︵ᠳᠤᠯᠤᠭ᠎ᠠ︶ ᠡᠪᠡᠰᠦ ᠪᠡᠯᠴᠢᠭᠡᠷ ᠤᠨ ᠭᠦᠷᠦᠰᠤ ᠰᠢᠷᠤᠢ ᠶᠢ ᠰᠤᠯᠠᠷᠠᠭᠤᠯᠬᠤ᠂ ᠡᠯᠡᠰᠦᠷᠭᠡᠭ ᠪᠡᠯᠴᠢᠭᠡᠷ ᠵᠢᠴᠢ ᠬᠤᠵᠢᠷᠯᠢᠬ ᠭᠠᠵᠠᠷ ᠢ ᠦᠭᠡᠷᠡᠴᠢᠯᠡᠨ ᠰᠠᠶᠢᠵᠢᠷᠠᠭᠤᠯᠬᠤ ᠮᠡᠷᠭᠡᠵᠢᠯ
ᠨᠡᠶᠢᠲᠡᠯᠡᠭᠰᠡᠨ ᠴᠠᠭ᠄
2015/11/16

       1. ᠡᠪᠡᠰᠦ ᠪᠡᠯᠴᠢᠭᠡᠷ ᠤᠨ ᠭᠦᠷᠦᠰᠦ ᠰᠢᠷᠦᠢ ᠶᠢ ᠰᠤᠯᠠᠷᠠᠭᠤᠯᠬᠤ
       ︵1︶ ᠪᠡᠯᠴᠢᠭᠡᠷ ᠤᠨ ᠭᠦᠷᠤᠰᠤ ᠰᠢᠷᠤᠢ ᠶᠢ ᠶᠠᠭᠠᠭᠢᠵᠤ ᠰᠤᠯᠠᠷᠠᠭᠤᠯᠬᠤ ᠪᠤᠢ︖
       ᠪᠤᠳᠠᠳᠤ ᠦᠢᠯᠡᠳᠪᠤᠷᠢᠯᠡᠯ ᠤᠨ ᠲᠤᠮᠳᠠ ᠪᠡᠯᠴᠢᠭᠡᠷ ᠢ ᠨᠡᠷᠬᠠᠳᠡᠨ ᠰᠤᠯᠠᠷᠠᠭᠤᠯᠬᠤ᠂ ᠭᠦᠷᠤᠰᠤ ᠶᠢ ᠡᠰᠭᠡᠵᠤ ᠵᠦᠰᠤᠭᠦ᠂ ᠤᠷᠪᠠᠭᠤᠯᠤᠨ ᠨᠠᠷᠬᠠᠳᠠᠬᠤ ᠵᠡᠷᠭᠡ ᠠᠷᠭ᠎ᠠ ᠪᠠᠷ ᠪᠡᠯᠴᠢᠭᠡᠷ ᠤᠨ ᠭᠦᠷᠤᠰᠤ ᠶᠢ ᠰᠤᠯᠠᠷᠠᠭᠤᠯᠵᠤ ᠭᠦᠷᠦᠰᠤ ᠰᠢᠷᠤᠢ ᠶᠢᠨ ᠪᠦᠳᠦᠴᠡ ᠪᠡ ᠭᠡᠢ ᠨᠡᠪᠳᠡᠷᠡᠭᠦ ᠴᠢᠨᠠᠷ ᠢ ᠰᠠᠶᠢᠵᠢᠷᠠᠭᠤᠯᠵᠤ᠂ ᠤᠰᠤ ᠰᠢᠮᠡᠳᠭᠦ ᠴᠢᠳᠠᠪᠤᠷᠢ ᠶᠢ ᠨᠢ ᠨᠡᠮᠡᠭᠳᠡᠭᠦᠯᠵᠤ᠂ ᠬᠠᠳᠤᠯᠠᠩ ᠪᠡᠯᠴᠢᠭᠡᠷ ᠤᠨ ᠤᠷᠤᠭᠤᠯᠤᠯᠳᠠ ᠳᠤ ᠰᠠᠶᠢᠨ ᠰᠠᠶᠢᠬᠠᠨ ᠨᠦᠭᠦᠴᠡᠯ ᠢ ᠪᠦᠷᠢᠯᠳᠦᠭᠦᠯᠦᠨ ᠦᠭᠳᠡᠭ ᠪᠠᠶᠢᠨ᠎ᠠ᠃
      ︵2︶ ᠪᠡᠯᠴᠢᠭᠡᠷ ᠤᠨ ᠭᠦᠷᠤᠰᠤ ᠶᠢ ᠶᠠᠮᠠᠷ ᠠᠷᠭ᠎ᠠ ᠪᠠᠷ ᠨᠠᠷᠬᠠᠳᠠᠨ ᠰᠤᠯᠠᠷᠠᠭᠤᠯᠬᠤ ᠪᠤᠢ︖
     ᠪᠡᠯᠴᠢᠭᠡᠷ ᠤᠨ ᠭᠦᠷᠦᠰᠤ ᠶᠢ ᠨᠠᠷᠬᠠᠳᠠᠨ ᠰᠤᠯᠠᠷᠠᠭᠤᠯᠬᠤ ᠪᠤᠯ ᠪᠡᠯᠴᠢᠭᠡᠷ ᠢ ᠰᠠᠶᠢᠵᠢᠷᠠᠭᠤᠯᠬᠤ ᠭᠤᠤᠯ ᠠᠷᠭ᠎ᠠ ᠨᠤᠭᠤᠳ ᠤᠨ ᠨᠢᠭᠡ ᠨᠢ ᠪᠤᠯᠤᠨ᠎ᠠ᠃ ᠲᠡᠭᠦᠨ ᠤ ᠭᠤᠤᠯ ᠦᠢᠯᠡᠳᠦᠯ ᠨᠢ ᠭᠡᠪᠡᠯ ᠨᠢᠭᠡ ᠳᠤ ᠪᠡᠯᠴᠢᠭᠡᠷ ᠢ ᠴᠡᠪᠡᠷᠯᠡᠵᠤ᠂ ᠰᠦᠪᠡᠷᠭᠡᠭ ᠦᠨᠳᠤᠰᠤ ᠶᠢᠨ ᠭᠡᠯᠪᠡᠷᠢ ᠪᠡ ᠦᠨᠳᠦᠰᠦᠯᠢᠭ ᠭᠡᠯᠪᠡᠷᠢ ᠶᠢᠨ ᠤᠷᠭᠤᠮᠠᠯ ᠤᠨ ᠰᠢᠮ᠎ᠠ ᠲᠡᠵᠢᠭᠡᠯ ᠤᠨ ᠰᠢᠨᠡᠴᠢᠯᠡᠯᠳᠡ ᠶᠢ ᠨᠢ ᠠᠭᠢᠭᠤᠯᠳᠠᠭ᠃ ᠬᠤᠶᠠᠷ ᠲᠤ ᠪᠡᠯᠴᠢᠭᠡᠷ ᠪᠤᠯᠤᠨ ᠭᠦᠷᠤᠰᠤᠨ ᠤ ᠦᠡᠭᠭᠡᠨ ᠲᠠᠪᠬᠤᠷᠭ᠎ᠠ ᠶᠢ ᠨᠠᠷᠬᠠᠳᠠᠨ ᠰᠤᠯᠠᠷᠠᠭᠤᠯᠪᠠᠯ᠂ ᠭᠦᠷᠤᠰᠤ ᠰᠢᠷᠤᠢ ᠶᠢᠨ ᠭᠡᠢ ᠨᠡᠪᠳᠡᠷᠡᠭᠦ ᠪᠡ ᠤᠰᠤ ᠰᠢᠮᠡᠳᠭᠦ ᠶᠢ ᠪᠦᠳᠦᠮᠵᠢᠳᠡᠢ ᠪᠠᠷ ᠰᠠᠶᠢᠵᠢᠷᠠᠭᠤᠯᠵᠤ᠂ ᠡᠪᠡᠰᠤᠨ ᠤ ᠰᠢᠨᠡᠴᠢᠯᠡᠯᠳᠡ ᠶᠢ ᠠᠭᠢᠭᠤᠯᠵᠤ ᠴᠢᠳᠠᠨ᠎ᠠ᠃
       ︵3︶ ᠪᠡᠯᠴᠢᠭᠡᠷ ᠤᠨ ᠭᠦᠷᠤᠰᠤ ᠶᠢ ᠶᠠᠷᠦᠳᠡ ᠪᠠᠨ ᠶᠠᠭᠠᠭᠢᠵᠤ ᠨᠠᠷᠬᠠᠳᠠᠨ ᠰᠤᠯᠠᠷᠠᠭᠤᠯᠳᠠᠭ ᠪᠤᠢ︖

      ᠶᠠᠷᠤ ᠳᠡᠭᠡᠨ ᠭᠦᠷᠦᠰᠤ ᠶᠢ ᠪᠦᠰᠡᠯᠢᠭ ᠰᠤᠯᠠᠷᠠᠭᠤᠯᠬᠤ ᠪᠠ ᠭᠦᠷᠤᠰᠤ ᠶᠢ ᠰᠤᠯᠠᠷᠠᠭᠤᠯᠤᠨ ᠨᠦᠭᠦᠵᠤ ᠲᠠᠷᠢᠬᠤ ᠠᠷᠭ᠎ᠠ ᠶᠢ ᠠᠪᠳᠠᠭ᠃ ᠪᠤᠳᠠᠳᠠᠢ ᠪᠠᠷ ᠭᠡᠯᠡᠪᠡᠯ᠄

      ① ᠭᠦᠷᠤᠰᠤ ᠶᠢ ᠪᠦᠰᠡᠯᠢᠭ ᠰᠤᠯᠠᠷᠠᠭᠤᠯᠬᠤ᠄ ᠭᠦᠷᠤᠰᠤ ᠰᠤᠯᠠᠷᠠᠭᠤᠯᠬᠤ ᠮᠠᠰᠢᠨ ᠢᠶᠠᠷ ᠠᠳᠠᠯᠢ ᠦᠨᠳᠤᠷ ᠤᠨ ᠱᠤᠭᠤᠮ ᠢᠶᠠᠷ ᠨᠠᠷᠬᠠᠳᠠᠵᠤ᠂ ᠪᠦᠰᠡᠨ ᠤ ᠦᠷᠭᠡᠴᠡ ᠶᠢ 30m᠂ ᠬᠤᠭᠤᠷᠤᠨᠳᠤᠭᠢ ᠵᠠᠢ ᠶᠢ 5m ᠪᠠᠶᠢᠯᠭᠠᠵᠤ᠂ ᠪᠤᠷᠤᠭ᠎ᠠ ᠤᠷᠤᠠᠠᠰᠠᠨ ᠤ ᠰᠡᠭᠦᠯᠡᠷ ᠰᠤᠯᠠᠷᠠᠭᠤᠯᠵᠤ᠂ 15~20cm ᠭᠦᠨ ᠰᠤᠯᠠᠷᠠᠭᠤᠯᠪᠠᠯ ᠮᠠᠰᠢ ᠰᠠᠶᠢᠨ᠃ ᠡᠨᠡ ᠠᠷᠭ᠎ᠠ ᠨᠢ ᠶᠠᠷᠦᠩᠭᠡᠢ ᠳᠡᠭᠡᠨ ᠭᠠᠩ ᠬᠠᠭᠤᠷᠠᠢ ᠲᠠᠯ᠎ᠠ ᠶᠢᠨ ᠪᠦᠰᠨ ᠶᠢᠨ ᠦᠨᠳᠤᠰᠤᠨ ᠤ ᠪᠤᠳᠠ ᠶᠢᠨ ᠭᠡᠯᠪᠡᠷᠢᠳᠤ ᠪᠡᠯᠴᠢᠭᠡᠷ᠂ ᠵᠢᠱᠢᠶᠡᠯᠡᠪᠡᠯ ᠠᠭᠢᠳᠤ ᠪᠡᠯᠴᠢᠭᠡᠷ ᠲᠤ ᠲᠤᠭᠢᠷᠠᠨ᠎ᠠ᠃

      ② ᠭᠦᠷᠦᠰᠤ ᠶᠢ ᠰᠤᠯᠠᠷᠠᠭᠤᠯᠤᠨ ᠨᠦᠭᠦᠵᠤ ᠲᠠᠷᠢᠬᠤ᠄ ᠡᠪᠡᠰᠤ ᠬᠠᠳᠤᠯᠠᠩ ᠨᠦᠭᠦᠵᠤ ᠲᠠᠷᠢᠬᠤ ᠳᠤ ᠪᠦᠰᠡ ᠶᠢᠨ ᠦᠷᠭᠡᠴᠡ ᠶᠢ 14~24cm᠂ ᠭᠦᠷᠦᠰᠤ ᠰᠤᠯᠠᠷᠠᠭᠤᠯᠬᠤ ᠭᠦᠨᠴᠡ ᠶᠢ 10~16cm ᠪᠠᠶᠢᠯᠭᠠᠵᠤ᠂ ᠨᠦᠭᠦᠨ ᠲᠠᠷᠢᠬᠤ ᠪᠦᠰᠡ ᠶᠢᠨ ᠬᠤᠭᠤᠷᠤᠨᠳᠤᠭᠢ ᠵᠠᠢ ᠶᠢ ᠭᠠᠵᠠᠷ ᠤᠨ ᠪᠠᠶᠢᠴᠠ ᠶᠢ ᠦᠵᠡᠨ ᠲᠤᠠᠠᠳᠠᠭᠠᠵᠤ᠂ ᠦᠷᠭᠡᠨ ᠨᠠᠷᠢᠨ ᠵᠤᠷᠠᠭ᠎ᠠ ᠪᠦᠷ ᠪᠠᠶᠢᠵᠤ ᠪᠤᠯᠤᠨ᠎ᠠ᠃ ᠨᠠᠷᠢᠨ
ᠵᠤᠷᠠᠭ᠎ᠠ ᠶᠢᠨ ᠭᠦᠢᠭᠡᠨ ᠭᠤᠪᠢᠯ ᠤᠨ ᠪᠦᠰᠡ ᠶᠢᠨ ᠦᠷᠭᠡᠴᠡ ᠶᠢ 10cm᠂ ᠭᠦᠨᠴᠡ ᠶᠢ 5~6cm ᠢᠶᠠᠷ ᠨᠦᠭᠦᠨ ᠲᠠᠷᠢᠪᠡᠯ ᠮᠠᠰᠢ ᠰᠠᠶᠢᠨ ᠦᠷ᠎ᠡ ᠪᠦᠳᠦᠮᠵᠢ ᠲᠠᠢ ᠪᠠᠶᠢᠨ᠎ᠠ᠃

      ︵4︶ ᠪᠠᠶᠢᠡᠭᠭᠤ ᠭᠡᠷᠡᠭᠯᠡᠳᠡᠭ ᠨᠠᠷᠬᠠᠳᠠᠭᠤᠷ ᠮᠠᠰᠢᠨ ᠳᠤ ᠶᠠᠮᠠᠷ ᠭᠡᠳᠦᠨ ᠵᠦᠢᠯ ᠪᠠᠶᠢᠬᠤ ᠪᠤᠢ︖
      ᠪᠠᠶᠢᠡᠭᠭᠤ ᠭᠡᠷᠡᠭᠯᠡᠳᠡᠭ ᠨᠠᠷᠬᠠᠳᠠᠬᠤ ᠮᠠᠰᠢᠨ ᠬᠤᠶᠠᠷ ᠵᠦᠢᠯ ᠪᠠᠶᠢᠨ᠎ᠠ᠃ ᠲᠤᠬᠠᠶᠢᠯᠠᠪᠠᠯ ᠠᠷᠠᠭᠠᠳᠤ ᠨᠠᠷᠬᠠᠳᠠᠭᠤᠷ ᠮᠠᠰᠢᠨ ᠪᠠ ᠲᠤᠭᠤᠷᠢᠭ ᠨᠠᠷᠬᠠᠳᠠᠭᠤᠷ ᠮᠠᠰᠢᠨ ᠪᠤᠯᠤᠨ᠎ᠠ᠃

      ᠠᠷᠠᠭᠠᠳᠤ ᠨᠠᠷᠬᠠᠳᠠᠭᠤᠷ ᠮᠠᠰᠢᠨ ᠢ ᠪᠤᠯ ᠡᠪᠡᠰᠤ ᠤᠷᠭᠤᠬᠤ ᠰᠢᠷᠤᠢ ᠶᠢᠨ ᠭᠡᠰᠡᠭ ᠪᠤᠯᠤᠨ ᠭᠦᠷᠦᠰᠤᠨ ᠤ ᠭᠠᠳᠠᠷ ᠲᠠᠪᠬᠤᠷᠭ᠎ᠠ ᠶᠢ ᠰᠤᠯᠠᠷᠠᠭᠤᠯᠬᠤ ᠳᠤ ᠭᠡᠷᠡᠭᠯᠡᠵᠤ᠂ ᠦᠨᠳᠤᠰᠦ ᠶᠢ ᠦᠭᠳᠡᠭᠡᠨ ᠠᠷᠢᠯᠭᠠᠵᠤ᠂ ᠭᠦᠪᠳᠤ ᠶᠢᠨ ᠵᠦᠢᠯ ᠢ ᠬᠤᠰᠤᠵᠤ ᠠᠷᠢᠯᠭᠠᠨ᠎ᠠ᠃ ᠲᠤᠭᠤᠷᠢᠭ ᠨᠠᠷᠬ᠎ᠠ ᠨᠢ ᠪᠤᠯ ᠨᠠᠯᠢᠶᠡᠳ ᠭᠦᠨ ᠭᠦᠷᠦᠰᠤᠨ ᠲᠠᠪᠬᠤᠷᠭ᠎ᠠ ︵ᠶᠠᠷᠦᠩᠭᠡᠢ ᠳᠡᠭᠡᠨ 6~8cm︶ ᠶᠢ ᠨᠠᠷᠬᠠᠳᠠᠨ ᠰᠤᠯᠠᠷᠠᠭᠤᠯᠵᠤ᠂ ᠡᠪᠡᠰᠤ ᠤᠷᠭᠤᠬᠤ ᠰᠢᠷᠤᠢ ᠶᠢᠨ ᠪᠦᠭᠦᠯᠢ ᠵᠢᠴᠢ ᠡᠪᠡᠰᠤᠨ ᠤ ᠲᠦᠷᠦᠯ ᠤᠨ ᠭᠦᠷᠦᠰᠤᠨ ᠲᠤᠤᠷᠠᠭᠢ ᠭᠡᠰᠡᠭ ᠢ ᠭᠡᠮᠭᠡᠴᠢᠳᠡᠭ ᠪᠠᠶᠢᠨ᠎ᠠ᠃ ᠡᠪᠡᠰᠤ ᠤᠷᠭᠤᠬᠤ ᠰᠢᠷᠤᠢ ᠨᠢ ᠨᠡᠯᠢᠶᠡᠳ ᠵᠤᠵᠠᠭᠠᠨ ᠪᠦᠭᠡᠳ ᠲᠠᠴᠢᠷ ᠪᠡᠯᠴᠢᠭᠡᠷ ᠢ ᠪᠤᠯ ᠰᠡᠳᠡᠷᠭᠡᠢ ᠲᠤᠭᠤᠷᠢᠭ ᠨᠠᠷᠬᠠᠳᠠᠭᠤᠷ ᠮᠠᠰᠢᠨ ᠢᠶᠠᠷ ᠨᠠᠷᠬᠠᠳᠠᠪᠠᠯ ᠮᠠᠰᠢ ᠰᠠᠶᠢᠨ ᠦᠷ᠎ᠡ ᠪᠦᠳᠦᠮᠵᠢ ᠤᠯᠤᠨ᠎ᠠ᠃
      ︵5︶ ᠭᠦᠷᠦᠰᠤ ᠶᠢ ᠡᠰᠭᠡᠵᠤ ᠵᠦᠰᠤᠵᠤ ᠰᠠᠶᠢᠵᠢᠷᠠᠭᠤᠯᠬᠤ ᠭᠡᠳᠡᠭ ᠨᠢ ᠶᠠᠮᠠᠷ ᠠᠷᠭ᠎ᠠ ᠶᠢ ᠵᠢᠭᠠᠵᠤ ᠪᠠᠶᠢᠬᠤ ᠪᠤᠢ︖
       ᠡᠩ ᠲᠠᠷᠢᠭᠦᠨ ᠳᠤ ᠶᠠᠭᠠᠭᠢᠭᠠᠳ ᠭᠦᠷᠤᠰᠤ ᠶᠢ ᠡᠰᠭᠡᠨ ᠵᠦᠰᠦᠭᠦ ᠠᠷᠭ᠎ᠠ ᠪᠠᠷ ᠪᠡᠯᠴᠢᠭᠡᠷ ᠢ ᠰᠠᠶᠢᠵᠢᠷᠠᠭᠤᠯᠳᠠᠭ ᠪᠤᠢ ᠭᠡᠪᠡᠯ ᠤᠯᠠᠨ ᠵᠢᠯ ᠤᠷᠭᠤᠠᠠᠰᠠᠨ ᠡᠪᠡᠰᠤ ᠪᠡᠯᠴᠢᠭᠡᠷ ᠨᠢ 3~5 ᠵᠢᠯ ᠴᠢᠨ᠋ᠬᠠᠰᠢᠯᠠᠪᠠᠯ ᠨᠡᠩ ᠤᠯᠠᠨ ᠵᠢᠯ ᠤᠷᠭᠤᠵᠤ ᠠᠰᠢᠠᠠᠯᠬᠠᠳᠠᠬᠤ ᠶᠠᠪᠤᠴᠠ ᠳᠠᠭᠠᠨ ᠡᠪᠡᠰᠤᠨ ᠤ ᠭᠦᠷᠦᠰᠤᠨ ᠲᠤᠤᠷᠠᠭᠢ ᠦᠨᠳᠤᠰᠤ ᠡᠰᠢ ᠨᠢ ᠦᠡᠭᠭᠡᠨ ᠲᠠᠯ᠎ᠠ ᠶᠢᠨ ᠰᠢᠷᠤᠢ ᠲᠠᠢ ᠪᠠᠷᠢᠯᠳᠤᠨ ᠪᠦᠭᠡᠮᠨᠡᠷᠡᠵᠤ᠂ ᠭᠦᠷᠤᠰᠤ ᠰᠢᠷᠤᠢ ᠶᠢ ᠬᠠᠳᠠᠭᠤᠷᠠᠭᠤᠯᠵᠤ᠂ ᠭᠦᠷᠤᠰᠤ ᠰᠢᠷᠤᠢ ᠶᠢᠨ ᠲᠡᠭᠡᠳᠤ ᠭᠡᠰᠡᠭ ᠨᠢ ᠨᠢᠭᠡᠨ ᠲᠠᠪᠬᠤᠷᠭ᠎ᠠ ᠡᠪᠡᠰᠦᠯᠢᠭ ᠬᠠᠯᠢᠰᠤ ᠪᠤᠯᠤᠭᠠᠳ᠂ ᠭᠡᠢ ᠨᠡᠪᠳᠡᠷᠡᠭᠦ ᠦᠭᠡᠢ ᠤᠰᠤ ᠰᠢᠮᠡᠳᠭᠦ ᠦᠭᠡᠢ ᠪᠤᠯᠵᠤ᠂ ᠤᠷᠭᠤᠮᠠᠯ ᠰᠢᠩᠭᠡᠷᠡᠵᠤ᠂ ᠮᠢᠺᠷᠤᠪ ᠤᠨ ᠠᠵᠢᠯᠯᠠᠭ᠎ᠠ ᠨᠢ ᠲᠤᠷᠦ᠋ᠢᠳᠠᠵᠤ᠂ ᠭᠦᠷᠤᠰᠤ ᠰᠢᠷᠤᠢ ᠭᠠᠨᠭ᠍ᠳᠠᠨ ᠬᠠᠳᠠᠵᠤ᠂ ᠰᠢᠩᠭᠡᠭᠡᠨ ᠠᠪᠬᠤ ᠰᠢᠮ᠎ᠠ ᠲᠡᠵᠢᠭᠡᠯ ᠤᠨ ᠵᠦᠢᠯ ᠨᠢ ᠭᠦᠷᠦᠯᠴᠡᠬᠦ ᠦᠭᠡᠢ ᠪᠤᠯᠤᠭᠠᠳ᠂ ᠦᠢᠯᠡᠳᠪᠤᠷᠢᠯᠡᠯ ᠤᠨ ᠭᠦᠴᠤᠨ ᠨᠢ ᠰᠢᠷᠦᠭᠦᠨ ᠪᠠᠭᠤᠷᠠᠳᠠᠭ ᠪᠠᠶᠢᠨ᠎ᠠ᠃
       ᠡᠪᠡᠰᠤᠨ ᠤ ᠬᠠᠯᠢᠰᠤ ᠶᠢ ᠡᠰᠭᠡᠨ ᠵᠦᠰᠦᠵᠤ ᠪᠠᠶᠢᠬᠤ ᠨᠢ ᠲᠠᠷᠤᠢ ᠪᠠᠶᠢᠭᠠᠯᠢᠯᠢᠬ ᠪᠡᠯᠴᠢᠭᠡᠷ ᠤᠨ ᠤᠷᠭᠤᠮᠠᠯ ᠤᠨ ᠪᠦᠳᠦᠴᠡ ᠶᠢ ᠨᠢ ᠡᠪᠳᠡᠭᠦ ᠦᠭᠡᠢ ᠪᠠᠶᠢᠳᠠᠯ ᠲᠤᠤᠷ᠎ᠡ ᠡᠪᠡᠰᠤᠨ ᠬᠠᠯᠢᠰᠤᠯᠢᠭ ᠢ ᠵᠦᠰᠤᠨ ᠰᠠᠯᠭᠠᠵᠤ ᠪᠠᠶᠢᠬᠤ ᠨᠢᠭᠡᠨ ᠵᠦᠢᠯ ᠤᠨ ᠡᠪᠡᠰᠤ ᠪᠤᠶᠢᠵᠢᠭᠤᠯᠬᠤ ᠠᠷᠭ᠎ᠠ ᠭᠡᠮᠵᠢᠶ᠎ᠠ ᠪᠤᠯᠤᠨ᠎ᠠ᠃
      ︵6︶ ᠪᠡᠯᠴᠢᠭᠡᠷ ᠪᠦᠭᠦᠨ ᠢ ᠴᠦᠮ ᠡᠰᠭᠡᠵᠤ ᠵᠦᠰᠤᠵᠤ ᠰᠠᠶᠢᠵᠢᠷᠠᠭᠤᠯᠵᠤ ᠪᠤᠯᠤᠨ᠎ᠠ ᠤᠤ︖
      ᠡᠰᠭᠡᠵᠤ ᠵᠦᠰᠦᠭᠦ ᠠᠷᠭ᠎ᠠ ᠨᠢ ᠭᠡᠳᠦ᠋ᠢᠪᠡᠷ ᠰᠠᠶᠢᠨ ᠪᠤᠯᠪᠠᠴᠤ ᠪᠡᠯᠴᠢᠭᠡᠷ ᠪᠦᠭᠦᠨ ᠢ ᠴᠦᠮ ᠡᠰᠭᠡᠵᠤ ᠵᠦᠰᠦᠭᠦ ᠴᠢᠬᠤᠯᠠ ᠦᠭᠡᠢ ᠪᠠᠶᠢᠳᠠᠭ᠃ ᠭᠤᠤᠯ ᠨᠢ ᠪᠡᠯᠴᠢᠭᠡᠷ ᠤᠨ ᠪᠤᠳᠠᠳᠠᠢ ᠨᠦᠭᠦᠴᠡᠯ ᠢ ᠦᠨᠳᠦᠰᠦᠯᠡᠨ ᠲᠤᠠᠠᠳᠠᠭᠠᠬᠤ ᠭᠡᠷᠡᠭᠳᠡᠢ᠃ ᠵᠢᠱᠢᠶᠡᠯᠡᠪᠡᠯ ᠬᠠᠭᠢᠷ ᠭᠦᠢᠳᠡᠨ ᠴᠢᠭᠢᠭᠯᠢᠭ ᠦᠨᠳᠦᠷᠯᠢᠭ ᠤᠨ ᠪᠡᠯᠴᠢᠭᠡᠷ᠂ ᠠᠭᠤᠷ ᠠᠮᠢᠰᠬᠤᠯ ᠲᠤᠯᠠᠭᠠᠨ ᠪᠦᠭᠡᠳ ᠭᠦᠷᠦᠰᠤ ᠰᠢᠷᠤᠢ ᠨᠢ ᠵᠢᠯ ᠲᠤᠵᠢ ᠤᠰᠤᠷᠬᠠᠭ ᠪᠠᠶᠢᠳᠠᠭ ᠪᠡᠯᠴᠢᠭᠡᠷ ᠲᠤ ᠴᠦᠮ ᠡᠨᠡ ᠠᠷᠭ᠎ᠠ ᠶᠢ ᠭᠡᠷᠡᠭᠯᠡᠨ ᠰᠠᠶᠢᠵᠢᠷᠠᠭᠤᠯᠵᠤ ᠪᠤᠯᠤᠨ᠎ᠠ᠃ ᠨᠠᠯᠠᠤ ᠭᠦᠳᠦᠯ ᠪᠤᠯᠤᠨ ᠭᠦᠷᠦᠰᠤᠨ ᠲᠠᠪᠬᠤᠷᠭ᠎ᠠ ᠨᠢ ᠨᠢᠮᠭᠡᠨ ᠬᠠᠶᠢᠷ ᠴᠢᠯᠠᠭᠤ ᠲᠠᠢ ᠪᠠᠯᠴᠢᠭᠡᠷ ᠲᠤ ᠡᠨᠡ ᠠᠷᠭ᠎ᠠ ᠶᠢ ᠭᠡᠷᠡᠭᠯᠡᠵᠤ ᠪᠤᠯᠬᠤ ᠦᠭᠡᠢ᠃

      ︵7︶ ᠡᠰᠭᠡᠵᠤ ᠵᠦᠰᠦᠭᠦ ᠠᠷᠭ᠎ᠠ ᠶᠢ ᠶᠠᠭᠠᠭᠢᠵᠤ ᠭᠡᠷᠡᠭᠯᠡᠭᠦ ᠪᠤᠢ︖ ᠶᠠᠮᠠᠷ ᠠᠰᠠᠭᠤᠳᠠᠯ ᠢ ᠠᠩᠬᠠᠷᠬᠤ ᠴᠢᠬᠤᠯᠠ ᠲᠠᠢ ᠪᠤᠢ︖
      ᠡᠪᠡᠰᠤᠨ ᠭᠦᠷᠤᠰᠤ ᠶᠢ ᠡᠰᠭᠡᠵᠤ ᠵᠦᠰᠦᠭᠦ ᠭᠦᠨᠴᠡ ᠶᠢ ᠡᠪᠡᠰᠤᠨ ᠭᠦᠷᠦᠰᠤᠨ ᠤ ᠵᠤᠵᠠᠭᠠᠨ ᠢᠶᠠᠷ ᠪᠠᠷᠢᠮᠵᠢᠶᠠᠯᠡᠨ᠎ᠠ᠃ ᠶᠠᠷᠦᠩᠭᠡᠢ ᠳᠡᠭᠡᠨ 10~15cm ᠠᠴᠠ ᠨᠢᠮᠭᠡᠨ ᠪᠠᠶᠢᠯᠭᠠᠵᠤ ᠪᠤᠯᠬᠤ ᠦᠭᠡᠢ᠃ ᠵᠦᠰᠦᠭᠦ ᠮᠦᠷ ᠤᠨ ᠵᠠᠢ ᠶᠢ 30~60cm ᠪᠠᠶᠢᠯᠭᠠᠪᠠᠯ ᠲᠤᠭᠢᠷᠠᠮᠵᠢᠳᠡᠢ᠃ ᠡᠪᠡᠰᠤᠨ ᠭᠦᠷᠤᠰᠤ ᠶᠢ ᠡᠰᠭᠡᠵᠤ ᠵᠦᠰᠦᠭᠦ ᠳᠤ ᠵᠠᠷᠢᠮ ᠡᠪᠡᠰᠤᠨ ᠤ ᠦᠨᠳᠤᠰᠤᠨ ᠰᠢᠰᠲ᠋ᠧᠮ ᠢ ᠲᠠᠰᠤᠯᠵᠤ᠂ ᠲᠡᠭᠦᠨ ᠤ ᠤᠷᠭᠤᠴᠠ ᠶᠢ ᠨᠢ ᠨᠦᠯᠦᠭᠡᠯᠡᠭᠦ ᠨᠢ ᠵᠠᠶᠢᠯᠠᠰᠢ ᠦᠭᠡᠢ᠃ ᠡᠶᠢᠮᠤ ᠠᠴᠠ ᠬᠤᠷᠢᠶᠠᠯᠳᠠ ᠬᠠᠰᠤᠠᠠᠳᠠᠬᠤ ᠠᠴᠠ ᠵᠠᠶᠢᠯᠠᠰᠭᠢᠭᠦ ᠶᠢᠨ ᠲᠤᠰᠠᠳᠠ ᠡᠪᠡᠰᠤᠨ ᠭᠦᠷᠤᠰᠤ ᠶᠢ ᠡᠰᠭᠡᠵᠤ ᠵᠦᠰᠦᠭᠦ ᠶᠠᠪᠤᠳᠠᠯ ᠢ ᠡᠪᠡᠰᠤ ᠨᠤᠭᠤᠭ᠎ᠠ ᠶᠢᠨ ᠤᠷᠭᠤᠯᠳᠠ ᠶᠢᠨ ᠭᠦᠭ ᠦᠶ᠎ᠠ ᠳᠤ ᠭᠢᠵᠤ ᠪᠤᠯᠬᠤ ᠦᠭᠡᠢ᠂ ᠬᠠᠪᠤᠷ ᠡᠷᠳᠡ ᠪᠤᠶᠤ ᠨᠠᠮᠤᠷ ᠤᠨ ᠰᠡᠭᠦᠯᠴᠢ ᠭᠢᠪᠡᠯ ᠲᠤᠭᠢᠷᠠᠮᠵᠢᠳᠡᠢ᠃ ᠡᠰᠭᠡᠵᠤ ᠵᠦᠰᠦᠭᠦ ᠳᠡᠭᠡᠨ ᠡᠰᠭᠡᠵᠤ ᠵᠦᠰᠦᠭᠦ ᠶᠢᠨ ᠲᠠᠭᠠᠤ ᠪᠠᠭ᠎ᠠ ᠰᠤᠯᠠᠷᠠᠭᠤᠯᠪᠠᠯ ᠰᠠᠶᠢᠨ᠃ ᠤᠷᠪᠠᠭᠤᠯᠬᠤ ᠶᠢ ᠡᠷᠡᠰ ᠴᠡᠭᠡᠷᠯᠡᠭᠦ ᠭᠡᠷᠡᠭᠳᠡᠢ᠃
        ︵8︶ ᠭᠦᠷᠦᠰᠤ ᠡᠰᠭᠡᠵᠤ ᠵᠦᠰᠦᠭᠦ ᠳᠤ ᠶᠠᠮᠠᠷ ᠮᠠᠰᠢᠨ ᠪᠠᠭᠠᠵᠢ ᠪᠠᠶᠢᠬᠤ ᠪᠤᠢ︖
       ᠡᠪᠡᠰᠤᠨ ᠭᠦᠷᠤᠰᠤ ᠡᠰᠭᠡᠵᠤ ᠵᠦᠰᠦᠭᠦ ᠳᠤ ᠭᠦᠯᠦᠰᠢᠨ ᠤ ᠤᠨᠤᠭ᠎ᠠ ᠪᠤᠶᠤ ᠲᠷᠠᠺᠲ᠋ᠤᠷ ᠢᠶᠠᠷ ᠴᠢᠷᠭᠦ ᠲᠠᠷᠢᠶᠠᠯᠠᠩ ᠤᠨ ᠪᠠᠭᠠᠵᠢ ᠵᠢᠱᠢᠶᠡᠯᠡᠪᠡᠯ ᠬᠠᠷᠢᠶᠠᠴᠠᠢ ᠠᠠᠵᠢᠰᠤ᠂ ᠲᠤᠭᠤᠷᠢᠭ ᠨᠠᠷᠬᠠᠳᠠᠭᠤᠷ ᠮᠠᠰᠢᠨ᠂ ᠨᠢᠷᠤᠭᠤ ᠦᠭᠡᠢ ᠠᠠᠵᠢᠰᠤ ᠵᠡᠷᠭᠡ ᠶᠢ ᠴᠦᠮ ᠭᠡᠷᠡᠭᠯᠡᠵᠤ ᠪᠤᠯᠤᠨ᠎ᠠ᠃
      ︵9︶ ᠭᠦᠢᠭᠡᠨ ᠤᠷᠪᠠᠭᠤᠯᠵᠤ ᠰᠠᠶᠢᠵᠢᠷᠠᠭᠤᠯᠬᠤ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖
      ᠪᠡᠯᠴᠢᠭᠡᠷ ᠢ ᠭᠦᠢᠭᠡᠨ ᠤᠷᠪᠠᠭᠤᠯᠬᠤ ᠭᠡᠳᠡᠭ ᠨᠢ ᠲᠠᠷᠤᠢ ᠬᠤᠤᠰ ᠭᠦᠷᠳᠦᠳᠤ ᠬᠤᠤᠰ ᠬᠤᠰᠢᠭᠤᠳᠤ ᠠᠠᠵᠢᠰᠤ ᠪᠤᠶᠤ ᠮᠠᠰᠢᠨ ᠴᠢᠷᠦᠭᠦᠯᠳᠤ ᠲᠠᠪᠤᠨ ᠬᠤᠰᠢᠭᠤᠳᠤ ᠠᠠᠵᠢᠰᠤ ᠪᠠᠷ ᠪᠡᠯᠴᠢᠭᠡᠷ ᠢ 10~15cm ᠤᠷᠪᠠᠭᠤᠯᠵᠤ᠂ ᠲᠠᠭᠢᠨ ᠲᠤᠭᠤᠷᠢᠭ ᠨᠠᠷᠬᠠᠳᠠᠭᠤᠷ ᠮᠠᠰᠢᠨ ᠢᠶᠠᠷ ᠨᠠᠷᠬᠠᠳᠠᠵᠤ᠂ ᠪᠡᠯᠴᠢᠭᠡᠷ ᠤᠨ ᠭᠦᠷᠤᠰᠤ ᠰᠢᠷᠤᠢ ᠶᠢ ᠰᠤᠯᠠᠷᠠᠭᠤᠯᠵᠤ᠂ ᠡᠪᠡᠰᠤ ᠪᠡᠯᠴᠢᠭᠡᠷ ᠤᠨ ᠠᠶᠠᠠᠳᠠᠭᠠᠨ ᠰᠢᠨᠡᠴᠢᠯᠡᠭᠳᠡᠭᠦ ᠶᠢ ᠠᠭᠢᠭᠤᠯᠬᠤ ᠶᠢ ᠭᠡᠯᠡᠵᠤ ᠪᠤᠢ᠃

       ᠬᠦᠢᠬᠡᠨ ᠤᠷᠪᠠᠭᠤᠯᠬᠤ ᠨᠢ ᠮᠦᠨ ᠴᠦ ᠡᠪᠡᠰᠤ ᠪᠡᠯᠴᠢᠭᠡᠷ ᠤᠨ ᠲᠡᠭᠡᠳᠤ ᠲᠠᠪᠬᠤᠷᠭ᠎ᠠ ᠶᠢᠨ ᠭᠦᠷᠤᠰᠤ ᠶᠢ ᠰᠠᠶᠢᠵᠢᠷᠠᠭᠤᠯᠬᠤ ᠹᠢᠽᠢᠺ ᠤᠨ ᠪᠠᠶᠢᠳᠠᠯ ᠢᠶᠠᠷ ᠲᠠᠮᠵᠢᠭᠤᠯᠤᠨ ᠬᠠᠳᠤᠯᠠᠩ ᠪᠡᠯᠴᠢᠭᠡᠷ ᠢ ᠤᠨᠠᠯᠳᠠ ᠬᠤᠷᠢᠶᠠᠯᠳᠠ ᠰᠠᠶᠢᠳᠠᠢ ᠪᠤᠯᠭᠠᠳᠠᠭ᠃ ᠡᠨᠡ ᠠᠷᠭ᠎ᠠ ᠶᠢ ᠵᠡᠭᠦᠨ ᠬᠤᠶᠢᠳᠤ ᠤᠷᠤᠨ ᠪᠤᠯᠤᠨ ᠦᠪᠤᠷ ᠮᠤᠩᠭᠤᠯ ᠤᠨ ᠭᠢᠯᠭᠠᠨ᠎ᠠ᠂ ᠭᠦᠭᠡ ᠡᠪᠡᠰᠤ ︵ᠠᠯᠢᠰᠤ︶ ᠪᠤᠶᠤ ᠰᠤᠯᠡ ᠡᠪᠡᠰᠤ᠂ ᠭᠦᠭᠡ ᠡᠪᠡᠰᠤ ᠶᠢᠨ ᠪᠡᠯᠴᠢᠭᠡᠷ ᠲᠤ ᠭᠡᠷᠡᠭᠯᠡᠭᠡᠳ ᠮᠠᠰᠢ ᠰᠠᠶᠢᠨ ᠦᠷ᠎ᠠ ᠪᠦᠳᠦᠭᠡᠯ ᠤᠯᠵᠠᠢ᠃ ᠬᠦᠢᠬᠡᠨ ᠤᠷᠪᠠᠭᠤᠯᠤᠭᠠᠳ ᠭᠤᠷᠪᠡᠨ ᠵᠢᠯ ᠤᠨ ᠲᠠᠷᠠᠭ᠎ᠠ ᠭᠦᠭᠡ ᠡᠪᠡᠰᠤ ᠨᠢ ᠡᠪᠡᠰᠤᠨ ᠤ ᠪᠦᠯᠦᠭᠯᠡᠯ ᠤᠨ 50% ᠠᠴᠠ ᠲᠡᠭᠡᠭᠰᠢᠭᠢ ᠶᠢ ᠡᠵᠡᠯᠡᠵᠤ᠂ ᠲᠠᠪᠠᠭᠤᠯᠢᠭ ᠪᠠᠶᠢᠷᠢᠨ ᠳᠤ ᠲᠠᠪᠰᠢᠬᠤ ᠶᠢᠨ ᠬᠠᠮᠳᠤ 4~5 ᠵᠢᠯ ᠦᠷᠭᠦᠯᠵᠢᠯᠡᠵᠤ᠂ ᠤᠨᠠᠯᠳᠠ ᠬᠤᠷᠢᠶᠠᠯᠳᠠ ᠨᠢ 2~3 ᠲᠠᠭᠢᠨ ᠲᠡᠭᠡᠭᠰᠢᠯᠡᠭᠦ ᠪᠤᠯᠤᠨ᠎ᠠ᠃
       ︵10︶ ᠶᠠᠭᠠᠭᠢᠬᠤ ᠳᠠᠭᠠᠨ ᠬᠦᠢᠬᠡᠨ ᠤᠷᠪᠠᠭᠤᠯᠬᠤ ᠨᠢ ᠭᠦᠭᠡ ᠡᠪᠡᠰᠤᠨ ᠤ ᠤᠷᠭᠤᠯᠳᠠ ᠶᠢ ᠰᠠᠶᠢᠵᠢᠷᠠᠭᠤᠯᠵᠤ ᠴᠢᠳᠠᠳᠠᠭ ᠪᠤᠢ︖
        ᠬᠦᠢᠬᠡᠨ ᠤᠷᠪᠠᠭᠤᠯᠬᠤ ᠨᠢ ᠠᠯᠢᠰᠤ ᠡᠪᠡᠰᠤᠨ ᠤ ᠪᠡᠯᠴᠢᠭᠡᠷ ᠤᠨ ᠤᠨᠠᠯᠳᠠ ᠶᠢ ᠨᠡᠮᠡᠭᠳᠡᠭᠦᠯᠭᠦ ᠬᠤᠶᠠᠷ ᠵᠦᠢᠯ ᠤᠨ ᠰᠢᠯᠳᠠᠭᠠᠨ ᠪᠠᠶᠢᠨ᠎ᠠ᠃ ᠨᠢᠭᠡ ᠳᠤ ᠬᠦᠢᠬᠡᠨ ᠤᠷᠪᠠᠭᠤᠯᠬᠤ ᠨᠢ ᠤᠤᠯ ᠤᠨ ᠤᠷᠭᠤᠮᠠᠯ ᠤᠨ ᠦᠨᠳᠤᠰᠤᠨ ᠲᠠᠪᠬᠤᠷᠭ᠎ᠠ ᠶᠢ ᠡᠪᠳᠡᠭᠡᠳ ᠨᠢᠠᠠᠳᠠ ᠭᠡᠯᠪᠡᠷᠢ ᠶᠢᠨ ᠭᠢᠯᠭᠠᠨ᠎ᠠ ᠪᠤᠯᠤᠨ ᠲᠡᠩᠭᠡᠯᠢᠭ ᠭᠡᠯᠪᠡᠷᠢ ᠶᠢᠨ ᠰᠤᠯᠠ ᠡᠪᠡᠰᠤ ᠶᠢ ᠮᠠᠰᠢ ᠶᠡᠭᠡ ᠬᠤᠭᠢᠷᠠᠭᠤᠯᠬᠤ ᠪᠤᠯᠪᠠᠴᠤ ᠦᠨᠳᠦᠰᠦᠯᠢᠭ ᠭᠦᠭᠡ ᠡᠪᠡᠰᠤ ᠶᠢᠨ ᠪᠡᠯᠭᠡ ᠶᠢᠨ ᠪᠤᠰᠤ ᠦᠷᠡᠵᠢᠯ ᠢ ᠠᠭᠢᠭᠤᠯᠵᠤ ᠴᠢᠳᠠᠨ᠎ᠠ᠃ ᠬᠤᠶᠠᠷ ᠲᠤ ᠬᠦᠢᠬᠡᠨ ᠤᠷᠪᠠᠭᠤᠯᠬᠤ ᠨᠢ ᠡᠪᠡᠰᠤᠨ ᠭᠦᠷᠤᠰᠤ ᠶᠢ ᠡᠪᠳᠡᠵᠤ᠂ ᠭᠦᠷᠦᠰᠤ ᠰᠢᠷᠤᠢ ᠶᠢᠨ ᠲᠡᠭᠡᠳᠤ ᠲᠠᠪᠬᠤᠷᠭ᠎ᠠ ᠶᠢ ᠰᠤᠯᠠᠷᠠᠭᠤᠯᠵᠤ᠂ ᠦᠨᠳᠦᠰᠦᠯᠢᠭ ᠤᠷᠭᠤᠮᠠᠯ ᠤᠨ ᠤᠷᠭᠤᠬᠤ ᠳᠤ ᠠᠰᠢᠭ ᠲᠠᠢ ᠪᠤᠯᠭᠠᠳᠠᠭ᠃ ᠬᠦᠢᠬᠡᠨ ᠤᠷᠪᠠᠭᠤᠯᠵᠤ ᠡᠭᠦᠯᠳᠡᠷ ᠰᠠᠶᠢᠵᠢᠷᠠᠭᠤᠯᠬᠤ ᠠᠷᠭ᠎ᠠ ᠭᠡᠮᠵᠢᠶ᠎ᠠ ᠨᠢ ᠦᠨᠳᠦᠰᠦᠯᠢᠭ ᠦᠶᠡᠳᠤ ᠤᠷᠭᠤᠮᠠᠯ ᠤᠨ ᠢᠵᠠᠭᠤᠷᠳᠤ ᠡᠪᠡᠰᠤ ᠵᠢᠴᠢ ᠦᠨᠳᠤᠰᠦᠯᠢᠭ ᠪᠤᠷᠴᠠᠬ ᠤᠨ ᠢᠵᠠᠭᠤᠷᠳᠤ ᠡᠪᠡᠰᠤᠨ ᠳᠤ ᠲᠤᠭᠢᠷᠠᠨ᠎ᠠ᠃
      ︵11︶ ᠶᠠᠮᠠᠷ ᠠᠷᠭ᠎ᠠ ᠭᠢᠳᠡᠯ ᠢᠶᠠᠷ ᠬᠦᠢᠬᠡᠨ ᠤᠷᠪᠠᠭᠤᠯᠤᠨ ᠰᠤᠯᠠᠷᠠᠭᠤᠯᠬᠤ ᠪᠤᠢ︖
      ᠬᠦᠢᠬᠡᠨ ᠤᠷᠪᠠᠭᠤᠯᠤᠨ ᠨᠠᠷᠬᠠᠳᠠᠨ ᠰᠤᠯᠠᠷᠠᠭᠤᠯᠬᠤ ᠠᠷᠭ᠎ᠠ ᠭᠢᠳᠡᠯ ᠭᠡᠪᠡᠯ ᠮᠠᠰᠢᠨ ᠴᠢᠷᠦᠭᠦᠯᠳᠤ ᠲᠠᠪᠤᠨ ᠬᠤᠰᠢᠭᠤᠳᠤ ᠠᠠᠵᠢᠰᠤ᠂ ᠬᠤᠤᠰ ᠭᠦᠷᠳᠤᠳᠤ ᠬᠤᠤᠰ ᠬᠤᠰᠢᠭᠤᠳᠤ ᠠᠠᠵᠢᠰᠤ ᠪᠠᠷ ᠬᠦᠢᠬᠡᠨ ᠤᠷᠪᠠᠭᠤᠯᠤᠨ᠎ᠠ᠃ ᠲᠡᠭᠦᠨ ᠤ ᠠᠵᠢᠯᠯᠠᠬᠤ ᠠᠷᠭ᠎ᠠ ᠨᠢ ᠭᠡᠪᠡᠯ ᠰᠢᠭᠤᠳ ᠤᠷᠪᠠᠭᠤᠯᠬᠤ ᠪᠤᠶᠤ ᠲᠤᠭᠤᠷᠢᠭ ᠤᠨ ᠭᠡᠯᠪᠡᠷᠢ ᠲᠠᠢ ᠤᠷᠪᠠᠭᠤᠯᠵᠤ᠂ 15~20cm ᠭᠦᠨ ᠤᠷᠪᠠᠭᠤᠯᠪᠠᠯ ᠲᠤᠭᠢᠷᠠᠮᠵᠢᠳᠡᠢ᠃ ᠤᠷᠪᠠᠭᠤᠯᠤᠠᠠᠰᠠᠨ ᠤ ᠰᠡᠭᠦᠯᠡᠷ ᠠᠷᠠᠭ᠎ᠠ ᠦᠭᠡᠢ ᠭᠦᠨᠳᠤ ᠭᠡᠯᠪᠡᠷᠢ ᠶᠢᠨ ᠨᠠᠷᠬᠠᠳᠠᠭᠤᠷ ᠢᠶᠠᠷ ᠲᠠᠷᠦ᠋ᠢᠬᠠᠨ ᠨᠢᠭᠡ ᠤᠳᠠᠭ᠎ᠠ ᠨᠠᠷᠬᠠᠳᠠᠭᠠᠳ ᠲᠠᠭᠢᠨ ᠭᠦᠡᠭᠭᠡᠨ ᠭᠡᠯᠪᠡᠷᠢ ᠶᠢᠨ ᠲᠤᠭᠤᠷᠢᠭ ᠨᠠᠷᠬᠠᠳᠠᠭᠤᠷ ᠢᠶᠠᠷ ᠬᠤᠶᠠᠷ ᠤᠳᠠᠬ᠎ᠠ ᠨᠠᠷᠬᠠᠳᠠᠵᠤ᠂ ᠭᠦᠷᠦᠰᠤ ᠰᠢᠷᠤᠢ ᠶᠢᠨ ᠭᠠᠳᠠᠷᠭᠤ ᠶᠢ ᠨᠠᠷᠢᠨ᠂ ᠭᠡᠮᠭᠡᠳᠡᠭ᠂ ᠲᠡᠭᠰᠢ ᠪᠤᠯᠭᠠᠨ᠎ᠠ᠃ ᠡᠪᠡᠰᠤᠨ ᠤ ᠦᠨᠳᠤᠰᠤᠨ ᠭᠡᠰᠡᠭ ᠢ ᠢᠯᠡ ᠪᠠᠶᠢᠯᠭᠠᠵᠤ ᠪᠤᠯᠬᠤ ᠦᠭᠡᠢ᠃ ᠭᠦᠷᠤᠰᠤ ᠰᠢᠷᠤᠢ ᠨᠡᠯᠢᠶᠡᠳ ᠤᠰᠤᠷᠬᠠᠭ ᠦᠶ᠎ᠠ ᠳᠤ ᠤᠷᠪᠠᠭᠤᠯᠪᠠᠯ ᠬᠠᠮᠤᠭ ᠤᠨ ᠰᠠᠶᠢᠨ᠃ ᠬᠠᠪᠤᠷ ᠲᠠᠭᠠᠨ ᠭᠠᠩ ᠬᠠᠭᠰᠠᠷᠠᠭᠠᠨ ᠲᠠᠢ ᠭᠠᠵᠠᠷ ᠤᠷᠤᠨ ᠪᠤᠯ ᠭᠠᠩ ᠬᠠᠭᠰᠠᠷᠠᠭᠠᠨ ᠠᠴᠠ ᠵᠠᠶᠢᠯᠠᠰᠭᠢᠵᠤ᠂ ᠪᠤᠷᠤᠭᠠᠨ ᠤ ᠤᠯᠠᠷᠢᠯ ᠭᠦᠷᠴᠤ ᠢᠷᠡᠭᠦ ᠠᠴᠠ ᠡᠮᠦᠨ᠎ᠠ 6 ᠳ᠋ᠤᠭᠠᠷ ᠰᠠᠷ᠎ᠠ ᠶᠢᠨ ᠰᠡᠭᠦᠯᠴᠢ ᠪᠠᠷ ᠤᠷᠪᠠᠭᠤᠯᠪᠠᠯ ᠬᠠᠮᠤᠭ ᠤᠨ ᠲᠤᠭᠢᠷᠠᠮᠵᠢᠳᠡᠢ᠃

        ︵12︶ ᠬᠦᠢᠬᠡᠨ ᠤᠷᠪᠠᠭᠤᠯᠤᠨ ᠰᠤᠯᠠᠷᠠᠭᠤᠯᠬᠤ ᠳᠤ ᠶᠠᠮᠠᠷ ᠠᠩᠬᠠᠷᠬᠤ ᠴᠢᠬᠤᠯᠠ ᠲᠠᠢ ᠠᠰᠠᠭᠤᠳᠠᠯ ᠪᠠᠶᠢᠨ᠎ᠠ ᠪᠤᠢ︖
       ᠭᠤᠤᠯ ᠨᠢ ᠲᠤᠤᠷᠠᠭᠢ ᠮᠡᠳᠤ ᠲᠦᠷᠪᠡᠨ ᠠᠰᠠᠭᠤᠳᠠᠯ ᠢ ᠠᠩᠬᠠᠷᠬᠤ ᠭᠡᠷᠡᠭᠳᠡᠢ᠃

      ① ᠬᠦᠢᠬᠡᠨ ᠤᠷᠪᠠᠭᠤᠯᠬᠤ ᠠᠷᠭ᠎ᠠ ᠶᠢ ᠵᠦᠪᠭᠡᠨ ᠦᠨᠳᠤᠰᠦᠯᠢᠭ ᠭᠡᠯᠪᠡᠷᠢ ᠶᠢᠨ ᠪᠡᠯᠴᠢᠭᠡᠷ᠂ ᠵᠢᠱᠢᠶᠡᠯᠡᠪᠡᠯ ᠭᠦᠭᠡ ᠡᠪᠡᠰᠤᠨ ᠤ ᠭᠠᠵᠠᠷ ᠲᠡᠭᠡᠷ᠎ᠡ ᠭᠡᠷᠡᠭᠯᠡᠭᠦ ᠭᠡᠷᠡᠭᠳᠡᠢ᠃

      ② ᠬᠦᠢᠬᠡᠨ ᠤᠷᠪᠠᠭᠤᠯᠤᠨ ᠨᠠᠷᠬᠠᠳᠠᠨ ᠰᠤᠯᠠᠷᠠᠭᠤᠯᠵᠤ ᠰᠠᠶᠢᠵᠢᠷᠠᠭᠤᠯᠤᠠᠠᠰᠠᠨ ᠤ ᠰᠡᠭᠦᠯᠡᠷᠭᠢ ᠪᠡᠯᠴᠢᠭᠡᠷ ᠢ 2~3 ᠵᠢᠯ ᠤᠨ ᠲᠤᠳᠤᠷ᠎ᠠ ᠵᠦᠪᠭᠡᠨ ᠬᠠᠳᠤᠯᠠᠩ ᠳᠤ ᠯᠡ ᠠᠰᠢᠠᠠᠯᠠᠵᠤ᠂ ᠦᠨᠳᠤᠰᠦᠯᠢᠭ ᠭᠡᠯᠪᠡᠷᠢ ᠶᠢᠨ ᠦᠶᠡᠳᠤ ᠤᠷᠭᠤᠮᠠᠯ ᠤᠨ ᠭᠡᠪ ᠤᠨ ᠪᠤᠶᠢᠵᠢᠯᠳᠡ ᠤᠷᠭᠤᠯᠳᠠ ᠶᠢ ᠪᠠᠳᠤᠯᠠᠬᠤ ᠭᠡᠷᠡᠭᠳᠡᠢ᠃

      ③ ᠭᠦᠨᠳᠤ ᠨᠤᠴᠢᠳᠡᠢ ᠭᠠᠩ ᠭᠠᠮᠰᠢᠭ ᠲᠠᠢ ᠵᠢᠯ ᠳᠤ ᠬᠦᠢᠬᠡᠨ ᠤᠷᠪᠠᠭᠤᠯᠵᠤ ᠪᠤᠯᠬᠤ ᠦᠭᠡᠢ᠃ ᠲᠠᠶᠢᠮᠤ ᠪᠢᠰᠢ ᠪᠤᠯ ᠦᠷ᠎ᠡ ᠪᠦᠳᠦᠮᠵᠢ ᠤᠯᠵᠤ ᠴᠢᠳᠠᠬᠤ ᠦᠭᠡᠢ ᠮᠦᠷᠳᠡᠭᠡᠨ ᠭᠡᠳᠡᠷᠭᠦ ᠪᠠᠨ ᠭᠦᠷᠤᠰᠤ ᠰᠢᠷᠤᠢ ᠶᠢ ᠡᠯᠡᠰᠦᠷᠭᠡᠭᠵᠢᠭᠦᠯᠭᠦ ᠪᠤᠯᠤᠨ᠎ᠠ᠃

      ④ ᠬᠦᠢᠬᠡᠨ ᠤᠷᠪᠠᠭᠤᠯᠤᠠᠠᠰᠠᠨ ᠤ ᠰᠡᠭᠦᠯᠡᠷ ᠭᠦᠷᠢᠶᠡᠯᠡᠭᠦ ᠵᠡᠷᠭᠡ ᠬᠠᠮᠠᠭᠠᠯᠠᠯᠳᠠ ᠶᠢᠨ ᠠᠷᠭ᠎ᠠ ᠪᠠᠷ ᠰᠠᠶᠢᠳᠤᠷ ᠬᠠᠮᠠᠭᠠᠯᠠᠬᠤ ᠭᠡᠷᠡᠭᠳᠡᠢ᠃

      2. ᠡᠯᠡᠰᠦᠷᠭᠡᠭᠵᠢᠭᠰᠡᠡ ᠪᠡᠯᠴᠢᠭᠡᠷ ᠢ ᠦᠭᠡᠷᠡᠴᠢᠯᠡᠨ ᠰᠠᠶᠢᠵᠢᠷᠠᠭᠤᠯᠬᠤ
      ︵1︶ ᠮᠠᠨ ᠤ ᠤᠯᠤᠰ ᠤᠨ ᠡᠯᠡᠰᠦᠷᠭᠡᠭᠵᠢᠭᠰᠡᠨ ᠪᠡᠯᠴᠢᠭᠡᠷ ᠤᠨ ᠭᠤᠤᠯ ᠲᠠᠷᠬᠠᠴᠠ ᠶᠢᠨ ᠪᠠᠶᠢᠳᠠᠯ ᠪᠤᠯᠤᠨ ᠲᠡᠭᠦᠨ ᠤ ᠤᠨᠴᠠᠯᠢᠭ ᠨᠢ ᠶᠠᠮᠠᠷ ᠪᠠᠶᠢᠭ᠎ᠠ ᠪᠤᠢ︖
      ᠮᠠᠨ ᠤ ᠤᠯᠤᠰ ᠤᠨ ᠡᠯᠡᠰᠦᠷᠭᠡᠭᠵᠢᠭᠰᠡᠨ ᠨᠤᠳᠤᠭ ᠪᠡᠯᠴᠢᠭᠡᠷ ᠪᠤᠯ ᠭᠤᠤᠯᠳᠠᠭᠤ ᠤᠮᠠᠷᠠᠳᠤ ᠶᠢᠨ ᠲᠤᠯᠠᠭᠠᠨ ᠪᠦᠰᠡ ᠶᠢᠨ ᠭᠠᠵᠠᠷ ᠤᠷᠤᠨ ᠢᠶᠠᠷ ᠪᠠᠶᠢᠷᠢᠯᠠᠵᠤ᠂ ᠵᠡᠭᠦᠨ ᠠᠴᠠ ᠪᠠᠷᠠᠭᠤᠠᠰᠢ ᠬᠠᠭᠠᠰ ᠴᠢᠭᠢᠭᠯᠢᠭ᠂ ᠬᠠᠭᠠᠰ ᠭᠠᠩ ᠬᠠᠭᠤᠷᠠᠢ᠂ ᠭᠠᠩ ᠬᠠᠭᠤᠷᠠᠢ᠂ ᠲᠦᠢᠯ ᠤᠨ ᠭᠠᠩ ᠬᠠᠭᠤᠷᠠᠢ ᠪᠦᠰᠡ ᠪᠤᠯᠵᠤ ᠪᠦᠷᠢᠯᠳᠦᠵᠡᠢ᠃ ᠡᠶᠢᠮᠤ ᠠᠴᠠ ᠲᠡᠭᠦᠨ ᠤ ᠤᠷᠭᠤᠬᠤ ᠡᠯᠡᠰᠦᠷᠭᠡᠭ ᠭᠠᠵᠠᠷ ᠤᠨ ᠤᠷᠭᠤᠮᠠᠯ ᠨᠢ ᠮᠡᠳᠡᠭᠳᠡᠮ᠎ᠡ ᠤᠷᠤᠨ ᠪᠦᠰᠡ ᠶᠢᠨ ᠵᠦᠷᠢᠶ᠎ᠠ ᠲᠠᠢ ᠪᠠᠶᠢᠳᠠᠭ᠃ ᠭᠤᠤᠯ ᠢᠯᠡᠷᠡᠯ ᠨᠢ ᠭᠡᠪᠡᠯ ᠲᠠᠪᠤᠨ ᠲᠠᠯ᠎ᠠ ᠪᠤᠢ᠃

     ① ᠡᠯᠡᠰᠦᠷᠭᠡᠭ ᠭᠠᠵᠠᠷ ᠤᠨ ᠤᠷᠭᠤᠮᠠᠯ ᠤᠨ ᠪᠦᠷᠭᠦᠴᠡ ᠶᠢᠨ ᠲᠤᠠᠠᠳᠠᠪᠤᠷᠢᠳᠤ ᠴᠢᠨᠠᠷ ᠢᠶᠠᠷ ᠪᠠᠷᠤᠠᠠᠳᠠᠢ᠃ ᠦᠢᠯᠡᠳᠪᠤᠷᠢᠯᠡᠯ ᠤᠨ ᠭᠦᠴᠤᠨ ᠨᠢ ᠲᠤᠤᠷ᠎ᠠ ᠪᠦᠭᠡᠳ ᠲᠤᠠᠠᠳᠠᠭᠤᠨ ᠪᠤᠰᠤ᠂ ᠮᠠᠯ ᠮᠠᠯᠵᠢᠬᠤ ᠳᠤ ᠲᠠᠰᠪᠤᠷᠢ ᠦᠭᠡᠢ ᠪᠠᠶᠢᠳᠠᠭ᠃

     ② ᠡᠯᠡᠰᠦᠷᠭᠡᠭᠵᠢᠭᠰᠡᠨ ᠨᠤᠳᠤᠭ ᠪᠡᠯᠴᠢᠭᠡᠷ ᠤᠨ ᠤᠷᠭᠤᠮᠠᠯ ᠤᠨ ᠪᠦᠷᠭᠦᠴᠡ ᠨᠢ ᠰᠠᠶᠢᠷᠡᠭ ᠪᠦᠭᠡᠳ ᠪᠤᠭᠤᠨᠢ᠂ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠭᠦᠭᠵᠢᠯᠳᠡ ᠨᠢ ᠤᠳᠠᠭᠠᠨ ᠪᠦᠭᠡᠳ ᠲᠤᠠᠠᠳᠠᠭᠤᠨ ᠪᠤᠰᠤ ᠪᠠᠶᠢᠳᠠᠭ᠃

      ③ ᠡᠯᠡᠰᠦᠷᠭᠡᠭᠵᠢᠭᠰᠡᠨ ᠨᠤᠳᠤᠭ ᠪᠠᠯᠴᠢᠭᠡᠷ ᠨᠢ ᠲᠤᠬᠠᠢ ᠶᠢᠨ ᠭᠠᠵᠠᠷ ᠤᠨ ᠨᠦᠭᠦᠴᠡᠯ᠂ ᠡᠪᠡᠰᠤ ᠪᠡᠯᠴᠢᠭᠡᠷ ᠤᠨ ᠲᠦᠷᠦᠯ ᠭᠡᠯᠪᠡᠷᠢ᠂ ᠡᠪᠡᠰᠤ ᠬᠠᠳᠤᠯᠠᠩ ᠤᠨ ᠲᠦᠷᠦᠯ ᠵᠦᠢᠯ ᠨᠢ ᠠᠳᠠᠯᠢ ᠦᠭᠡᠢ ᠠᠴᠠ ᠪᠤᠯᠤᠭᠠᠳ ᠮᠠᠰᠢ ᠶᠡᠭᠡ ᠵᠦᠷᠢᠶ᠎ᠠ ᠲᠠᠢ ᠪᠠᠶᠢᠵᠤ᠂ ᠤᠯᠠᠷᠢᠯ ᠤᠨ ᠬᠤᠪᠢᠷᠠᠯᠳᠠ ᠭᠢᠭᠡᠳ ᠤᠯᠠᠷᠢᠯ ᠤᠨ ᠦᠵᠡᠭᠳᠡᠯ ᠤᠨ ᠰᠤᠯᠢᠠᠠᠳᠠᠯ ᠢ ᠲᠠᠭᠠᠯᠳᠤᠭᠠᠳ ᠵᠦᠷᠢᠶ᠎ᠠ ᠨᠢ ᠤᠯᠠᠮ ᠢᠯᠡᠳᠳᠡ ᠪᠤᠯᠳᠠᠭ᠃

      ④ ᠡᠯᠡᠰᠦᠷᠭᠡᠭᠵᠢᠭᠰᠡᠨ ᠡᠪᠡᠰᠤ ᠪᠡᠯᠴᠢᠭᠡᠷ ᠤᠨ ᠡᠪᠡᠰᠤᠨ ᠤ ᠪᠦᠯᠦᠭᠯᠡᠯ ᠤᠨ ᠪᠦᠷᠢᠯᠳᠦᠯ ᠨᠢ ᠠᠳᠠᠯᠢ ᠦᠭᠡᠢ ᠠᠴᠠ ᠪᠤᠯᠤᠭᠠᠳ ᠡᠪᠡᠰᠤ ᠪᠡᠯᠴᠢᠭᠡᠷ ᠤᠨ ᠲᠦᠷᠦᠯ ᠭᠡᠯᠪᠡᠷᠢ ᠨᠢ ᠤᠯᠠᠨ ᠲᠦᠷᠦᠯ ᠶᠠᠩᠵᠤ ᠲᠠᠢ ᠪᠠᠶᠢᠳᠠᠭ᠃

      ⑤ ᠡᠯᠡᠰᠦᠷᠭᠡᠭ ᠤᠷᠤᠨ ᠤ ᠲᠤᠳᠤᠷᠠᠭᠢ ᠤᠰᠤ᠂ ᠭᠦᠷᠦᠰᠤ ᠰᠢᠷᠤᠢ᠂ ᠤᠷᠭᠤᠮᠠᠯ ᠤᠨ ᠡᠭᠢ ᠪᠠᠶᠠᠯᠢᠭ ᠨᠢ ᠠᠮᠠᠷᠬᠠᠨ ᠡᠪᠳᠡᠭᠳᠡᠭᠦ ᠭᠡᠪᠡᠷᠡᠭ ᠴᠢᠨᠠᠷ ᠲᠠᠢ ᠪᠠᠶᠢᠳᠠᠭ᠃

      ︵2︶ ᠡᠯᠡᠰᠦᠷᠭᠡᠭᠵᠢᠭᠰᠡᠨ ᠪᠡᠯᠴᠢᠭᠡᠷ ᠢ ᠶᠠᠮᠠᠷ ᠠᠷᠭ᠎ᠠ ᠪᠠᠷ ᠰᠠᠶᠢᠵᠢᠷᠠᠭᠤᠯᠬᠤ ᠪᠤᠢ︖
      ᠡᠯᠡᠰᠦᠷᠭᠡᠭᠵᠢᠭᠰᠡᠨ ᠪᠡᠯᠴᠢᠭᠡᠷ ᠢ ᠡᠭᠦᠰᠦᠯ ᠪᠡ ᠲᠠᠷᠬᠠᠯᠳᠠ ᠶᠢᠨ ᠪᠠᠶᠢᠳᠠᠯ ᠠᠴᠠ ᠨᠢ ᠠᠪᠴᠤ ᠦᠵᠡᠪᠡᠯ᠂ ᠡᠯᠡᠰᠦᠷᠭᠡᠭᠵᠢᠭᠰᠡᠨ ᠨᠤᠳᠤᠭ ᠪᠡᠯᠴᠢᠭᠡᠷ ᠢ ᠪᠤᠯ ᠪᠠᠶᠢᠭᠠᠯᠢ ᠶᠢᠨ ᠨᠦᠭᠦᠴᠡᠯ ᠤᠨ ᠵᠦᠷᠢᠶ᠎ᠠ ᠪᠤᠯᠤᠨ ᠡᠯᠡᠰᠦᠷᠭᠡᠭᠵᠢᠯ ᠤᠨ ᠭᠡᠮᠵᠢᠶ᠎ᠠ ᠶᠢᠨ ᠠᠳᠠᠯᠢ ᠪᠤᠰᠤ ᠪᠠᠶᠢᠳᠠᠯ ᠠᠴᠠ ᠪᠤᠯᠤᠭᠠᠳ ᠠᠷᠭᠠᠴᠠᠭᠠᠬᠤ ᠪᠤᠳᠤᠯᠭ᠎ᠠ ᠪᠠ ᠵᠠᠰᠠᠬᠤ ᠠᠷᠭ᠎ᠠ ᠭᠡᠮᠵᠢᠶ᠎ᠠ ᠨᠢ ᠴᠤ ᠠᠳᠠᠯᠢ ᠪᠤᠰᠤ ᠪᠠᠶᠢᠳᠠᠭ ᠶᠤᠮ᠃ ᠭᠤᠤᠯ ᠨᠢ ᠰᠠᠶᠢᠵᠢᠷᠠᠭᠤᠯᠤᠯᠳᠠ ᠶᠢᠨ ᠪᠤᠳᠤᠯᠭ᠎ᠠ ᠨᠢ ᠵᠢᠷᠭᠤᠭᠠᠨ ᠵᠦᠢᠯ ᠪᠤᠢ᠃

      ① ᠮᠠᠯ ᠪᠡᠯᠴᠢᠭᠡᠷᠯᠡᠭᠦᠯᠭᠦ ᠲᠠᠷᠤᠯᠳᠠ ᠶᠢ ᠪᠠᠭᠠᠰᠬᠠᠵᠤ᠂ ᠠᠳᠠᠷ ᠬᠠᠭᠠᠯᠪᠤᠷᠢᠯᠠᠬᠤ ᠶᠢ ᠡᠷᠡᠰ ᠴᠠᠭᠠᠵᠠᠯᠠᠵᠤ᠂ ᠡᠯᠡᠰᠤ ᠶᠢ ᠪᠢᠳᠡᠭᠦᠮᠵᠢᠯᠡᠨ ᠡᠪᠡᠰᠤ ᠲᠠᠷᠢᠵᠤ᠂ ᠪᠠᠶᠢᠭᠠᠯᠢᠯᠢᠬ ᠤᠷᠭᠤᠮᠠᠯ ᠤᠨ ᠪᠦᠳᠦᠴᠡ ᠶᠢ ᠬᠠᠮᠠᠭᠠᠯᠠᠵᠤ᠂ ᠡᠪᠡᠰᠤ ᠪᠡᠯᠴᠢᠭᠡᠷ ᠤᠨ ᠡᠭᠢ ᠪᠠᠶᠠᠯᠢᠭ ᠢ ᠵᠤᠭᠢᠰᠳᠠᠢ ᠠᠰᠢᠠᠠᠯᠠᠵᠤ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠭᠡᠷᠡᠭᠳᠡᠢ᠃

      ② ᠨᠡᠭᠦᠳᠡᠯ ᠡᠯᠡᠰᠤ ᠶᠢ ᠪᠤᠯ ᠡᠯᠡᠰᠤᠨ ᠲᠤᠪᠤᠴᠠᠭ ᠤᠨ ᠤᠢ ᠶᠢᠨ ᠪᠦᠰᠡ ᠪᠡ ᠡᠯᠡᠰᠤ ᠲᠤᠠᠠᠳᠠᠪᠤᠷᠢᠵᠢᠭᠤᠯᠬᠤ ᠤᠷᠭᠤᠮᠠᠯ ᠲᠠᠷᠢᠬᠤ ᠠᠷᠭ᠎ᠠ ᠪᠠᠷ ᠵᠠᠰᠠᠵᠤ᠂ ᠨᠡᠭᠦᠳᠡᠯ ᠡᠯᠡᠰᠤ ᠶᠢ ᠠᠯᠬᠤᠮ ᠠᠯᠬᠤᠮ ᠢᠶᠠᠷ ᠲᠤᠠᠠᠳᠠᠪᠤᠷᠢᠵᠢᠭᠤᠯᠵᠤ᠂ ᠪᠠᠶᠢᠭᠠᠯᠢᠯᠢᠬ ᠤᠷᠭᠤᠮᠠᠯ ᠤᠨ ᠪᠦᠷᠭᠦᠴᠡ ᠶᠢ ᠨᠢ ᠰᠡᠷᠭᠦᠭᠡᠭᠦ ᠭᠡᠷᠡᠭᠳᠡᠢ᠃

      ③ ᠮᠠᠯ ᠤᠨ ᠪᠠᠭᠳᠠᠭᠠᠮᠵᠢ ᠶᠢᠨ ᠵᠤᠭᠢᠰᠳᠡᠢ ᠭᠡᠮᠵᠢᠶ᠎ᠠ ᠶᠢ ᠲᠤᠠᠠᠳᠠᠭᠠᠵᠤ᠂ ᠪᠡᠯᠴᠢᠭᠡᠷ ᠢᠶᠠᠷ ᠮᠠᠯ ᠢ ᠲᠤᠠᠠᠳᠠᠭᠠᠵᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠤᠯᠭᠠᠬᠤ ᠭᠡᠷᠡᠭᠳᠡᠢ᠃

       ④ ᠮᠠᠯ ᠪᠡᠯᠴᠢᠭᠡᠷᠯᠡᠭᠦᠯᠭᠦ ᠰᠢᠨᠵᠢᠯᠡᠭᠦ ᠤᠬᠠᠭᠠᠠᠴᠢ ᠲᠦᠷᠢᠮ ᠢ ᠭᠡᠷᠡᠭᠵᠢᠭᠦᠯᠵᠤ᠂ ᠤᠷᠤᠨ ᠲᠤᠭᠤᠷᠢᠭ ᠬᠤᠪᠢᠶᠠᠨ ᠡᠭᠡᠯᠵᠢᠯᠡᠨ ᠮᠠᠯᠵᠢᠬᠤ ᠲᠦᠷᠢᠮ ᠢ ᠴᠢᠩᠭ᠎ᠠ ᠭᠡᠷᠡᠭᠵᠢᠭᠦᠯᠭᠦ ᠭᠡᠷᠡᠭᠳᠡᠢ᠃

       ⑤ ᠭᠠᠵᠠᠷ ᠤᠷᠤᠨ ᠤ ᠪᠠᠶᠢᠳᠠᠯ ᠳᠠᠭᠠᠨ ᠲᠤᠭᠢᠷᠠᠭᠤᠯᠵᠤ᠂ ᠲᠤᠭᠢᠷᠠᠮᠵᠢᠳᠡᠢ ᠭᠠᠵᠠᠷ ᠤᠷᠤᠨ ᠪᠤᠯ ᠲᠠᠷᠢᠮᠠᠯ ᠪᠡᠯᠴᠢᠭᠡᠷ ᠪᠤᠯᠤᠨ ᠬᠠᠭᠠᠰ ᠲᠠᠷᠢᠮᠠᠯ ᠪᠡᠯᠴᠢᠭᠡᠷ ᠲᠠᠷᠢᠬᠤ ᠭᠡᠷᠡᠭᠳᠡᠢ᠃

       ⑥ ᠡᠯᠡᠰᠦᠷᠭᠡᠭᠵᠢᠭᠰᠡᠨ ᠡᠪᠡᠰᠤ ᠪᠡᠯᠴᠢᠭᠡᠷ ᠤᠨ ᠭᠦᠷᠤᠰᠤ ᠰᠢᠷᠤᠢ ᠶᠢᠨ ᠪᠠᠶᠢᠳᠠᠯ ᠢ ᠦᠨᠳᠦᠰᠦᠯᠡᠨ ᠤᠷᠭᠠᠨᠢᠭ ᠪᠤᠷᠳᠤᠭᠤᠷ ᠤᠷᠤᠭᠤᠯᠬᠤ ᠪᠡ ᠭᠦᠷᠤᠰᠤ ᠰᠢᠷᠤᠢ ᠶᠢᠨ ᠪᠦᠳᠦᠴᠡ ᠶᠢ ᠰᠠᠶᠢᠵᠢᠷᠠᠭᠤᠯᠵᠤ᠂ ᠡᠯᠡᠰᠦᠷᠭᠡᠭ ᠭᠠᠵᠠᠷ ᠤᠨ ᠤᠰᠤ ᠬᠠᠮᠠᠭᠠᠯᠠᠬᠤ᠂ ᠪᠤᠷᠳᠤᠭᠤᠷ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠭᠦᠯᠵᠤ᠂ ᠤᠷᠭᠤᠮᠠᠯ ᠳᠤ ᠲᠤᠭᠢᠷᠠᠮᠵᠢᠳᠡᠢ ᠤᠷᠭᠤᠯᠳᠠ ᠶᠢᠨ ᠨᠦᠭᠦᠴᠡᠯ ᠤᠯᠭᠤᠨ ᠦᠭᠭᠦ ᠭᠡᠷᠡᠭᠳᠡᠢ᠃

     3. ᠬᠤᠵᠢᠷᠯᠢᠬ ᠪᠡᠯᠴᠢᠭᠡᠷ ᠵᠢᠴᠢ ᠳᠡᠭᠦᠨ ᠢ ᠦᠭᠡᠷᠡᠴᠢᠯᠡᠨ ᠰᠠᠶᠢᠵᠢᠷᠠᠭᠤᠯᠬᠤ
      ︵1︶ ᠶᠠᠭᠤ ᠶᠢ ᠬᠤᠵᠢᠷᠯᠢᠬ ᠪᠡᠯᠴᠢᠭᠡᠷ ᠭᠡᠭᠦ ᠪᠤᠢ︖ ᠭᠤᠤᠯ ᠨᠢ ᠮᠡᠨ ᠤ ᠤᠯᠤᠰ ᠤᠨ ᠠᠯᠢ ᠭᠠᠵᠠᠷ ᠤᠷᠤᠨ ᠢᠶᠠᠷ ᠲᠠᠷᠬᠠᠵᠤ ᠪᠠᠶᠢᠬᠤ ᠪᠤᠢ︖
     ᠬᠤᠵᠢᠷᠯᠢᠬ ᠪᠡᠯᠴᠢᠭᠡᠷ ᠭᠡᠳᠡᠭ ᠪᠤᠯ ᠭᠦᠷᠦᠰᠤ ᠰᠢᠷᠤᠢ ᠳᠤ ᠾᠯᠤᠷᠳᠤ ᠨᠢᠭᠡᠳᠦᠯ᠂ ᠭᠦᠭᠦᠷ ᠭᠦᠴᠢᠯ ᠤᠨ ᠲᠠᠪᠤᠰᠤ᠂ ᠨᠡᠭᠦᠷᠡᠰᠤ ᠭᠦᠴᠢᠯ᠂ ᠠᠽᠤᠲ ᠭᠦᠴᠢᠯ ᠤᠨ ᠲᠠᠪᠤᠰᠤ ᠵᠡᠷᠭᠡ ᠲᠠᠪᠤᠰᠤᠨ ᠪᠦᠷᠢᠯᠳᠦᠭᠦᠨ ᠭᠡᠳᠦᠷᠭᠡᠢ ᠠᠭᠤᠯᠤᠠᠠᠳᠠᠵᠤ ᠪᠦᠭᠦᠢ ᠭᠠᠵᠠᠷ ᠲᠤ ᠡᠯ᠎ᠡ ᠵᠦᠢᠯ ᠤᠨ ᠲᠠᠪᠤᠰᠤᠯᠢᠭ ᠤᠷᠭᠤᠮᠠᠯ ᠤᠨ ᠪᠦᠯᠦᠭᠯᠡᠯ ᠤᠷᠭᠤᠵᠤ ᠪᠠᠶᠢᠬᠤ ᠪᠡᠯᠴᠢᠭᠡᠷ ᠢ ᠭᠡᠯᠡᠳᠡᠭ᠃ ᠬᠤᠵᠢᠷᠯᠢᠬ ᠪᠡᠯᠴᠢᠭᠡᠷ ᠨᠢ ᠮᠠᠨ ᠤ ᠤᠯᠤᠰ ᠤᠨ ᠤᠮᠠᠷᠠᠳᠤ ᠶᠢᠨ ᠦᠷᠭᠡᠨ ᠠᠭᠤᠳᠠᠮ ᠭᠠᠩ ᠬᠠᠭᠤᠷᠠᠢ ᠭᠠᠵᠠᠷ ᠤᠷᠤᠨ ᠳᠤ ᠭᠤᠤᠯ ᠲᠠᠷᠬᠠᠵᠤ᠂ ᠤᠷᠭᠤᠮᠠᠯ ᠤᠨ ᠪᠦᠷᠭᠦᠴᠡ ᠨᠢ ᠬᠤᠵᠢᠷᠯᠢᠬ ᠰᠢᠷᠤᠢ ᠶᠢᠨ ᠲᠦᠷᠦᠯ ᠭᠡᠯᠪᠡᠷᠢ ᠪᠠᠷ ᠭᠤᠤᠯ ᠪᠤᠯᠭᠠᠳᠠᠭ᠃
      ︵2︶ ᠬᠤᠵᠢᠷᠯᠢᠬ ᠪᠡᠯᠴᠢᠭᠡᠷ ᠲᠤ ᠲᠠᠪᠤᠰᠤᠨ ᠤ ᠲᠦᠷᠦᠯ ᠶᠠᠭᠠᠭᠢᠭᠠᠳ ᠪᠤᠢ ᠪᠤᠯᠳᠠᠭ ᠪᠤᠢ︖
      ᠭᠠᠩ ᠬᠠᠭᠤᠷᠠᠢ ᠭᠠᠵᠠᠷ ᠤᠷᠤᠨ ᠳᠤ ᠪᠤᠯ ᠭᠤᠤᠯ ᠨᠢ ᠴᠢᠯᠠᠭᠤᠯᠢᠭ ᠡᠷᠦᠳᠡᠰᠤ ᠦᠭᠡᠷᠢᠰᠢᠨ ᠵᠠᠳᠠᠷᠠᠭᠠᠳ ᠴᠢᠯᠠᠭᠤᠯᠢᠭ ᠲᠠᠪᠤᠨ ᠲᠦᠷᠦᠯ ᠪᠦᠭᠡᠮᠨᠡᠷᠡᠭᠰᠡᠨ ᠠᠴᠠ ᠪᠤᠢ ᠪᠤᠯᠳᠠᠭ᠃ ᠲᠠᠯᠠᠢ ᠲᠠᠭᠠᠤ ᠭᠠᠵᠠᠷ ᠤᠷᠤᠨ ᠳᠤ ᠪᠤᠯ ᠭᠤᠤᠯ ᠨᠢ ᠲᠠᠯᠠᠢ ᠶᠢᠨ ᠤᠰᠤᠨ ᠤ ᠲᠠᠪᠤᠰᠤᠯᠢᠭ ᠪᠦᠷᠢᠯᠳᠦᠭᠦᠨ ᠪᠤᠯᠤᠨ᠎ᠠ᠃
     ᠬᠤᠵᠢᠷᠯᠢᠬ ᠰᠢᠷᠤᠢ ᠪᠤᠯᠵᠤ ᠪᠦᠷᠢᠯᠳᠦᠭᠦ ᠶᠠᠪᠤᠴᠠ ᠨᠢ ᠭᠡᠪᠡᠯ ᠭᠤᠤᠯᠳᠠᠭᠤ ᠡᠯ᠎ᠠ ᠵᠦᠢᠯ ᠤᠨ ᠠᠭᠤᠰᠤᠮᠠᠬᠠᠢ ᠲᠠᠪᠤᠰᠤᠨ ᠲᠦᠷᠦᠯ ᠲᠠᠭᠢᠨ ᠬᠤᠪᠢᠶ᠋ᠬᠠᠳᠠᠬᠤ ᠪᠠ ᠭᠦᠷᠤᠰᠤ ᠰᠢᠷᠤᠢ ᠳᠤ ᠲᠠᠰᠤᠷᠠᠯᠳᠠ ᠦᠭᠡᠢ ᠬᠤᠷᠠᠮᠳᠤᠬᠤ ᠶᠠᠪᠤᠴᠠ ᠪᠤᠯᠤᠨ᠎ᠠ᠃ ᠡᠨᠡ ᠬᠦ ᠶᠠᠪᠤᠴᠠ ᠳᠤ ᠤᠰᠤ ᠲᠤᠩ ᠴᠢᠬᠤᠯᠠ ᠦᠢᠯᠡᠳᠦᠯ ᠦᠵᠡᠭᠦᠯᠳᠡᠭ ᠪᠦᠭᠡᠳ ᠲᠠᠷᠠ ᠨᠢ ᠲᠠᠪᠤᠰᠤᠨ ᠪᠦᠷᠢᠯᠳᠦᠭᠦᠨ ᠢ ᠰᠢᠯᠵᠢᠭᠦᠯᠭᠦ ᠶᠢᠨ ᠭᠦᠳᠦᠯᠦᠭᠴᠢ ᠮᠦᠨ᠃ ᠲᠠᠪᠤᠰᠤᠨ ᠪᠦᠷᠢᠯᠳᠦᠭᠦᠨ ᠦᠷᠭᠦᠯᠵᠢ ᠤᠰᠤᠨ ᠤ ᠰᠢᠯᠵᠢᠯ ᠤᠨ ᠴᠢᠭᠯᠡᠯ ᠢᠶᠠᠷ ᠬᠠᠷᠢᠴᠠᠩᠭᠤᠢ ᠪᠠᠷ ᠬᠤᠪᠢᠷᠠᠳᠠᠭ᠃ ᠭᠦᠮᠦᠨ ᠲᠦᠷᠦᠯᠭᠢᠳᠡᠨ ᠤ ᠦᠢᠯᠡᠳᠪᠤᠷᠢᠯᠡᠯ ᠤᠨ ᠠᠵᠢᠯᠯᠠᠭ᠎ᠠ ᠵᠢᠱᠢᠶᠡᠯᠡᠪᠡᠯ ᠮᠠᠯ ᠪᠡᠯᠴᠢᠭᠡᠷᠯᠡᠭᠦ᠂ ᠲᠠᠷᠢᠶ᠎ᠠ ᠲᠠᠷᠢᠬᠤ᠂ ᠤᠰᠤᠯᠠᠬᠤ᠂ ᠪᠤᠷᠳᠤᠭᠤᠷ ᠤᠷᠤᠭᠤᠯᠬᠤ ᠵᠡᠷᠭᠡ ᠨᠢ ᠭᠦᠷᠤᠰᠤ ᠰᠢᠷᠤᠢ ᠶᠢᠨ ᠲᠠᠪᠤᠰᠤᠨ ᠪᠦᠷᠢᠯᠳᠦᠭᠦᠨ ᠤ ᠬᠤᠪᠢᠷᠠᠯᠳᠠ ᠳᠤ ᠲᠤᠩ ᠴᠢᠬᠤᠯᠠ ᠨᠦᠯᠦᠭᠡ ᠲᠠᠢ ᠪᠠᠶᠢᠳᠠᠭ᠃
      ︵ 3︶ ᠲᠠᠪᠤᠰᠤ ᠬᠤᠵᠢᠷ ᠨᠢ ᠤᠷᠭᠤᠮᠠᠯ ᠳᠤ ᠶᠠᠮᠠᠷ ᠬᠤᠤᠷ ᠭᠦᠨᠦᠭᠡᠯ ᠲᠠᠢ ᠪᠠᠶᠢᠳᠠᠭ ᠪᠤᠢ︖

      ᠲᠠᠪᠤᠰᠤ ᠬᠤᠵᠢᠷ ᠨᠢ ᠤᠷᠭᠤᠮᠠᠯ ᠳᠤ ᠲᠤᠤᠷᠠᠭᠢ ᠮᠡᠳᠤ ᠭᠤᠷᠪᠡᠨ ᠲᠠᠯ᠎ᠠ ᠶᠢᠨ ᠭᠦᠨᠦᠭᠡᠯ ᠲᠠᠢ ᠪᠠᠶᠢᠳᠠᠭ᠃

       ᠨᠢᠭᠡ ᠳᠤ᠂ ᠦᠨᠳᠤᠰᠤᠨ ᠤ ᠰᠢᠰᠲ᠋ᠧᠮ ᠤᠨ ᠤᠷᠭᠤᠴᠠ ᠶᠢ ᠬᠤᠷᠢᠠᠠᠯᠠᠳᠠᠭ᠃ ᠭᠦᠷᠤᠰᠤ ᠰᠢᠷᠤᠢ ᠳᠤ ᠠᠭᠤᠰᠤᠮᠠᠬᠠᠢ ᠲᠠᠪᠤᠰᠤᠨ ᠵᠦᠢᠯ ᠵᠤᠭᠢᠬᠤ ᠭᠡᠮᠵᠢᠶ᠎ᠠ ᠪᠠᠷ ᠬᠤᠷᠠᠮᠳᠤᠠᠠᠰᠠᠨ ᠠᠴᠠ ᠬᠤᠶᠢᠰᠢ ᠭᠦᠷᠦᠰᠤ ᠰᠢᠷᠤᠢ ᠶᠢᠨ ᠠᠭᠤᠰᠤᠮᠠᠯ ᠤᠨ ᠦᠳᠭᠡᠴᠡ ᠨᠢ ᠤᠷᠭᠤᠮᠠᠯ ᠤᠨ ᠦᠨᠳᠤᠰᠤᠨ ᠤ ᠡᠰ ᠤᠨ ᠰᠢᠩᠭᠡᠨ ᠤ ᠦᠳᠭᠡᠴᠡ ᠠᠴᠠ ᠬᠤᠯᠠ ᠲᠠᠪᠠᠭᠠᠳ᠂ ᠤᠰᠤᠨ ᠤ ᠡᠰ ᠨᠢ ᠭᠠᠳ᠋ᠬᠠᠰᠢ ᠨᠠᠪᠴᠢᠵᠤ᠂ ᠦᠨᠳᠤᠰᠤᠨ ᠤ ᠦᠵᠦᠭᠦᠷ ᠪᠤᠯᠤᠨ ᠰᠢᠨ᠎ᠠ ᠦᠨᠳᠤᠰᠤ ᠨᠢ ᠭᠦᠷᠡᠩᠳᠤᠵᠤ᠂ ᠭᠦᠨᠳᠤ ᠨᠤᠴᠢᠳᠡᠢ ᠪᠤᠯᠬᠤ ᠦᠶᠡᠰ ᠪᠦᠭᠦ᠋ᠢᠯᠡ ᠦᠨᠳᠤᠰᠤᠨ ᠰᠢᠰᠲ᠋ᠧᠮ ᠨᠢ ᠬᠠᠷᠠᠯᠠᠨ ᠢᠯᠵᠠᠷᠠᠵᠤ᠂ ᠠᠮᠢᠵᠢᠷᠠᠯ ᠤᠨ ᠭᠦᠴᠤᠨ ᠢᠶᠠᠨ ᠠᠯᠳᠠᠵᠤ ᠦᠭᠦᠵᠤ ᠰᠦᠢᠳᠳᠡᠭ᠃

      ᠬᠤᠶᠠᠷ ᠲᠤ᠂ ᠬᠤᠵᠢᠷᠯᠢᠬ ᠭᠠᠵᠠᠷ ᠤᠨ ᠤᠷᠭᠤᠮᠠᠯ ᠰᠢᠮ᠎ᠠ ᠲᠡᠵᠢᠭᠡᠯ ᠤᠨ ᠡᠳ᠋ ᠢ ᠰᠢᠩᠭᠡᠭᠡᠨ ᠠᠪᠬᠤ ᠶᠢᠨ ᠲᠠᠭᠠᠤ ᠳᠤ ᠶᠡᠭᠡ ᠭᠡᠮᠵᠢᠶᠠᠨ ᠤ ᠲᠠᠪᠤᠰᠤᠨ ᠪᠦᠷᠢᠯᠳᠦᠭᠦᠨ ᠤᠷᠭᠤᠮᠠᠯ ᠤᠨ ᠪᠡᠶ᠎ᠠ ᠳᠤ ᠨᠠᠪᠴᠢᠵᠤ᠂ ᠡᠰ ᠤᠨ ᠰᠢᠩᠭᠡᠨ ᠳᠤᠨᠢ ᠲᠠᠪᠤᠰᠤᠨ ᠪᠦᠷᠢᠯᠳᠦᠭᠦᠨ ᠭᠡᠳᠦᠷᠭᠡᠢ ᠠᠷᠪᠢᠳᠴᠤ᠂ ᠠᠽᠤᠲ ᠡᠯᠧᠮᠧᠨ᠋ᠲ ᠤᠨ ᠰᠤᠯᠢᠯᠴᠠᠬᠤ ᠭᠡᠷᠡᠯ ᠤᠨ ᠨᠡᠶᠢᠯᠡᠯᠭᠡ ᠶᠢ ᠬᠠᠷᠰᠢᠯᠠᠵᠤ᠂ ᠨᠠᠪᠴᠢᠨ ᠤ ᠨᠤᠭᠤᠭᠠᠨ ᠪᠡᠶ᠎ᠠ ᠳᠠᠬᠢ ᠤᠭᠤᠷᠠᠭ ᠤᠨ ᠨᠡᠶᠢᠯᠡᠯᠭᠡ ᠨᠢ ᠬᠤᠷᠢᠠᠠᠯᠬᠠᠳᠠᠵᠤ᠂ ᠰᠢᠨ᠎ᠠ ᠬᠠᠭᠤᠴᠢᠨ ᠤ ᠰᠤᠯᠢᠠᠠᠳᠠᠯ ᠨᠢ ᠮᠠᠭᠤᠳᠠᠵᠤ᠂ ᠡᠭᠦᠨ ᠤ ᠲᠡᠭᠡᠷ᠎ᠡ ᠦᠨᠳᠤᠰᠤᠨ ᠰᠢᠰᠲ᠋ᠧᠮ ᠤᠨ ᠤᠷᠭᠤᠯᠳᠠ ᠬᠤᠷᠢᠠᠠᠯᠬᠠᠳᠠᠳᠠᠭ᠃ ᠪᠦᠭᠦ᠋ᠢᠯᠡ ᠤᠷᠭᠤᠮᠠᠯ ᠤᠨ ᠡᠰᠢ ᠨᠢ ᠪᠤᠭᠤᠨᠢᠰᠴᠤ᠂ ᠨᠠᠪᠴᠢ ᠨᠢ ᠭᠦᠢᠴᠡᠳ ᠲᠡᠯᠭᠡᠵᠤ ᠲᠡᠶᠢᠯᠭᠦ ᠦᠭᠡᠢ᠂ ᠨᠠᠪᠴᠢᠨ ᠤ ᠦᠵᠦᠭᠦᠷ ᠨᠢ ᠰᠢᠷᠠᠯᠠᠨ ᠠᠪᠴᠢᠵᠤ᠂ ᠭᠦᠨᠳᠤ ᠨᠤᠴᠢᠳᠡᠢ ᠪᠤᠯᠬᠤ ᠦᠶᠡᠰ ᠨᠠᠪᠴᠢ ᠪᠤᠯᠤᠨ ᠡᠰᠢ ᠨᠢ ᠴᠦᠮ ᠬᠠᠳᠠᠵᠤ ᠦᠭᠦᠳᠡᠭ᠃

       ᠭᠤᠷᠪᠡ ᠳᠤ᠂ ᠬᠤᠵᠢᠷᠯᠢᠬ ᠭᠠᠵᠠᠷ ᠨᠢ ᠤᠷᠭᠤᠮᠠᠯ ᠳᠤ ᠲᠠᠮ ᠭᠦᠨᠦᠭᠡᠯ ᠤᠴᠠᠷᠠᠭᠤᠯᠬᠤ ᠳᠠᠭᠠᠨ ᠭᠤᠤᠯ ᠨᠢ ᠭᠦᠷᠤᠰᠤ ᠰᠢᠷᠤᠢ ᠶᠢᠨ ᠹᠢᠽᠢᠺ ᠭᠢᠮᠢ ᠶᠢᠨ ᠪᠡᠯᠭᠡ ᠲᠡᠮᠳᠡᠭ ᠨᠢ ᠦᠭᠡᠷᠡᠳᠤᠵᠤ᠂ ᠭᠠᠵᠠᠷ ᠤᠨ ᠭᠠᠳᠠᠷᠭᠤ ᠭᠦᠷᠦᠰᠤᠨ ᠤ ᠦᠷᠦᠮᠡᠳᠦᠯ ᠨᠢ ᠲᠠᠪᠤᠰᠤᠨ ᠦᠷᠦᠮᠡᠳᠦᠯ ᠪᠤᠯᠵᠤ᠂ ᠨᠠᠪᠳᠡᠷᠡᠴᠡ ᠨᠢ ᠮᠠᠭᠤᠳᠠᠵᠤ᠂ ᠦᠩ ᠰᠢᠮ᠎ᠠ ᠨᠢ ᠪᠠᠭᠤᠷᠠᠵᠤ᠂ ᠲᠠᠷᠢᠬᠤ ᠳᠤ ᠭᠦᠴᠢᠷ ᠲᠠᠢ ᠪᠤᠯᠤᠭᠠᠳ᠂ ᠦᠷ᠎ᠡ ᠶᠢᠨ ᠨᠠᠭᠢᠶᠠᠯᠠᠵᠤ ᠰᠤᠶᠤᠭᠠᠯᠠᠬᠤ ᠶᠢ ᠬᠠᠷᠰᠢᠯᠠᠨ᠂ ᠤᠷᠭᠤᠮᠠᠯ ᠤᠨ ᠤᠷᠭᠤᠴᠠ ᠳᠤ ᠭᠦᠨᠦᠭᠡᠯ ᠤᠴᠠᠷᠠᠭᠤᠯᠳᠠᠭ ᠪᠠᠶᠢᠨ᠎ᠠ᠃

      ︵4︶ ᠬᠤᠵᠢᠷᠯᠢᠬ ᠪᠡᠯᠴᠢᠭᠡᠷ ᠢ ᠭᠡᠷᠭᠢᠨ ᠰᠠᠶᠢᠵᠢᠷᠠᠭᠤᠯᠬᠤ ᠪᠤᠢ︖ ᠡᠭᠦᠨ ᠳᠤ ᠶᠠᠮᠠᠷ ᠠᠰᠠᠭᠤᠳᠠᠯ ᠢ ᠠᠩᠬᠠᠷᠬᠤ ᠴᠢᠬᠤᠯᠠ ᠲᠠᠢ ᠪᠤᠢ︖
      ᠬᠤᠵᠢᠷᠯᠢᠬ ᠪᠡᠯᠴᠢᠭᠡᠷ ᠢ ᠰᠠᠶᠢᠵᠢᠷᠠᠭᠤᠯᠬᠤ ᠭᠡᠳᠡᠭ ᠪᠤᠯ ᠲᠠᠷᠤᠢ ᠨᠢᠭᠡ ᠲᠠᠯ᠎ᠠ ᠪᠠᠷ ᠨᠢᠭᠡᠨᠳᠡ ᠬᠤᠷᠠᠮᠳᠤᠠᠠᠰᠠᠨ ᠲᠠᠪᠤᠰᠤᠨ ᠪᠦᠷᠢᠯᠳᠦᠭᠦᠨ ᠢ ᠠᠷᠢᠯᠭᠠᠵᠤ᠂ ᠨᠦᠭᠦᠭᠡ ᠲᠠᠯ᠎ᠠ ᠪᠠᠷ ᠲᠠᠪᠤᠰᠤᠨ ᠪᠦᠷᠢᠯᠳᠦᠭᠦᠨ ᠤᠯᠠᠮ ᠬᠤᠷᠠᠮᠳᠤᠬᠤ ᠶᠢ ᠰᠡᠷᠭᠡᠶᠢᠯᠡᠨ᠎ᠠ᠃ ᠡᠨᠡ ᠵᠤᠷᠢᠯᠭ᠎ᠠ ᠳᠤ ᠭᠦᠷᠦᠭᠦᠯᠭᠦ ᠶᠢᠨ ᠲᠤᠰᠠᠳᠠ ᠡᠯ᠎ᠠ ᠪᠠᠶᠢᠭᠠᠯᠢ ᠶᠢᠨ ᠠᠵᠤ ᠠᠬᠤᠢ ᠶᠢᠨ ᠤᠨᠴᠠᠯᠢᠭ ᠢ ᠦᠨᠳᠦᠰᠦᠯᠡᠨ᠂ ᠭᠠᠵᠠᠷ ᠤᠷᠤᠨ ᠤ ᠪᠠᠶᠢᠳᠠᠯ ᠳᠠᠭᠠᠨ ᠲᠤᠭᠢᠷᠠᠭᠤᠯᠤᠨ ᠶᠠᠷᠦᠩᠭᠡᠶᠢᠯᠡᠨ ᠵᠠᠰᠠᠨ᠎ᠠ᠃ ᠡᠩ ᠲᠡᠷᠢᠭᠦᠨ ᠳᠤ ᠲᠤᠤᠷᠠᠭᠢ ᠬᠤᠶᠠᠷ ᠶᠠᠪᠤᠳᠠᠯ ᠢ ᠭᠠᠷᠳᠠᠨ ᠭᠢᠭᠦ ᠭᠡᠷᠡᠭᠳᠡᠢ᠃

     ᠨᠢᠭᠡ ᠳᠤ᠂ ᠬᠤᠵᠢᠷᠯᠢᠬ ᠪᠠᠯᠴᠢᠭᠡᠷ ᠢ ᠨᠡᠯᠢᠶᠡᠳ ᠪᠦᠭᠦ ᠲᠠᠯ᠎ᠠ ᠪᠠᠷ ᠪᠠᠶᠢᠴᠠᠭᠠᠨ ᠵᠠᠳᠠᠯᠵᠤ᠂ ᠢᠯᠠᠩᠭᠤᠶ᠎ᠠ ᠬᠤᠵᠢᠷᠯᠢᠬ ᠪᠠᠯᠴᠢᠭᠡᠷ ᠤᠨ ᠭᠦᠷᠦᠰᠤ ᠰᠢᠷᠤᠢ ᠳᠤ ᠪᠠᠶᠢᠴᠠᠭᠠᠯᠳᠠ ᠭᠢᠵᠤ ᠵᠢᠱᠢᠶᠡᠯᠡᠪᠡᠯ ᠭᠦᠷᠦᠰᠤ ᠰᠢᠷᠤᠢ ᠶᠢᠨ ᠬᠤᠵᠢᠷᠳᠤᠯ ᠤᠨ ᠡᠭᠦᠰᠦᠯ᠂ ᠠᠬᠤᠢ ᠪᠠᠶᠢᠳᠠᠯ ᠪᠤᠯᠤᠨ ᠭᠦᠭᠵᠢᠯᠳᠡ ᠶᠢᠨ ᠬᠠᠨᠳᠤᠰᠢ ᠶᠢ ᠤᠶᠢᠯᠠᠭᠠᠬᠤ ᠭᠡᠷᠡᠭᠳᠡᠢ᠃

      ᠬᠤᠶᠠᠷ ᠲᠤ᠂ ᠬᠤᠵᠢᠷᠯᠢᠬ ᠪᠡᠯᠴᠢᠭᠡᠷ ᠤᠨ ᠭᠦᠷᠦᠰᠤ ᠰᠢᠷᠤᠢ ᠶᠢᠨ ᠤᠯᠠᠷᠢᠯᠳᠠ ᠶᠢᠨ ᠵᠢᠮ᠎ᠠ ᠶᠤᠰᠤ ᠶᠢ ᠵᠦᠪ ᠲᠠᠨᠢᠬᠤ ᠭᠡᠷᠡᠭᠳᠡᠢ᠃
      ᠬᠤᠵᠢᠷᠯᠢᠬ ᠪᠡᠯᠴᠢᠭᠡᠷ ᠤᠨ ᠭᠦᠷᠦᠰᠤ ᠰᠢᠷᠤᠢ ᠶᠢᠨ ᠲᠦᠷᠦᠯ ᠭᠡᠯᠪᠡᠷᠢ ᠨᠢ ᠤᠯᠠᠨ᠂ ᠭᠦᠨᠳᠤ ᠭᠦᠡᠭᠭᠡᠨ ᠨᠢ ᠠᠳᠠᠯᠢ ᠦᠭᠡᠢ᠂ ᠪᠠᠶᠢᠳᠠᠯ ᠨᠢ ᠠᠰ ᠠᠰᠳᠠᠭᠠᠨ ᠶᠤᠮ᠃ ᠡᠭᠦᠨ ᠳᠤ ᠬᠠᠮᠤᠭ ᠤᠨ ᠭᠦᠭᠵᠢᠶᠠᠨ ᠲᠠᠢ ᠭᠸᠠ ᠨᠢ ᠪᠤᠯ ᠭᠦᠷᠤᠰᠤ ᠰᠢᠷᠤᠢ ᠳᠠᠬᠢ ᠤᠰᠤ᠂ ᠲᠠᠪᠤᠰᠤᠨ ᠤ ᠭᠦᠳᠡᠯᠭᠡᠭᠡᠨ ᠤ ᠶᠠᠪᠤᠴᠠ ᠪᠤᠯᠤᠨ᠎ᠠ᠃ ᠡᠨᠡ ᠬᠦ ᠭᠦᠳᠡᠯᠭᠡᠭᠡᠨ ᠤ ᠵᠢᠮ᠎ᠠ ᠶᠤᠰᠤ ᠶᠢ ᠡᠵᠡᠮᠰᠢᠭᠦ ᠪᠤᠯ ᠬᠤᠵᠢᠷᠳᠤᠯ ᠢ ᠪᠦᠳᠦᠮᠵᠢᠳᠡᠢ ᠪᠠᠷ ᠰᠠᠷᠭᠡᠶᠢᠯᠡᠨ ᠵᠠᠰᠠᠬᠤ ᠶᠠᠪᠤᠴᠠ ᠶᠢᠨ ᠵᠠᠩᠭᠢᠯᠠᠭ᠎ᠠ ᠮᠦᠨ᠃

      ︵5︶ ᠬᠤᠵᠢᠷᠳᠤᠠᠠᠰᠠᠨ ᠪᠡᠯᠴᠢᠭᠡᠷ ᠢ ᠶᠠᠮᠠᠷ ᠠᠷᠭ᠎ᠠ ᠪᠠᠷ ᠰᠠᠶᠢᠵᠢᠷᠠᠭᠤᠯᠬᠤ ᠪᠤᠢ︖

      ᠬᠤᠵᠢᠷᠳᠤᠠᠠᠰᠠᠨ ᠪᠡᠯᠴᠢᠭᠡᠷ ᠢ ᠰᠠᠶᠢᠵᠢᠷᠠᠭᠤᠯᠬᠤ ᠶᠢᠨ ᠭᠤᠤᠯ ᠠᠷᠭ᠎ᠠ ᠭᠡᠮᠵᠢᠶ᠎ᠠ ᠭᠡᠪᠡᠯ᠄ ᠢᠠᠵᠧᠨᠧᠷᠢᠩ ᠤᠨ ᠠᠷᠭ᠎ᠠ ᠭᠡᠮᠵᠢᠶ᠎ᠠ᠂ ᠤᠰᠤᠨ ᠠᠰᠢᠠᠠᠯᠠᠯᠳᠠ ᠶᠢᠨ ᠠᠷᠭ᠎ᠠ ᠭᠡᠮᠵᠢᠶ᠎ᠠ᠂ ᠠᠮᠢᠳᠤ ᠪᠤᠳᠠᠰ ᠤᠨ ᠠᠷᠭ᠎ᠠ ᠭᠡᠮᠵᠢᠶ᠎ᠠ ᠪᠤᠯᠤᠨ ᠲᠠᠷᠢᠶᠠᠯᠠᠩ ᠤᠨ ᠠᠷᠭ᠎ᠠ ᠭᠡᠮᠵᠢᠶ᠎ᠠ ᠵᠡᠷᠭᠡ ᠪᠤᠢ᠃ ᠭᠡᠷᠪᠡ ᠠᠷᠭ᠎ᠠ ᠭᠡᠮᠵᠢᠶ᠎ᠠ ᠨᠢ ᠲᠤᠭᠢᠷᠠᠮᠵᠢᠳᠡᠢ᠂ ᠶᠠᠷᠦᠩᠭᠡᠶᠢᠯᠡᠨ ᠠᠰᠢᠠᠠᠯᠠᠪᠠᠯ ᠬᠤᠵᠢᠷᠳᠤᠯ ᠤᠨ ᠭᠦᠨᠦᠭᠡᠯ ᠢ ᠠᠷᠢᠯᠭᠠᠬᠤ ᠪᠤᠶᠤ ᠪᠠᠭᠠᠰᠬᠠᠵᠤ ᠪᠤᠯᠬᠤ ᠮᠦᠷᠳᠡᠭᠡᠨ ᠪᠠᠰᠠ ᠭᠦᠷᠦᠰᠤ ᠰᠢᠷᠤᠢ ᠶᠢᠨ ᠦᠩ ᠰᠢᠮ᠎ᠡ ᠶᠢ ᠲᠡᠭᠡᠭᠰᠢᠯᠡᠭᠦᠯᠵᠤ ᠪᠤᠯᠤᠨ᠎ᠠ᠃

       ︵6︶ ᠤᠶᠢᠯᠡᠳᠪᠤᠷᠢᠯᠡᠯ ᠤᠨ ᠲᠠᠯ᠎ᠠ ᠪᠠᠷ ᠶᠠᠷᠦᠳᠡᠭᠡᠨ ᠶᠠᠮᠠᠷ ᠠᠷᠭ᠎ᠠ ᠨᠤᠭᠤᠳ ᠢ ᠠᠪᠳᠠᠭ ᠪᠤᠢ︖

      ᠦᠢᠯᠡᠳᠪᠤᠷᠢᠯᠡᠯ ᠤᠨ ᠲᠠᠯ᠎ᠠ ᠪᠠᠷ ᠦᠷᠭᠦᠯᠵᠢ ᠭᠡᠷᠡᠭᠯᠡᠳᠡᠭ ᠠᠷᠭ᠎ᠠ ᠭᠡᠪᠡᠯ ᠤᠰᠤ ᠵᠠᠯᠠᠵᠤ ᠲᠠᠪᠤᠰᠤ ᠶᠢ ᠤᠭᠢᠶᠠᠬᠤ᠂ ᠤᠷᠭᠠᠨᠢᠭ ᠪᠤᠷᠳᠤᠭᠤᠷ ᠢ ᠢᠯᠡᠭᠦᠭᠡᠨ ᠤᠷᠤᠭᠤᠯᠬᠤ᠂ ᠬᠤᠵᠢᠷᠯᠢᠬ ᠪᠡᠯᠴᠢᠭᠡᠷ ᠢ ᠵᠤᠭᠢᠰᠳᠠᠢ ᠠᠰᠢᠠᠠᠯᠠᠬᠤ ᠠᠷᠭ᠎ᠠ ᠪᠠ ᠭᠢᠮᠢ ᠶᠢᠨ ᠠᠷᠭ᠎ᠠ ᠪᠠᠷ ᠰᠠᠶᠢᠵᠢᠷᠠᠭᠤᠯᠬᠤ ᠵᠡᠷᠭᠡ ᠪᠤᠢ᠃

       ① ᠤᠰᠤ ᠵᠠᠯᠠᠵᠤ ᠲᠠᠪᠤᠰᠤ ᠤᠭᠢᠶᠠᠬᠤ ᠠᠷᠭ᠎ᠠ᠄ ᠡᠨᠡ ᠠᠷᠭ᠎ᠠ ᠪᠤᠯ ᠤᠰᠤᠨ ᠠᠰᠢᠠᠠᠯᠠᠯᠳᠠ ᠶᠢᠨ ᠪᠠᠷᠢᠯᠭ᠎ᠠ ᠶᠢᠨ ᠪᠡᠯᠡᠳᠭᠡᠮᠵᠢ ᠶᠢ ᠪᠠᠶᠢᠭᠤᠯᠬᠤ ᠪᠠᠷ ᠲᠠᠮᠵᠢᠭᠤᠯᠤᠨ᠂ ᠬᠤᠵᠢᠷᠯᠢᠬ ᠪᠡᠯᠴᠢᠭᠡᠷ ᠲᠤ ᠤᠰᠤᠯᠠᠯᠳᠠ ᠭᠢᠭᠦ ᠪᠡ ᠤᠰᠤ ᠵᠠᠯᠠᠨ ᠤᠷᠤᠭᠤᠯᠵᠤ᠂ ᠲᠠᠪᠤᠰᠤ ᠬᠤᠵᠢᠷ ᠢ ᠤᠭᠢᠶᠠᠬᠤ ᠦᠢᠯᠡᠳᠦᠯ ᠦᠵᠡᠭᠦᠯᠭᠦ ᠶᠠᠪᠤᠳᠠᠯ ᠪᠤᠯᠤᠨ᠎ᠠ᠃

       ② ᠤᠷᠭᠠᠨᠢᠭ ᠪᠤᠷᠳᠤᠭᠤᠷ ᠤᠷᠤᠭᠤᠯᠬᠤ ᠠᠷᠭ᠎ᠠ᠄ ᠡᠨᠡ ᠠᠷᠭ᠎ᠠ ᠪᠤᠯ ᠤᠷᠭᠠᠨᠢᠭ ᠪᠤᠷᠳᠤᠭᠤᠷ ᠤᠷᠤᠭᠤᠯᠬᠤ ᠪᠠᠷ ᠲᠠᠮᠵᠢᠭᠤᠯᠤᠨ ᠭᠦᠷᠦᠰᠤ ᠰᠢᠷᠤᠢ ᠶᠢᠨ ᠦᠩ ᠰᠢᠮ᠎ᠠ ᠶᠢ ᠲᠡᠭᠡᠭᠰᠢᠯᠡᠭᠦᠯᠵᠤ᠂ ᠭᠦᠷᠤᠰᠤ ᠰᠢᠷᠤᠢ ᠳᠠᠬᠢ ᠤᠷᠭᠠᠨᠢᠭ ᠪᠤᠳᠠᠰ ᠤᠨ ᠠᠭᠤᠯᠤᠠᠠᠳᠠᠴᠠ ᠶᠢ ᠨᠡᠮᠡᠭᠳᠡᠭᠦᠯᠵᠤ᠂ ᠭᠦᠷᠦᠰᠤ ᠰᠢᠷᠤᠢ ᠶᠢᠨ ᠹᠢᠽᠢᠺ ᠤᠨ ᠴᠢᠨᠠᠷ ᠢ ᠰᠠᠶᠢᠵᠢᠷᠠᠭᠤᠯᠵᠤ᠂ ᠠᠭᠤᠰᠬᠠᠬᠤ ᠦᠢᠯᠡᠳᠦᠯ ᠢ ᠴᠢᠩᠭᠠᠳᠬᠠᠵᠤ᠂ ᠠᠭᠤᠷᠰᠢᠯᠳᠡ ᠶᠢ ᠪᠠᠭᠠᠰᠬᠠᠨ ᠭᠡᠳᠡᠷᠭᠦ ᠲᠠᠪᠤᠰᠤᠵᠢᠬᠤ ᠶᠢ ᠬᠤᠷᠢᠠᠠᠯᠠᠨ᠎ᠠ᠃ ᠤᠷᠭᠠᠨᠢᠭ ᠪᠤᠷᠳᠤᠭᠤᠷ ᠨᠢ ᠪᠠᠰᠠ ᠭᠦᠷᠦᠰᠤ ᠰᠢᠷᠤᠢ ᠶᠢᠨ ᠬᠤᠵᠢᠷᠯᠢᠬ ᠴᠢᠨᠠᠷ ᠢ ᠰᠠᠭᠠᠷᠮᠬᠠᠵᠢᠭᠤᠯᠵᠤ᠂ ᠬᠤᠵᠢᠷᠳᠤᠯ ᠢ ᠰᠠᠶᠢᠵᠢᠷᠠᠭᠤᠯᠬᠤ ᠦᠢᠯᠡᠳᠦᠯ ᠦᠵᠡᠭᠦᠯᠳᠡᠭ᠃ ᠪᠤᠷᠳᠤᠭᠤᠷ ᠤᠷᠤᠭᠤᠯᠬᠤ ᠪᠠ ᠤᠰᠤᠯᠠᠨ ᠤᠭᠢᠶᠠᠬᠤ ᠶᠢ ᠤᠶᠠᠯᠳᠤᠭᠤᠯᠪᠠᠯ ᠨᠡᠩ ᠰᠠᠶᠢᠨ ᠦᠷ᠎ᠡ ᠪᠦᠳᠦᠮᠵᠢ ᠤᠯᠵᠤ ᠴᠢᠳᠠᠨ᠎ᠠ᠃

       ③ ᠬᠤᠵᠢᠷᠯᠢᠬ ᠪᠡᠯᠴᠢᠭᠡᠷ ᠢ ᠵᠤᠭᠢᠰᠳᠡᠢ ᠠᠰᠢᠠᠠᠯᠠᠬᠤ ᠠᠷᠭ᠎ᠠ᠄ ᠵᠤᠭᠢᠰᠳᠠᠢ ᠠᠰᠢᠠᠠᠯᠠᠬᠤ ᠶᠢᠨ ᠭᠤᠤᠯ ᠵᠠᠩᠭᠢᠯᠠᠭ᠎ᠠ ᠪᠤᠯ ᠲᠠᠷᠤᠢ ᠡᠪᠡᠰᠤ ᠪᠡᠯᠴᠢᠭᠡᠷ ᠤᠨ ᠲᠠᠭᠠᠭᠠᠴᠠ ᠪᠠᠷ ᠮᠠᠯ ᠰᠦᠷᠦᠭ ᠢ ᠭᠢᠵᠠᠭᠠᠷᠯᠠᠨ᠂ ᠡᠪᠡᠰᠤ ᠪᠡᠯᠴᠢᠭᠡᠷ ᠤᠨ ᠲᠠᠭᠠᠭᠠᠴᠠ ᠠᠴᠠ ᠭᠡᠳᠦᠷᠡᠭᠦ ᠶᠢ ᠰᠡᠷᠭᠡᠶᠢᠯᠡᠵᠤ᠂ ᠪᠡᠯᠴᠢᠭᠡᠷ ᠢᠶᠠᠷ ᠮᠠᠯ ᠢᠶᠠᠨ ᠲᠤᠠᠠᠳᠠᠭᠠᠬᠤ ᠶᠢ ᠭᠡᠷᠡᠭᠵᠢᠭᠦᠯᠭᠦ ᠶᠠᠪᠤᠳᠠᠯ ᠪᠤᠯᠤᠨ᠎ᠠ᠃

      ᠬᠤᠵᠢᠷᠯᠢᠬ ᠡᠪᠡᠰᠤ ᠪᠡᠯᠴᠢᠭᠡᠷ ᠢ ᠵᠤᠭᠢᠰᠳᠠᠢ ᠠᠰᠢᠠᠠᠯᠠᠬᠤ ᠶᠢᠨ ᠲᠠᠭᠠᠤ ᠠᠷᠭ᠎ᠠ ᠭᠡᠮᠵᠢᠶ᠎ᠠ ᠠᠪᠴᠤ ᠪᠠᠶᠢᠭᠠᠳ ᠬᠤᠵᠢᠷᠯᠢᠬ ᠡᠪᠡᠰᠤ ᠪᠡᠯᠴᠢᠭᠡᠷ ᠢ ᠲᠦᠯᠦᠪᠯᠡᠭᠡ ᠲᠠᠢ ᠪᠠᠷ ᠪᠤᠶᠢᠵᠢᠭᠤᠯᠵᠤ ᠪᠤᠯᠤᠨ᠎ᠠ᠃ ᠵᠢᠱᠢᠶᠡᠯᠡᠪᠡᠯ 5~10 ᠳ᠋ᠤᠭᠠᠷ ᠰᠠᠷ᠎ᠠ ᠪᠤᠯᠳᠠᠯᠠᠭᠢ ᠡᠪᠡᠰᠤ ᠪᠡᠯᠴᠢᠭᠡᠷ ᠤᠷᠭᠤᠬᠤ ᠬᠤᠭᠤᠴᠠᠭᠠᠨ ᠳᠤ ᠮᠠᠯ ᠤᠷᠤᠭᠤᠯᠬᠤ ᠶᠢ ᠵᠤᠠᠠᠰᠤᠭᠠᠵᠤ᠂ ᠡᠭᠡᠯᠵᠢᠯᠡᠨ ᠮᠠᠯᠵᠢᠬᠤ᠂ ᠡᠭᠡᠯᠵᠢᠯᠡᠨ ᠬᠠᠳᠤᠬᠤ᠂ ᠰᠡᠯᠭᠦᠭᠦᠯᠭᠦ ᠲᠦᠷᠢᠮ ᠢᠶᠠᠷ ᠪᠢᠳᠡᠭᠦᠮᠵᠢᠯᠡᠵᠤ ᠪᠤᠯᠤᠨ᠎ᠠ᠃

      ④ ᠭᠢᠮᠢ ᠶᠢᠨ ᠰᠠᠶᠢᠵᠢᠷᠠᠭᠤᠯᠤᠯᠳᠠ ᠶᠢᠨ ᠠᠷᠭ᠎ᠠ᠄ ᠡᠨᠡ ᠠᠷᠭ᠎ᠠ ᠪᠤᠯ ᠬᠤᠵᠢᠷᠰᠢᠠᠠᠰᠠᠨ ᠭᠠᠵᠠᠷ ᠲᠡᠭᠡᠷ᠎ᠡ ᠵᠤᠭᠠᠩ ᠤᠷᠤᠭᠤᠯᠵᠤ ᠭᠦᠷᠤᠰᠤ ᠰᠢᠷᠤᠢ ᠶᠢ ᠰᠠᠶᠢᠵᠢᠷᠠᠭᠤᠯᠬᠤ ᠶᠢ ᠭᠡᠯᠡᠵᠤ ᠪᠤᠢ᠃ ᠪᠤᠳᠠᠳᠠᠢ ᠭᠢᠭᠦ ᠠᠷᠭ᠎ᠠ ᠨᠢ ᠭᠡᠪᠡᠯ ᠬᠤᠵᠢᠷᠰᠢᠠᠠᠰᠠᠨ ᠪᠡᠯᠴᠢᠭᠡᠷ ᠲᠤ ᠵᠢᠯ ᠪᠦᠷᠢ ᠾᠧᠺᠲ᠋ᠠᠷ ᠨᠢᠭᠡᠪᠤᠷᠢ 1125kg ᠵᠤᠭᠠᠩ ᠤᠷᠤᠭᠤᠯᠪᠠᠯ ᠭᠤᠷᠪᠡᠨ ᠵᠢᠯ ᠤᠨ ᠲᠠᠷᠠᠭ᠎ᠠ ᠬᠤᠵᠢᠷᠰᠢᠠᠠᠰᠠᠨ ᠭᠡᠮᠵᠢᠶ᠎ᠠ ᠨᠢ ᠢᠯᠡᠳᠳᠡ ᠪᠠᠭᠤᠷᠠᠬᠤ ᠪᠤᠯᠤᠨ᠎ᠠ᠃

       ⑤ ᠠᠮᠢᠳᠤ ᠪᠤᠳᠠᠰ ᠤᠨ ᠰᠠᠶᠢᠵᠢᠷᠠᠭᠤᠯᠤᠯᠳᠠ ᠶᠢᠨ ᠠᠷᠭ᠎ᠠ᠄ ᠬᠤᠵᠢᠷᠰᠢᠠᠠᠰᠠᠨ ᠨᠤᠭᠤ ᠭᠠᠵᠠᠷ ᠤᠨ ᠪᠡᠯᠴᠢᠭᠡᠷ ᠲᠡᠭᠡᠷ᠎ᠡ ᠭᠦᠷᠦᠰᠤ ᠶᠢ ᠤᠷᠪᠠᠭᠤᠯᠤᠨ ᠡᠪᠡᠰᠤ ᠲᠠᠷᠢᠵᠤ᠂ ᠲᠠᠷᠢᠮᠠᠯ ᠪᠠᠯᠴᠢᠭᠡᠷ ᠪᠠᠶᠢᠭᠤᠯᠬᠤ ᠶᠢ ᠭᠡᠯᠡᠵᠤ ᠪᠤᠢ᠃ ᠢᠡᠭᠭᠢᠪᠡᠯ ᠨᠤᠭᠤᠭᠠᠨ ᠪᠤᠷᠳᠤᠭᠤᠷᠳᠤ ᠡᠪᠡᠰᠤ ᠪᠡᠯᠴᠢᠭᠡᠷ᠂ ᠢᠠᠠᠴᠢ ᠰᠠᠬᠤᠯᠢᠬ ᠡᠰᠢ ᠨᠠᠪᠴᠢ ᠪᠦᠷᠭᠦᠭᠰᠡᠨ ᠭᠠᠵᠠᠷ ᠲᠤ ᠭᠠᠵᠠᠷ ᠤᠨ ᠭᠠᠳᠠᠷᠭᠤ ᠶᠢᠨ ᠤᠰᠤᠨ ᠤ ᠠᠭᠤᠷᠰᠢᠯᠳᠡ ᠶᠢ ᠨᠠᠮᠳᠠᠭᠤᠯᠵᠤ᠂ ᠭᠦᠷᠦᠰᠤ ᠰᠢᠷᠤᠢ ᠶᠢᠨ ᠭᠡᠳᠡᠷᠭᠦ ᠬᠤᠵᠢᠷᠰᠢᠬᠤ ᠶᠢ ᠬᠤᠷᠢᠠᠠᠯᠠᠵᠤ᠂ ᠮᠤᠨᠳᠠᠭ ᠲᠤᠮᠤ ᠦᠨᠳᠤᠰᠤᠨ ᠰᠢᠰᠲ᠋ᠧᠮ ᠳᠤ ᠶᠡᠭᠡ ᠭᠡᠮᠵᠢᠶ᠎ᠠ ᠶᠢᠨ ᠤᠰᠤ ᠶᠢ ᠰᠢᠮᠡᠳᠭᠡᠵᠤ᠂ ᠡᠰᠢ ᠨᠠᠪᠴᠢᠨ ᠳᠤ ᠠᠭᠤᠷᠰᠢᠭᠤᠯᠤᠨ ᠭᠦᠷᠦᠰᠤᠨ ᠲᠤᠤᠷᠠᠭᠢ ᠤᠰᠤᠨ ᠲᠦᠪᠰᠢᠨ ᠢ ᠲᠤᠷᠤᠠᠠᠰᠢᠯᠠᠭᠤᠯᠤᠭᠠᠳ ᠲᠠᠪᠤᠰᠤ ᠨᠢ ᠭᠠᠵᠠᠷ ᠤᠨ ᠭᠠᠳᠠᠷᠭᠤ ᠳᠤ ᠬᠤᠷᠠᠮᠳᠤᠬᠤ ᠶᠢ ᠪᠦᠳᠦᠮᠵᠢᠳᠡᠢ ᠪᠠᠷ ᠰᠡᠷᠭᠡᠶᠢᠯᠡᠵᠤ ᠴᠢᠳᠠᠳᠠᠭ᠃ ᠡᠭᠦᠨ ᠢᠶᠠᠷ ᠲᠠᠮᠵᠢᠭᠤᠯᠤᠨ ᠭᠠᠵᠠᠷ ᠤᠨ ᠭᠠᠳᠠᠷᠭᠤ ᠳᠤ ᠲᠠᠪᠤᠰᠤᠨ ᠪᠦᠷᠢᠯᠳᠦᠭᠦᠨ ᠬᠤᠷᠠᠮᠳᠤᠬᠤ ᠶᠢ ᠨᠢ ᠪᠦᠳᠦᠮᠵᠢᠳᠡᠢ ᠪᠠᠷ ᠬᠤᠷᠢᠠᠠᠯᠠᠨ᠎ᠠ᠃ ᠦᠨᠳᠤᠰᠤ᠂ ᠡᠰᠢ᠂ ᠨᠠᠪᠴᠢ ᠶᠢ ᠭᠦᠷᠤᠰᠤ ᠰᠢᠷᠤᠢ ᠳᠤ ᠤᠷᠪᠠᠭᠤᠯᠤᠨ ᠤᠷᠤᠭᠤᠯᠪᠠᠯ ᠤᠷᠭᠠᠨᠢᠭ ᠪᠤᠳᠠᠰ ᠤᠨ ᠠᠭᠤᠯᠤᠠᠠᠳᠠᠴᠠ ᠶᠢ ᠨᠡᠮᠡᠭᠳᠡᠭᠦᠯᠵᠤ᠂ ᠨᠤᠭᠤᠭᠠᠨ ᠪᠠᠶᠡᠳᠤ ᠵᠢᠴᠢ ᠦᠨᠳᠤᠰᠤ ᠨᠢ ᠮᠢᠺᠷᠤᠪ ᠢᠶᠠᠷ ᠵᠠᠳᠠᠷᠠᠵᠤ᠂ ᠡᠯ᠎ᠠ ᠵᠦᠢᠯ ᠤᠨ ᠤᠷᠭᠠᠨᠢᠭ ᠭᠦᠴᠢᠯ ᠪᠤᠢ ᠪᠤᠯᠵᠤ᠂ ᠭᠦᠷᠤᠰᠤ ᠰᠢᠷᠤᠢ ᠶᠢᠨ ᠬᠤᠵᠢᠷ ᠤᠨ ᠭᠡᠮᠵᠢᠶ᠎ᠠ ᠶᠢ ᠰᠠᠭᠠᠷᠮᠬᠠᠵᠢᠭᠤᠯᠬᠤ ᠦᠢᠯᠡᠳᠦᠯ ᠦᠵᠡᠭᠦᠯᠵᠤ ᠴᠢᠳᠠᠨ᠎ᠠ᠃

       ︵7︶ ᠬᠤᠵᠢᠷ ᠲᠠᠪᠤᠰᠤᠯᠢᠭ ᠨᠤᠳᠤᠭ ᠪᠡᠯᠴᠢᠭᠡᠷ ᠲᠤ ᠶᠠᠮᠠᠷ ᠲᠦᠷᠦᠯ ᠤᠨ ᠡᠪᠡᠰᠤ ᠤᠷᠭᠤᠮᠠᠯ ᠲᠠᠷᠢᠪᠠᠯ ᠲᠤᠭᠢᠷᠠᠬᠤ ᠪᠤᠢ︖

      ᠬᠤᠵᠢᠷᠰᠢᠠᠠᠰᠠᠨ ᠪᠡᠯᠴᠢᠭᠡᠷ ᠢ ᠰᠠᠶᠢᠵᠢᠷᠠᠭᠤᠯᠬᠤ ᠳᠤ ᠲᠠᠷᠢᠬᠤ ᠡᠪᠡᠰᠤᠨ ᠲᠦᠷᠦᠯ ᠭᠡᠪᠡᠯ ᠭᠤᠤᠯ ᠨᠢ ᠬᠤᠵᠢᠷᠰᠠᠭ ᠦᠯᠦᠩ᠂ ᠰᠢᠪᠠᠭᠤᠨ ᠲᠠᠷᠢᠶ᠎ᠠ᠂ ᠦᠶᠡᠳᠤ ᠦᠯᠦᠩ᠂ ᠵᠡᠷᠯᠢᠭ ᠬᠠᠷ᠎ᠠ ᠪᠤᠭᠤᠳᠠᠢ᠂ ᠰᠢᠷ᠎ᠠ ᠭᠢᠶᠠᠭ᠂ ᠭᠦᠴᠢᠩᠭᠢ᠂ ᠪᠤᠷᠤ ᠴᠠᠷᠭᠠᠰᠤ᠂ ᠴᠠᠭᠢᠯᠳᠠᠭ᠂ ᠤᠰᠤᠨ ᠬᠤᠨᠤᠭ᠂ ᠰᠤᠬᠠᠢ᠂ ᠵᠢᠭᠳᠡ᠂ ᠵᠠᠭ ᠵᠡᠷᠭᠡ ᠡᠪᠡᠰᠤ ᠪᠤᠯᠤᠨ ᠪᠤᠳᠠ ᠮᠤᠳᠤ᠂ ᠲᠤᠷᠤᠭ ᠮᠤᠳᠤ ᠪᠤᠢ᠃ ᠡᠭᠦᠨ ᠳᠤ ᠬᠤᠵᠢᠷᠰᠠᠭ ᠦᠯᠦᠩ᠂ ᠰᠢᠪᠠᠭᠤᠨ ᠲᠠᠷᠢᠶ᠎ᠠ ᠪᠤᠯ ᠭᠦᠨᠳᠤ ᠨᠤᠴᠢᠳᠠᠢ ᠬᠤᠵᠢᠷᠰᠢᠠᠠᠰᠠᠨ ᠪᠡᠯᠴᠢᠭᠡᠷ ᠢ ᠰᠠᠶᠢᠵᠢᠷᠠᠭᠤᠯᠬᠤ ᠳᠤ ᠬᠠᠮᠤᠭ ᠤᠨ ᠲᠦᠷᠦᠭᠦᠨ ᠳᠤ ᠰᠤᠩᠭᠤᠬᠤ ᠡᠪᠡᠰᠤᠨ ᠲᠦᠷᠦᠯ ᠪᠤᠯᠤᠨ᠎ᠠ᠃ ᠲᠠᠷᠠᠭᠠᠯᠠᠪᠠᠯ ᠦᠶᠡᠳᠤ ᠦᠯᠦᠩ᠂ ᠵᠡᠷᠯᠢᠭ ᠬᠠᠷ᠎ᠠ ᠪᠤᠭᠤᠳᠠᠢ ᠪᠤᠯᠤᠨ᠎ᠠ᠃ ᠲᠤᠮᠳᠠ ᠲᠠᠰ ᠪᠤᠶᠤ ᠭᠦᠡᠭᠭᠡᠨ ᠲᠠᠰ ᠤᠨ ᠬᠤᠵᠢᠷᠳᠤᠠᠠᠰᠠᠨ ᠪᠡᠯᠴᠢᠭᠡᠷ ᠲᠤ ᠰᠢᠷ᠎ᠠ ᠭᠢᠶᠠᠭ᠂ ᠭᠦᠭᠡ ᠡᠪᠡᠰᠤ᠂ ᠭᠦᠴᠢᠩᠭᠢ᠂ ᠪᠤᠷᠤ ᠴᠠᠷᠭᠠᠰᠤ᠂ ᠴᠠᠭᠢᠯᠳᠠᠭ ᠵᠡᠷᠭᠡ ᠶᠢ ᠰᠤᠩᠭᠤᠨ᠎ᠠ᠃

      ︵8︶ ᠬᠤᠵᠢᠷᠰᠢᠭᠰᠠᠠ ᠪᠡᠯᠴᠢᠭᠡᠷ ᠲᠤ ᠶᠠᠭᠠᠭᠢᠵᠤ ᠡᠪᠡᠰᠤ ᠳᠠᠷᠢᠬᠤ ᠪᠤᠢ︖

      ᠬᠤᠵᠢᠷᠰᠢᠠᠠᠰᠠᠨ ᠪᠡᠯᠴᠢᠭᠡᠷ ᠲᠡᠭᠡᠷ᠎ᠡ ᠬᠤᠵᠢᠷᠳᠤᠯ ᠳᠤ ᠲᠠᠰᠪᠤᠷᠢᠳᠡᠢ ᠡᠪᠡᠰᠤ ᠲᠠᠷᠢᠬᠤ ᠳᠠᠭᠠᠨ ᠭᠤᠤᠴᠢᠯᠠᠵᠤ ᠲᠡᠯᠡᠩ ᠪᠤᠰᠬᠠᠬᠤ᠂ ᠭᠦᠨ ᠭᠤᠤᠴᠢᠯᠠᠵᠤ᠂ ᠵᠤᠷᠠᠭᠠᠯᠠᠨ ᠲᠠᠷᠢᠬᠤ᠂ ᠭᠦᠨ ᠭᠤᠤᠴᠢᠯᠠᠵᠤ ᠰᠠᠭᠤᠯᠭᠠᠨ ᠲᠠᠷᠢᠬᠤ ᠵᠡᠷᠭᠡ ᠠᠳᠠᠯᠢ ᠪᠤᠰᠤ ᠭᠡᠯᠪᠡᠷᠢ ᠶᠢᠨ ᠲᠠᠷᠢᠬᠤ ᠠᠷᠭ᠎ᠠ ᠶᠢ ᠭᠡᠷᠡᠭᠯᠡᠳᠡᠭ᠃ ᠭᠤᠤ ᠭᠠᠷᠭᠠᠵᠤ ᠲᠠᠯᠠᠩ ᠪᠤᠰᠬᠠᠬᠤ ᠶᠢᠨ ᠭᠤᠤᠯ ᠦᠢᠯᠡᠳᠦᠯ ᠨᠢ ᠭᠡᠪᠡᠯ ᠭᠠᠵᠠᠷ ᠤᠨ ᠭᠠᠳᠠᠷᠭᠤ ᠶᠢ ᠬᠤᠳᠤᠭᠤᠷ ᠭᠦᠳᠦᠭᠦᠷ ᠪᠤᠯᠭᠠᠵᠤ᠂ ᠭᠦᠷᠦᠰᠤᠨ ᠳᠠᠬᠢ ᠲᠠᠪᠤᠰᠤᠨ ᠤ ᠪᠦᠷᠢᠯᠳᠦᠭᠦᠨ ᠤ ᠲᠠᠷᠬᠠᠬᠤ ᠶᠢ ᠦᠭᠡᠷᠡᠴᠢᠯᠡᠵᠤ᠂ ᠲᠠᠪᠤᠰᠤ ᠶᠢ ᠤᠭᠢᠶᠠᠬᠤ ᠦᠷ᠎ᠠ ᠪᠦᠳᠦᠭᠡᠯ ᠢ ᠨᠡᠮᠡᠭᠳᠡᠭᠦᠯᠵᠤ᠂ ᠭᠡᠳᠡᠷᠭᠦ ᠬᠤᠵᠢᠷᠰᠢᠬᠤ ᠶᠢ ᠬᠤᠷᠢᠠᠠᠯᠠᠵᠤ᠂ ᠬᠤᠵᠢᠷᠳᠤᠯ ᠤᠨ ᠭᠦᠨᠦᠭᠡᠯ ᠢ ᠪᠠᠭᠠᠰᠬᠠᠬᠤ ᠦᠢᠯᠡᠳᠦᠯ ᠦᠵᠡᠭᠦᠯᠳᠡᠭ᠃

      ᠪᠤᠳᠠᠳᠠᠢ ᠠᠷᠭ᠎ᠠ ᠭᠡᠮᠵᠢᠶ᠎ᠠ ᠨᠢ ᠭᠡᠪᠡᠯ ᠬᠤᠵᠢᠷᠰᠢᠠᠠᠰᠠᠨ ᠭᠠᠵᠠᠷ ᠤᠨ ᠨᠦᠭᠦᠴᠡᠯ ᠢ ᠦᠨᠳᠤᠰᠦᠯᠡᠵᠤ᠂ ᠲᠤᠬᠠᠢ ᠶᠢᠨ ᠭᠠᠵᠠᠷ ᠤᠨ ᠪᠠᠶᠢᠳᠠᠯ ᠳᠤ ᠲᠤᠭᠢᠷᠠᠭᠤᠯᠤᠨ᠂ ᠠᠳᠠᠯᠢ ᠪᠤᠰᠤ ᠭᠡᠮᠵᠢᠶᠠᠨ ᠤ ᠭᠤᠤ ᠲᠠᠯᠠᠩ ᠭᠠᠷᠭᠠᠨ᠎ᠠ᠃ ᠶᠠᠷᠤ ᠶᠢᠨ ᠪᠠᠶᠢᠳᠠᠯ ᠲᠤᠤᠷ᠎ᠡ ᠭᠤᠤ ᠶᠢᠨ ᠦᠷᠭᠡᠨ ᠢ 0.5~1.0m᠂ ᠲᠠᠯᠠᠩ ᠤᠨ ᠦᠷᠭᠡᠨ ᠢ 0.5~1.0m᠂ ᠦᠨᠳᠤᠷ ᠤᠨ ᠭᠡᠮᠵᠢᠶ᠎ᠠ ᠶᠢ 0.4~0.6m ᠪᠠᠶᠢᠯᠭᠠᠵᠤ᠂ ᠲᠡᠯᠡᠩ ᠪᠤᠯᠤᠨ ᠭᠤᠤ ᠳᠤ ᠵᠤᠷᠠᠭᠠᠯᠠᠨ ᠲᠠᠷᠢᠬᠤ ᠪᠠ ᠰᠠᠭᠤᠯᠭᠠᠨ ᠲᠠᠷᠢᠵᠤ᠂ ᠶᠠᠷᠦᠩᠭᠡᠢ ᠳᠡᠭᠡᠨ ᠲᠠᠷᠢᠵᠤ ᠰᠠᠭᠤᠯᠭᠠᠬᠤ ᠭᠦᠨ ᠢ 3~5cm ᠢᠶᠠᠷ ᠡᠵᠡᠮᠰᠢᠨ᠎ᠠ᠃  

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map