1. ᠶᠠᠭᠤ ᠶᠢ ᠨᠤᠳᠤᠭ ᠪᠡᠯᠴᠢᠭᠡᠷ ᠤᠨ ᠲᠠᠴᠢᠷᠳᠡᠯ ᠭᠡᠭᠦ ᠪᠤᠢ︖
ᠲᠠᠴᠢᠷᠳᠡᠯ ᠭᠡᠳᠡᠭ ᠡᠨᠡ ᠦᠭᠡ ᠪᠤᠯ 1977 ᠤᠨ ᠳᠤ ᠪᠤᠯᠤᠠᠠᠰᠠᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠲᠠᠴᠢᠷᠳᠡᠯ ᠤᠨ ᠲᠤᠬᠠᠢ ᠬᠤᠷᠠᠯᠳᠤᠭᠠᠨ ᠠᠴᠠ ᠦᠷᠭᠡᠨ ᠲᠡᠯᠭᠡᠷ ᠭᠡᠷᠡᠭᠯᠡᠭᠳᠡᠭᠰᠡᠨ ᠨᠢᠭᠡᠨ ᠰᠢᠨᠵᠢᠯᠡᠭᠦ ᠤᠬᠠᠭᠠᠨ ᠤ ᠨᠡᠷ᠎ᠡ ᠲᠤᠮᠢᠶ᠎ᠠ ᠪᠤᠯᠤᠨ᠎ᠠ᠃ 1992 ᠤᠨ ᠳᠤ ᠪᠤᠯᠤᠠᠠᠰᠠᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠤᠷᠴᠢᠨ ᠠᠬᠤᠢ ᠭᠢᠭᠡᠳ ᠭᠦᠭᠵᠢᠯᠳᠡ ᠶᠢᠨ ᠶᠡᠭᠡ ᠬᠤᠷᠠᠯ ᠲᠡᠭᠡᠷ᠎ᠡ ᠲᠡᠭᠦᠨ ᠤ ᠲᠤᠮᠢᠶᠠᠯᠠᠯ ᠢ ᠲᠤᠪᠴᠢᠯᠠᠨ ᠬᠤᠷᠢᠶᠠᠩᠭᠤᠶᠢᠯᠠᠭᠠᠳ᠂ ᠲᠠᠴᠢᠷᠳᠡᠯ ᠭᠡᠳᠡᠭ ᠨᠢ ᠴᠠᠭ ᠠᠭᠤᠷ ᠤᠨ ᠬᠤᠪᠢᠷᠠᠯᠳᠠ ᠪᠤᠯᠤᠨ ᠭᠦᠮᠦᠨ ᠲᠦᠷᠦᠯᠭᠢᠳᠡᠨ ᠤ ᠠᠵᠢᠯᠯᠠᠭ᠎ᠠ ᠶᠢ ᠪᠠᠭᠳᠠᠭᠠᠠᠠᠰᠠᠨ ᠵᠦᠢᠯ ᠵᠦᠢᠯ ᠤᠨ ᠡᠯᠧᠮᠧᠨ᠋ᠲ ᠠᠴᠠ ᠪᠤᠯᠤᠭᠠᠳ ᠭᠠᠩ ᠬᠠᠭᠤᠷᠠᠢ᠂ ᠬᠠᠭᠠᠰ ᠭᠠᠩ ᠬᠠᠭᠤᠷᠠᠢ ᠪᠡ ᠬᠠᠭᠠᠰ ᠴᠢᠭᠢᠭᠳᠡᠢ ᠭᠠᠵᠠᠷ ᠤᠷᠤᠨ ᠤ ᠭᠦᠷᠤᠰᠤ ᠰᠢᠷᠤᠢ ᠲᠠᠴᠢᠷᠳᠡᠨ ᠮᠠᠭᠤᠳᠠᠬᠤ ᠶᠢ ᠵᠢᠭᠠᠵᠦ ᠪᠠᠶᠢᠨ᠎ᠠ ᠬᠡᠪᠠ᠃ ᠡᠨᠡ ᠬᠦ ᠤᠬᠠᠠᠠᠳᠠᠬᠤᠨ ᠨᠢ ᠴᠤ ᠲᠠᠴᠢᠷᠳᠡᠯ ᠢ ᠵᠠᠰᠠᠬᠤ ᠲᠡᠯᠡᠭᠡᠢ ᠨᠡᠶᠢᠳᠡ ᠶᠢᠨ ᠭᠡᠷ᠎ᠡ ᠳᠤ ᠭᠡᠷᠡᠭᠯᠡᠭᠳᠡᠭᠰᠡᠨ ᠪᠠᠶᠢᠨ᠎ᠠ᠃
ᠲᠠᠴᠢᠷᠳᠡᠯ ᠪᠤᠯ ᠲᠡᠯᠡᠭᠡᠢ ᠶᠢᠨ ᠪᠦᠮᠪᠤᠷᠴᠡᠭ ᠲᠡᠭᠡᠷ᠎ᠡ ᠭᠦᠷᠤᠰᠤ ᠰᠢᠷᠤᠢ ᠬᠠᠮᠤᠭ ᠤᠨ ᠨᠠᠶᠢᠳᠡᠮ ᠮᠠᠭᠤᠳᠠᠵᠤ ᠪᠠᠶᠢᠬᠤ ᠭᠡᠯᠪᠡᠷᠢ ᠮᠦᠨ᠂ ᠮᠠᠰᠢ ᠭᠦᠨᠳᠤ ᠨᠤᠴᠢᠳᠡᠢ ᠲᠡᠯᠡᠭᠡᠢ ᠶᠢᠨ ᠪᠦᠮᠪᠤᠷᠴᠡᠭ ᠤᠨ ᠲᠠᠬᠤᠯ ᠡᠪᠡᠳᠴᠢᠨ ᠮᠦᠨ ᠪᠦᠭᠡᠳ ᠴᠢᠨ᠋ᠬᠠᠰᠢᠯᠠᠪᠠᠯ ︽ᠲᠡᠯᠡᠭᠡᠢ ᠶᠢᠨ ᠪᠦᠮᠪᠤᠷᠴᠡᠭ ᠤᠨ ᠦᠮᠡᠨ ᠡᠪᠡᠳᠴᠢᠨ︾ ᠭᠡᠮᠡᠨ ᠭᠡᠯᠡᠭᠳᠡᠵᠤ ᠪᠠᠶᠢᠨ᠎ᠠ᠃ ᠭᠦᠷᠦᠰᠤ ᠰᠢᠷᠤᠢ ᠡᠯᠡᠰᠦᠷᠭᠡᠭᠵᠢᠭᠦ᠂ ᠲᠠᠪᠤᠰᠤᠵᠢᠨ ᠬᠤᠵᠢᠷᠰᠢᠬᠤ ᠪᠠ ᠨᠤᠳᠤᠭ ᠪᠠᠯᠴᠢᠭᠡᠷ ᠮᠠᠭᠤᠳᠠᠬᠤ ᠭᠤᠷᠪᠡᠨ ᠭᠡᠯᠪᠡᠷᠢ ᠪᠠᠷ ᠢᠯᠡᠷᠡᠳᠡᠭ᠃
2. ᠮᠠᠨ ᠤ ᠤᠯᠤᠰ ᠤᠨ ᠨᠤᠳᠤᠭ ᠪᠡᠯᠴᠢᠭᠡᠷ ᠤᠨ ᠲᠠᠴᠢᠷᠳᠡᠯ ᠤᠨ ᠦᠨᠳᠤᠰᠤ ᠰᠤᠷᠪᠤᠯᠵᠢ ᠭᠢᠭᠡᠳ ᠠᠬᠤᠢ ᠪᠠᠶᠢᠳᠠᠯ ᠶᠠᠮᠠᠷ ᠪᠠᠶᠢᠭ᠎ᠠ ᠪᠤᠢ︖
20 ᠳ᠋ᠤᠭᠠᠷ ᠵᠠᠭᠤᠨ ᠤ ᠲᠠᠪᠢᠭᠠᠳ ᠤᠨ ᠠᠴᠠ ᠨᠠᠰᠢ ᠭᠦᠮᠦᠨ ᠠᠮᠠ ᠶᠢᠨ ᠨᠡᠮᠡᠭᠳᠡᠯ ᠭᠢᠭᠡᠳ ᠠᠵᠤ ᠠᠬᠤᠢ ᠶᠢᠨ ᠭᠦᠭᠵᠢᠯᠳᠡ ᠨᠢ ᠲᠠᠯ᠎ᠠ ᠨᠣᠳᠤᠭ ᠤᠨ ᠮᠠᠯᠵᠢᠬᠤ ᠤᠷᠤᠨ ᠪᠠ ᠲᠠᠷᠢᠶᠠᠯᠠᠩ ᠮᠠᠯ ᠠᠵᠤ ᠠᠬᠤᠢ ᠰᠤᠯᠪᠢᠴᠬᠠᠰᠠᠨ ᠭᠠᠵᠠᠷ ᠤᠷᠤᠨ ᠤ ᠦᠢᠯᠡᠳᠪᠤᠷᠢᠯᠡᠯ ᠤᠨ ᠭᠡᠪᠴᠢᠶ᠎ᠠ ᠶᠢ ᠲᠠᠰᠤᠷᠠᠯᠳᠠ ᠦᠭᠡᠢ ᠦᠷᠭᠡᠳᠭᠡᠵᠤ᠂ ᠨᠤᠳᠤᠭ ᠪᠡᠯᠴᠢᠭᠡᠷ ᠤᠨ ᠡᠭᠢ ᠪᠠᠶᠠᠯᠢᠭ ᠢ ᠭᠡᠮᠵᠢᠶᠠᠨ ᠠᠴᠠ ᠨᠢ ᠭᠡᠳᠦᠷᠡᠳᠡᠯ᠎ᠡ ᠠᠰᠢᠠᠠᠯᠬᠠᠰᠠᠨ ᠪᠠ ᠨᠡᠭᠡᠭᠡᠨ ᠭᠦᠭᠵᠢᠭᠦᠯᠦᠭᠰᠡᠨ ᠶᠠᠪᠤᠳᠠᠯ ᠨᠢ ᠨᠤᠳᠤᠭ ᠪᠡᠯᠴᠢᠭᠡᠷ ᠤᠨ ᠲᠠᠴᠢᠷᠳᠡᠯ ᠢ ᠪᠤᠢ ᠪᠤᠯᠭᠠᠠᠠᠰᠠᠨ ᠠᠮᠢ ᠠᠬᠤᠢ᠂ ᠠᠵᠤ ᠠᠬᠤᠢ ᠪᠤᠯᠤᠨ ᠨᠠᠶᠢᠭᠡᠮ ᠤᠨ ᠦᠨᠳᠤᠰᠤ ᠰᠤᠷᠪᠤᠯᠵᠢ ᠪᠤᠯᠤᠠᠠᠰᠠᠨ ᠪᠠᠶᠢᠨ᠎ᠠ᠃ ᠤᠳᠤ ᠮᠠᠯᠵᠢᠬᠤ ᠤᠷᠤᠨ ᠪᠠ ᠲᠠᠷᠢᠶᠠᠯᠠᠩ ᠮᠠᠯ ᠠᠵᠤ ᠠᠬᠤᠢ ᠰᠤᠯᠪᠢᠴᠬᠠᠰᠠᠨ ᠤᠷᠤᠨ ᠢ ᠪᠠᠭᠳᠠᠭᠠᠠᠠᠰᠠᠨ ᠤᠮᠠᠷᠠᠳᠤ ᠶᠢᠨ ᠲᠠᠯ᠎ᠠ ᠨᠤᠳᠤᠭ ᠤᠨ ᠲᠠᠴᠢᠷᠳᠡᠯ ᠨᠢ ᠨᠢᠭᠡᠨᠳᠡ ᠤᠯᠠᠨ ᠲᠠᠯ᠎ᠠ ᠶᠢᠨ ᠬᠠᠷᠠᠰᠠᠯᠳᠤ ᠦᠷ᠎ᠡ ᠳ᠋ᠦᠩ ᠢ ᠪᠤᠢ ᠪᠤᠯᠭᠠᠵᠠᠢ᠃ ᠲᠠᠯ᠎ᠠ ᠨᠤᠳᠤᠭ ᠤᠨ ᠤᠷᠭᠤᠮᠠᠯ ᠤᠨ ᠪᠦᠷᠭᠦᠴᠡ ᠲᠠᠴᠢᠷᠳᠡᠵᠤ᠂ ᠠᠮᠢᠳᠤ ᠪᠤᠳᠠᠰ ᠤᠨ ᠡᠭᠡ ᠪᠠᠶᠠᠯᠢᠭ ᠰᠢᠷᠦᠭᠦᠨ ᠬᠠᠰᠤᠠᠠᠳᠠᠵᠤ᠂ ᠨᠤᠳᠤᠭ ᠪᠡᠯᠴᠢᠭᠡᠷ ᠤᠨ ᠦᠢᠯᠡᠳᠪᠤᠷᠢᠯᠡᠯ ᠤᠨ ᠭᠦᠴᠤᠨ ᠲᠤᠮᠳᠠᠴᠢ ᠪᠠᠷ 60%~70% ᠪᠠᠷ ᠪᠠᠭᠤᠷᠠᠵᠠᠢ᠃ ᠰᠠᠯᠭᠢ ᠡᠯᠡᠰᠤᠨ ᠤ ᠭᠤᠶᠠᠳᠠᠯᠳᠠ ᠪᠠ ᠤᠰᠤ ᠭᠦᠷᠦᠰᠤᠨ ᠤ ᠢᠳᠡᠭᠳᠡᠯ ᠭᠡᠴᠡᠭᠦᠳᠡᠵᠤ᠂ ᠲᠠᠷᠢᠶᠠᠨ ᠭᠠᠵᠠᠷ ᠤᠨ ᠦᠩ ᠰᠢᠮᠡᠯᠢᠭ ᠭᠦᠴᠤᠨ ᠮᠠᠭᠤᠳᠠᠵᠤ᠂ ᠨᠠᠭᠤᠷ ᠪᠦᠷᠢᠳᠤ ᠬᠠᠳᠠᠵᠤ᠂ ᠲᠠᠯ᠎ᠠ ᠭᠠᠵᠠᠷ ᠲᠠᠪᠤᠰᠤᠵᠢᠨ ᠬᠤᠵᠢᠷᠰᠢᠵᠤ᠂ ᠲᠤᠠᠠᠳᠠᠮᠠᠯ ᠪᠠ ᠬᠠᠭᠠᠰ ᠲᠤᠠᠠᠳᠠᠮᠠᠯ ᠮᠠᠩᠬ᠎ᠠ ᠭᠦᠨᠳᠤ ᠰᠦᠷᠡᠭᠡᠢ ᠡᠯᠡᠰᠦᠷᠭᠡᠭᠵᠢᠵᠤ᠂ ᠡᠯᠡᠰᠤ ᠲᠤᠭᠤᠰᠤ ᠪᠠ ᠡᠯᠡᠰᠤᠨ ᠰᠢᠭᠤᠷᠭ᠎ᠠ ᠵᠠᠯᠭᠠᠭ᠎ᠠ ᠪᠠᠷ ᠲᠡᠭᠳᠡᠵᠤ ᠪᠠᠶᠢᠬᠤ ᠨᠢ ᠴᠦᠮ ᠲᠠᠴᠢᠷᠳᠡᠯ ᠤᠨ ᠲᠤᠪᠤᠶᠢᠮ᠎ᠠ ᠢᠯᠡᠷᠡᠯ ᠪᠤᠯᠤᠨ᠎ᠠ᠃ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠪᠤᠯ ᠮᠠᠨ ᠤ ᠤᠯᠤᠰ ᠤᠨ ᠭᠦᠷᠤᠰᠤ ᠰᠢᠷᠤᠢ ᠶᠢᠨ ᠲᠠᠴᠢᠷᠳᠡᠯ ᠪᠠ ᠡᠯᠡᠰᠦᠷᠭᠡᠭᠵᠢᠯ ᠢᠶᠠᠷ ᠬᠠᠮᠤᠭ ᠤᠨ ᠲᠦᠪᠯᠡᠷᠡᠩᠭᠦᠢ᠂ ᠬᠠᠮᠤᠭ ᠤᠨ ᠭᠦᠨᠳᠤ ᠨᠤᠴᠢᠳᠡᠢ ᠪᠠᠶᠢᠭ᠎ᠠ ᠮᠤᠵᠢ ᠤᠷᠤᠨ ᠤ ᠨᠢᠭᠡ ᠪᠤᠯᠤᠨ᠎ᠠ᠃ ᠮᠦᠨ ᠴᠦ ᠪᠦᠭᠦ ᠤᠯᠤᠰ ᠤᠨ ᠲᠠᠴᠢᠷᠳᠡᠯ ᠪᠠ ᠡᠯᠡᠰᠦᠷᠭᠡᠭᠵᠢᠯ ᠢ ᠰᠢᠯᠭᠠᠨ ᠭᠡᠮᠵᠢᠭᠦ ᠭᠤᠤᠯᠳᠠᠯᠭ᠎ᠠ ᠲᠠᠢ ᠭᠠᠵᠠᠷ ᠤᠷᠤᠨ ᠪᠤᠯᠤᠨ᠎ᠠ᠃
3. ᠨᠤᠳᠤᠭ ᠪᠡᠯᠴᠢᠭᠡᠷ ᠤᠨ ᠠᠮᠢ ᠠᠬᠤᠢ ᠶᠢᠨ ᠴᠢᠳᠠᠪᠤᠷᠢ ᠭᠢᠭᠡᠳ ᠲᠠᠭᠠᠭᠠᠴᠠ ᠴᠢᠳᠠᠯ ᠢ ᠭᠡᠷᠭᠢᠨ ᠵᠦᠪ ᠲᠠᠨᠢᠬᠤ ᠪᠤᠢ︖
ᠰᠡᠷᠢᠬᠦᠨ ᠪᠦᠰᠡ ᠶᠢᠨ ᠬᠠᠭᠠᠰ ᠴᠢᠭᠢᠭᠯᠢᠭ᠂ ᠬᠠᠭᠠᠰ ᠭᠠᠩ ᠬᠠᠭᠤᠷᠠᠢ ᠪᠠ ᠭᠠᠩ ᠬᠠᠭᠤᠷᠠᠢ ᠠᠭᠤᠷ ᠠᠮᠢᠰᠬᠤᠯ ᠤᠨ ᠭᠠᠵᠠᠷ ᠤᠷᠤᠨ ᠨᠢ ᠠᠩᠬᠠᠨ ᠤ ᠱᠠᠳᠤᠨ ᠤ ᠦᠢᠯᠡᠳᠪᠤᠷᠢᠯᠡᠭᠴᠢᠳ ᠤᠨ ᠬᠤᠪᠢ ᠪᠠᠷ ᠤᠯᠠᠨ ᠵᠢᠯ ᠡᠪᠡᠰᠤᠨ ᠤᠷᠭᠤᠮᠠᠯ ᠭᠢᠭᠡᠳ ᠬᠠᠮᠢᠶ᠎ᠠ ᠪᠦᠭᠦᠢ ᠠᠮᠢᠳᠤ ᠪᠤᠳᠠᠰ ᠤᠨ ᠰᠦᠷᠦᠭᠯᠡᠯ ᠲᠠᠢ ᠨᠡᠶᠢᠯᠡᠭᠡᠳ ᠲᠠᠯ᠎ᠠ ᠨᠤᠳᠤᠭ ᠤᠨ ᠠᠮᠢ ᠠᠬᠤᠢ ᠶᠢᠨ ᠰᠢᠰᠲ᠋ᠧᠮ ᠪᠤᠯᠤᠨ ᠪᠦᠷᠢᠯᠳᠦᠵᠤ᠂ ᠨᠤᠳᠤᠭ ᠪᠡᠯᠴᠢᠭᠡᠷ ᠢ ᠠᠰᠢᠠᠠᠯᠠᠬᠤ ᠪᠠ ᠭᠦᠷᠦᠰᠤ ᠰᠢᠷᠤᠢ ᠶᠢ ᠤᠷᠭᠤᠮᠠᠯ ᠢᠶᠠᠷ ᠪᠦᠷᠭᠦᠭᠦ ᠳᠤ ᠪᠤᠳᠠᠰ ᠤᠨ ᠰᠠᠭᠤᠷᠢ ᠶᠢ ᠪᠦᠷᠢᠯᠳᠦᠭᠦᠯᠦᠨ ᠦᠭᠴᠤ᠂ ᠲᠠᠭᠢᠨ ᠤᠷᠭᠤᠵᠤ ᠪᠤᠯᠬᠤ ᠪᠠᠶᠢᠭᠠᠯᠢ ᠶᠢᠨ ᠡᠭᠢ ᠪᠠᠶᠠᠯᠢᠭ ᠪᠤᠯᠤᠠᠠᠰᠠᠨ ᠪᠠᠶᠢᠨ᠎ᠠ᠃ ᠭᠠᠵᠠᠷ ᠰᠢᠨᠵᠢᠯᠡᠭᠡᠨ ᠤ ᠲᠡᠤᠭᠡ᠂ ᠭᠠᠵᠠᠷ ᠤᠨ ᠪᠠᠶᠢᠷᠢᠰᠢᠯ ᠤᠨ ᠭᠡᠰᠡᠭᠯᠡᠯ᠂ ᠭᠠᠵᠠᠷ ᠤᠨ ᠭᠠᠳᠠᠷᠭᠤ ᠶᠢᠨ ᠲᠤᠨᠤᠮᠠᠯ ᠪᠤᠳᠠᠰ ᠭᠢᠭᠡᠳ ᠭᠦᠷᠤᠰᠤ ᠰᠢᠷᠤᠢ ᠶᠢᠨ ᠪᠤᠶᠢᠵᠢᠯᠳᠡ ᠶᠢᠨ ᠠᠳᠠᠯᠢ ᠦᠭᠡᠢ ᠠᠴᠠ ᠪᠤᠯᠤᠭᠠᠳ ᠲᠠᠯ᠎ᠠ ᠨᠤᠳᠤᠭ ᠢ ᠠᠮᠢ ᠠᠬᠤᠢ ᠶᠢᠨ ᠤᠯᠠᠨ ᠶᠠᠩᠵᠤᠳᠦ ᠦᠵᠡᠮᠵᠢ ᠶᠢᠨ ᠪᠠᠶᠢᠳᠠᠯ ᠲᠠᠢ ᠪᠤᠯᠭᠠᠵᠠᠢ᠃ ᠲᠠᠯ᠎ᠠ ᠨᠤᠳᠤᠭ ᠤᠨ ᠰᠤᠶᠤᠯ ᠤᠨ ᠭᠦᠭᠵᠢᠯᠳᠡ ᠨᠢ ᠴᠤ ᠭᠦᠮᠦᠨ ᠲᠦᠷᠦᠯᠭᠢᠳᠡᠨ ᠤ ᠰᠤᠶᠤᠯ ᠤᠨ ᠮᠠᠰᠢ ᠤᠯᠠᠨ ᠦᠵᠡᠮᠵᠢ ᠶᠢᠨ ᠤᠨᠴᠠᠯᠢᠭ ᠢ ᠨᠡᠮᠡᠷᠢᠯᠡᠭᠰᠡᠨ ᠪᠠᠶᠢᠨ᠎ᠠ᠃ ᠵᠢᠱᠢᠶᠡᠯᠡᠪᠡᠯ ᠦᠪᠤᠷ ᠮᠤᠩᠭᠤᠯ ᠤᠨ ᠲᠠᠯ᠎ᠠ ᠨᠤᠳᠤᠭ ᠲᠤ ᠵᠢᠯ ᠪᠦᠷᠢ ᠤᠰᠤ ᠪᠠᠯᠴᠢᠭᠡᠷ ᠡᠯᠪᠡᠭ ᠪᠠᠶᠠᠯᠢᠭ ᠤᠯᠠᠷᠢᠯ ᠳᠤ ᠴᠦᠮ ᠨᠠᠭᠠᠳᠤᠮ ᠤᠨ ᠬᠤᠷᠠᠯ ᠭᠢᠭᠦ ᠪᠡ ᠲᠠᠯ᠎ᠠ ᠨᠤᠳᠤᠭ ᠤᠨ ᠰᠤᠶᠤᠯ ᠤᠨ ᠪᠠᠶᠠᠷ ᠢ ᠶᠠᠪᠤᠠᠠᠳᠠᠭᠤᠯᠳᠠᠭ ᠪᠠᠶᠢᠨ᠎ᠠ᠃ ᠡᠶᠢᠮᠤ ᠠᠴᠠ ᠦᠷᠭᠡᠨ ᠠᠭᠤᠳᠠᠮ ᠲᠠᠯ᠎ᠠ ᠨᠤᠳᠤᠭ ᠨᠢ ᠤᠯᠠᠨ ᠴᠢᠳᠠᠪᠤᠷᠢ ᠪᠦᠭᠦᠢ ᠪᠠᠶᠢᠭᠠᠯᠢ᠂ ᠲᠤᠬᠠᠶᠢᠯᠠᠪᠠᠯ ᠨᠡᠶᠢᠭᠡᠮ ᠤᠨ ᠨᠡᠶᠢᠯᠡᠮᠡᠯ ᠠᠮᠢ ᠠᠬᠤᠢ ᠶᠢᠨ ᠰᠢᠰᠲ᠋ᠧᠮ ᠪᠤᠯᠵᠠᠢ᠃ ᠨᠢᠭᠡ ᠳᠤ᠂ ᠲᠠᠯ᠎ᠠ ᠨᠤᠳᠤᠭ ᠲᠤ ᠮᠠᠯ ᠤᠨ ᠠᠰᠢᠭ ᠰᠢᠮ᠎ᠠ᠂ ᠠᠮᠢᠳᠤ ᠪᠤᠳᠠᠰ ᠤᠨ ᠪᠦᠳᠦᠭᠡᠭᠳᠡᠭᠦᠨ ᠪᠠ ᠤᠷᠭᠠᠨᠢᠭ ᠪᠤᠰᠤ ᠠᠭᠤᠷᠬᠠᠢ ᠶᠢᠨ ᠭᠠᠷᠤᠯᠳᠠ ᠶᠢ ᠨᠡᠭᠡᠭᠡᠨ ᠭᠦᠭᠵᠢᠭᠦᠯᠭᠦ ᠨᠡᠶᠢᠭᠡᠮ ᠤᠨ ᠠᠵᠤ ᠠᠬᠤᠢ ᠶᠢᠨ ᠴᠢᠳᠠᠪᠤᠷᠢ ᠶᠢ ᠬᠠᠨᠭ᠍ᠭᠠᠨ ᠤᠯᠭᠤᠵᠤ ᠪᠠᠶᠢᠨ᠎ᠠ᠃ ᠬᠤᠶᠠᠷ ᠲᠤ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠪᠤᠶᠢᠵᠢᠭᠤᠯᠵᠤ᠂ ᠤᠰᠤ ᠭᠦᠷᠦᠰᠤ ᠶᠢ ᠬᠠᠮᠠᠭᠠᠯᠠᠨ᠂ ᠢᠳᠡᠭᠳᠡᠯ ᠢ ᠬᠤᠷᠢᠠᠠᠯᠠᠵᠤ᠂ ᠪᠤᠭᠢᠷᠳᠦᠯ ᠢ ᠪᠠᠭᠠᠰᠬᠠᠬᠤ᠂ ᠪᠤᠳᠠᠰ ᠤᠨ ᠤᠷᠤᠰᠢᠯ ᠤᠨ ᠤᠷᠴᠢᠨ ᠠᠬᠤᠢ ᠶᠢᠨ ᠨᠠᠶᠢᠳᠡ ᠶᠢᠨ ᠠᠰᠢᠠᠠᠳᠤ ᠦᠨ᠎ᠠ ᠴᠠᠨ᠎ᠠ ᠶᠢ ᠬᠠᠮᠠᠭᠠᠯᠠᠵᠤ ᠪᠠᠶᠢᠨ᠎ᠠ᠃ ᠭᠤᠷᠪᠡ ᠳᠤ᠂ ᠪᠡᠶ᠎ᠠ ᠮᠠᠬᠠᠪᠤᠳ ᠤᠨ ᠡᠷᠡᠭᠦᠯᠵᠢᠯ ᠢ ᠪᠠᠳᠤᠯᠠᠵᠤ᠂ ᠵᠤᠭᠠᠴᠠᠯ ᠠᠮᠠᠷᠠᠯᠳᠠ ᠭᠢᠵᠤ᠂ ᠪᠠᠶᠢᠭᠠᠯᠢ ᠭᠢᠭᠡᠳ ᠭᠦᠮᠦᠨ ᠲᠦᠷᠦᠯᠭᠢᠳᠡᠨ ᠤ ᠰᠤᠶᠤᠯ ᠤᠨ ᠦᠵᠡᠮᠵᠢ ᠶᠢᠨ ᠭᠤᠸ᠎ᠠ ᠰᠠᠶᠢᠬᠠᠨ ᠤ ᠭᠦᠷᠳᠡᠭᠡᠯ ᠪᠡ ᠰᠢᠨᠵᠢᠯᠡᠭᠦ ᠤᠬᠠᠭᠠᠨ ᠰᠤᠷᠭᠠᠨ ᠭᠦᠮᠦᠵᠢᠯ ᠵᠡᠷᠭᠡ ᠦᠢᠯᠡᠴᠢᠯᠡᠭᠡᠨ ᠤ ᠴᠢᠳᠠᠪᠤᠷᠢ ᠶᠢ ᠤᠯᠭᠤᠨ ᠦᠭᠴᠤ ᠪᠠᠶᠢᠨ᠎ᠠ᠃ ᠡᠳᠡᠭᠡᠷ ᠴᠢᠳᠠᠪᠤᠷᠢ ᠨᠢ ᠬᠠᠷᠢᠯᠴᠠᠨ ᠲᠠᠮᠵᠢᠯᠴᠡᠪᠡᠯ ᠰᠠᠶ᠋ᠢ ᠲᠠᠯ᠎ᠠ ᠨᠤᠳᠤᠭ ᠤᠨ ᠦᠷᠭᠦᠯᠵᠢᠯᠡᠨ ᠭᠦᠭᠵᠢᠭᠦ ᠶᠢ ᠪᠡᠶᠡᠯᠡᠭᠦᠯᠵᠤ ᠴᠢᠳᠠᠨ᠎ᠠ᠃ ᠠᠮᠢ ᠠᠬᠤᠢ ᠶᠢᠨ ᠤᠬᠠᠭᠠᠨᠳᠠᠨ ᠨᠤᠳᠤᠭ ᠪᠡᠯᠴᠢᠭᠡᠷ ᠤᠨ ᠠᠰᠢᠠᠠᠯᠠᠯᠳᠠ ᠬᠠᠮᠢᠶᠠᠷᠤᠯᠳᠠ ᠶᠢᠨ ᠨᠡᠶᠢᠭᠡᠮ ᠤᠨ ᠦᠢᠯᠡᠳᠦᠯᠭᠡ ᠪᠤᠯᠤᠨ ᠲᠠᠯ᠎ᠠ ᠨᠤᠳᠤᠭ ᠤᠨ ᠦᠢᠯᠡᠳᠪᠤᠷᠢᠯᠡᠯ ᠤᠨ ᠭᠦᠴᠤᠨ ᠢ ᠦᠨᠳᠦᠰᠦᠯᠡᠨ ᠲᠦᠰᠦᠭᠡᠯᠡᠨ ᠪᠤᠳᠤᠭᠠᠳ᠂ ᠲᠠᠯ᠎ᠠ ᠨᠤᠳᠤᠭ ᠤᠨ ᠬᠤᠶᠠᠳᠤᠭᠠᠷ ᠭᠤᠷᠪᠠᠳᠤᠭᠠᠷ ᠲᠦᠷᠦᠯ ᠤᠨ ᠴᠢᠳᠠᠪᠤᠷᠢ ᠨᠢ ᠨᠢᠭᠡᠳᠦᠭᠡᠷ ᠲᠦᠷᠦᠯ ᠤᠨ ᠴᠢᠳᠠᠪᠤᠷᠢ ᠶᠢᠨ ᠪᠠᠳᠤᠯᠠᠭ᠎ᠠ ᠶᠢᠨ ᠨᠦᠭᠦᠴᠡᠯ ᠪᠤᠯᠬᠤ ᠪᠠᠷ ᠪᠠᠷᠠᠬᠤ ᠦᠭᠡᠢ ᠪᠠᠰᠠ ᠵᠤᠭᠤᠰ ᠢᠶᠠᠷ ᠪᠤᠳᠤᠪᠠᠯ ᠮᠦᠨ ᠴᠦ ᠨᠢᠭᠡᠳᠦᠭᠡᠷ ᠲᠦᠷᠦᠯ ᠤᠨ ᠴᠢᠳᠠᠪᠤᠷᠢ ᠶᠢᠨ ᠦᠨ᠎ᠠ ᠦᠷᠳᠡᠭ ᠠᠴᠠ ᠲᠠᠪᠠᠵᠠᠢ ᠭᠡᠮᠡᠨ ᠦᠵᠡᠭᠰᠡᠨ ᠪᠠᠶᠢᠨ᠎ᠠ᠃
ᠲᠠᠯ᠎ᠠ ᠨᠤᠳᠤᠭ ᠨᠢ ᠭᠡᠳᠦ᠋ᠢᠪᠡᠷ ᠤᠯᠠᠨ ᠴᠢᠳᠠᠪᠤᠷᠢ ᠪᠦᠭᠦᠢ ᠦᠢᠯᠡᠴᠢᠯᠡᠭᠡᠨ ᠤ ᠦᠨ᠎ᠠ ᠴᠠᠨ᠎ᠠ ᠲᠠᠢ ᠪᠤᠯᠪᠠᠴᠤ ᠲᠠᠭᠠᠭᠠᠴᠠ ᠶᠢᠨ ᠭᠦᠴᠤᠨ ᠨᠢ ᠭᠢᠵᠠᠭᠠᠷ ᠲᠠᠢ ᠶᠤᠮ᠃ ᠨᠢᠳᠤᠨ ᠡᠮᠦᠨᠡᠭᠢ ᠪᠠ ᠤᠬᠤᠷ ᠬᠤᠭᠤᠴᠠᠭᠠᠨ ᠤ ᠠᠰᠢᠭ ᠲᠤᠰᠠ ᠠᠴᠠ ᠭᠠᠷᠳᠠᠵᠤ᠂ ᠮᠠᠯ ᠤᠨ ᠲᠤᠭ᠎ᠠ ᠶᠢ ᠰᠤᠬᠤᠷ ᠪᠠᠯᠠᠢ ᠪᠠᠷ ᠭᠦᠭᠡᠭᠡᠴᠡᠯᠳᠦᠭᠦ᠂ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ᠂ ᠠᠳᠠᠷ ᠬᠠᠭᠠᠯᠪᠤᠷᠢᠯᠠᠬᠤ᠂ ᠲᠦᠯᠡᠭᠡ ᠲᠦᠯᠡᠰᠢ ᠭᠡᠳᠦᠷᠡᠳᠡᠯ᠎ᠡ ᠲᠠᠭᠦᠭᠦ ᠪᠡ ᠡᠮ ᠤᠨ ᠤᠷᠭᠤᠮᠠᠯ ᠮᠠᠯᠳᠠᠬᠤ ᠵᠡᠷᠭᠡ ᠲᠡᠭᠡᠷᠡᠮᠳᠡᠯ ᠤᠨ ᠭᠡᠯᠪᠡᠷᠢ ᠲᠠᠢ ᠡᠵᠡᠩᠨᠡᠯᠳᠡ ᠶᠢᠨ ᠠᠵᠢᠯᠯᠠᠭ᠎ᠠ ᠶᠢ ᠲᠦᠷᠰᠦᠯᠡᠯ ᠢᠶᠠᠷ ᠭᠡᠯᠡᠪᠡᠯ ᠲᠠᠷᠤᠢ ᠨᠢᠭᠡᠨ ᠵᠦᠢᠯ ᠤᠨ ᠨᠠᠭᠤᠷ ᠢᠶᠠᠨ ᠬᠠᠳᠠᠭᠠᠵᠤ ᠨᠤᠭᠤᠰᠤ ᠪᠠᠨ ᠦᠭᠦᠭᠦᠯᠭᠦ ᠠᠵᠢᠯᠯᠠᠭ᠎ᠠ ᠪᠤᠯᠬᠤ ᠶᠤᠮ᠃
4. ᠮᠠᠨ ᠤ ᠤᠯᠤᠰ ᠨᠤᠳᠤᠭ ᠪᠡᠯᠴᠢᠭᠡᠷ ᠤᠨ ᠲᠠᠴᠢᠷᠳᠡᠯ ᠢ ᠵᠠᠰᠠᠬᠤ ᠲᠠᠯ᠎ᠠ ᠪᠠᠷ ᠶᠠᠮᠠᠷ ᠬᠠᠤᠯᠢ ᠴᠠᠭᠠᠵᠠ ᠪᠠᠶᠢᠬᠤ ᠪᠤᠢ︖
ᠮᠠᠨ ᠤ ᠤᠯᠤᠰ ᠤᠨ ᠲᠠᠴᠢᠷᠳᠡᠯ ᠢ ᠵᠠᠰᠠᠬᠤ ᠲᠠᠯ᠎ᠠ ᠪᠠᠷ ᠡᠰᠢᠯᠡᠭᠦ ᠬᠠᠤᠯᠢ ᠴᠠᠭᠠᠵᠠ ᠭᠡᠪᠡᠯ ᠭᠤᠤᠯ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ︾ ᠪᠤᠯᠤᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ᠵᠡᠷᠭᠡ ᠪᠠᠶᠢᠨ᠎ᠠ᠃
5. ᠨᠤᠳᠤᠭ ᠪᠡᠯᠴᠢᠭᠡᠷ ᠶᠠᠭᠠᠭᠢᠬᠤ ᠳᠠᠭᠠᠨ ᠲᠠᠴᠢᠷᠳᠠᠵᠤ ᠪᠠᠶᠢᠬᠤ ᠪᠤᠢ︖
ᠨᠤᠳᠤᠭ ᠪᠠᠯᠴᠢᠭᠡᠷ ᠢ ᠲᠠᠴᠢᠷᠳᠠᠭᠤᠯᠵᠤ ᠪᠠᠶᠢᠬᠤ ᠶᠢᠨ ᠭᠤᠤᠯ ᠰᠢᠯᠳᠠᠭᠠᠨ ᠭᠡᠪᠡᠯ ᠭᠤᠤᠯ ᠨᠢ ᠪᠠᠶᠢᠭᠠᠯᠢ ᠶᠢᠨ ᠡᠯᠧᠮᠧᠨ᠋ᠲ ᠪᠠ ᠭᠦᠮᠦᠨ ᠤ ᠤᠷᠰᠢᠭ ᠪᠤᠯᠤᠨ᠎ᠠ᠃
︵1︶ ᠪᠠᠶᠢᠭᠠᠯᠢ ᠶᠢᠨ ᠡᠯᠧᠮᠧᠨ᠋ᠲ ᠭᠡᠳᠡᠭ ᠪᠤᠯ ᠭᠤᠤᠯ ᠨᠢ ᠰᠠᠯᠭᠢ᠂ ᠤᠰᠤᠨ ᠤ ᠢᠳᠡᠭᠳᠡᠯ᠂ ᠠᠭᠤᠷ ᠠᠮᠢᠰᠬᠤᠯ ᠤᠨ ᠭᠠᠩ ᠬᠠᠭᠤᠷᠠᠢ᠂ ᠨᠤᠳᠤᠭ ᠪᠡᠯᠴᠢᠭᠡᠷ ᠤᠨ ᠬᠤᠯᠤᠭᠠᠨ᠎ᠠ ᠶᠢᠨ ᠭᠦᠨᠦᠭᠡᠯ ᠵᠢᠴᠢ ᠪᠤᠰᠤᠳ ᠹᠢᠽᠢᠺ ᠭᠢᠮᠢ ᠶᠢᠨ ᠦᠢᠯᠡᠳᠦᠯ ᠵᠡᠷᠭᠡ ᠶᠢ ᠵᠢᠭᠠᠵᠤ ᠪᠠᠶᠢᠨ᠎ᠠ᠃
︵2︶ ᠭᠦᠮᠦᠨ ᠤ ᠤᠷᠰᠢᠭ ᠤᠨ ᠡᠯᠧᠮᠧᠨ᠋ᠲ ᠭᠡᠳᠡᠭ ᠪᠤᠯ ᠭᠦᠮᠦᠰ ᠤᠨ ᠵᠦᠢ ᠵᠤᠭᠢᠰ ᠦᠭᠡᠢ ᠠᠵᠢᠯᠯᠠᠭ᠎ᠠ ᠶᠢ ᠵᠢᠭᠠᠵᠤ ᠪᠠᠶᠢᠨ᠎ᠠ᠃ ᠡᠨᠡ ᠨᠢ ᠲᠤᠯᠤᠭᠠᠨ ᠲᠠᠯ᠎ᠠ ᠪᠠᠷ ᠢᠯᠡᠷᠡᠵᠤ ᠪᠠᠶᠢᠨ᠎ᠠ᠃
ᠨᠢᠭᠡ ᠳᠤ᠂ ᠭᠡᠳᠦᠷᠭᠡᠢ ᠠᠳᠠᠷ ᠬᠠᠭᠠᠯᠪᠤᠷᠢᠯᠠᠵᠤ ᠪᠠᠶᠢᠨ᠎ᠠ᠃ ᠲᠡᠤᠭᠡᠨ ᠲᠡᠭᠡᠷ᠎ᠡ ᠬᠠᠭᠠᠯᠪᠤᠷᠢᠯᠬᠠᠰᠠᠨ ᠭᠠᠵᠠᠷ ᠰᠢᠷᠤᠢ ᠶᠢᠨ ᠶᠡᠭᠡᠨᠭᠭᠢ ᠨᠢ ᠤᠰᠤᠯᠠᠯᠳᠠ ᠶᠢᠨ ᠨᠦᠭᠦᠴᠡᠯ ᠦᠭᠡᠢ᠂ ᠦᠨᠳᠤᠰᠤᠨ ᠳᠡᠭᠡᠨ ᠬᠤᠷ᠎ᠡ ᠪᠤᠷᠤᠭᠠᠨ ᠳᠤ ᠲᠦᠰᠢᠭᠯᠡᠵᠤ ᠪᠠᠶᠢᠠᠠᠰᠠᠨ᠃ ᠭᠡᠳᠡᠯ᠎ᠠ ᠲᠠᠷᠢᠶᠠᠯᠠᠩ ᠤᠨ ᠦᠢᠯᠡᠳᠪᠤᠷᠢᠯᠡᠯ ᠢ ᠬᠠᠮᠤᠭ ᠤᠨ ᠶᠡᠭᠡ ᠭᠢᠵᠠᠭᠠᠷᠯᠠᠳᠠᠭ ᠡᠯᠧᠮᠧᠨ᠋ᠲ ᠨᠢ ᠶᠠᠭ ᠬᠤᠷ᠎ᠠ ᠪᠤᠷᠤᠭᠠᠨ ᠪᠠᠭ᠎ᠠ᠂ ᠠᠭᠤᠷᠰᠢᠯᠳᠠ ᠨᠢ ᠶᠡᠭᠡ ᠠᠴᠠ ᠪᠤᠯᠤᠠᠠᠰᠠᠨ ᠭᠦᠨᠳᠤ ᠨᠤᠴᠢᠳᠡᠢ ᠭᠠᠨᠭ᠍ᠳᠠᠯ ᠪᠤᠯᠤᠨ᠎ᠠ᠃ ᠡᠨᠡ ᠬᠦ ᠲᠤᠪᠤᠶᠢᠮ᠎ᠠ ᠵᠦᠷᠢᠴᠡᠯ ᠨᠢ ᠲᠠᠷᠤᠢ ᠭᠡᠮᠵᠢᠶ᠎ᠠ ᠭᠢᠵᠠᠭᠠᠷ ᠦᠭᠡᠢ ᠠᠳᠠᠷ ᠬᠠᠭᠠᠯᠪᠤᠷᠢᠯᠬᠠᠰᠠᠨ ᠠᠴᠠ ᠪᠤᠯᠤᠭᠠᠳ ᠶᠡᠭᠡ ᠭᠡᠮᠵᠢᠶᠠᠨ ᠤ ᠭᠠᠵᠠᠷ ᠨᠤᠳᠤᠭ ᠢ ᠲᠠᠴᠢᠷᠳᠠᠭᠤᠯᠤᠠᠠᠰᠠᠨ ᠤ ᠦᠨᠳᠤᠰᠤᠨ ᠰᠢᠯᠳᠠᠭᠠᠨ ᠪᠤᠯᠤᠨ᠎ᠠ᠃ ᠬᠠᠮᠢᠶ᠎ᠠ ᠪᠦᠭᠦᠢ ᠮᠠᠲ᠋ᠧᠷᠢᠶᠠᠯ ᠳᠤ ᠢᠯᠡᠳᠭᠡᠭᠰᠡᠨ ᠢ ᠦᠨᠳᠦᠰᠦᠯᠡᠪᠡᠯ 1994~1999 ᠤᠨ ᠪᠤᠯᠳᠠᠯᠠᠭᠢ ᠲᠠᠪᠤᠨ ᠵᠢᠯ ᠳᠤ ᠮᠠᠨ ᠤ ᠤᠯᠤᠰ ᠲᠤᠠᠠᠳᠠᠪᠤᠷᠢᠵᠢᠭᠤᠯᠤᠠᠠᠰᠠᠨ ᠡᠯᠡᠰᠤ ᠵᠢᠴᠢ ᠨᠤᠳᠤᠭ ᠪᠡᠯᠴᠢᠭᠡᠷ ᠢ 1.7 ᠲᠦᠮᠡᠨ km2 ᠬᠠᠭᠠᠯᠪᠤᠷᠢᠯᠠᠵᠤ᠂ ᠵᠢᠯ ᠳᠤ ᠲᠤᠮᠳᠠᠴᠢ ᠪᠠᠷ 3400km2 ᠬᠠᠭᠠᠯᠪᠤᠷᠢᠯᠠᠵᠤ᠂ ᠡᠭᠦᠨ ᠳᠤ ᠨᠡᠭᠦᠳᠡᠯ ᠡᠯᠡᠰᠤ ᠪᠠ ᠬᠠᠭᠠᠰ ᠲᠤᠠᠠᠳᠠᠪᠤᠷᠢᠵᠢᠠᠠᠰᠠᠨ ᠡᠯᠡᠰᠤ ᠪᠤᠯᠤᠠᠠᠰᠠᠨ ᠲᠠᠯᠠᠪᠠᠢ ᠨᠢ ᠬᠠᠭᠠᠰ ᠰᠢᠬᠠᠮ ᠢ ᠨᠢ ᠡᠵᠡᠯᠡᠭᠡᠳ᠂ ᠭᠡᠮᠵᠢᠶ᠎ᠠ ᠭᠢᠵᠠᠭᠠᠷ ᠦᠭᠡᠢ ᠠᠳᠠᠷ ᠬᠠᠭᠠᠯᠪᠤᠷᠢᠯᠬᠠᠰᠠᠨ ᠶᠠᠪᠤᠳᠠᠯ ᠨᠢ ᠨᠤᠳᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠳᠤ ᠤᠷᠢᠳᠤ ᠡᠮᠦᠨ᠎ᠠ ᠭᠠᠷᠤᠭᠠᠳᠤᠢ ᠶᠡᠭᠡ ᠭᠡᠮᠵᠢᠶᠠᠨ ᠤ ᠡᠪᠳᠡᠯᠡᠭᠡ ᠤᠴᠠᠷᠠᠭᠤᠯᠤᠠᠠᠰᠠᠨ ᠪᠠᠶᠢᠨ᠎ᠠ᠃ ᠠᠳᠠᠷ ᠬᠠᠭᠠᠯᠪᠤᠷᠢᠯᠬᠠᠰᠠᠨ ᠨᠢ ᠶᠡᠭᠡ ᠭᠡᠮᠵᠢᠶᠠᠨ ᠤ ᠡᠪᠡᠰᠤ ᠪᠡᠯᠴᠢᠭᠡᠷ ᠢ ᠰᠦᠢᠳᠭᠡᠵᠤ᠂ ᠪᠠᠶᠢᠭᠠᠯᠢ ᠶᠢᠨ ᠤᠷᠭᠤᠮᠠᠯ ᠤᠨ ᠪᠦᠷᠭᠦᠴᠡ ᠶᠢ ᠡᠪᠳᠡᠵᠤ᠂ ᠲᠡᠭᠦᠨ ᠤ ᠰᠢᠭᠤᠳ ᠦᠷ᠎ᠡ ᠳ᠋ᠦᠩ ᠨᠢ ᠭᠠᠵᠠᠷ ᠤᠨ ᠭᠠᠳᠠᠷᠭᠤ ᠶᠢᠨ ᠲᠤᠠᠠᠳᠠᠭᠤᠨ ᠴᠢᠨᠠᠷ ᠢ ᠪᠠᠭᠤᠷᠠᠭᠤᠯᠵᠤ᠂ ᠭᠦᠷᠦᠰᠤ ᠰᠢᠷᠤᠢ ᠶᠢᠨ ᠤᠰᠤ ᠰᠢᠮᠡᠳᠭᠡᠭᠦ ᠴᠢᠳᠠᠪᠤᠷᠢ ᠶᠢ ᠨᠢ ᠠᠯᠳᠠᠭᠤᠯᠵᠤ᠂ ᠠᠭᠤᠷᠰᠢᠯᠳᠡ ᠶᠢ ᠨᠢ ᠲᠦᠷᠭᠡᠳᠭᠡᠭᠰᠡᠨ ᠢᠶᠠᠷ ᠭᠠᠩ ᠬᠠᠭᠰᠠᠷᠠᠭᠠᠨ ᠢ ᠤᠯᠠᠮ ᠰᠢᠷᠦᠭᠦᠰᠭᠡᠭᠰᠡᠨ ᠢᠶᠠᠷ ᠪᠠᠷᠠᠬᠤ ᠦᠭᠡᠢ ᠪᠠᠰᠠ ᠰᠠᠯᠭᠢᠨ ᠤ ᠢᠳᠡᠭᠳᠡᠯ᠂ ᠤᠰᠤᠨ ᠤ ᠢᠳᠡᠭᠳᠡᠯ ᠪᠡ ᠬᠤᠵᠢᠷᠰᠢᠯ ᠵᠡᠷᠭᠡ ᠭᠦᠷᠤᠰᠤ ᠰᠢᠷᠤᠢ ᠶᠢᠨ ᠮᠠᠭᠤᠵᠢᠷᠠᠯ ᠤᠨ ᠶᠠᠪᠤᠴᠠ ᠶᠢ ᠤᠯᠠᠮ ᠲᠦᠷᠭᠡᠳᠭᠡᠵᠡᠢ᠃ ᠡᠭᠦᠨ ᠠᠴᠠ ᠭᠠᠳᠠᠨ᠎ᠠ ᠬᠠᠭᠠᠯᠪᠤᠷᠢᠯᠬᠠᠰᠠᠨ ᠭᠠᠵᠠᠷ ᠲᠠᠭᠠᠨ ᠪᠦᠳᠦᠮᠵᠢᠳᠡᠢ ᠤᠷᠤᠭᠤᠯᠤᠯᠳᠠ ᠭᠢᠭᠰᠡᠨ ᠢᠶᠠᠷ ᠲᠤᠳᠠᠮᠠᠭ ᠪᠠ ᠰᠢᠨᠵᠢᠯᠡᠭᠦ ᠤᠬᠠᠭᠠᠠᠴᠢ ᠪᠠᠷ ᠬᠠᠮᠢᠶᠠᠷᠤᠠᠠᠰᠠᠨ ᠦᠭᠡᠢ᠂ ᠲᠠᠷᠢᠶᠠᠨ ᠭᠠᠵᠠᠷ ᠤᠨ ᠦᠨᠳᠤᠰᠤᠨ ᠪᠦᠳᠦᠭᠡᠨ ᠪᠠᠶᠢᠭᠤᠯᠤᠯᠳᠠ ᠭᠢᠭᠰᠡᠨ ᠦᠭᠡᠢ ᠮᠦᠷᠳᠡᠭᠡᠨ ᠪᠠᠰᠠ ᠪᠤᠰᠤᠳ ᠲᠠᠯ᠎ᠠ ᠶᠢᠨ ᠤᠷᠤᠭᠤᠯᠤᠯᠳᠠ ᠪᠠ ᠪᠤᠷᠳᠤᠭᠤᠷ ᠤᠷᠤᠭᠤᠯᠤᠨ ᠬᠠᠮᠠᠭᠠᠯᠬᠠᠰᠠᠨ ᠦᠭᠡᠢ ᠪᠠᠶᠢᠳᠠᠭ᠃ ᠰᠢᠨ᠎ᠠ ᠪᠠᠷ ᠬᠠᠭᠠᠯᠪᠤᠷᠢᠯᠬᠠᠰᠠᠨ ᠲᠠᠷᠢᠶᠠᠨ ᠳᠠᠭᠠᠨ ᠬᠤᠶᠠᠷ ᠭᠤᠷᠪᠡᠨ ᠵᠢᠯ ᠯᠡ ᠲᠠᠷᠢᠶ᠎ᠠ ᠲᠠᠷᠢᠭᠠᠳ᠂ ᠲᠠᠭᠢᠵᠤ ᠲᠠᠷᠢᠬᠤ ᠪᠠᠨ ᠪᠤᠯᠢᠵᠤ ᠤᠷᠭᠢᠭᠠᠳ᠂ ᠡᠷᠭᠢᠭᠡᠳ ᠰᠢᠨ᠎ᠠ ᠭᠠᠵᠠᠷ ᠬᠠᠭᠠᠯᠪᠤᠷᠢᠯᠠᠳᠠᠭ᠃ ᠡᠭᠦᠨ ᠠᠴᠠ ᠪᠤᠯᠤᠭᠠᠳ ᠤᠷᠭᠢᠵᠤ ᠬᠠᠶ᠋ᠬᠠᠰᠠᠨ ᠭᠠᠵᠠᠷ ᠨᠢ ᠮᠠᠰᠢ ᠲᠦᠷᠭᠡᠨ ᠢᠶᠠᠷ ᠡᠯᠡᠰᠤᠨ ᠲᠠᠯᠠᠢ ᠪᠤᠯᠴᠢᠬᠠᠳᠠᠭ ᠪᠠᠶᠢᠨ᠎ᠠ᠃ ᠡᠨᠡ ᠮᠡᠳᠤ ᠲᠠᠭᠢᠨ ᠲᠠᠪᠳ᠋ᠬᠠᠰᠠᠭᠠᠷ ᠪᠠᠶᠢᠭᠠᠳ ᠠᠳᠠᠷ ᠬᠠᠭᠠᠯᠪᠤᠷᠢᠯᠠᠬᠤ - ᠡᠯᠡᠰᠦᠷᠭᠡᠭᠵᠢᠭᠦ - ᠬᠠᠶᠠᠵᠤ ᠤᠷᠭᠢᠬᠤ - ᠡᠷᠭᠢᠭᠡᠳ ᠬᠠᠭᠠᠯᠪᠤᠷᠢᠯᠠᠬᠤ ᠮᠠᠭᠤ ᠤᠷᠴᠢᠯ ᠲᠠᠢ ᠪᠤᠯᠤᠠᠠᠰᠠᠨ ᠪᠠᠶᠢᠨ᠎ᠠ᠃
ᠬᠤᠶᠠᠷ ᠲᠤ᠂ ᠪᠡᠯᠴᠢᠭᠡᠷ ᠤᠨ ᠲᠠᠭᠠᠭᠠᠴᠠ ᠠᠴᠠ ᠭᠡᠳᠦᠷᠡᠳᠡᠯ᠎ᠡ ᠮᠠᠯ ᠮᠠᠯᠵᠢᠵᠤ ᠪᠠᠶᠢᠨ᠎ᠠ᠃ ᠡᠨᠡ ᠪᠤᠯ ᠨᠤᠳᠤᠭ ᠪᠡᠯᠴᠢᠭᠡᠷ ᠤᠨ ᠡᠯᠡᠰᠦᠷᠭᠡᠭᠵᠢᠭᠦ᠂ ᠮᠠᠭᠤᠵᠢᠷᠠᠬᠤ ᠶᠢᠨ ᠪᠠᠰᠠ ᠨᠢᠭᠡᠨ ᠭᠤᠤᠯ ᠰᠢᠯᠳᠠᠭᠠᠨ ᠪᠤᠯᠤᠨ᠎ᠠ᠃ ᠨᠤᠳᠤᠭ ᠪᠡᠯᠴᠢᠭᠡᠷ ᠤᠨ ᠮᠠᠯ ᠰᠦᠷᠦᠭ ᠪᠠᠭᠳᠠᠭᠠᠬᠤ ᠴᠢᠳᠠᠯ ᠨᠢ ᠵᠤᠭᠢᠬᠤ ᠭᠢᠵᠠᠭᠠᠷ ᠲᠠᠢ ᠶᠤᠮ᠃ ᠡᠨᠡ ᠬᠦ ᠭᠢᠵᠠᠭᠠᠷᠯᠠᠯ ᠠᠴᠠ ᠲᠠᠪᠠᠭᠰᠠᠭᠠᠷ ᠲᠠᠷᠤᠢ ᠨᠤᠳᠤᠭ ᠪᠡᠯᠴᠢᠭᠡᠷ ᠭᠦᠨᠳᠤ ᠨᠤᠴᠢᠳᠠᠢ ᠡᠪᠳᠡᠭᠳᠡᠭᠦ ᠪᠤᠯᠤᠨ᠎ᠠ᠃ ᠮᠠᠨ ᠤ ᠤᠯᠤᠰ ᠤᠨ ᠮᠠᠰᠢ ᠤᠯᠠᠨ ᠮᠠᠯᠵᠢᠬᠤ ᠤᠷᠤᠨ ᠪᠡ ᠬᠠᠭᠠᠰ ᠮᠠᠯᠵᠢᠬᠤ ᠤᠷᠤᠨ ᠦᠡᠭᠭᠡᠷᠡᠭᠰᠡᠨ ᠳᠤ ᠨᠡᠯᠢᠶᠡᠳ ᠤᠷᠳᠤ ᠬᠤᠭᠤᠴᠠᠭᠠᠨ ᠳᠤ ᠮᠠᠯ ᠰᠦᠷᠦᠭ ᠤᠨ ᠴᠡᠪᠡᠷ ᠦᠰᠦᠯᠳᠡ ᠪᠡ ᠲᠤᠭ᠎ᠠ ᠪᠠᠷ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠡ ᠶᠢᠨ ᠰᠠᠶᠢᠨ ᠮᠠᠭᠤ ᠶᠢ ᠭᠡᠮᠵᠢᠭᠦ ᠭᠤᠤᠯ ᠭᠦᠢᠴᠡᠳᠭᠡᠭᠦ ᠲᠤᠭ᠎ᠠ ᠪᠤᠯᠭᠠᠵᠤ᠂ ᠮᠠᠯ ᠰᠦᠷᠦᠭ ᠤᠨ ᠲᠤᠭ᠎ᠠ ᠶᠢᠨ ᠲᠦᠷᠭᠡᠨ ᠨᠡᠮᠡᠭᠳᠡᠯ ᠢ ᠦᠷᠦᠭᠡᠰᠦᠨ ᠢᠶᠠᠷ ᠴᠢᠬᠤᠯᠠᠴᠢᠯᠠᠵᠤ ᠪᠠᠶᠢᠵᠠᠢ᠃ ᠭᠡᠳᠡᠯ᠎ᠠ ᠠᠳᠠᠷ ᠬᠠᠭᠠᠯᠪᠤᠷᠢᠯᠬᠠᠰᠠᠨ ᠠᠴᠠ ᠪᠤᠯᠤᠭᠠᠳ ᠶᠡᠭᠡ ᠭᠡᠪᠴᠢᠶ᠎ᠠ ᠪᠠᠷ ᠬᠠᠰᠤᠠᠠᠳ᠋ᠬᠠᠰᠠᠨ ᠨᠤᠳᠤᠭ ᠪᠡᠯᠴᠢᠭᠡᠷ ᠤᠨ ᠡᠭᠢ ᠪᠠᠶᠠᠯᠢᠭ ᠨᠢ ᠡᠳᠡᠭᠡᠷ ᠲᠤᠭ᠎ᠠ ᠶᠢ ᠲᠦᠷᠭᠡᠨ ᠨᠡᠮᠡᠭᠳᠡᠭᠦᠯᠭᠦ ᠪᠠᠶᠢᠳᠠᠯ ᠳᠤ ᠵᠤᠭᠢᠴᠠᠬᠤ ᠶᠢᠨ ᠠᠷᠭ᠎ᠠ ᠦᠭᠡᠢ ᠪᠤᠯᠤᠭᠠᠳ᠂ ᠲᠤᠰ ᠤᠷᠤᠨ ᠤ ᠨᠤᠳᠤᠭ ᠪᠡᠯᠴᠢᠭᠡᠷ ᠨᠢ ᠲᠠᠭᠠᠭᠠᠴᠠ ᠠᠴᠠ ᠪᠠᠨ ᠰᠦᠷᠡᠭᠡᠢ ᠭᠡᠳᠦᠷᠡᠵᠡᠢ᠃ ᠤᠷᠳᠤ ᠬᠤᠭᠤᠴᠠᠭ᠎ᠠ ᠪᠠᠷ ᠭᠡᠳᠦᠷᠡᠳᠡᠯ᠎ᠠ ᠮᠠᠯᠵᠢᠠᠠᠰᠠᠨ ᠪᠠᠶᠢᠳᠠᠯ ᠲᠤᠤᠷ᠎ᠠ ᠨᠤᠳᠤᠭ ᠪᠡᠯᠴᠢᠭᠡᠷ ᠤᠨ ᠤᠷᠭᠤᠮᠠᠯ ᠤᠨ ᠪᠦᠷᠭᠦᠴᠡ ᠮᠠᠭᠤᠳᠠᠵᠤ᠂ ᠭᠦᠷᠤᠰᠤ ᠰᠢᠷᠤᠢ ᠳᠠᠬᠢ ᠹᠢᠽᠢᠺ ᠭᠢᠮᠢ ᠶᠢᠨ ᠭᠦᠴᠤᠨ ᠲᠤᠳ᠋ᠬᠠᠳᠠᠵᠤ᠂ ᠡᠯᠡᠰᠦᠷᠭᠡᠭᠵᠢᠭᠦ᠂ ᠬᠤᠵᠢᠷᠰᠢᠬᠤ ᠵᠡᠷᠭᠡ ᠭᠠᠵᠠᠷ ᠨᠤᠳᠤᠭ ᠤᠨ ᠲᠠᠴᠢᠷᠳᠡᠯ ᠤᠨ ᠶᠠᠪᠤᠴᠠ ᠡᠭᠦᠰᠦᠭᠡᠳ ᠮᠠᠰᠢ ᠲᠦᠷᠭᠡᠨ ᠦᠷᠭᠡᠳᠴᠤ ᠭᠦᠭᠵᠢᠵᠡᠢ᠃
6. ᠶᠠᠭᠠᠭᠢᠬᠤ ᠳᠠᠭᠠᠨ ᠲᠤᠷ᠎ᠡ ᠪᠠᠷ ᠢᠶᠠᠨ ᠮᠠᠯᠳᠠᠵᠤ ᠲᠡᠭᠦᠭᠦ ᠨᠢ ᠨᠤᠳᠤᠭ ᠪᠡᠯᠴᠢᠭᠡᠷ ᠢ ᠲᠠᠴᠢᠷᠳᠠᠭᠤᠯᠤᠯᠠ ᠭᠡᠵᠤ ᠭᠡᠯᠡᠵᠤ ᠪᠠᠶᠢᠬᠤ ᠪᠤᠢ︖
ᠲᠦᠯᠡᠭᠡ ᠲᠦᠯᠡᠰᠢ᠂ ᠡᠮ ᠤᠨ ᠤᠷᠭᠤᠮᠠᠯ ᠢ ᠲᠤᠷ᠎ᠠ ᠪᠠᠷ ᠢᠶᠠᠨ ᠲᠡᠭᠦᠵᠤ ᠮᠠᠯᠳ᠋ᠬᠠᠰᠠᠨ ᠶᠠᠪᠤᠳᠠᠯ ᠪᠤᠯ ᠵᠠᠷᠢᠮ ᠭᠡᠰᠡᠭ ᠭᠠᠵᠠᠷ ᠤᠷᠤᠨ ᠤ ᠭᠦᠷᠦᠰᠤ ᠰᠢᠷᠤᠢ ᠶᠢᠨ ᠡᠯᠡᠰᠦᠷᠭᠡᠭᠵᠢᠯ ᠦᠷᠭᠡᠵᠢᠭᠰᠡᠨ ᠤ ᠴᠢᠬᠤᠯᠠ ᠰᠢᠯᠳᠠᠭᠠᠨ ᠪᠤᠯᠤᠨ᠎ᠠ᠃ ᠲᠦᠯᠡᠭᠡ ᠲᠦᠯᠡᠰᠢ ᠭᠡᠳᠦᠷᠭᠡᠢ ᠬᠠᠳᠤᠵᠤ ᠲᠡᠭᠦᠭᠦ ᠪᠡ ᠬᠠᠤᠯᠢ ᠪᠤᠰᠤ ᠪᠠᠷ ᠮᠠᠯᠳᠠᠵᠤ ᠬᠠᠮᠤᠠᠠᠰᠠᠨ ᠶᠠᠪᠤᠳᠠᠯ ᠨᠢ ᠨᠤᠳᠤᠭ ᠪᠡᠯᠴᠢᠭᠡᠷ ᠤᠨ ᠲᠠᠴᠢᠷᠳᠡᠯ ᠤᠨ ᠠᠭᠢᠴᠡ ᠶᠢ ᠲᠦᠷᠭᠡᠳᠭᠡᠭᠰᠡᠨ ᠪᠠᠶᠢᠨ᠎ᠠ᠃ ᠦᠪᠤᠷ
ᠮᠤᠩᠭᠤᠯ ᠳᠤ ᠭᠡᠰᠡᠭ ᠭᠠᠵᠠᠷ ᠤᠷᠤᠨ ᠤ ᠮᠠᠯᠴᠢᠨ ᠲᠠᠷᠢᠶᠠᠴᠢᠳ ᠭᠡᠳᠦ᠋ᠢᠪᠡᠷ ᠲᠠᠷᠢᠮᠠᠯ ᠤᠨ ᠡᠰᠢ ᠭᠤᠤᠷᠰᠤ᠂ ᠠᠷᠭᠠᠯ᠂ ᠨᠡᠭᠦᠷᠡᠰᠤ ᠪᠠᠷ ᠠᠮᠢᠳᠤᠷᠠᠯ ᠤᠨ ᠰᠢᠳᠠᠭᠠᠯᠭ᠎ᠠ ᠭᠢᠳᠡᠭ ᠪᠤᠯᠪᠠᠴᠤ ᠠᠯᠢ ᠡᠷᠳᠡ ᠠᠴᠠ ᠲᠤᠠᠠᠳᠠᠪᠤᠷᠢᠵᠢᠨ ᠰᠠᠭᠤᠷᠢᠰᠢᠬᠠᠰᠠᠨ ᠮᠠᠯᠵᠢᠬᠤ ᠤᠷᠤᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ᠤ ᠤᠯᠠᠩᠭᠢ ᠠᠷᠠᠳ ᠤᠯᠠᠨ ᠨᠢ ᠵᠡᠷᠯᠢᠭ ᠤᠷᠭᠤᠮᠠᠯ ᠢᠶᠠᠷ ᠰᠢᠳᠠᠭᠠᠯᠭ᠎ᠠ ᠭᠢᠵᠤ ᠤᠨ ᠵᠢᠯ ᠤᠳᠠᠵᠠᠢ᠃ 1979 ᠤᠨ ᠳᠤ ᠭᠢᠭᠰᠡᠨ ᠨᠢᠭᠡ ᠤᠳᠠᠭᠠᠨ ᠤ ᠡᠯᠡᠰᠦᠷᠭᠡᠭᠵᠢᠯ ᠤᠨ ᠪᠠᠶᠢᠴᠠᠭᠠᠯᠳᠠ ᠶᠢ ᠦᠨᠳᠦᠰᠦᠯᠡᠪᠡᠯ ᠤᠤᠯ ᠤᠨ ᠶᠡᠭᠡ ᠵᠤᠤ ᠠᠶᠢᠮᠠᠬ ᠤᠨ ᠮᠠᠯᠴᠢᠨ ᠲᠠᠷᠢᠶᠠᠴᠢᠨ ᠠᠮᠢᠳᠤᠷᠠᠯ ᠤᠨ ᠰᠢᠳᠠᠭᠠᠯᠭ᠎ᠠ ᠭᠢᠭᠦ᠂ ᠫᠧᠩ ᠰᠠᠷᠠᠪᠴᠢ ᠪᠠᠷᠢᠬᠤ᠂ ᠭᠡᠷᠡᠮ ᠭᠦᠷᠢᠶ᠎ᠠ ᠪᠠᠨ ᠪᠠᠭᠢᠯᠡᠭᠦ ᠪᠡ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠭᠦᠯᠭᠦ ᠶᠢᠨ ᠲᠤᠰᠠᠳᠠ ᠵᠢᠯ ᠪᠦᠷᠢ ᠶᠡᠭᠡ ᠭᠡᠮᠵᠢᠶᠠᠨ ᠤ ᠲᠤᠰᠤᠨ ᠰᠢᠷᠠᠯᠵᠢ᠂ ᠪᠤᠷᠭᠠᠰᠤ ᠪᠤᠳᠠ᠂ ᠬᠠᠷᠭᠠᠨ᠎ᠠ ᠬᠠᠳᠤᠵᠤ ᠮᠠᠯᠳᠠᠳᠠᠭ ᠪᠠᠶᠢᠵᠠᠢ᠃ ᠵᠢᠱᠢᠨ ᠪᠤᠳᠤᠠᠠᠰᠠᠨ ᠢᠶᠠᠷ ᠪᠤᠯ ᠲᠠᠪᠤᠨ ᠭᠦᠮᠦᠨ ᠠᠮᠠ ᠲᠠᠢ ᠨᠢᠭᠡ ᠭᠡᠷ ᠪᠦᠯᠢ ᠵᠢᠯ ᠤᠨ ᠲᠦᠯᠡᠰᠢ ᠰᠢᠳᠠᠭᠠᠯᠭ᠎ᠠ ᠳᠤ 40 ᠮᠤ᠋ ᠲᠤᠠᠠᠳᠠᠪᠤᠷᠢᠵᠢᠭᠤᠯᠤᠠᠠᠰᠠᠨ ᠪᠠ ᠬᠠᠭᠠᠰ ᠲᠤᠠᠠᠳᠠᠪᠤᠷᠢᠵᠢᠭᠤᠯᠤᠠᠠᠰᠠᠨ ᠡᠯᠡᠰᠤᠨ ᠲᠡᠭᠡᠷᠡᠭᠢ ᠪᠦᠭᠦ ᠲᠤᠰᠤᠨ ᠰᠢᠷᠠᠯᠵᠢ ᠶᠢ ᠭᠡᠷᠡᠭᠯᠡᠭᠦ ᠴᠢᠬᠤᠯᠠ ᠲᠠᠢ᠃ ᠲᠤᠬᠠᠶᠢᠯᠠᠪᠠᠯ ᠵᠢᠯ ᠪᠦᠷᠢ 40 ᠮᠤ᠋ ᠪᠠᠶᠢᠭᠠᠯᠢ ᠶᠢᠨ ᠤᠷᠭᠤᠮᠠᠯ ᠤᠨ ᠪᠦᠷᠭᠦᠴᠡ ᠶᠢ ᠰᠦᠢᠳᠭᠡᠨᠠ ᠭᠡᠰᠡᠨ ᠦᠭᠡ᠃ ᠡᠨᠡ ᠨᠢ ᠭᠡᠳᠦᠷᠭᠡᠢ ᠬᠠᠳᠤᠵᠤ ᠲᠡᠭᠦᠭᠦ ᠨᠢ ᠦᠨᠡᠨ ᠬᠦ ᠪᠠᠶᠢᠭᠠᠯᠢ ᠶᠢᠨ ᠤᠷᠭᠤᠮᠠᠯ ᠤᠨ ᠪᠦᠷᠭᠦᠴᠡ ᠶᠢ ᠰᠦᠢᠳᠭᠡᠵᠤ᠂ ᠡᠯᠡᠰᠦᠷᠭᠡᠭᠵᠢᠯ ᠢ ᠲᠦᠷᠭᠡᠳᠭᠡᠵᠤ ᠪᠠᠶᠢᠬᠤ ᠤᠮᠳᠤᠭᠠᠶᠢᠯᠠᠵᠤ ᠪᠤᠯᠤᠰᠢ ᠦᠭᠡᠢ ᠨᠢᠭᠡᠨ ᠡᠯᠧᠮᠧᠨ᠋ᠲ ᠮᠦᠨ ᠭᠡᠰᠡᠨ ᠢ ᠬᠠᠷᠠᠭᠤᠯᠵᠤ ᠪᠠᠶᠢᠨ᠎ᠠ᠃ ᠨᠤᠳᠤᠭ ᠪᠡᠯᠴᠢᠭᠡᠷ ᠪᠤᠯ ᠨᠢᠭᠡᠨ ᠮᠤᠠᠳᠠᠭ ᠲᠤᠮᠤ ᠡᠮᠳᠤ ᠪᠤᠳᠠᠰ ᠤᠨ ᠡᠭᠢ ᠪᠠᠶᠠᠯᠢᠭ ᠤᠨ ᠡᠷᠳᠡᠨᠢ ᠶᠢᠨ ᠭᠦᠮᠦᠷᠭᠡ ᠮᠦᠨ᠃ ᠡᠭᠦᠨ ᠳᠤ ᠭᠢᠳᠡᠳ ᠡᠪᠡᠰᠤᠨ ᠡᠮ ᠤᠨ ᠮᠠᠲ᠋ᠧᠷᠢᠶᠠᠯ ᠪᠤᠯᠤᠨ ᠵᠡᠷᠯᠢᠭ ᠨᠤᠭᠤᠭ᠎ᠠ ᠴᠠᠭ᠎ᠠ ᠡᠯᠪᠡᠭ ᠤᠷᠭᠤᠳᠠᠭ᠃ ᠠᠵᠤ ᠠᠬᠤᠢ ᠶᠢᠨ ᠠᠰᠢᠭ ᠲᠤᠰᠠ ᠶᠢᠨ ᠭᠦᠭᠡᠭᠡᠴᠡᠯᠳᠦᠯ ᠲᠤᠤᠷ᠎ᠠ ᠦᠪᠤᠷ ᠮᠤᠩᠭᠤᠯ ᠤᠨ ᠲᠤᠮᠳᠠᠳᠤ ᠪᠠᠷᠠᠭᠤᠨ ᠭᠡᠰᠡᠭ ᠤᠨ ᠭᠠᠵᠠᠷ ᠤᠷᠤᠨ ᠳᠤ ᠰᠢᠭᠢᠷ ᠡᠪᠡᠰᠤ᠂ ᠵᠡᠭᠡᠷᠭᠡᠨ᠎ᠡ᠂ ᠭᠤᠶᠤᠤ ᠵᠡᠷᠭᠡ ᠡᠮ ᠤᠨ ᠤᠷᠭᠤᠮᠠᠯ ᠢ ᠡᠭᠢ ᠠᠳᠠᠭ ᠦᠭᠡᠢ ᠲᠡᠭᠦᠵᠤ ᠮᠠᠯᠳᠠᠵᠤ᠂ ᠢᠯᠠᠩᠭᠤᠶ᠎ᠠ 1980 ᠤᠨ ᠤ ᠡᠭᠢ ᠠᠴᠠ 1990 ᠤᠨ ᠤ ᠡᠴᠤᠰ ᠪᠤᠯᠳᠠᠯᠠᠭᠢ ᠬᠤᠭᠤᠴᠠᠭᠠᠨ ᠳᠤ ᠵᠡᠷᠭᠡᠯᠡᠳᠡᠭᠡ ᠤᠷᠤᠨ ᠤ 200 ᠭᠠᠷᠤᠢ ᠲᠦᠮᠡᠨ ᠲᠠᠷᠢᠶᠠᠴᠢᠳ ᠰᠢᠯᠢ ᠶᠢᠨ ᠭᠤᠤᠯ᠂ ᠤᠯᠠᠭᠠᠠᠴᠠᠪ᠂ ᠤᠷᠳᠤᠰ᠂ ᠠᠯᠠᠱᠠ ᠵᠡᠷᠭᠡ ᠠᠶᠢᠮᠠᠭ ᠬᠤᠳᠠ ᠶᠢᠨ ᠲᠠᠯ᠎ᠠ ᠨᠤᠳᠤᠭ ᠲᠤ ᠲᠦᠷᠢᠨ ᠤᠷᠤᠵᠤ ᠢᠷᠡᠭᠡᠳ ᠭᠡᠵᠢᠭᠡ ᠡᠪᠡᠰᠤ ᠬᠠᠮᠤᠵᠤ᠂ ᠬᠤᠷᠢᠭᠠᠳ ᠵᠢᠯ ᠦᠷᠭᠦᠯᠵᠢᠯᠡᠵᠤ᠂ 700 ᠲᠦᠮᠡᠨ ha ᠨᠤᠳᠤᠭ ᠪᠡᠯᠴᠢᠭᠡᠷ ᠢ ᠭᠦᠨᠳᠤ ᠨᠤᠴᠢᠳᠠᠢ ᠰᠦᠢᠳᠭᠡᠵᠤ᠂ ᠡᠭᠦᠨ ᠳᠤ 400 ᠲᠦᠮᠡᠨ ha ᠨᠤᠳᠤᠭ ᠪᠡᠯᠴᠢᠭᠡᠷ ᠢ ᠨᠢᠭᠡᠨᠳᠡ ᠲᠠᠴᠢᠷᠳᠠᠭᠤᠯᠵᠠᠢ᠃ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤ ᠪᠠᠷ ᠵᠢᠱᠢᠶᠡᠯᠡᠪᠡᠯ ᠭᠠᠳᠠᠷ ᠮᠤᠵᠢ ᠤᠷᠤᠨ ᠤ ᠲᠤᠰ ᠬᠤᠰᠢᠭᠤᠨ ᠳᠤ ᠢᠷᠡᠵᠤ ᠭᠡᠵᠢᠭᠡ ᠡᠪᠡᠰᠤ ᠮᠠᠯᠳ᠋ᠬᠠᠰᠠᠨ ᠭᠦᠮᠦᠨ ᠤ ᠲᠤᠭ᠎ᠠ 5 ᠲᠦᠮᠡ ᠭᠠᠷᠤᠢ ᠳᠤ ᠭᠦᠷᠴᠤ᠂ ᠭᠡᠳᠦᠨ ᠠᠷᠪᠡᠨ ᠲᠦᠮᠡᠨ ᠾᠧᠺᠲ᠋ᠠᠷ ᠬᠠᠳᠤᠯᠠᠩ ᠪᠠᠯᠴᠢᠭᠡᠷ ᠢ ᠲᠠᠴᠢᠷᠳᠠᠭᠤᠯᠤᠠᠠᠰᠠᠨ ᠪᠠᠶᠢᠨ᠎ᠠ᠃
7. ᠶᠠᠭᠠᠭᠢᠬᠤ ᠳᠠᠭᠠᠨ ᠠᠮᠢᠳᠠᠨ ᠠᠷᠢᠶᠠᠳᠠᠨ ᠢ ᠲᠤᠷ᠎ᠡ ᠪᠠᠷ ᠢᠶᠠᠨ ᠠᠩᠨᠠᠵᠤ ᠠᠯᠠᠬᠤ ᠨᠢ ᠨᠤᠳᠤᠭ
ᠪᠡᠯᠴᠢᠭᠡᠷ ᠤᠨ ᠲᠠᠴᠢᠷᠳᠡᠯ ᠢ ᠲᠦᠷᠭᠡᠳᠭᠡᠯᠡ ᠭᠡᠵᠤ ᠭᠡᠯᠡᠵᠤ ᠪᠠᠶᠢᠬᠤ ᠪᠤᠢ︖
ᠵᠡᠷᠯᠢᠭ ᠠᠮᠢᠳᠠᠨ ᠢ ᠭᠡᠳᠦᠷᠭᠡᠢ ᠠᠯᠠᠵᠤ ᠭᠢᠳᠤᠬᠤ ᠨᠢ ᠲᠠᠯ᠎ᠠ ᠨᠤᠳᠤᠭ ᠤᠨ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠪᠤᠯᠤᠨ ᠠᠮᠢᠳᠤ ᠪᠤᠳᠠᠰ ᠤᠨ ᠤᠤᠯ ᠰᠢᠰᠲ᠋ᠧᠮ ᠢ ᠡᠪᠳᠡᠵᠤ᠂ ᠠᠮᠢᠳᠤ ᠪᠤᠳᠠᠰ ᠤᠨ ᠬᠤᠯᠪᠤᠭᠠᠰᠤ ᠶᠢ ᠲᠠᠰᠤᠯᠳᠠᠭ ᠪᠠᠶᠢᠨ᠎ᠠ᠃ ᠵᠢᠱᠢᠶᠡᠯᠡᠪᠡᠯ ᠤᠯᠤᠰ ᠪᠠᠶᠢᠭᠤᠯᠤᠠᠠᠳ᠋ᠬᠠᠰᠠᠨ ᠤ ᠡᠭᠢᠨ ᠤ ᠦᠶ᠎ᠠ ᠳᠤ ᠲᠠᠯ᠎ᠠ ᠨᠤᠳᠤᠭ ᠤᠨ ᠴᠢᠨ᠋ᠸ᠎ᠠ ᠶᠢ ᠶᠡᠭᠡ ᠪᠠᠷ ᠠᠯᠠᠵᠤ ᠭᠢᠳᠤᠵᠤ᠂ ᠲᠤᠮᠳᠠᠳᠤ ᠤᠯᠤᠰ ᠤᠨ ᠦᠪᠤᠷ ᠮᠤᠩᠭᠤᠯ ᠤᠨ ᠲᠠᠯ᠎ᠠ ᠨᠤᠳᠤᠭ ᠲᠤ ᠴᠢᠨ᠋ᠸ᠎ᠠ ᠤᠰᠠᠳᠬᠤ ᠳᠤ ᠭᠦᠷᠴᠡᠢ᠃ ᠲᠦᠷᠦᠯᠭᠢ ᠲᠠᠶᠢᠰᠤᠨ ᠨᠢ ᠤᠰᠠᠳᠤᠠᠠᠰᠠᠨ ᠠᠴᠠ ᠪᠤᠯᠤᠭᠠᠳ ᠦᠭᠡᠷ ᠬᠤᠨᠢ ᠵᠡᠷᠭᠡ ᠭᠡᠷ ᠤᠨ ᠲᠡᠵᠢᠭᠡᠪᠤᠷᠢ ᠶᠡᠭᠡ ᠪᠠᠷ ᠦᠷᠡᠵᠢᠨ᠂ ᠨᠤᠳᠤᠭ ᠪᠡᠯᠴᠢᠭᠡᠷ ᠤᠨ ᠲᠠᠭᠠᠭᠠᠴᠠ ᠶᠢᠨ ᠭᠡᠮᠵᠢᠶ᠎ᠠ ᠶᠢ ᠭᠦᠨᠳᠦᠷᠡᠭᠦᠯᠦᠭᠰᠡᠨ ᠢᠶᠠᠷ ᠪᠠᠷᠠᠬᠤ ᠦᠭᠡᠢ ᠡᠭᠦᠨ ᠤ ᠬᠠᠮᠳᠤ ᠪᠠᠰᠠ ᠲᠠᠯ᠎ᠠ ᠨᠤᠳᠤᠭ ᠤᠨ ᠬᠤᠯᠤᠭᠠᠨ᠎ᠠ ᠶᠡᠭᠡᠪᠡᠷ ᠦᠷᠡᠵᠢᠭᠡᠳ᠂ ᠬᠤᠯᠤᠭᠠᠨ᠎ᠠ ᠶᠢᠨ ᠭᠦᠨᠦᠭᠡᠯ ᠶᠡᠭᠡᠳᠴᠡᠢ᠃ ᠬᠠᠮᠢᠶ᠎ᠠ ᠪᠦᠭᠦᠢ ᠮᠠᠳᠡᠭᠡᠯᠡᠯ ᠢ ᠦᠨᠳᠦᠰᠦᠯᠡᠪᠡᠯ ᠲᠤᠮᠳᠠᠳᠤ ᠤᠯᠤᠰ ᠤᠨ ᠲᠠᠯ᠎ᠠ ᠨᠤᠳᠤᠭ ᠲᠤ ᠬᠤᠯᠤᠭᠠᠨ᠎ᠠ ᠶᠢᠨ ᠭᠦᠨᠦᠭᠡᠯ ᠭᠠᠮᠰᠢᠭ ᠪᠤᠯᠵᠤ᠂ ᠮᠠᠰᠢ ᠤᠯᠠᠨ ᠭᠠᠵᠠᠷ ᠤᠷᠤᠨ ᠳᠤ 1 ᠭᠠᠵᠠᠷ ᠪᠦᠷᠢ ᠳᠤ ᠬᠤᠯᠤᠭᠠᠨ᠎ᠠ ᠶᠢᠨ ᠨᠦᠭᠡ 20 ᠭᠠᠷᠤᠢ ᠪᠠᠶᠢᠳᠠᠭ ᠪᠤᠯᠵᠠᠢ᠃ ᠬᠤᠯᠤᠭᠠᠨ᠎ᠠ ᠵᠦᠪᠭᠡᠨ ᠤᠷᠭᠤᠮᠠᠯ ᠤᠨ ᠪᠦᠷᠭᠦᠴᠡ ᠶᠢ ᠢᠳᠡᠭᠦ ᠪᠠᠷ ᠪᠤᠳᠤᠬᠤ ᠳᠤ ᠨᠤᠳᠤᠭ ᠪᠡᠯᠴᠢᠭᠡᠷ ᠢ ᠶᠡᠭᠡ ᠭᠡᠮᠵᠢᠶ᠎ᠠ ᠪᠠᠷ ᠡᠯᠡᠰᠦᠷᠭᠡᠭᠵᠢᠭᠦᠯᠵᠤ᠂ ᠨᠤᠳᠤᠭ ᠪᠡᠯᠴᠢᠭᠡᠷ ᠤᠨ ᠲᠠᠴᠢᠷᠳᠡᠯ ᠢ ᠲᠦᠷᠭᠡᠳᠭᠡᠭᠦ ᠪᠤᠯᠤᠨ᠎ᠠ᠃ ᠡᠨᠡ ᠪᠤᠯ ᠭᠦᠮᠦᠨ ᠤ ᠤᠷᠰᠢᠭ ᠤᠨ ᠲᠠᠮ ᠢᠶᠠᠷ ᠢᠯᠡᠷᠡᠭᠰᠡᠨ ᠪᠠᠶᠢᠭᠠᠯᠢ ᠶᠢᠨ ᠭᠠᠮᠰᠢᠭ ᠪᠤᠯᠤᠨ᠎ᠠ᠃
ᠨᠤᠳᠤᠭ ᠪᠠᠯᠴᠢᠭᠡᠷ ᠤᠨ ᠡᠵᠡᠩᠨᠡᠯᠳᠡ ᠬᠠᠮᠢᠶᠠᠷᠤᠯᠳᠠ ᠶᠢᠨ ᠠᠷᠭ᠎ᠠ ᠭᠡᠯᠪᠡᠷᠢ ᠪᠤᠯᠤᠨ ᠮᠠᠯ ᠪᠡᠯᠴᠢᠭᠡᠷᠯᠡᠭᠦᠯᠭᠦ ᠲᠦᠷᠢᠮ ᠬᠤᠴᠤᠷᠤᠩᠭᠤᠢ ᠪᠠᠶᠢᠨ᠎ᠠ᠃ ᠦᠪᠤᠷ ᠮᠤᠩᠭᠤᠯ ᠤᠨ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤ ᠪᠠᠷ ᠵᠢᠱᠢᠶᠡᠯᠡᠪᠡᠯ 20 ᠳ᠋ᠤᠭᠠᠷ ᠵᠠᠭᠤᠨ ᠤ ᠨᠠᠶᠠᠭᠠᠳ ᠤᠨ ᠤ ᠰᠡᠭᠦᠯᠴᠢ ᠭᠦᠷᠳᠡᠯ᠎ᠠ ᠨᠤᠳᠤᠭ ᠪᠡᠯᠴᠢᠭᠡᠷ ᠤᠨ 93.5% ᠨᠢ ᠮᠦᠨ ᠭᠦ ᠲᠦᠷᠪᠡᠨ ᠤᠯᠠᠷᠢᠯ ᠤᠨ ᠡᠪᠡᠰᠤ ᠪᠡᠯᠴᠢᠭᠡᠷ ᠪᠤᠯᠵᠤ᠂ ᠡᠪᠤᠯ ᠬᠠᠪᠤᠷ ᠤᠨ ᠪᠡᠯᠴᠢᠭᠡᠷ ᠤᠨ ᠲᠠᠯᠠᠪᠠᠢ ᠨᠢ 1.5% ᠳᠤ ᠭᠦᠷᠭᠦ ᠦᠭᠡᠢ᠂ ᠭᠦᠷᠢᠶᠡᠯᠡᠭᠰᠡᠨ ᠪᠠ ᠨᠠᠮᠤᠷ ᠤᠨ ᠬᠠᠳᠤᠯᠠᠩ ᠤᠨ ᠲᠠᠯᠠᠪᠠᠢ ᠨᠢ ᠴᠤ 5% ᠭᠠᠷᠦ᠋ᠢᠠᠬᠨ ᠪᠠᠶᠢᠨ᠎ᠠ᠃ ᠡᠭᠡᠯᠵᠢᠯᠡᠨ ᠮᠠᠯᠵᠢᠬᠤ᠂ ᠮᠠᠯᠵᠢᠬᠤ ᠶᠢ ᠵᠤᠠᠠᠰᠤᠭᠠᠬᠤ ᠪᠠᠯᠴᠢᠭᠡᠷ ᠤᠨ ᠲᠠᠯᠠᠪᠠᠢ ᠨᠢ ᠨᠡᠩ ᠪᠠᠭ᠎ᠠ ᠪᠠᠶᠢᠨ᠎ᠠ᠃ ᠡᠶᠢᠮᠤᠷᠭᠦᠦ ᠮᠠᠯ ᠠᠳᠤᠭᠤᠯᠠᠬᠤ ᠲᠠᠪᠳᠠᠮᠵᠢ ᠨᠢ ᠶᠡᠭᠡ᠂ ᠠᠰᠢᠠᠠᠯᠠᠯᠳᠠ ᠶᠢᠨ ᠡᠷᠴᠢᠮ ᠢᠶᠠᠷ ᠴᠢᠩᠭ᠎ᠠ ᠪᠦᠭᠦᠢ ᠨᠤᠳᠤᠭ ᠪᠡᠯᠴᠢᠭᠡᠷ ᠤᠨ ᠡᠵᠡᠩᠨᠡᠯᠳᠡ ᠬᠠᠮᠢᠶᠠᠷᠤᠯᠳᠠ ᠶᠢᠨ ᠭᠡᠯᠪᠡᠷᠢ ᠨᠢ ᠨᠤᠳᠤᠭ ᠪᠡᠯᠴᠢᠭᠡᠷ ᠢ ᠦᠨᠳᠤᠰᠤᠨ ᠳᠡᠭᠡᠨ ᠰᠡᠯᠭᠦᠨ ᠰᠡᠷᠭᠦᠭᠡᠭᠦ ᠲᠤᠭᠢᠶᠠᠯ ᠦᠭᠡᠢ ᠪᠤᠯᠭᠠᠵᠤ᠂ ᠨᠤᠳᠤᠭ ᠪᠡᠯᠴᠢᠭᠡᠷ ᠢ ᠰᠢᠨᠡᠴᠢᠯᠡᠭᠦ ᠴᠢᠳᠠᠪᠤᠷᠢ ᠶᠢ ᠨᠢ ᠤᠯᠠᠮ ᠠᠴᠠ ᠤᠯᠠᠮ ᠮᠠᠭᠤᠳᠠᠭᠤᠯᠵᠠᠢ᠃ ᠮᠠᠯ ᠠᠳᠤᠭᠤᠯᠠᠬᠤ ᠲᠦᠷᠢᠮ ᠤᠨ ᠲᠠᠯ᠎ᠠ ᠪᠠᠷ ᠰᠢᠨ᠎ᠠ ᠲᠤᠮᠳᠠᠳᠤ ᠤᠯᠤᠰ ᠪᠠᠶᠢᠭᠤᠯᠤᠠᠠᠳ᠋ᠬᠠᠰᠠᠨ ᠠᠴᠠ ᠬᠤᠶᠢᠰᠢ ᠨᠡᠯᠢᠶᠡᠳ ᠤᠷᠳᠤ ᠬᠤᠭᠤᠴᠠᠭᠠᠨ ᠳᠤ ᠦᠨᠳᠤᠰᠤᠨ ᠳᠡᠭᠡᠨ ᠮᠦᠨ ᠭᠦ ᠤᠯᠠᠮᠵᠢᠯᠠᠯᠳᠤ ᠲᠤᠷ᠎ᠡ ᠪᠠᠷ ᠢᠶᠠᠨ ᠠᠳᠤᠭᠤᠯᠠᠬᠤ ᠭᠡᠯᠪᠡᠷᠢ ᠶᠢ ᠮᠦᠷᠳᠡᠵᠤ᠂ ᠨᠤᠳᠤᠭ ᠪᠡᠯᠴᠢᠭᠡᠷ ᠲᠤ ᠲᠤᠷ᠎ᠡ ᠪᠠᠷ ᠢᠶᠠᠨ ᠮᠠᠯ ᠰᠦᠷᠦᠭ ᠤᠨ ᠴᠡᠭ ᠭᠠᠷᠭᠠᠳᠠᠭ ᠪᠠᠶᠢᠨ᠎ᠠ᠃ ᠡᠭᠦᠨ ᠤ ᠤᠯᠠᠮ ᠢᠶᠠᠷ ᠮᠠᠯ ᠰᠦᠷᠦᠭ ᠨᠢ ᠵᠢᠯ ᠲᠤᠵᠢ ᠰᠦᠷᠦᠭ ᠤᠨ ᠴᠡᠭ ᠤᠨ ᠤᠷᠴᠢᠨ ᠲᠤᠭᠤᠷᠢᠨ ᠪᠠ ᠤᠰᠤ ᠪᠡᠯᠴᠢᠭᠡᠷ ᠲᠠᠢ ᠡᠷᠭᠢᠨ ᠲᠤᠭᠤᠷᠢᠨ ᠤ ᠪᠡᠯᠴᠢᠭᠡᠷ ᠢ ᠯᠡ ᠢᠳᠡᠵᠤ᠂ ᠮᠠᠯ ᠰᠦᠷᠦᠭ ᠤᠨ ᠲᠠᠷᠤᠯᠳᠠ ᠨᠢ ᠭᠡᠰᠡᠭ ᠭᠠᠵᠠᠷ ᠤᠷᠤᠨ ᠳᠤ ᠭᠡᠳᠦᠷᠭᠡᠢ ᠲᠦᠪᠯᠡᠷᠡᠭᠡᠳ ᠭᠡᠳᠦᠭᠡᠨ ᠵᠢᠯ ᠳᠤ ᠰᠦᠷᠦᠭ ᠤᠨ ᠴᠡᠭ ᠤᠨ ᠡᠷᠭᠢᠨ ᠲᠤᠭᠤᠷᠢᠨ ᠢ ᠭᠦᠯᠶᠢᠳᠡᠯ᠎ᠠ ᠢᠳᠡᠵᠤ ᠪᠠᠷᠠᠭᠠᠳ᠂ ᠨᠤᠳᠤᠭ ᠪᠡᠯᠴᠢᠭᠡᠷ ᠢ ᠡᠯᠡᠰᠦᠷᠭᠡᠭᠵᠢᠭᠦᠯᠳᠡᠭ ᠪᠠᠶᠢᠨ᠎ᠠ᠃ ᠲᠤᠮᠳᠠᠳᠤ ᠤᠯᠤᠰ ᠤᠨ ᠰᠢᠨᠵᠢᠯᠡᠭᠦ ᠤᠬᠠᠭᠠᠨ ᠤ ᠰᠢᠷ᠎ᠠ ᠭᠦᠷᠦᠰᠤᠳᠤ ᠦᠨᠳᠦᠷᠯᠢᠭ ᠤᠨ ᠶᠠᠷᠦᠩᠭᠡᠶᠢᠯᠡᠭᠰᠡᠨ ᠬᠠᠶᠢᠨ ᠪᠠᠶᠢᠴᠠᠭᠠᠬᠤ ᠠᠩᠭᠢ ᠶᠢᠨ ᠪᠠᠶᠢᠴᠠᠭᠠᠯᠳᠠ ᠶᠢ ᠦᠨᠳᠦᠰᠦᠯᠡᠪᠡᠯ᠂ ᠨᠢᠭᠡᠨ ᠰᠦᠷᠦᠭ ᠤᠨ ᠴᠡᠭ ᠨᠢ ᠭᠤᠷᠪᠡᠨ ᠵᠢᠯ ᠤᠨ ᠲᠤᠳᠤᠷ᠎ᠠ 30~50ha ᠨᠤᠳᠤᠭ ᠪᠡᠯᠴᠢᠭᠡᠷ ᠢ ᠠᠳᠠᠯᠢ ᠪᠤᠰᠤ ᠭᠡᠮᠵᠢᠶ᠎ᠠ ᠪᠠᠷ ᠲᠠᠴᠢᠷᠳᠠᠭᠤᠯᠳᠠᠭ ᠪᠠᠶᠢᠨ᠎ᠠ᠃
8. ᠶᠠᠭᠠᠭᠢᠬᠤ ᠳᠠᠭᠠᠨ ᠭᠡᠳᠦᠷᠭᠡᠢ ᠠᠭᠤᠷᠬᠠᠢ ᠮᠠᠯᠳᠠᠬᠤ᠂ ᠤᠰᠤᠨ ᠰᠤᠷᠪᠤᠯᠵᠢ ᠶᠢ ᠡᠮᠭᠢ ᠵᠢᠷᠤᠮ ᠦᠭᠡᠢ ᠠᠰᠢᠠᠠᠯᠠᠬᠤ ᠨᠢ ᠨᠤᠳᠤᠭ ᠪᠡᠯᠴᠢᠭᠡᠷ ᠤᠨ ᠲᠠᠴᠢᠷᠳᠡᠯ ᠤᠨ ᠴᠢᠬᠤᠯᠠ ᠰᠢᠯᠳᠠᠭᠠᠨ ᠪᠤᠯᠤᠨ᠎ᠠ ᠭᠡᠵᠤ ᠭᠡᠯᠡᠵᠤ ᠪᠠᠶᠢᠬᠤ ᠪᠤᠢ︖
ᠦᠪᠤᠷ ᠮᠤᠩᠭᠤᠯ ᠤᠨ ᠲᠠᠯ᠎ᠠ ᠨᠤᠳᠤᠭ ᠲᠤ ᠡᠯᠪᠡᠭ ᠪᠡᠶᠠᠨ ᠠᠭᠤᠷᠬᠠᠢ ᠶᠢᠨ ᠡᠭᠢ ᠪᠠᠶᠠᠯᠢᠭ ᠢᠯᠠᠩᠭᠤᠶ᠎ᠠ ᠨᠡᠭᠦᠷᠡᠰᠤᠨ ᠤ ᠡᠭᠢ ᠪᠠᠶᠠᠯᠢᠭ ᠮᠠᠰᠢ ᠡᠯᠪᠡᠭ ᠪᠠᠶᠢᠳᠠᠭ᠃ ᠭᠡᠷᠪᠡ ᠨᠡᠭᠦᠷᠡᠰᠤᠨ ᠠᠭᠤᠷᠬᠠᠢ ᠶᠢ ᠨᠡᠭᠡᠭᠡᠵᠤ ᠭᠦᠭᠵᠢᠭᠦᠯᠭᠦ ᠳᠡᠭᠡᠨ ᠲᠠᠴᠢᠷᠳᠡᠯ ᠢ ᠰᠡᠷᠭᠡᠶᠢᠯᠡᠨ ᠵᠠᠰᠠᠬᠤ ᠢᠨᠵᠧᠨᠧᠷᠢᠩ ᠲᠠᠢ ᠴᠤᠭ ᠲᠤᠨᠢ ᠶᠠᠪᠤᠠᠠᠳᠠᠭᠤᠯᠬᠤ ᠦᠭᠡᠢ᠂ ᠮᠠᠯᠳᠠᠬᠤ ᠲᠠᠯᠠᠪᠤᠷ᠂ ᠰᠢᠷᠤᠢ ᠰᠢᠯᠵᠢᠭᠦᠯᠭᠦ ᠲᠠᠯᠠᠪᠤᠷ᠂ ᠵᠠᠮ ᠬᠠᠷᠢᠯᠴᠠᠭᠠᠨ ᠤ ᠱᠤᠭᠤᠮ᠂ ᠠᠮᠢᠳᠤᠷᠠᠯ ᠤᠨ ᠲᠤᠭᠤᠷᠢᠭ ᠤᠨ ᠰᠠᠯᠭᠢ ᠬᠠᠯᠬᠠᠯᠠᠨ ᠡᠯᠡᠰᠤ ᠲᠤᠠᠠᠳᠠᠪᠤᠷᠢᠵᠢᠭᠤᠯᠬᠤ ᠠᠵᠢᠯ ᠢ ᠰᠠᠶᠢᠳᠤᠷ ᠭᠢᠭᠦ ᠦᠭᠡᠢ᠂ ᠭᠦᠷᠦᠰᠤ ᠰᠢᠷᠤᠢ ᠶᠢᠨ ᠬᠠᠮᠠᠭᠠᠯᠠᠯᠳᠠ ᠪᠤᠯᠤᠨ ᠠᠳᠠᠷ ᠢ ᠰᠡᠷᠭᠦᠭᠡᠭᠦ ᠪᠦᠳᠦᠭᠡᠨ ᠪᠠᠶᠢᠭᠤᠯᠤᠯᠳᠠ ᠶᠢ ᠶᠡᠭᠡᠪᠡᠷ ᠦᠷᠨᠢᠭᠦᠯᠭᠦ ᠦᠭᠡᠢ ᠶᠤᠮ ᠪᠤᠯ ᠠᠭᠤᠷᠬᠠᠢ ᠶᠢᠨ ᠤᠷᠤᠨ ᠤ ᠭᠦᠷᠦᠰᠤ ᠰᠢᠷᠤᠢ ᠶᠢᠨ ᠲᠠᠴᠢᠷᠳᠡᠯ ᠪᠠ ᠭᠦᠭᠵᠢᠯᠳᠡ ᠶᠢᠨ ᠬᠤᠷᠳᠤᠴᠠ ᠶᠢᠨ ᠨᠤᠷᠮ᠎ᠠ ᠨᠢ ᠪᠠᠶᠢᠭᠠᠯᠢ ᠶᠢᠨ ᠨᠦᠭᠦᠴᠡᠯ ᠲᠤᠤᠷᠠᠭᠢ ᠭᠦᠭᠵᠢᠯᠳᠡ ᠶᠢᠨ ᠬᠤᠷᠳᠤᠴᠠ ᠶᠢᠨ ᠨᠤᠷᠮ᠎ᠠ ᠠᠴᠠ ᠬᠤᠯᠠ ᠲᠠᠪᠠᠭ᠋ᠤ ᠪᠤᠯᠤᠨ᠎ᠠ᠃ ᠲᠠᠭᠢᠪᠠᠯ ᠤᠰᠤᠨ ᠤ ᠡᠭᠢ ᠪᠠᠶᠠᠯᠢᠭ ᠢ ᠡᠮᠭᠢ ᠵᠠᠮᠪᠠᠷᠠᠭ᠎ᠠ ᠦᠭᠡᠢ ᠪᠠᠷ ᠠᠰᠢᠠᠠᠯᠠᠵᠤ ᠪᠠᠶᠢᠬᠤ ᠨᠢ ᠮᠦᠨ ᠴᠦ ᠡᠯᠡᠰᠦᠷᠭᠡᠭᠵᠢᠯ ᠢ ᠦᠷᠭᠡᠳᠭᠡᠵᠤ ᠪᠠᠶᠢᠬᠤ ᠶᠢᠨ ᠴᠢᠬᠤᠯᠠ ᠤᠴᠢᠷ ᠰᠢᠯᠳᠠᠭᠠᠨ ᠪᠤᠯᠤᠨ᠎ᠠ᠃
9. ᠶᠠᠮᠠᠷ ᠪᠤᠳᠠᠳᠠᠢ ᠠᠷᠭ᠎ᠠ ᠭᠡᠮᠵᠢᠶ᠎ᠠ ᠠᠪᠴᠤ ᠨᠤᠳᠤᠭ ᠪᠡᠯᠴᠢᠭᠡᠷ ᠤᠨ ᠲᠠᠴᠢᠷᠳᠡᠯ ᠢ ᠰᠡᠷᠭᠡᠶᠢᠯᠡᠨ ᠵᠠᠰᠠᠬᠤ ᠪᠤᠢ︖
︽ᠰᠡᠷᠭᠡᠶᠢᠯᠡᠯᠳᠡ ᠪᠠᠷ ᠭᠤᠤᠯ ᠪᠤᠯᠭᠠᠵᠤ᠂ ᠰᠡᠷᠭᠡᠶᠢᠯᠡᠵᠤ ᠵᠠᠰᠠᠬᠤ ᠶᠢ ᠤᠶᠠᠯᠳᠤᠭᠤᠯᠬᠤ︾ ᠴᠢᠭᠯᠡᠯᠳᠡ ᠶᠢ ᠪᠠᠷᠢᠮᠳᠠᠯᠠᠬᠤ ᠭᠡᠷᠡᠭᠳᠡᠢ᠃ ᠪᠤᠳᠠᠳᠠᠢ ᠪᠠᠷ ᠭᠡᠯᠡᠪᠡᠯ ᠭᠠᠵᠠᠷ ᠤᠷᠤᠨ ᠤ ᠪᠠᠶᠢᠳᠠᠯ ᠳᠠᠭᠠᠨ ᠲᠤᠭᠢᠷᠠᠭᠤᠯᠤᠨ ᠶᠠᠷᠦᠩᠭᠡᠶᠢᠯᠡᠨ ᠵᠠᠰᠠᠵᠤ᠂ ᠨᠤᠳᠤᠭ ᠪᠡᠯᠴᠢᠭᠡᠷ ᠤᠨ ᠠᠳᠠᠯᠢ ᠪᠤᠰᠤ ᠮᠠᠭᠤᠵᠢᠷᠠᠯ ᠪᠠ ᠡᠯᠡᠰᠦᠷᠭᠡᠭᠵᠢᠯ ᠤᠨ ᠱᠠᠳᠤ ᠦᠶ᠎ᠠ ᠪᠤᠯᠤᠨ ᠠᠳᠠᠯᠢ ᠪᠤᠰᠤ ᠭᠠᠵᠠᠷ ᠵᠦᠢ ᠶᠢᠨ ᠨᠦᠭᠦᠴᠡᠯ ᠢ ᠦᠨᠳᠦᠰᠦᠯᠡᠨ᠂ ᠠᠳᠠᠯᠢ ᠪᠤᠰᠤ ᠰᠡᠷᠭᠡᠶᠢᠯᠡᠨ ᠵᠠᠰᠠᠬᠤ ᠠᠷᠭ᠎ᠠ ᠭᠡᠮᠵᠢᠶ᠎ᠠ ᠶᠢ ᠠᠪᠬᠤ ᠭᠡᠷᠡᠭᠳᠡᠢ᠃
ᠦᠭᠡᠷ᠎ᠡ ᠪᠠᠷ ᠭᠡᠯᠡᠪᠡᠯ ᠤᠳᠤ ᠪᠠᠶᠢᠭ᠎ᠠ ᠭᠦᠷᠦᠰᠤ ᠰᠢᠷᠤᠢ ᠶᠢᠨ ᠤᠷᠭᠤᠮᠠᠯ ᠤᠨ ᠪᠦᠷᠭᠦᠴᠡ ᠨᠢ ᠨᠡᠯᠢᠶᠡᠳ ᠰᠠᠶᠢᠨ ᠪᠠᠶᠢᠬᠤ ᠪᠤᠯᠪᠠᠴᠤ ᠪᠠᠰᠠ ᠡᠯᠡᠰᠦᠷᠭᠡᠭᠵᠢᠭᠦ ᠲᠠᠯᠳᠠ ᠶᠢᠨ ᠠᠶᠤᠯ ᠲᠠᠢ ᠪᠠᠶᠢᠭ᠎ᠠ ᠭᠠᠵᠠᠷ ᠤᠷᠤᠨ ᠢ ᠨᠡᠭᠡᠭᠡᠨ ᠭᠦᠭᠵᠢᠭᠦᠯᠭᠦ ᠪᠡ ᠠᠰᠢᠠᠠᠯᠠᠬᠤ ᠳᠠᠭᠠᠨ ᠠᠮᠢ ᠠᠬᠤᠢ᠂ ᠠᠵᠤ ᠠᠬᠤᠢ ᠶᠢᠨ ᠬᠤᠤᠰ ᠬᠠᠷᠠᠯᠳᠠ ᠶᠢᠨ ᠵᠠᠷᠴᠢᠮ ᠢ ᠵᠢᠷᠤᠮᠯᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠬᠤ ᠤᠷᠢᠳᠠᠯ ᠲᠤᠤᠷ᠎ᠡ᠂ ᠨᠡᠶᠢᠭᠡᠮ ᠤᠨ ᠠᠵᠤ ᠠᠬᠤᠢ ᠶᠢ ᠭᠦᠭᠵᠢᠭᠦᠯᠭᠦ ᠭᠡᠷᠡᠭᠳᠡᠢ᠃ ᠤᠬᠤᠷᠬᠠᠨ ᠬᠤᠭᠤᠴᠠᠭᠠᠨ ᠤ ᠠᠵᠤ ᠠᠬᠤᠢ ᠶᠢᠨ ᠦᠷ᠎ᠡ ᠠᠰᠢᠭ ᠢ ᠭᠦᠭᠡᠭᠡᠴᠡᠯᠳᠦᠵᠤ ᠤᠠᠠᠳᠤ ᠪᠤᠯᠬᠤ ᠦᠭᠡᠢ᠃ ᠲᠠᠶᠢᠮᠤ ᠪᠢᠰᠢ ᠪᠤᠯ ᠨᠢᠬᠡ ᠯᠠ ᠡᠯᠡᠰᠦᠷᠭᠡᠭᠵᠢᠭᠦ ᠶᠤᠮ ᠪᠤᠯ ᠭᠡᠳᠦᠨ ᠵᠢᠯ ᠴᠢᠨ᠋ᠬᠠᠰᠢᠯᠠᠪᠠᠯ ᠭᠡᠳᠦᠨ ᠠᠷᠪᠡᠨ ᠵᠢᠯ ᠤᠨ ᠬᠤᠭᠤᠴᠠᠭ᠎ᠠ ᠶᠢ ᠭᠡᠷᠡᠭᠰᠡᠨ᠂ ᠲᠠᠭᠢᠨ ᠴᠢᠨ᠋ᠬᠠᠰᠢᠯᠠᠪᠠᠯ ᠭᠡᠳᠦᠨ ᠠᠷᠪᠡᠨ ᠲᠠᠭᠢᠨ ᠭᠦᠮᠦᠨ ᠤ ᠭᠦᠴᠤ᠂ ᠪᠤᠳᠠᠰ ᠤᠨ ᠭᠦᠴᠤ ᠪᠠ ᠡᠳ᠋ ᠮᠦᠡᠭᠬᠦ ᠤᠷᠤᠭᠤᠯᠵᠤ ᠪᠠᠶᠢᠮᠠᠠᠵᠢᠨ ᠰᠠᠶ᠋ᠢ ᠬᠤᠷᠢᠠᠠᠯᠠᠬᠤ ᠪᠠ ᠰᠡᠷᠭᠦᠭᠡᠵᠤ ᠲᠠᠶᠢᠯᠦᠨ᠎ᠠ᠃
10. ᠨᠣᠳᠤᠭ ᠪᠡᠯᠴᠢᠭᠡᠷ ᠤᠨ ᠨᠡᠩ ᠢᠯᠡᠭᠦᠤ ᠲᠡᠴᠢᠷᠳᠡᠬᠤ ᠶᠢ ᠶᠠᠮᠠᠷ ᠠᠷᠭ᠎ᠠ ᠪᠠᠷ ᠵᠠᠰᠠᠬᠤ ᠪᠤᠢ︖
ᠨᠢᠭᠡᠨᠳᠡ ᠲᠠᠴᠢᠷᠳᠠᠵᠤ ᠡᠯᠡᠰᠦᠷᠭᠡᠭᠵᠢᠭᠰᠡᠨ ᠨᠤᠳᠤᠭ ᠪᠡᠯᠴᠢᠭᠡᠷ ᠢ ᠰᠢᠨᠵᠢᠯᠡᠭᠦ ᠤᠬᠠᠭᠠᠠᠴᠢ ᠪᠠᠷ ᠬᠤᠪᠢᠶᠠᠷᠢᠯᠠᠵᠤ᠂ ᠠᠳᠠᠯᠢ ᠪᠤᠰᠤ ᠲᠠᠴᠢᠷᠳᠡᠵᠤ ᠡᠯᠡᠰᠦᠷᠭᠡᠭᠵᠢᠭᠰᠡᠨ ᠱᠠᠳᠤ ᠦᠶ᠎ᠠ ᠪᠠ ᠠᠳᠠᠯᠢ ᠪᠤᠰᠤ ᠭᠠᠵᠠᠷ ᠵᠦᠢ ᠶᠢᠨ ᠨᠦᠭᠦᠴᠡᠯ ᠢ ᠦᠨᠳᠦᠰᠦᠯᠡᠨ ᠠᠳᠠᠯᠢ ᠪᠤᠰᠤ ᠬᠤᠷᠢᠠᠠᠯᠠᠬᠤ ᠠᠷᠭ᠎ᠠ ᠭᠡᠮᠵᠢᠶ᠎ᠠ ᠠᠪᠬᠤ ᠭᠡᠷᠡᠭᠳᠡᠢ᠃
ᠨᠤᠳᠤᠭ ᠪᠡᠯᠴᠢᠭᠡᠷ ᠨᠢ ᠭᠦᠡᠭᠭᠡᠨ ᠪᠤᠶᠤ ᠲᠤᠮᠳᠠ ᠭᠡᠮᠵᠢᠶ᠎ᠠ ᠪᠠᠷ ᠮᠠᠭᠤᠳ᠋ᠬᠠᠰᠠᠨ ᠱᠠᠳᠤ ᠦᠶ᠎ᠠ ᠳᠤ ᠡᠪᠡᠰᠤᠨ ᠤ ᠲᠠᠪᠬᠤᠷᠭ᠎ᠠ ᠶᠢᠨ ᠦᠨᠳᠤᠷᠴᠡ ᠪᠤᠯᠤᠨ ᠪᠦᠯᠦᠭᠯᠡᠯ ᠪᠦᠷᠭᠦᠴᠡ ᠶᠢᠨ ᠭᠡᠮᠵᠢᠶ᠎ᠠ ᠨᠢ ᠪᠠᠭᠤᠷᠠᠳᠠᠭ ᠪᠤᠯᠪᠠᠴᠤ ᠠᠮᠢ ᠠᠬᠤᠢ ᠶᠢᠨ ᠰᠢᠰᠲ᠋ᠧᠮ ᠤᠨ ᠪᠦᠳᠦᠴᠡ ᠪᠤᠯᠤᠨ ᠴᠢᠳᠠᠪᠤᠷᠢ ᠪᠠᠨ ᠬᠠᠷᠠᠬᠠᠨ ᠪᠦᠷᠢᠮᠦᠰᠤᠨ ᠠᠯᠳᠠᠭᠠᠳᠤᠢ ᠪᠠᠶᠢᠠᠠᠰᠠᠭᠠᠷ ᠶᠤᠮ᠃ ᠡᠶᠢᠮᠤ ᠠᠴᠠ ᠠᠮᠢᠳᠤ ᠪᠤᠳᠠᠰ ᠤᠨ ᠠᠷᠭ᠎ᠠ ᠭᠡᠮᠵᠢᠶ᠎ᠠ ᠶᠢᠨ ᠲᠦᠷᠢᠮ ᠤᠨ ᠪᠠᠶᠢᠭᠤᠯᠤᠯᠳᠠ ᠵᠡᠷᠭᠡ ᠪᠠᠷ ᠲᠠᠮᠵᠢᠭᠤᠯᠤᠨ ᠭᠢᠵᠠᠭᠠᠷᠯᠠᠬᠤ ᠭᠡᠷᠡᠭᠳᠡᠢ᠃ ᠵᠢᠱᠢᠶᠡᠯᠡᠪᠡᠯ ᠤᠷᠤᠭᠤᠯᠤᠯᠳᠠ ᠶᠢ ᠨᠡᠮᠡᠭᠳᠡᠭᠦᠯᠭᠦ ᠭᠡᠷᠡᠭᠳᠡᠢ᠃ ᠮᠠᠯᠵᠢᠬᠤ ᠤᠷᠤᠨ ︽ᠭᠤᠷᠪᠡ ᠶᠢ ᠲᠦᠭᠦᠷᠵᠢᠭᠦᠯᠭᠦ︾ ᠰᠠᠭᠤᠷᠢᠨ ᠲᠡᠭᠡᠷ᠎ᠡ ᠡᠪᠡᠰᠤ ᠪᠡᠯᠴᠢᠭᠡᠷ ᠢ ᠭᠦᠷᠢᠶᠡᠯᠡᠭᠦ ᠪᠦᠳᠦᠭᠡᠨ ᠪᠠᠶᠢᠭᠤᠯᠤᠯᠳᠠ ᠶᠢᠨ ᠭᠡᠪᠴᠢᠶ᠎ᠠ ᠪᠠᠨ ᠴᠢᠨ᠋ᠬᠠᠰᠢᠳᠠ ᠦᠷᠭᠡᠳᠭᠡᠭᠦ ᠭᠡᠷᠡᠭᠳᠡᠢ᠃ ᠮᠠᠯ ᠪᠡᠯᠴᠢᠭᠡᠷᠯᠡᠭᠦᠯᠭᠦ ᠵᠦᠢ ᠵᠤᠭᠢᠰᠳᠡᠢ ᠰᠢᠰᠲ᠋ᠧᠮ ᠢ ᠪᠠᠶᠢᠭᠤᠯᠵᠤ᠂ ᠪᠡᠯᠴᠢᠭᠡᠷᠯᠡᠭᠦᠯᠭᠦ ᠨᠤᠷᠮ᠎ᠠ ᠶᠢ ᠪᠠᠭᠤᠷᠠᠭᠤᠯᠵᠤ᠂ ᠪᠠᠶᠢᠭᠠᠯᠢ ᠶᠢᠨ ᠡᠪᠡᠰᠤ ᠪᠡᠯᠴᠢᠭᠡᠷ ᠢ ᠡᠭᠡᠯᠵᠢᠯᠡᠨ ᠮᠠᠯᠵᠢᠬᠤ᠂ ᠮᠠᠯᠵᠢᠬᠤ ᠶᠢ ᠰᠡᠯᠭᠦᠭᠦᠯᠭᠦ᠂ ᠮᠠᠯᠵᠢᠬᠤ ᠶᠢ ᠴᠠᠭᠠᠵᠠᠯᠠᠬᠤ ᠤᠷᠤᠨ ᠪᠤᠯᠭᠠᠨ ᠬᠤᠪᠢᠶᠠᠬᠤ ᠲᠦᠷᠢᠮ ᠢ ᠭᠡᠷᠡᠭᠵᠢᠭᠦᠯᠵᠤ᠂ ᠮᠠᠯᠵᠢᠬᠤ ᠶᠢ ᠵᠤᠠᠠᠰᠤᠭᠠᠨ᠂ ᠬᠠᠮᠢᠶᠠᠷᠬᠤ ᠪᠠ ᠵᠤᠭᠢᠰᠳᠡᠢ ᠠᠰᠢᠠᠠᠯᠠᠬᠤ ᠶᠢ ᠤᠶᠠᠯᠳᠤᠭᠤᠯᠵᠤ᠂ ᠪᠡᠯᠴᠢᠭᠡᠷ ᠢᠶᠠᠷ ᠮᠠᠯ ᠢ ᠲᠤᠠᠠᠳᠠᠭᠠᠵᠤ᠂ ᠡᠪᠡᠰᠤ ᠪᠡᠯᠴᠢᠭᠡᠷ ᠲᠤ ᠭᠦᠢᠴᠡᠳ ᠰᠡᠯᠭᠦᠨ ᠠᠮᠢᠵᠢᠷᠠᠬᠤ ᠲᠤᠭᠢᠶᠠᠯ ᠤᠯᠭᠤᠵᠤ᠂ ᠮᠠᠯ ᠤᠨᠤᠭ᠎ᠠ ᠶᠢᠨ ᠰᠢᠢᠳᠪᠤᠷᠢᠯᠡᠯᠳᠡ ᠶᠢᠨ ᠨᠤᠷᠮ᠎ᠠ ᠶᠢ ᠲᠡᠭᠡᠭᠰᠢᠯᠡᠭᠦᠯᠵᠤ᠂ ᠨᠤᠳᠤᠭ ᠪᠡᠯᠴᠢᠭᠡᠷ ᠤᠨ ᠦᠢᠯᠡᠳᠪᠤᠷᠢᠯᠡᠯ ᠤᠨ ᠴᠢᠳᠠᠪᠤᠷᠢ ᠶᠢ ᠨᠢ ᠴᠢᠨ᠋ᠬᠠᠰᠢᠳᠡ ᠲᠡᠭᠡᠭᠰᠢᠯᠡᠭᠦᠯᠭᠦ ᠭᠡᠷᠡᠭᠳᠡᠢ᠃ ᠲᠠᠭᠢᠪᠠᠯ ᠪᠠᠰᠠ ᠶᠡᠭᠡ ᠪᠠᠷ ᠡᠪᠡᠰᠤ ᠲᠠᠷᠢᠬᠤ ᠪᠠ ᠡᠪᠡᠰᠤ ᠨᠦᠭᠦᠨ ᠲᠠᠷᠢᠵᠤ᠂ ᠮᠠᠯ ᠤᠨ ᠡᠭᠦᠯᠳᠡᠷ ᠤᠠᠠᠰᠠᠭ᠎ᠠ ᠶᠢ ᠰᠠᠶᠢᠵᠢᠷᠠᠭᠤᠯᠬᠤ ᠡᠷᠴᠢᠮ ᠢ ᠴᠢᠩᠭᠠᠯᠠᠵᠤ᠂ ᠮᠠᠯ ᠤᠨ ᠲᠤᠭ᠎ᠠ ᠶᠢ ᠴᠦᠭᠡᠳᠭᠡᠨ᠂ ᠲᠤᠭ᠎ᠠ ᠭᠦᠭᠡᠭᠡᠴᠡᠯᠳᠦᠭᠦ ᠬᠡᠯᠪᠡᠷᠢᠳᠤ ᠮᠠᠯ ᠠᠵᠤ ᠠᠬᠤᠢ ᠠᠴᠠ ᠨᠢ ᠶᠠᠰᠤ ᠴᠢᠨᠠᠷ ᠤᠨ ᠭᠡᠯᠪᠡᠷᠢᠳᠤ᠂ ᠦᠷ᠎ᠡ ᠠᠰᠢᠭ ᠤᠨ ᠭᠡᠯᠪᠡᠷᠢᠳᠤ ᠮᠠᠯ ᠠᠵᠤ ᠠᠬᠤᠢ ᠵᠦᠭ ᠭᠦᠭᠵᠢᠭᠦᠯᠭᠦ ᠭᠡᠷᠡᠭᠳᠡᠢ᠃ ᠡᠪᠡᠰᠤ ᠪᠡᠯᠴᠢᠭᠡᠷ ᠨᠢ ᠭᠦᠨᠳᠤ ᠮᠠᠭᠤᠳᠠᠬᠤ ᠱᠠᠳᠤᠨ ᠳᠤ ᠰᠢᠯᠢᠳᠡᠭ ᠡᠪᠡᠰᠤ ᠤᠷᠭᠤᠮᠠᠯ ᠤᠨ ᠬᠠᠷᠢᠴᠠᠯ ᠪᠤᠯᠤᠨ ᠪᠦᠯᠦᠭᠯᠡᠯ ᠪᠦᠷᠭᠦᠴᠡ ᠶᠢᠨ ᠭᠡᠪᠴᠢᠶ᠎ᠠ ᠶᠡᠭᠡ ᠪᠠᠷ ᠪᠠᠭᠤᠷᠠᠵᠤ᠂ ᠭᠦᠷᠦᠰᠤ ᠰᠢᠷᠤᠢ ᠬᠠᠯᠴᠠᠭᠠᠶᠢᠷᠠᠬᠤ ᠲᠠᠯᠠᠪᠠᠢ ᠦᠷᠭᠡᠵᠢᠵᠤ᠂ ᠰᠠᠯᠭᠢᠨ ᠤ ᠦᠢᠯᠡᠳᠦᠯ ᠲᠤᠤᠷ᠎ᠠ ᠢᠳᠡᠭ ᠢᠳᠡᠭ ᠢᠶᠠᠷ ᠢᠳᠡᠭᠳᠡᠵᠤ᠂ ᠡᠯᠡᠰᠦᠷᠭᠡᠭᠵᠢᠵᠤ ᠡᠭᠢᠯᠡᠳᠡᠭ ᠪᠠᠶᠢᠨ᠎ᠠ᠃
ᠡᠨᠡ ᠦᠶ᠎ᠠ ᠳᠤ ᠢᠨᠵᠧᠨᠧᠷᠢᠩ ᠪᠠ ᠠᠮᠢᠳᠤ ᠪᠤᠳᠠᠰ ᠤᠨ ᠠᠷᠭ᠎ᠠ ᠭᠡᠮᠵᠢᠶ᠎ᠠ ᠶᠢ ᠬᠤᠤᠰᠯᠠᠭᠤᠯᠬᠤ ᠴᠢᠭᠯᠡᠯᠳᠡ ᠶᠢ ᠠᠪᠬᠤ ᠭᠡᠷᠡᠭᠳᠡᠢ᠃ ᠵᠢᠱᠢᠶᠡᠯᠡᠪᠡᠯ ᠭᠦᠷᠢᠶᠠᠯᠡᠵᠤ ᠪᠢᠳᠡᠭᠦᠮᠵᠢᠯᠡᠨ ᠪᠤᠶᠢᠵᠢᠭᠤᠯᠬᠤ᠂ ᠰᠢᠯᠢᠳᠡᠭ ᠡᠪᠡᠰᠤ ᠤᠷᠭᠤᠮᠠᠯ ᠨᠦᠭᠦᠨ ᠲᠠᠷᠢᠬᠤ ᠪᠠ ᠪᠤᠷᠳᠤᠭᠤᠷ ᠤᠷᠤᠭᠤᠯᠬᠤ ᠭᠡᠷᠡᠭᠳᠡᠢ᠃ ᠰᠡᠷᠭᠦᠭᠦ ᠴᠠᠭ ᠬᠤᠭᠤᠴᠠᠭ᠎ᠠ ᠨᠢ ᠭᠡᠪᠡᠯ ᠪᠠᠷᠤᠭ 7~10 ᠵᠢᠯ ᠪᠤᠶᠤ ᠨᠡᠩ ᠤᠷᠳᠤ ᠬᠤᠭᠤᠴᠠᠭ᠎ᠠ ᠭᠡᠷᠡᠭᠰᠡᠨ᠎ᠡ᠃
11. ᠡᠯᠡᠰᠦᠷᠭᠡᠭᠵᠢᠭᠰᠡᠨ ᠭᠠᠵᠠᠷ ᠨᠤᠳᠤᠭ ᠢ ᠶᠠᠭᠠᠭᠢᠨ ᠪᠦᠳᠦᠮᠵᠢᠳᠡᠢ ᠪᠠᠷ ᠵᠠᠰᠠᠬᠤ ᠪᠤᠢ︖
ᠨᠤᠳᠤᠭ ᠪᠡᠯᠴᠢᠭᠡᠷ ᠨᠢ ᠡᠯᠡᠰᠦᠷᠭᠡᠭᠵᠢᠭᠰᠡᠨ ᠭᠠᠵᠠᠷ ᠰᠢᠷᠤᠢ ᠪᠠ ᠨᠡᠭᠦᠳᠡᠯ ᠡᠯᠡᠰᠤ ᠲᠠᠢ ᠪᠤᠯᠬᠤ ᠦᠶᠡᠰ ᠰᠠᠯᠭᠢᠨ ᠤ ᠢᠳᠡᠭᠳᠡᠯ᠂ ᠠᠭᠤᠷ ᠠᠮᠢᠰᠬᠤᠯ ᠤᠨ ᠭᠠᠩ ᠬᠠᠭᠤᠷᠠᠢ ᠠᠴᠠ ᠪᠤᠯᠤᠭᠠᠳ ᠠᠮᠢ ᠠᠬᠤᠢ ᠶᠢᠨ ᠰᠢᠰᠲ᠋ᠧᠮ ᠤᠨ ᠪᠤᠳᠠᠰ ᠤᠨ ᠤᠷᠴᠢᠯ ᠳᠤ ᠤᠷᠤᠯᠴᠠᠬᠤ ᠤᠷᠭᠠᠨᠢᠭ ᠡᠳ᠋ ᠵᠢᠴᠢ ᠰᠢᠮ᠎ᠠ ᠲᠡᠵᠢᠭᠡᠯ ᠤᠨ ᠡᠯᠧᠮᠧᠨ᠋ᠲ ᠨᠢ ᠠᠷᠢᠯᠵᠤ᠂ ᠲᠤᠰ ᠰᠢᠰᠲ᠋ᠧᠮ ᠤᠨ ᠪᠦᠳᠦᠴᠡ ᠪᠤᠯᠤᠨ ᠴᠢᠳᠠᠪᠤᠷᠢ ᠨᠢ ᠪᠦᠷᠢᠮᠦᠰᠤᠨ ᠰᠦᠢᠷᠡᠳᠡᠭ ᠪᠠᠶᠢᠨ᠎ᠠ᠃ ᠡᠶᠢᠮᠤ ᠠᠴᠠ ᠡᠨᠡ ᠦᠶ᠎ᠠ ᠳᠤ ᠢᠨᠵᠧᠨᠧᠷᠢᠩ ᠤᠨ ᠠᠷᠭ᠎ᠠ ᠭᠡᠮᠵᠢᠶ᠎ᠠ ᠪᠠᠷ ᠭᠤᠤᠯ ᠪᠤᠯᠭᠠᠵᠤ᠂ ᠤᠷᠢᠳ ᠢᠶᠠᠷ ᠡᠯᠡᠰᠤ ᠶᠢ ᠲᠤᠠᠠᠳᠠᠪᠤᠷᠢᠵᠢᠭᠤᠯᠤᠨ ᠰᠠᠯᠭᠢᠨ ᠳᠤ ᠢᠳᠡᠭᠳᠡᠭᠦ ᠶᠢ ᠨᠢ ᠪᠠᠭᠠᠰᠬᠠᠬᠤ ᠭᠡᠷᠡᠭᠳᠡᠢ᠃ ᠵᠢᠱᠢᠶᠡᠯᠡᠪᠡᠯ ᠡᠪᠡᠰᠤ ᠪᠠᠷ ᠰᠡᠷᠭᠡᠶᠢᠯᠡᠯᠳᠡ ᠶᠢᠨ ᠲᠤᠤᠷ ᠪᠤᠯᠭᠠᠬᠤ ᠪᠠ ᠴᠢᠢᠳᠡᠮᠯᠢᠭ ᠪᠠᠷᠤᠠᠠᠰᠢᠨ ᠰᠦᠷᠴᠢᠭᠦ ᠪᠡ ᠡᠭᠦᠨ ᠤ ᠬᠠᠮᠳᠤ ᠰᠢᠷ᠎ᠠ ᠰᠢᠪᠠᠭ ᠤᠨ ᠲᠦᠷᠦᠯ ᠤᠨ ᠡᠯᠡᠰᠤᠨ ᠤᠷᠭᠤᠮᠠᠯ ᠢ ᠲᠠᠷᠢᠬᠤ ᠭᠡᠷᠡᠭᠳᠡᠢ᠃ ᠲᠡᠭᠦᠨ ᠤ ᠰᠡᠷᠭᠦᠭᠦ ᠴᠠᠭ ᠨᠢ ᠶᠠᠷᠦᠩᠭᠡᠢ ᠳᠡᠭᠡᠨ 10 ᠵᠢᠯ ᠠᠴᠠ ᠲᠡᠭᠡᠭᠰᠢ ᠪᠠᠶᠢᠳᠠᠭ᠃ ᠨᠠᠮ ᠭᠠᠵᠠᠷ᠂ ᠤᠰᠤᠨ ᠤ ᠨᠦᠭᠦᠴᠡᠯ ᠢᠶᠠᠷ ᠨᠡᠯᠢᠶᠡᠳ ᠰᠠᠶᠢᠨ ᠭᠠᠵᠠᠷ ᠲᠤ ᠪᠤᠯ ᠤᠯᠠᠨ ᠨᠠᠰᠤᠳᠤ ᠡᠪᠡᠰᠤ ᠤᠷᠭᠤᠮᠠᠯ ᠲᠠᠷᠢᠵᠤ᠂ ᠪᠤᠷᠴᠠᠭ ᠤᠨ ᠢᠵᠠᠭᠤᠷ ᠤᠨ ᠲᠡᠵᠢᠭᠡᠯ ᠡᠪᠡᠰᠤ ᠵᠢᠱᠢᠶᠡᠯᠡᠪᠡᠯ ᠴᠠᠷᠭᠠᠰᠤ ᠲᠠᠷᠢᠪᠠᠯ ᠬᠠᠮᠤᠭ ᠤᠨ ᠰᠠᠶᠢᠨ᠃ ᠲᠡᠭᠦᠨ ᠤ ᠲᠠᠪᠠᠭᠤᠯᠢᠭ ᠨᠢ ᠭᠡᠪᠡᠯ᠂ ᠵᠢᠯ ᠵᠢᠯ ᠲᠠᠷᠢᠬᠤ ᠴᠢᠬᠤᠯᠠ ᠦᠭᠡᠢ ᠪᠠᠶᠢᠳᠠᠭ ᠲᠤᠯᠠ ᠦᠢᠯᠡᠳᠪᠤᠷᠢᠯᠡᠯ ᠤᠨ ᠦᠪᠡᠷ ᠤᠨ ᠦᠷᠳᠡᠭ ᠢ ᠪᠠᠭᠤᠷᠠᠭᠤᠯᠤᠨ᠎ᠠ᠃ ᠬᠠᠪᠤᠷ ᠭᠦᠷᠤᠰᠤ ᠰᠢᠷᠤᠢ ᠶᠢᠨ ᠪᠦᠷᠭᠦᠴᠡ ᠶᠢᠨ ᠭᠡᠮᠵᠢᠶ᠎ᠠ ᠶᠢ ᠲᠡᠭᠡᠭᠰᠢᠯᠡᠭᠦᠯᠵᠤ᠂ ᠰᠠᠯᠭᠢᠨ ᠤ ᠢᠳᠡᠭᠳᠡᠯ ᠢ ᠪᠠᠭᠠᠰᠬᠠᠨ᠎ᠠ᠂ ᠭᠡᠷ ᠤᠨ ᠲᠡᠵᠢᠭᠡᠪᠤᠷᠢ ᠶᠢᠨ ᠲᠡᠵᠢᠭᠡᠯ ᠡᠪᠡᠰᠤᠨ ᠤ ᠤᠭᠤᠷᠠᠭ ᠤᠨ ᠬᠠᠨᠭ᠍ᠭᠠᠯᠭ᠎ᠠ ᠶᠢᠨ ᠭᠡᠮᠵᠢᠶ᠎ᠠ ᠶᠢ ᠲᠡᠭᠡᠭᠰᠢᠯᠡᠭᠦᠯᠦᠨ᠎ᠠ᠂ ᠭᠡᠭᠦ ᠳᠡᠭᠡᠨ ᠶᠠᠭᠠᠭᠢᠨ᠋ᠠᠰᠠᠨ ᠴᠤ ᠰᠤᠬᠤᠷ ᠪᠠᠯᠠᠢ ᠪᠠᠷ ᠠᠳᠠᠷ ᠬᠠᠭᠠᠯᠪᠤᠷᠢᠯᠠᠵᠤ ᠪᠤᠯᠬᠤ ᠦᠭᠡᠢ᠃
ᠨᠡᠶᠢᠳᠡᠯᠢᠭ ᠲᠠᠯ᠎ᠠ ᠭᠠᠵᠠᠷ᠂ ᠡᠪᠡᠰᠤ ᠲᠠᠷᠢᠬᠤ ᠲᠠᠯᠠᠪᠠᠢ ᠶᠢ ᠪᠠᠶᠢᠭᠠᠯᠢᠯᠢᠬ ᠪᠡᠯᠴᠢᠭᠡᠷ ᠤᠨ ᠲᠠᠯᠠᠪᠠᠢ ᠶᠢᠨ ᠠᠷᠪᠡᠨ ᠤ ᠨᠢᠭᠡ ᠶᠢ ᠡᠵᠡᠯᠡᠭᠦᠯᠪᠡᠯ ᠲᠤᠭᠢᠷᠠᠮᠵᠢᠳᠡᠢ᠃ ᠢᠡᠭᠭᠢᠪᠡᠯ ᠪᠠᠶᠢᠭᠠᠯᠢᠯᠢᠬ ᠪᠡᠯᠴᠢᠭᠡᠷ ᠤᠨ ᠲᠠᠷᠤᠭᠠᠰᠤ ᠶᠢ ᠶᠡᠭᠡᠳᠡ ᠨᠠᠮᠳᠠᠭᠤᠯᠬᠤ ᠪᠤᠯᠤᠨ᠎ᠠ᠃ ᠮᠠᠯ ᠲᠠᠷᠢᠶᠠᠯᠠᠩ ᠰᠤᠯᠪᠢᠴᠬᠠᠰᠠᠨ ᠪᠦᠰᠡ ᠵᠡᠷᠭᠡ ᠬᠠᠭᠠᠰ ᠴᠢᠭᠢᠭᠯᠢᠭ ᠭᠠᠵᠠᠷ ᠤᠷᠤᠨ ᠳᠤ ᠠᠯᠤᠰ ᠰᠡᠷᠡᠯᠳᠡ ᠶᠢᠨ ᠮᠡᠷᠭᠡᠵᠢᠯ᠂ ᠪᠦᠭᠦ ᠪᠦᠮᠪᠤᠷᠴᠡᠭ ᠤᠨ ᠮᠡᠳᠡᠭᠡ ᠵᠠᠩᠭᠢ ᠶᠢᠨ ᠰᠢᠰᠲ᠋ᠧᠮ ᠪᠤᠯᠤᠨ ᠪᠦᠭᠦ ᠪᠦᠮᠪᠤᠷᠴᠡᠭ ᠤᠨ ᠤᠷᠤᠨ ᠲᠤᠠᠠᠳᠠᠭᠠᠬᠤ ᠮᠠᠷᠭᠡᠵᠢᠯ ᠢ ᠠᠰᠢᠠᠠᠯᠠᠨ ᠲᠠᠷᠢᠶᠠᠨ ᠭᠠᠵᠠᠷ ᠤᠨ ᠪᠠᠶᠢᠷᠢᠰᠢᠯ ᠢ ᠲᠦᠯᠦᠪᠵᠢᠭᠦᠯᠵᠤ᠂ ᠲᠠᠷᠢᠶᠠᠨ ᠭᠠᠵᠠᠷ ᠢ ᠨᠤᠳᠤᠭ ᠪᠡᠯᠴᠢᠭᠡᠷ ᠪᠤᠯᠤᠨ ᠬᠠᠮᠠᠭᠠᠯᠠᠯᠳᠠ ᠶᠢᠨ ᠤᠢ ᠶᠢᠨ ᠲᠤᠮᠳᠠ ᠪᠠᠶᠢᠷᠢᠯᠠᠭᠤᠯᠵᠤ᠂ ᠰᠠᠯᠭᠢᠨ ᠤ ᠬᠤᠷᠳᠤᠴᠠ ᠪᠠ ᠰᠠᠯᠭᠢᠨ ᠤ ᠢᠳᠡᠭᠳᠡᠯ ᠤᠨ ᠭᠦᠴᠦᠯᠠᠴᠠ ᠶᠢ ᠪᠦᠳᠦᠮᠵᠢᠳᠡᠢ ᠪᠠᠷ ᠪᠠᠭᠤᠷᠠᠭᠤᠯᠬᠤ ᠭᠡᠷᠡᠭᠳᠡᠢ᠃ ᠡᠭᠦᠨ ᠤ ᠬᠠᠮᠳᠤ ᠲᠠᠷᠢᠶᠠᠯᠠᠩ᠂ ᠮᠠᠯ ᠠᠵᠤ ᠠᠬᠤᠢ ᠬᠠᠷᠢᠯᠴᠠᠨ ᠨᠦᠭᠦᠪᠤᠷᠢᠯᠡᠵᠤ ᠬᠤᠯᠪᠤᠯᠳᠤᠬᠤ ᠵᠡᠷᠭᠡ ᠠᠮᠢ ᠠᠬᠤᠢ ᠶᠢᠨ ᠴᠢᠳᠠᠪᠤᠷᠢ ᠶᠢ ᠪᠠᠳᠠᠷᠠᠭᠤᠯᠵᠤ᠂ ᠰᠢᠰᠲ᠋ᠧᠮ ᠤᠨ ᠲᠤᠠᠠᠳᠠᠭᠤᠨ ᠴᠢᠨᠠᠷ ᠪᠡ ᠤᠯᠠᠨ ᠶᠠᠩᠵᠤᠳᠤ ᠴᠢᠨᠠᠷ ᠢ ᠨᠡᠮᠡᠭᠳᠡᠭᠦᠯᠭᠦ ᠭᠡᠷᠡᠭᠳᠡᠢ᠃
12. ᠭᠦᠷᠤᠰᠤ ᠰᠢᠷᠤᠢ ᠶᠢ ᠬᠠᠮᠠᠭᠠᠯᠠᠬᠤ ᠲᠤᠬᠠᠢ ᠭᠦᠮᠦᠰ ᠤᠨ ᠦᠵᠡᠯ ᠲᠠᠨᠢᠯᠳᠡ ᠶᠢ ᠭᠡᠷᠭᠢᠨ ᠲᠡᠭᠡᠭᠰᠢᠯᠡᠭᠦᠯᠭᠦ ᠪᠤᠢ︖
ᠲᠡᠤᠭᠡᠨ ᠲᠡᠭᠡᠷ᠎ᠡ ᠨᠡᠭᠦᠳᠡᠯᠴᠢᠨ ᠦᠨᠳᠤᠰᠤᠳᠡᠨ ᠭᠦᠷᠦᠰᠤ ᠬᠠᠮᠠᠭᠠᠯᠠᠬᠤ ᠶᠠᠪᠤᠳᠠᠯ ᠢ ᠲᠠᠯ᠎ᠠ ᠨᠤᠳᠤᠭ ᠤᠨ ᠡᠭᠢ ᠪᠠᠶᠠᠯᠢᠭ ᠪᠤᠯᠤᠨ ᠠᠮᠢ ᠠᠬᠤᠢ ᠶᠢᠨ ᠬᠠᠮᠠᠭᠠᠯᠠᠯᠳᠠ ᠲᠤᠮᠳᠡᠭᠢ ᠬᠠᠮᠤᠭ ᠤᠨ ᠴᠢᠬᠤᠯᠠ ᠶᠠᠪᠤᠳᠠᠯ ᠪᠤᠯᠭᠠᠨ ᠵᠠᠩᠰᠢᠯ ᠤᠨ ᠬᠠᠤᠯᠢ᠂ ᠪᠢᠴᠢᠮᠡᠯ ᠬᠠᠤᠯᠢ ᠪᠠᠷ ᠲᠤᠠᠠᠳᠠᠭᠠᠭᠠᠳ᠂ ᠠᠮᠢᠳᠤᠷᠠᠯ ᠤᠨ ᠵᠠᠩ ᠲᠠᠳᠬᠠᠯ᠂ ᠤᠳᠬ᠎ᠠ ᠵᠤᠭᠢᠶᠠᠯ ᠤᠷᠠᠯᠢᠭ᠂ ᠶᠤᠰᠤ ᠰᠤᠷᠳᠠᠬᠤᠨ ᠤ ᠲᠠᠯ᠎ᠠ ᠪᠠᠷ ᠢᠯᠡᠷᠡᠭᠦᠯᠵᠤ᠂ ᠦᠪᠡᠷᠮᠢᠴᠡ ᠤᠨᠴᠠᠯᠢᠭ ᠪᠦᠭᠦᠢ ᠠᠮᠢ ᠠᠬᠤᠢ ᠶᠢᠨ ᠰᠤᠶᠤᠯ ᠢ ᠪᠤᠢ ᠪᠤᠯᠭᠠᠠᠠᠰᠠᠨ ᠪᠠᠶᠢᠨ᠎ᠠ᠃ ᠡᠶᠢᠮᠤ ᠠᠴᠠ ᠡᠩ ᠲᠠᠷᠢᠭᠦᠨ ᠳᠤ ᠡᠨᠡ ᠬᠦ ᠰᠤᠶᠤᠯ ᠤᠨ ᠤᠯᠠᠮᠵᠢᠯᠡᠯ ᠢ ᠵᠠᠯᠭᠠᠮᠵᠢᠯᠡᠨ ᠭᠦᠭᠵᠢᠭᠦᠯᠵᠤ᠂ ᠭᠦᠷᠦᠰᠤᠨ ᠲᠠᠪᠬᠤᠷᠭ᠎ᠠ ᠶᠢ ᠬᠠᠮᠠᠭᠠᠯᠠᠬᠤ ᠦᠵᠡᠯ ᠲᠠᠨᠢᠯᠳᠡ ᠪᠠᠨ ᠰᠢᠨ᠎ᠠ ᠪᠠᠷ ᠪᠤᠢ ᠪᠤᠯᠭᠠᠬᠤ ᠪᠠ ᠲᠠᠰᠤᠷᠠᠯᠳᠠ ᠦᠭᠡᠢ ᠲᠡᠭᠡᠭᠰᠢᠯᠡᠭᠦᠯᠵᠤ᠂ ᠲᠡᠭᠦᠨ ᠢ ᠪᠠᠨ ᠲᠠᠯ᠎ᠠ ᠨᠤᠳᠤᠭ ᠤᠨ ᠦᠢᠯᠡᠳᠪᠤᠷᠢᠯᠡᠯ ᠠᠮᠢᠳᠤᠷᠠᠯ ᠤᠨ ᠲᠤᠮᠳᠠ ᠨᠠᠶᠢᠳᠠᠪᠤᠷᠢᠵᠢᠭᠤᠯᠵᠤ᠂ ᠰᠢᠨᠵᠢᠯᠡᠭᠦ ᠤᠬᠠᠭᠠᠠᠴᠢ ᠭᠦᠭᠵᠢᠯᠳᠡ ᠶᠢᠨ ᠦᠵᠡᠯᠳᠡ ᠪᠤᠯᠤᠨ ᠭᠦᠮᠦᠨ ᠪᠠᠶᠢᠭᠠᠯᠢ ᠶᠢᠨ ᠵᠤᠭᠢᠴᠠᠯᠳᠤᠨ ᠤᠷᠤᠰᠢᠬᠤ ᠱᠠᠭᠠᠷᠳᠠᠯᠭ᠎ᠠ ᠳᠤ ᠨᠡᠶᠢᠴᠡᠭᠦᠯᠭᠦ ᠭᠡᠷᠡᠭᠳᠡᠢ᠃ ᠲᠠᠷᠠᠭ᠎ᠠ ᠳᠤᠨᠢ ᠤᠷᠴᠢᠨ ᠠᠬᠤᠢ ᠶᠢᠨ ᠬᠤᠪᠢᠷᠠᠯᠳᠠ ᠶᠢ ᠢᠳᠡᠪᠭᠢᠳᠡᠢ ᠲᠠᠭᠠᠵᠤ᠂ ᠨᠤᠳᠤᠭ ᠪᠡᠯᠴᠢᠭᠡᠷ ᠤᠨ ᠤᠷᠭᠤᠮᠠᠯ ᠤᠨ ᠪᠦᠷᠭᠦᠴᠡ ᠦᠪᠠᠷ ᠢᠶᠠᠨ ᠰᠡᠷᠭᠦᠭᠦ ᠳᠤ ᠤᠷᠤᠨ ᠵᠠᠢ ᠤᠯᠭᠤᠨ ᠦᠭᠴᠤ᠂ ᠠᠮᠢ ᠠᠬᠤᠢ ᠶᠢᠨ ᠰᠡᠷᠭᠦᠯᠳᠡ ᠶᠢᠨ ᠦᠶᠡᠯᠡᠯ ᠤᠨ ᠬᠤᠭᠤᠴᠠᠭ᠎ᠠ ᠶᠢ ᠪᠤᠭᠤᠨᠢᠰᠬᠠᠨ᠂ ᠰᠡᠷᠭᠡᠶᠢᠯᠡᠨ ᠵᠠᠰᠠᠬᠤ ᠵᠠᠷᠤᠳᠠᠯ ᠢ ᠠᠷᠪᠢᠯᠡᠵᠤ᠂ ᠤᠳᠤ ᠪᠠᠶᠢᠬᠤ ᠲᠠᠷᠢᠶᠠᠨ ᠭᠠᠵᠠᠷ ᠢ ᠪᠠᠶᠢᠭᠠᠯᠢ ᠶᠢᠨ ᠤᠷᠭᠤᠮᠠᠯ ᠤᠨ ᠪᠦᠷᠭᠦᠴᠡ ᠪᠤᠯᠭᠠᠨ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠳᠦᠨ ᠴᠢᠨᠠᠷ ᠢ ᠰᠡᠷᠭᠦᠭᠡᠵᠤ᠂ ᠲᠠᠯ᠎ᠠ ᠨᠤᠳᠤᠭ ᠤᠨ ᠠᠮᠢ ᠠᠬᠤᠢ ᠶᠢᠨ ᠠᠶᠤᠯ ᠦᠬᠡᠢ ᠪᠠᠶᠢᠬᠤ ᠶᠢ ᠪᠠᠳᠤᠯᠠᠬᠤ ᠭᠡᠷᠡᠭᠳᠡᠢ᠃ ᠪᠡᠯᠴᠢᠭᠡᠷ ᠤᠨ ᠪᠠᠭᠳᠠᠭᠠᠮᠵᠢ ᠶᠢᠨ ᠭᠡᠮᠵᠢᠶ᠎ᠠ ᠶᠢ ᠴᠢᠩᠭ᠎ᠠ ᠭᠢᠵᠠᠭᠠᠷᠯᠠᠬᠤ ᠭᠡᠷᠡᠭᠳᠡᠢ᠃ ᠠᠮᠢ ᠠᠬᠤᠢ ᠶᠢᠨ ᠪᠠᠶᠢᠳᠠᠯ ᠢᠶᠠᠷ ᠠᠶᠤᠯ ᠲᠠᠢ ᠪᠠᠶᠢᠬᠤ ᠭᠠᠵᠠᠷ ᠤᠷᠤᠨ ᠤ ᠪᠠᠭᠳᠠᠭᠠᠮᠵᠢ ᠠᠴᠠ ᠭᠡᠳᠦᠷᠡᠭᠰᠡᠨ ᠰᠠᠭᠤᠭᠠᠯᠢ ᠠᠷᠠᠳ ᠢ ᠨᠡᠭᠦᠯᠭᠡᠵᠤ᠂ ᠲᠤᠠᠠᠳᠠᠭᠠᠠᠠᠰᠠᠨ ᠭᠢᠵᠠᠭᠠᠷᠳᠤ ᠲᠤᠭᠠᠨ ᠤ ᠮᠠᠯ ᠰᠦᠷᠦᠭ ᠢ ᠪᠡᠯᠴᠢᠭᠡᠷᠯᠡᠭᠦᠯᠭᠦ ᠭᠡᠷᠡᠭᠳᠡᠢ᠃ ᠠᠮᠢ ᠠᠬᠤᠢ ᠶᠢᠨ ᠪᠠᠶᠢᠳᠠᠯ ᠭᠡᠴᠡᠭᠦᠳᠡᠭᠰᠡᠨ ᠭᠠᠵᠠᠷ ᠤᠷᠤᠨ ᠳᠤ ᠠᠮᠢ ᠠᠬᠤᠢ ᠶᠢᠨ ᠬᠠᠮᠠᠭᠠᠯᠠᠯᠳᠠ ᠶᠢᠨ ᠲᠤᠭᠤᠷᠢᠭ ᠪᠠᠶᠢᠭᠤᠯᠬᠤ ᠭᠡᠷᠭᠳᠡᠢ᠃ ᠲᠠᠷᠢᠶᠠᠯᠠᠩ ᠠᠵᠤ ᠦᠢᠯᠡᠰ ᠤᠨ ᠪᠦᠳᠦᠴᠡ ᠪᠡ ᠭᠦᠭᠵᠢᠯᠳᠡ ᠶᠢᠨ ᠴᠢᠭᠯᠡᠯ ᠢ ᠲᠤᠭᠢᠷᠠᠭᠤᠯᠵᠤ᠂ ᠠᠮᠢ ᠠᠬᠤᠢ ᠶᠢᠨ ᠬᠠᠮᠠᠭᠠᠯᠠᠯᠳᠡ ᠶᠢᠨ ᠭᠡᠯᠪᠡᠷᠢᠳᠤ ᠮᠠᠯ ᠠᠵᠤ ᠠᠬᠤᠢ ᠶᠢ ᠭᠦᠭᠵᠢᠭᠦᠯᠭᠦ ᠭᠡᠷᠡᠭᠳᠡᠢ᠃ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠭᠡᠷᠡᠭᠴᠡᠭᠡ ᠶᠢ ᠬᠠᠨᠭ᠍ᠭᠠᠬᠤ ᠪᠠᠷ ᠭᠤᠤᠯ ᠵᠤᠷᠢᠯᠭ᠎ᠠ ᠪᠤᠯᠭᠠᠠᠠᠰᠠᠨ ᠲᠠᠷᠢᠮᠠᠯ ᠤᠨ ᠦᠢᠯᠡᠰ ᠤᠨ ᠤᠷᠤᠨ ᠲᠤᠭᠤᠷᠢᠭ ᠭᠠᠷᠭᠠᠵᠤ᠂ ᠮᠠᠯ ᠠᠵᠤ ᠠᠬᠤᠢ ᠶᠢᠨ ᠭᠦᠭᠵᠢᠯᠳᠡ ᠳᠤ ᠲᠡᠵᠢᠭᠡᠯ ᠪᠤᠷᠳᠤᠭ᠎ᠠ ᠲᠤᠳ᠋ᠬᠠᠳᠠᠵᠤ ᠪᠠᠶᠢᠬᠤ ᠠᠰᠠᠭᠤᠳᠠᠯ ᠢ ᠰᠢᠢᠳᠪᠤᠷᠢᠯᠡᠵᠤ᠂ ᠮᠠᠯ ᠠᠵᠤ ᠠᠬᠤᠢ ᠶᠢᠨ ᠭᠦᠭᠵᠢᠯᠳᠡ ᠶᠢᠨ ᠡᠳᠤᠷ ᠢᠷᠡᠭᠦᠶ᠎ᠠ ᠭᠡᠪᠡᠷᠡᠭᠵᠢᠵᠤ ᠪᠠᠶᠢᠭ᠎ᠠ ᠲᠠᠯ᠎ᠠ ᠨᠤᠳᠤᠭ ᠤᠨ ᠠᠮᠢ ᠠᠬᠤᠢ ᠶᠢᠨ ᠰᠢᠰᠲ᠋ᠧᠮ ᠳᠠᠬᠢ ᠲᠠᠷᠤᠯᠳᠠ ᠶᠢ ᠭᠦᠡᠭᠭᠡᠷᠡᠭᠦᠯᠭᠦ ᠭᠡᠷᠡᠭᠳᠡᠢ᠃ ᠭᠤᠷᠪᠡᠳᠤᠭᠠᠷ ᠲᠤ᠂ ᠨᠠᠷᠡᠨ ᠡᠨᠧᠷᠭᠢ᠂ ᠰᠠᠯᠭᠢᠨ ᠡᠨᠧᠷᠭᠢ ᠪᠠᠷ ᠲᠠᠮᠵᠢᠨ ᠡᠨᠧᠷᠭᠢ ᠶᠢᠨ ᠬᠤᠷᠠᠮᠳᠤᠭᠤᠯᠭ᠎ᠠ ᠶᠢ ᠦᠷᠭᠦᠯᠵᠢᠯᠡᠨ ᠦᠷᠭᠡᠳᠭᠡᠵᠤ᠂ ᠨᠠᠷᠠᠨ ᠤ ᠰᠠᠴᠤᠷᠠᠭ ᠵᠢᠴᠢ ᠰᠠᠯᠭᠢᠨ ᠤ ᠭᠦᠨᠦᠭᠡᠯ ᠢ ᠴᠠᠭᠢᠯᠭᠠᠨ ᠡᠨᠧᠷᠭᠢ ᠪᠤᠯᠭᠠᠬᠤ ᠶᠢ ᠡᠷᠴᠢᠮᠵᠢᠭᠦᠯᠵᠤ᠂ ᠨᠤᠳᠤᠭ ᠪᠡᠯᠴᠢᠭᠡᠷ ᠪᠡ ᠡᠯᠡᠰᠤᠨ ᠤ ᠤᠷᠭᠤᠮᠠᠯ ᠤᠨ ᠪᠦᠷᠭᠦᠴᠡ ᠶᠢ ᠠᠯᠢ ᠴᠢᠳᠠᠬᠤ ᠪᠠᠷ ᠰᠠᠶᠢᠨ ᠬᠠᠮᠠᠭᠠᠯᠠᠵᠤ᠂ ᠲᠡᠭᠦᠨ ᠤ ᠠᠮᠢ ᠠᠬᠤᠢ ᠶᠢᠨ ᠦᠷ᠎ᠡ ᠠᠰᠢᠭ ᠢ ᠨᠢ ᠭᠦᠢᠴᠡᠳ ᠪᠠᠳᠠᠷᠠᠭᠤᠯᠬᠤ ᠭᠡᠷᠡᠭᠳᠡᠢ᠃ ᠲᠦᠷᠪᠡᠳᠦᠭᠡᠷ ᠲᠤ᠂ ᠤᠷᠴᠢᠨ ᠲᠤᠭᠤᠷᠢᠨ ᠳᠤ ᠨᠦᠯᠦᠭᠡ ᠪᠠᠭ᠎ᠠ ᠲᠠᠢ ᠰᠢᠨ᠎ᠠ ᠡᠨᠧᠷᠭᠢ᠂ ᠠᠭᠤᠷᠬᠠᠢ ᠶᠢᠨ ᠭᠠᠷᠤᠯᠳᠠ᠂ ᠪᠤᠭᠢᠷᠳᠤᠯ ᠦᠭᠡᠢ ᠢᠳᠡᠭᠡᠨ᠂ ᠠᠮᠢ ᠠᠬᠤᠢ ᠶᠢᠨ ᠰᠤᠶᠤᠯ ᠤᠨ ᠵᠢᠭᠤᠯᠴᠢᠯᠠᠯ ᠤᠨ ᠠᠵᠤ ᠦᠢᠯᠡᠰ ᠢ ᠶᠡᠭᠡ ᠪᠠᠷ ᠲᠡᠳᠭᠦᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠤᠠᠴᠠᠯᠢᠭ ᠲᠤ ᠲᠤᠭᠢᠷᠬᠠᠰᠠᠨ ᠡᠷᠭᠢᠯᠳᠡᠳᠤ ᠠᠵᠤ ᠠᠬᠤᠢ ᠶᠢᠨ ᠭᠦᠭᠵᠢᠯᠳᠡ ᠶᠢᠨ ᠦᠯᠢᠭᠡᠷ ᠭᠡᠪ ᠢ ᠡᠷᠢᠯᠭᠢᠯᠡᠭᠦ ᠭᠡᠷᠡᠭᠳᠡᠢ᠃ ᠲᠠᠪᠤᠳᠤᠭᠠᠷ ᠲᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠡᠯᠡᠰᠦᠷᠭᠡᠭᠵᠢᠯ ᠢ ᠵᠠᠰᠠᠬᠤ᠂ ᠡᠪᠡᠰᠤᠨ ᠦᠷ᠎ᠡ ᠶᠢ ᠰᠢᠯᠢᠳᠡᠭᠵᠢᠭᠦᠯᠭᠦ᠂ ᠬᠤᠯᠤᠭᠠᠨ᠎ᠠ ᠶᠢᠨ ᠭᠦᠨᠦᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠬᠢ ᠬᠠᠮᠢᠶ᠎ᠠ ᠪᠦᠭᠦᠢ ᠲᠤᠰᠬᠠᠢ ᠴᠢᠳᠠᠪᠤᠷᠢᠳᠡᠨ ᠢ ᠭᠦᠮᠦᠵᠢᠭᠦᠯᠭᠦ ᠪᠡ ᠰᠢᠨᠵᠢᠯᠡᠭᠦ ᠤᠬᠠᠭᠠᠨ ᠮᠡᠷᠭᠡᠵᠢᠯ ᠤᠨ ᠲᠠᠪᠰᠢᠯᠳᠡ ᠪᠤᠯᠤᠨ ᠲᠡᠭᠦᠨ ᠢ ᠤᠯᠠᠷᠢᠭᠤᠯᠬᠤ ᠶᠢ ᠲᠦᠷᠭᠡᠳᠭᠡᠵᠤ᠂ ᠦᠷᠭᠡᠨ ᠤᠯᠠᠨ ᠮᠠᠯᠵᠢᠬᠤ ᠤᠷᠤᠨ ᠤ ᠭᠡᠷᠡᠭᠴᠡᠭᠡ ᠳᠤ ᠲᠤᠭᠢᠷᠠᠭᠤᠯᠵᠤ᠂ ᠡᠯᠡᠰᠦᠷᠭᠡᠭᠵᠢᠯ ᠢ ᠵᠠᠰᠠᠬᠤ ᠡᠷᠴᠢᠮ ᠢᠶᠠᠨ ᠴᠢᠩᠭᠠᠯᠠᠬᠤ ᠭᠡᠷᠡᠭᠳᠡᠢ᠃