠᠭ᠃
      ᠪᠠᠰᠠ ᠨᠢᠭᠡᠨ ᠲᠦᠭᠡᠮᠡᠯ ᠢᠯᠡᠷᠡᠯ ᠭᠡᠪᠡᠯ ᠡᠮ ᠭᠡᠷᠡᠭᠯᠡᠭᠦ ᠳᠡᠭᠡᠨ ᠤᠰᠤ ᠪᠠᠨ ᠬᠠᠶᠢᠷᠠᠯᠠᠭᠠᠳ ᠡᠮ ᠢ ᠬᠠᠶᠢᠷᠠᠯᠠᠬᠤ ᠦᠭᠡᠢ ᠪᠠᠶᠢᠳᠠᠭ᠃ ᠢᠯᠠᠩᠭᠤᠶ᠎ᠠ ᠠᠭᠠᠭᠢᠮ᠎ᠠ ᠬᠠᠯᠠᠭᠤᠨ ᠤ ᠦᠶ᠎ᠠ ᠳᠤ ᠢᠡᠭᠭᠢᠵᠤ ᠡᠮ ᠭᠡᠷᠡᠭᠯᠡᠪᠡᠯ ᠡᠮ ᠤᠨ ᠦᠢᠯᠡᠳᠦᠯ ᠢ ᠪᠠᠳᠤᠯᠠᠵᠤ ᠴᠢᠳᠠᠬᠤ ᠦᠭᠡᠢ ᠶᠤᠮ᠃ ᠤᠰᠤᠨ ᠤ ᠭᠡᠮᠵᠢᠶ᠎ᠠ ᠨᠢ ᠪᠠᠭ᠋ᠠᠨ ᠪᠠᠭ᠎ᠠ ᠪᠠᠶᠢᠭ᠎ᠠ ᠪᠠᠶᠢᠳᠠᠯ ᠲᠤᠤᠷ᠎ᠡ᠂ ᠰᠦᠷᠴᠢᠭᠰᠡᠨ ᠡᠮ ᠨᠢ ᠲᠠᠷᠢᠮᠠᠯ ᠳᠤ ᠰᠢᠩᠭᠡᠭᠦ ᠠᠴᠠ ᠡᠮᠦᠨ᠎ᠠ ᠠᠭᠤᠷᠰᠢᠭᠠᠳ ᠪᠠᠷᠠᠴᠢᠬᠠᠳᠠᠭ᠃
      15. ᠲᠠᠷᠢᠶᠠᠨ ᠡᠮ ᠳᠤ ᠶᠠᠮᠠᠷ ᠡᠮ ᠢ ᠭᠡᠷᠡᠭᠯᠡᠪᠡᠯ ᠵᠤᠭᠢᠬᠤ ᠪᠤᠢ︖
      ᠰᠢᠨᠵᠢᠯᠡᠭᠦ ᠤᠬᠠᠭᠠᠠᠴᠢ ᠪᠠᠷ ᠡᠮ ᠭᠡᠷᠡᠭᠯᠡᠭᠦ ᠶᠢᠨ ᠬᠠᠮᠤᠭ ᠡᠴᠤᠰ ᠤᠨ ᠨᠢᠭᠡᠨ ᠵᠠᠩᠭᠢᠯᠠᠭ᠎ᠠ ᠪᠤᠯ ᠶᠠᠮᠠᠷ ᠡᠮ ᠢ ᠭᠡᠷᠡᠭᠯᠡᠭᠦ ᠠᠰᠠᠭᠤᠳᠠᠯ ᠢ ᠰᠢᠢᠳᠪᠤᠷᠢᠯᠡᠭᠦ ᠶᠠᠪᠤᠳᠠᠯ ᠪᠤᠯᠤᠨ᠎ᠠ᠃ ᠡᠮ ᠭᠡᠷᠡᠭᠯᠡᠭᠦ ᠠᠴᠠ ᠪᠠᠨ ᠡᠮᠦᠨ᠎ᠠ ᠰᠤᠩᠭᠤᠬᠤ ᠡᠮ ᠢᠶᠠᠨ ᠵᠦᠪ ᠨᠤᠳᠠᠯᠠᠬᠤ ᠭᠡᠷᠡᠭᠳᠡᠢ᠃ ᠤᠳᠤᠬᠠᠨ ᠳᠤ ᠠᠮᠢᠳᠤ ᠪᠤᠳᠠᠰ᠂ ᠤᠷᠭᠤᠮᠠᠯ᠂ ᠠᠮᠢᠳᠡᠨ ᠤ ᠰᠤᠷᠪᠤᠯᠵᠢ ᠲᠠᠢ ᠪᠠ ᠪᠢᠴᠢᠯ ᠡᠳ᠋ ᠵᠡᠷᠭᠡ ᠰᠢᠨ᠎ᠠ ᠭᠡᠯᠪᠡᠷᠢ ᠶᠢᠨ ᠲᠠᠷᠢᠶᠠᠨ ᠡᠮ ᠤᠨ ᠰᠤᠳᠤᠯᠤᠯ ᠮᠠᠰᠢ ᠲᠦᠷᠭᠡᠳᠴᠤ᠂ ᠲᠠᠸᠠᠷᠴᠢᠯᠬᠠᠰᠠᠨ ᠦᠢᠯᠡᠳᠭᠦᠨ ᠴᠤ ᠢᠳᠡᠭ ᠢᠳᠡᠭ ᠢᠶᠠᠷ ᠨᠡᠮᠡᠭᠳᠡᠵᠤ᠂ ᠭᠢᠮᠢ ᠶᠢᠨ ᠲᠠᠷᠢᠶᠠᠨ ᠡᠮ ᠢ ᠤᠷᠤᠯᠠᠭᠤᠯᠤᠨ ᠭᠡᠷᠡᠭᠯᠡᠭᠡᠳ᠂ ᠪᠤᠭᠢᠷᠳᠤᠯ ᠦᠭᠡᠢ ᠪᠠᠷ ᠰᠡᠷᠭᠡᠶᠢᠯᠡᠨ ᠬᠤᠷᠢᠠᠠᠯᠠᠬᠤ ᠪᠤᠯᠤᠯᠴᠠᠭ᠎ᠠ ᠲᠠᠢ ᠪᠤᠯᠭᠠᠠᠠᠰᠠᠨ ᠪᠠᠶᠢᠨ᠎ᠠ᠃ ᠵᠢᠱᠢᠶᠡᠯᠡᠪᠡᠯ ᠲᠤᠮᠳᠠᠳᠤ ᠤᠯᠤᠰ ᠤᠨ ᠲᠠᠷᠢᠶᠠᠯᠠᠩ ᠤᠨ ᠲᠡᠭᠡᠳᠤ ᠰᠤᠷᠭᠠᠭᠤᠯᠢ ᠨᠢ ᠭᠡᠮ ᠤᠨ ᠭᠦᠨᠦᠭᠡᠯ ᠢ ᠰᠡᠷᠭᠡᠶᠢᠯᠡᠨ ᠠᠷᠢᠯᠭᠠᠬᠤ ᠲᠠᠯ᠎ᠠ ᠪᠠᠷ ᠴᠠᠭᠢᠯᠭᠠᠠᠴᠢᠷ ᠤᠰᠤ ᠶᠢ ᠠᠩᠬ᠎ᠠ ᠡᠭᠦᠳᠦᠨ ᠭᠠᠷᠭᠠᠵᠠᠢ᠃ ᠡᠨᠡ ᠨᠢ ᠲᠤᠰᠬᠠᠢ ᠲᠦᠭᠦᠭᠡᠷᠤᠮᠵᠢ ᠪᠠᠷ ᠭᠦᠴᠢᠯᠯᠢᠭ᠂ ᠬᠤᠵᠢᠷᠯᠢᠬ ᠴᠠᠭᠢᠯᠭᠠᠨ ᠵᠠᠳᠠᠯᠤᠯᠳᠠ ᠶᠢᠨ ᠤᠰᠤ ᠶᠢ ᠪᠤᠢ ᠪᠤᠯᠭᠠᠨ᠂ ᠭᠡᠮ ᠤᠨ ᠬᠤᠤᠷ ᠢ ᠠᠯᠠᠵᠤ ᠤᠰᠠᠳᠬᠠᠬᠤ ᠳᠤ ᠭᠡᠳᠦᠨ ᠰᠧᠺᠦ᠋ᠨ᠋ᠳ᠋ ᠪᠤᠶᠤ ᠭᠡᠳᠦᠭᠡᠨ ᠮᠢᠨᠦ᠋ᠲ ᠯᠡ ᠭᠡᠷᠡᠭᠯᠡᠳᠡᠭ ᠪᠠᠶᠢᠨ᠎ᠠ᠃ ᠡᠭᠦᠨ ᠠᠴᠠ ᠭᠠᠳᠠᠨ᠎ᠠ ᠪᠠᠰᠠ ᠭᠧᠨ ᠢ ᠬᠤᠪᠢᠷᠠᠭᠤᠯᠬᠤ ᠠᠷᠭ᠎ᠠ ᠶᠢ ᠭᠡᠷᠡᠭᠯᠡᠪᠡᠯ ᠮᠦᠨ ᠭᠦ ᠭᠦᠨᠦᠭᠡᠯᠳᠤ ᠬᠤᠷᠤᠬᠠᠢ ᠶᠢ ᠤᠰᠠᠳᠬᠠᠵᠤ ᠪᠤᠯᠤᠨ᠎ᠠ᠃  

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map