︵ᠭᠤᠷᠪᠠ︶ ᠰᠠᠭᠠᠯᠢ ᠶᠢᠨ ᠦᠨᠢᠶ᠎ᠠ ᠶᠢ ᠨᠡᠶᠢᠳᠡ ᠶᠢᠨ ᠬᠦᠨᠦᠭᠡᠯ ᠦᠬᠡᠢ ᠪᠠᠷ ᠠᠷᠠᠴᠢᠯᠡᠨ ᠮᠠᠯᠵᠢᠬᠤ ᠮᠡᠷᠭᠡᠵᠢᠯ
ᠨᠡᠶᠢᠲᠡᠯᠡᠭᠰᠡᠨ ᠴᠠᠭ᠄
2015/11/16

      1. ᠶᠠᠭᠤ ᠶᠢ ᠦᠨᠢᠶᠠᠨ ᠰᠦᠨ ᠤ ᠨᠡᠶᠢᠳᠡ ᠶᠢᠨ ᠬᠦᠨᠦᠭᠡᠯ ᠦᠬᠡᠢ ᠦᠢᠯᠡᠳᠪᠤᠷᠢᠯᠡᠯ ᠬᠡᠳᠡᠭ ᠪᠤᠢ︖

       ᠮᠠᠨ ᠤ ᠤᠯᠤᠰ ᠤᠨ ᠪᠠᠷᠢᠮᠵᠢᠶ᠎ᠠ ᠪᠠᠷ ᠪᠤᠯ ᠠᠶᠤᠯ ᠦᠬᠡᠢ ᠦᠨᠢᠶᠠᠨ ᠰᠦᠨ ᠤ ᠦᠢᠯᠡᠳᠪᠤᠷᠢᠯᠡᠯ ᠢ ᠬᠤᠶᠠᠷ ᠳᠡᠰ ᠬᠤᠪᠢᠶᠠᠳᠠᠭ᠃ ᠬᠠᠮᠤᠭ ᠤᠨ ᠲᠡᠭᠡᠳᠤ ᠳᠡᠰ ᠤᠨ ᠬᠢᠨᠢ ᠪᠤᠯ ᠤᠷᠭᠠᠨᠢᠭ ᠦᠨᠢᠶᠠᠨ ᠰᠦᠨ ᠤ ᠦᠢᠯᠡᠳᠪᠤᠷᠢᠯᠠᠯ ᠪᠤᠯᠤᠨ᠎ᠠ᠃ ᠲᠡᠷᠠᠭ᠎ᠠ ᠨᠢ ᠪᠤᠬᠢᠷᠳᠤᠯ ᠦᠬᠡᠢ ᠦᠨᠢᠶᠠᠨ ᠰᠦ ᠶᠢᠨ ᠦᠢᠯᠡᠳᠪᠤᠷᠢᠯᠡᠯ ᠪᠤᠯᠤᠨ᠎ᠠ᠃ ᠦᠨᠳᠦᠰᠦᠨ ᠳᠡᠭᠡᠨ ᠠᠶᠤᠯ ᠦᠬᠡᠢ ᠦᠨᠢᠶᠠᠨ ᠰᠦ ᠶᠢᠨ ᠦᠢᠯᠡᠳᠪᠤᠷᠢᠯᠠᠯ ᠪᠤᠯ ᠨᠡᠶᠢᠳᠡ ᠶᠢᠨ ᠬᠦᠨᠦᠬᠡᠯ ᠦᠬᠡᠢ ᠦᠢᠯᠡᠳᠪᠤᠷᠢᠯᠡᠯ ᠪᠤᠯᠤᠨ᠎ᠠ᠃ ᠦᠨᠢᠶᠠᠨ ᠰᠦ ᠶᠢ ᠨᠡᠶᠢᠳᠡ ᠶᠢᠨ ᠬᠦᠨᠦᠬᠡᠯ ᠦᠬᠡᠢ ᠪᠠᠶᠢᠯᠭᠠᠬᠤ ᠦᠢᠯᠡᠳᠪᠤᠷᠢᠯᠠᠯ ᠬᠡᠳᠡᠭ ᠪᠤᠯ ᠲᠠᠷᠦᠢ ᠦᠨᠢᠶᠠᠨ ᠰᠦ ᠶᠢ ᠰᠠᠭᠠᠬᠤ᠂ ᠪᠤᠯᠪᠠᠰᠤᠷᠠᠭᠤᠯᠬᠤ ᠶᠠᠪᠤᠴᠠ ᠳᠤ ᠰᠠᠭᠠᠯᠢ ᠶᠢᠨ ᠦᠨᠢᠶ᠎ᠠ ᠶᠢᠨ ᠲᠤᠰ ᠪᠠᠶ᠎ᠠ ᠳᠤ ᠨᠢ ᠬᠦᠮᠦᠨ ᠲᠦᠷᠦᠯᠭᠢᠳᠡᠨ ᠤ ᠡᠷᠡᠭᠦᠯ ᠮᠡᠨᠳᠦ ᠳᠤ ᠬᠦᠨᠦᠭᠡᠯ ᠲᠠᠢ ᠶᠠᠮᠠᠷᠪᠠ ᠡᠮᠳᠤ ᠵᠦᠢᠯ᠂ ᠬᠤᠤᠷᠳᠤ ᠡᠳ᠋ ᠤᠨ ᠦᠯᠡᠳᠡᠭᠳᠡᠯ ᠦᠬᠡᠢ ᠪᠠᠶᠢᠬᠤ ᠪᠤᠶᠤ ᠬᠦᠮᠦᠨ ᠲᠦᠷᠦᠯᠭᠢᠳᠡᠨ ᠳᠤ ᠮᠠᠭᠤ ᠦᠢᠯᠡᠳᠦᠯ ᠲᠠᠢ ᠪᠤᠳᠠᠰ ᠨᠢ ᠴᠦᠮ ᠦᠨᠢᠶᠠᠨ ᠰᠦ ᠶᠢᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠠᠴᠠ ᠭᠡᠳᠦᠷᠡᠭᠰᠡᠨ ᠦᠬᠡᠢ ᠪᠠᠶᠢᠬᠤ ᠶᠢ ᠵᠢᠭᠠᠵᠤ ᠪᠠᠶᠢᠨ᠎ᠠ᠃ ᠡᠬᠦᠨ ᠤ ᠬᠠᠮᠳᠤ ᠤᠷᠴᠢᠨ ᠲᠤᠭᠤᠷᠢᠨ ᠤ ᠤᠷᠴᠢᠨ ᠠᠬᠤᠢ ᠨᠢ ᠶᠠᠮᠠᠷᠴᠤ ᠮᠠᠭᠤ ᠨᠦᠯᠦᠭᠡ ᠪᠡ ᠪᠤᠬᠢᠷᠳᠤᠯ ᠦᠬᠡᠢ ᠪᠠᠶᠢᠬᠤ ᠬᠡᠷᠡᠭᠳᠡᠢ᠃

      ᠦᠨᠢᠶᠠᠨ ᠰᠦ ᠶᠢᠨ ᠨᠡᠶᠢᠳᠡ ᠶᠢᠨ ᠬᠦᠨᠦᠬᠡᠯ ᠦᠬᠡᠢ ᠦᠢᠯᠡᠳᠪᠤᠷᠢᠯᠡᠬᠦ ᠶᠢᠨ ᠭᠤᠤᠯ ᠵᠦᠢᠯ ᠨᠢ ᠭᠡᠪᠡᠯ ᠦᠨᠢᠶᠠᠨ ᠰᠦ ᠶᠢ ᠴᠡᠪᠡᠷ ᠠᠷᠢᠭᠤᠨ᠂ ᠠᠶᠤᠯ ᠦᠬᠡᠢ ᠪᠠᠶᠢᠯᠭᠠᠬᠤ ᠶᠠᠪᠤᠳᠠᠯ ᠪᠤᠯᠤᠨ᠎ᠠ᠃ ᠲᠡᠷᠡᠴᠢᠯᠡᠨ ᠦᠨᠢᠶᠠᠨ ᠰᠦ ᠶᠢᠨ ᠠᠷᠢᠭᠤᠨ ᠴᠡᠪᠡᠷ ᠪᠠ ᠠᠶᠤᠯ ᠦᠬᠡᠢ ᠪᠠᠶᠢᠬᠤ ᠶᠢ ᠨᠦᠯᠦᠭᠡᠯᠡᠳᠡᠭ ᠪᠤᠬᠢᠷᠳᠤᠯ ᠡᠳ᠋ ᠨᠢ ᠦᠨᠢᠶᠠᠨ ᠰᠦ ᠶᠢᠨ ᠦᠢᠯᠡᠳᠪᠤᠷᠢᠯᠡᠬᠦ ᠶᠠᠪᠤᠴᠠ ᠶᠢᠨ ᠡᠯ᠎ᠡ ᠵᠠᠩᠭᠢᠯᠠᠭ᠎ᠠ ᠳᠤ ᠴᠦᠮ ᠦᠨᠢᠶᠠᠨ ᠰᠦ ᠶᠢ ᠪᠤᠬᠢᠷᠳᠤᠭᠤᠯᠵᠤ ᠮᠡᠳᠡᠨ᠎ᠡ᠃ ᠲᠡᠵᠢᠬᠡᠯ ᠪᠤᠷᠳᠤᠭ᠎ᠠ ᠨᠠᠶᠢᠷᠠᠭᠤᠯᠬᠤ᠂ ᠲᠡᠵᠢᠬᠡᠯ ᠡᠪᠡᠰᠤ ᠲᠠᠷᠢᠬᠤ᠂ ᠰᠠᠭᠠᠯᠢ ᠶᠢᠨ ᠦᠨᠢᠶ᠎ᠠ ᠶᠢ ᠲᠡᠵᠢᠬᠡᠵᠤ ᠮᠠᠯᠵᠢᠬᠤ ᠤᠷᠴᠢᠨ ᠲᠤᠭᠤᠷᠢᠨ᠂ ᠦᠨᠢᠶ᠎ᠠ ᠰᠠᠭᠠᠬᠤ᠂ ᠲᠦᠬᠦᠬᠡᠢ ᠰᠦ ᠶᠢ ᠬᠠᠳᠠᠭᠠᠯᠠᠬᠤ ᠪᠤᠯᠪᠠᠰᠤᠷᠠᠭᠤᠯᠬᠤ᠂ ᠵᠦᠭᠡᠭᠡᠪᠤᠷᠢᠯᠡᠬᠦ᠂ ᠪᠤᠷᠤᠯᠠᠭᠤᠯᠬᠤ᠂ ᠦᠭᠡᠷ᠎ᠡ ᠪᠠᠷ ᠬᠡᠯᠡᠪᠡᠯ ᠦᠨᠢᠶᠠᠨ ᠤ ᠲᠠᠯᠠᠪᠠᠢ ᠠᠴᠠ ᠠᠪᠤᠭᠠᠳ ᠰᠦᠨ ᠴᠤᠮᠤ ᠬᠦᠷᠳᠡᠯ᠎ᠡ ᠦᠨᠢᠶᠠᠨ ᠰᠦ ᠴᠦᠮ ᠪᠤᠬᠢᠷᠳᠤᠬᠤ ᠪᠤᠯᠤᠯᠴᠠᠭ᠎ᠠ ᠲᠠᠢ ᠶᠤᠮ᠃

      ᠨᠡᠶᠢᠳᠡ ᠶᠢᠨ ᠬᠦᠨᠦᠭᠡᠯ ᠦᠬᠡᠢ ᠦᠨᠢᠶᠠᠨ ᠰᠦ ᠭᠡᠳᠡᠭ ᠪᠤᠯ ᠮᠤᠵᠢ ᠶᠢᠨ ᠱᠠᠳᠤᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠭᠡᠷᠡᠴᠢᠯᠡᠭᠦᠯᠵᠦ᠂ ᠨᠡᠶᠢᠳᠡ ᠶᠢᠨ ᠬᠦᠨᠦᠭᠡᠯ ᠦᠬᠡᠢ ᠮᠠᠯ ᠲᠠᠷᠢᠶᠠᠯᠠᠩ ᠤᠨ ᠪᠦᠳᠤᠭᠡᠭᠳᠡᠬᠦᠨ ᠤ ᠲᠡᠮᠳᠡᠭ ᠬᠡᠷᠡᠭᠯᠡᠬᠦ ᠶᠢ ᠵᠦᠪᠰᠢᠶᠠᠷᠡᠭᠰᠡᠨ ᠪᠦᠭᠡᠳ ᠪᠤᠬᠢᠷᠳᠤᠯ ᠦᠬᠡᠢ ᠲᠠᠷᠢᠶᠠᠨ ᠡᠮ ᠪᠤᠯᠤᠨ ᠬᠦᠨᠳᠤ ᠲᠡᠮᠦᠷᠯᠢᠭ ᠨᠢ ᠴᠦᠮ ᠪᠠᠷᠢᠮᠵᠢᠶ᠎ᠠ ᠠᠴᠠ ᠲᠠᠪᠠᠭᠰᠠᠨ ᠦᠬᠡᠢ ᠪᠠᠶᠢᠬᠤ ᠦᠨᠢᠶᠠᠨ ᠰᠦ ᠵᠢᠴᠢ ᠲᠡᠬᠦᠨ ᠢᠶᠠᠷ ᠬᠢᠭᠰᠡᠨ ᠴᠠᠭᠠᠨ ᠢᠳᠡᠭᠡ ᠪᠤᠯᠤᠨ᠎ᠠ᠃

       ᠨᠡᠶᠢᠳᠡ ᠶᠢᠨ ᠬᠦᠨᠦᠭᠡᠯ ᠦᠬᠡᠢ ᠦᠨᠢᠶᠠᠨ ᠰᠦ ᠶᠢᠨ ᠴᠢᠨᠠᠷ ᠤᠨ ᠪᠠᠷᠢᠮᠵᠢᠶ᠎ᠠ ᠨᠢ ᠤᠯᠤᠰ ᠤᠨ ᠲᠤᠲᠤᠭᠠᠳᠤᠬᠢ ᠡᠩ ᠤᠨ ᠢᠳᠡᠭᠡᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ ᠲᠠᠢ ᠠᠳᠠᠯᠢᠬᠠᠨ ᠪᠠᠶᠢᠳᠠᠭ ᠪᠦᠭᠡᠳ ᠵᠠᠷᠢᠮ ᠤᠨ ᠬᠢᠨᠢ ᠬᠦᠢᠴᠡᠳᠬᠡᠯ ᠲᠤᠭ᠎ᠠ ᠨᠢ ᠤᠯᠤᠰ ᠤᠨ ᠲᠤᠲᠤᠭᠠᠳᠤ ᠶᠢᠨ ᠡᠩ ᠤᠨ ᠢᠳᠡᠬᠡᠨ ᠤ ᠡᠷᠡᠭᠦᠯ ᠬᠠᠮᠭᠠᠯᠠᠯ ᠤᠨ ᠪᠠᠷᠢᠮᠵᠢᠶ᠎ᠠ ᠠᠴᠠ ᠵᠢᠭᠠᠬᠠᠨ ᠦᠨᠳᠦᠷ ᠪᠠᠶᠢᠳᠠᠭ᠃

       ᠨᠡᠶᠢᠳᠡ ᠶᠢᠨ ᠬᠦᠨᠦᠭᠡᠯ ᠦᠬᠡᠢ ᠦᠨᠢᠶᠠᠨ ᠰᠦ ᠶᠢᠨ ᠦᠢᠯᠡᠳᠪᠤᠷᠢᠯᠡᠯ ᠤᠨ ᠠᠷᠭ᠎ᠠ ᠬᠡᠯᠪᠡᠷᠢ ᠨᠢ ᠡᠷᠭᠡᠪᠡᠰᠢ ᠠᠮᠢ ᠠᠬᠤᠢ ᠶᠢᠨ ᠤᠷᠴᠢᠨ ᠲᠤᠭᠤᠷᠢᠨ ᠤ ᠰᠠᠶᠢᠨ ᠰᠠᠶᠢᠬᠠᠨ ᠨᠦᠬᠦᠴᠡᠯ ᠲᠤᠤᠷ᠎ᠠ᠂ ᠨᠡᠶᠢᠳᠡ ᠶᠢᠨ ᠬᠦᠨᠦᠭᠡᠯ ᠦᠬᠡᠢ ᠦᠨᠢᠶᠠᠨ ᠰᠦ ᠶᠢᠨ ᠦᠢᠯᠡᠳᠪᠤᠷᠢᠯᠡᠯ ᠤᠨ ᠮᠡᠷᠭᠡᠵᠢᠯ ᠤᠨ ᠲᠦᠷᠢᠮ ᠢ ᠵᠢᠷᠤᠮᠯᠠᠵᠤ᠂ ᠬᠢᠮᠢ ᠶᠢᠨ ᠨᠡᠶᠢᠯᠡᠯ ᠡᠳ᠋ ᠢ ᠰᠢᠨᠵᠢᠯᠡᠬᠦ ᠤᠬᠠᠭᠠᠨᠴᠢ ᠪᠠᠷ᠂ ᠵᠦᠢ ᠵᠤᠬᠢᠰᠳᠠᠢ ᠪᠠᠷ ᠬᠡᠷᠡᠭᠯᠡᠵᠤ ᠪᠤᠯᠤᠨ᠎ᠠ᠃

        2. ᠰᠠᠭᠠᠯᠢ ᠶᠢᠨ ᠦᠨᠢᠶ᠎ᠠ ᠶᠢ ᠨᠡᠶᠢᠳᠡ ᠶᠢᠨ ᠬᠦᠨᠦᠬᠡᠯ ᠦᠬᠡᠢ ᠪᠠᠷ ᠲᠡᠵᠢᠭᠡᠨ ᠦᠷᠡᠵᠢᠭᠦᠯᠬᠦ ᠨᠢ ᠶᠠᠮᠠᠷ ᠴᠢᠬᠤᠯᠠ ᠠᠴᠢ ᠬᠤᠯᠪᠤᠭᠳᠠᠯ ᠲᠠᠢ ᠪᠤᠢ︖

       ᠨᠢᠭᠡ ᠳᠤ᠂ ᠰᠠᠭᠠᠯᠢ ᠶᠢᠨ ᠦᠨᠢᠶ᠎ᠠ ᠶᠢ ᠨᠡᠶᠢᠳᠡ ᠶᠢᠨ ᠬᠦᠨᠦᠬᠡᠯ ᠦᠬᠡᠢ ᠪᠠᠷ ᠲᠡᠵᠢᠭᠡᠨ ᠦᠷᠡᠵᠢᠬᠦᠯᠬᠦ ᠨᠢ ᠬᠡᠷᠡᠭᠯᠡᠭᠴᠢᠳ ᠤᠨ ᠲᠤᠰ ᠪᠡᠶ᠎ᠡ ᠶᠢᠨ ᠡᠷᠡᠭᠦᠯ ᠮᠡᠨᠳᠤ ᠲᠠᠢ ᠰᠢᠭᠤᠳ ᠬᠤᠯᠪᠤᠭᠳᠠᠨ᠎ᠠ᠃

        ᠦᠨᠢᠶᠠᠨ ᠰᠦ ᠪᠤᠯ ᠰᠢᠮ᠎ᠠ ᠲᠡᠵᠢᠬᠡᠯ ᠲᠠᠢ ᠡᠳ᠋ ᠶᠤᠮ᠃ ᠬᠦᠮᠦᠨ ᠦᠨᠢᠶᠠᠨ ᠰᠦ ᠶᠢ
ᠤᠤᠭᠤᠬᠤ ᠨᠢ ᠪᠡᠶ᠎ᠡ ᠶᠢᠨ ᠢᠶᠠᠨ ᠡᠷᠡᠭᠦᠯ ᠮᠡᠨᠳᠤ ᠶᠢᠨ ᠲᠦᠯᠦᠭᠡ ᠶᠤᠮ᠃ ᠮᠠᠨ ᠤ ᠤᠯᠤᠰ ᠲᠤ ᠤᠳᠤᠬᠠᠨ ᠳᠤ ᠦᠨᠢᠶᠠᠨ ᠰᠦ ᠶᠢᠨ ᠬᠡᠷᠡᠭᠯᠡᠭᠴᠢᠳ ᠤᠨ ᠭᠤᠤᠯ ᠨᠢ ᠨᠢᠯᠬ᠎ᠠ ᠬᠡᠤᠬᠡᠳ ᠪᠠ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠤᠯᠤᠨ᠎ᠠ᠃ ᠳᠡᠳᠡᠨᠤᠰ ᠪᠤᠯ ᠤᠯᠤᠰ ᠤᠷᠤᠨ ᠤ ᠢᠷᠡᠭᠡᠳᠦᠢ ᠪᠤᠯᠬᠤᠷ ᠳᠡᠳᠡᠨᠤᠰ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠᠶᠢᠬᠤ ᠨᠢ ᠮᠠᠨ ᠤ ᠤᠯᠤᠰ ᠤᠨ ᠦᠨᠳᠦᠰᠦᠨ ᠠᠰᠢᠭ ᠲᠤᠰᠠ ᠪᠠ ᠢᠷᠡᠭᠡᠳᠦᠢ ᠲᠠᠢ ᠰᠢᠭᠤᠳ ᠬᠤᠯᠪᠤᠭᠳᠠᠨ᠎ᠠ᠃ ᠡᠶᠢᠮᠤ ᠠᠴᠠ ᠦᠨᠢᠶᠠᠨ ᠰᠦ ᠶᠢ ᠠᠶᠤᠯ ᠦᠬᠡᠢ᠂ ᠬᠦᠨᠦᠬᠡᠯ ᠦᠬᠡᠢ ᠪᠠᠶᠢᠯᠭᠠᠬᠤ ᠶᠢ ᠦᠨᠡᠨ ᠬᠦ ᠪᠠᠳᠤᠯᠠᠬᠤ ᠬᠡᠷᠡᠭᠳᠡᠢ᠃

      ᠬᠤᠶᠠᠷ ᠲᠤ᠂ ᠰᠠᠭᠠᠯᠢ ᠶᠢᠨ ᠦᠨᠢᠶ᠎ᠠ ᠶᠢ ᠨᠡᠶᠢᠳᠡ ᠶᠢᠨ ᠬᠦᠨᠦᠬᠡᠯ ᠦᠬᠡᠢ ᠪᠠᠷ ᠲᠡᠵᠢᠭᠡᠨ ᠦᠷᠡᠵᠢᠬᠦᠯᠬᠦ ᠨᠢ ᠰᠠᠭᠠᠯᠢ ᠶᠢᠨ ᠦᠨᠢᠶ᠎ᠠ ᠮᠠᠯᠵᠢᠬᠴᠢᠳ ᠤᠨ ᠦᠨᠳᠦᠰᠦᠨ ᠠᠰᠢᠭ ᠲᠤᠰᠠ ᠲᠠᠢ ᠬᠤᠯᠪᠤᠭᠳᠠᠨ᠎ᠠ᠃

       ᠦᠨᠢᠶᠠᠨ ᠰᠦ ᠶᠢᠨ ᠬᠠᠮᠤᠭ ᠤᠨ ᠭᠤᠤᠯ ᠬᠡᠷᠡᠭᠴᠡᠭᠡ ᠨᠢ ᠭᠡᠪᠡᠯ ᠬᠦᠮᠦᠨ ᠤ ᠤᠤᠭᠤᠬᠤ ᠶᠠᠪᠤᠳᠠᠯ ᠪᠤᠯᠤᠨ᠎ᠠ᠃ ᠡᠶᠢᠮᠤ ᠠᠴᠠ ᠦᠨᠢᠶᠠᠨ ᠰᠦ ᠬᠡᠷᠡᠭᠯᠡᠭᠴᠢᠳ ᠤᠨ ᠤᠯᠠᠨ ᠴᠦᠬᠡᠨ ᠨᠢ ᠲᠠᠷᠦᠢ ᠦᠨᠢᠶ᠎ᠠ ᠮᠠᠯᠵᠢᠬᠴᠢᠳ ᠤᠨ ᠬᠠᠮᠤᠭ ᠤᠨ ᠡᠴᠤᠰ ᠤᠨ ᠠᠰᠢᠭ ᠲᠤᠰᠠ ᠲᠠᠢ ᠰᠢᠭᠤᠳ ᠬᠤᠯᠪᠤᠭᠳᠠᠨ᠎ᠠ᠃ ᠦᠨᠢᠶᠠᠨ ᠰᠦ ᠬᠡᠷᠡᠭᠯᠡᠭᠴᠢᠳ ᠤᠯᠠᠮ ᠤᠯᠠᠰᠢᠷᠠᠬᠤ ᠲᠤᠳᠤᠮ ᠦᠨᠢᠶᠠᠨ ᠰᠦ ᠶᠢᠨ ᠬᠡᠷᠡᠭᠴᠡᠭᠡ ᠶᠢᠨ ᠬᠡᠮᠵᠢᠶ᠎ᠠ ᠤᠯᠠᠮ ᠶᠡᠭᠡᠰᠴᠤ᠂ ᠦᠨᠢᠶᠠᠨ ᠤ ᠦᠢᠯᠡᠰ ᠤᠨ ᠬᠦᠭᠵᠢᠯᠳᠡ ᠶᠢᠨ ᠲᠠᠯᠳᠠ ᠬᠦᠴᠦᠨ ᠪᠠ ᠬᠦᠭᠵᠢᠯᠳᠡ ᠶᠢᠨ ᠤᠷᠤᠨ ᠵᠠᠢ ᠤᠯᠠᠮ ᠦᠷᠭᠡᠵᠢᠵᠤ᠂ ᠲᠡᠭᠦᠨ ᠤ ᠠᠵᠤ ᠠᠬᠤᠢ ᠶᠢᠨ ᠦᠷ᠎ᠡ ᠠᠰᠢᠭ ᠪᠤᠯᠤᠨ ᠠᠰᠢᠭ ᠤᠯᠵᠠᠪᠤᠷᠢ ᠶᠢᠨ ᠨᠤᠷᠮ᠎ᠠ ᠨᠢ ᠤᠯᠠᠮ ᠨᠡᠮᠡᠭᠳᠡᠬᠦ ᠪᠤᠯᠤᠨ᠎ᠠ᠃ ᠡᠶᠢᠮᠤ ᠠᠴᠠ ᠦᠨᠢᠶᠠᠨ ᠰᠦ ᠤᠤᠭᠤᠬᠤ ᠬᠦᠮᠦᠰ ᠡᠳᠦᠷ ᠢᠷᠠᠬᠦᠶ᠎ᠠ ᠤᠯᠠᠰᠢᠷᠡᠵᠤ᠂ ᠦᠨᠢᠶᠠᠨ ᠰᠦ ᠶᠢᠨ ᠬᠡᠷᠡᠭᠯᠡᠬᠡᠨ ᠤ ᠬᠡᠮᠵᠢᠶ᠎ᠠ ᠶᠢ ᠨᠡᠮᠡᠭᠳᠡᠬᠦᠯᠬᠦ ᠶᠢᠨ ᠲᠦᠯᠦᠭᠡ ᠦᠨᠢᠶ᠎ᠠ ᠮᠠᠯᠵᠢᠬᠴᠢᠳ ᠪᠠ ᠡᠵᠡᠩᠨᠡᠭᠴᠢ ᠡᠷᠭᠡᠪᠡᠰᠢ ᠵᠠᠬ᠎ᠠ ᠲᠡᠯᠭᠡᠭᠦᠷ ᠲᠤ ᠠᠶᠤᠯ ᠦᠬᠡᠢ᠂ ᠠᠷᠢᠭᠤᠨ ᠴᠡᠪᠡᠷ᠂ ᠨᠡᠶᠢᠳᠡ ᠶᠢᠨ ᠬᠦᠨᠦᠬᠡᠯ ᠦᠬᠡᠢ᠂ ᠴᠢᠨᠡᠷ ᠰᠠᠶᠢᠳᠠᠢ ᠦᠨᠢᠶᠠᠨ ᠰᠦ ᠪᠠ ᠴᠠᠭᠠᠨ ᠢᠳᠡᠭᠡᠨ ᠢ ᠬᠠᠩᠭᠠᠵᠤ᠂ ᠦᠨᠢᠶᠠᠨ ᠰᠦ ᠤᠤᠭᠤᠭᠴᠢᠳ ᠢ ᠰᠡᠳᠬᠢᠯ ᠤᠨ ᠲᠠᠷᠤᠭᠠᠰᠤ ᠦᠬᠡᠢ᠂ ᠰᠠᠨᠠᠭ᠎ᠠ ᠰᠡᠳᠬᠢᠯ ᠲᠠᠶᠢᠪᠤᠩ ᠪᠠᠶᠢᠯᠭᠠᠪᠠᠯ ᠰᠠᠶ᠋ᠢ ᠦᠨᠢ ᠤᠳᠠᠭᠠᠨ ᠤ ᠠᠰᠢᠭ ᠤᠯᠵᠠᠪᠤᠷᠢ ᠪᠠ ᠦᠷ᠎ᠡ ᠠᠰᠢᠭ ᠢ ᠤᠯᠵᠤ ᠴᠢᠳᠡᠨ᠎ᠡ᠃

       ᠭᠤᠷᠪᠠ ᠳᠤ᠂ ᠰᠠᠭᠠᠯᠢ ᠶᠢᠨ ᠦᠨᠢᠶ᠎ᠠ ᠶᠢ ᠨᠡᠶᠢᠳᠡ ᠶᠢᠨ ᠬᠦᠨᠦᠭᠡᠯ ᠦᠬᠡᠢ ᠲᠡᠵᠢᠬᠡᠨ ᠦᠷᠡᠵᠢᠬᠦᠯᠬᠦ ᠪᠤᠯ ᠮᠠᠨ ᠤ ᠤᠯᠤᠰ ᠤᠨ ᠦᠨᠢᠶ᠎ᠠ ᠮᠠᠯᠵᠢᠬᠤ ᠦᠢᠯᠡᠰ ᠢ ᠡᠷᠡᠭᠦᠯ ᠢᠶᠠᠷ ᠬᠦᠭᠵᠢᠬᠦᠯᠬᠦ ᠶᠢᠨ ᠪᠠᠳᠤᠯᠠᠭ᠎ᠠ ᠮᠦᠨ᠃

       ᠮᠠᠨ ᠤ ᠤᠯᠤᠰ ᠤᠨ ᠦᠨᠢᠶ᠎ᠠ ᠮᠠᠯᠵᠢᠬᠤ ᠦᠢᠯᠡᠰ ᠤᠨ ᠡᠬᠢᠯᠡᠯᠳᠡ ᠨᠢ ᠨᠡᠯᠢᠶᠡᠳ ᠤᠷᠤᠢ᠂ ᠬᠦᠭᠵᠢᠯᠳᠡ ᠶᠢᠨ ᠬᠤᠷᠳᠤᠴᠠ ᠨᠢ ᠴᠤ ᠨᠡᠯᠢᠶᠡᠳ ᠤᠳᠠᠭᠠᠨ ᠪᠠᠶᠢᠬᠤ ᠪᠦᠭᠡᠳ ᠮᠠᠨ ᠤ ᠤᠯᠤᠰ ᠤᠨ ᠢᠳᠡᠭᠡᠨ ᠤᠮᠳᠠᠭᠠᠨ ᠤ ᠲᠠᠳᠬᠠᠯ ᠨᠢ ᠴᠦ ᠡᠸᠦ᠋ᠷᠦᠫᠠ ᠠᠮᠧᠷᠢᠺᠠ ᠵᠡᠷᠭᠡ ᠤᠯᠤᠰ ᠲᠠᠢ ᠠᠳᠠᠯᠢ ᠦᠬᠡᠢ ᠪᠠᠶᠢᠳᠠᠭ᠃ ᠡᠶᠢᠮᠤ ᠠᠴᠠ ᠲᠡᠯᠡᠬᠡᠢ ᠶᠢᠨ ᠰᠠᠭᠠᠯᠢ ᠶᠢᠨ ᠦᠨᠢᠶ᠎ᠠ ᠶᠢᠨ ᠦᠢᠯᠡᠰ ᠢ ᠬᠦᠭᠵᠢᠬᠦᠯᠦᠭᠰᠡᠨ ᠤᠯᠤᠰ ᠤᠳ ᠲᠠᠢ ᠬᠠᠷᠢᠴᠠᠭᠤᠯᠪᠠᠯ ᠮᠠᠨ ᠤ ᠤᠯᠤᠰ ᠤᠨ ᠰᠠᠭᠠᠯᠢ ᠶᠢᠨ ᠦᠨᠢᠶᠠᠨ ᠤ ᠦᠢᠯᠡᠰ ᠬᠠᠷᠠᠬᠠᠨ ᠬᠤᠴᠤᠷᠤᠩᠭᠤᠢ ᠪᠠᠶᠢᠨ᠎ᠠ᠃ ᠡᠨᠡ ᠨᠢ ᠤᠯᠤᠰ ᠤᠨ ᠲᠤᠲᠤᠭᠠᠳᠤ ᠳᠤ ᠨᠢᠭᠡᠨ ᠰᠠᠭᠠᠯᠢ ᠶᠢᠨ ᠦᠨᠢᠶ᠎ᠠ ᠶᠢ ᠬᠦᠭᠵᠢᠬᠦᠯᠬᠦ ᠰᠠᠶᠢᠨ ᠰᠠᠶᠢᠬᠠᠨ ᠤᠷᠴᠢᠨ ᠠᠬᠤᠢ ᠲᠠᠢ ᠪᠠᠶᠢᠬᠤ ᠶᠢ ᠱᠠᠭᠠᠷᠳᠠᠵᠦ ᠪᠠᠶᠢᠨ᠎ᠠ᠃ ᠡᠶᠢᠮᠤ ᠠᠴᠠ ᠨᠢᠭᠡᠨ ᠣᠷᠴᠢᠨ ᠠᠬᠤᠢ ᠶᠢ ᠪᠤᠢ ᠪᠤᠯᠭᠠᠬᠤ ᠳᠤ ᠰᠠᠭᠠᠯᠢ ᠶᠢᠨ ᠦᠨᠢᠶᠠᠨ ᠤ ᠦᠢᠯᠡᠰ ᠢ ᠬᠦᠭᠵᠢᠬᠦᠯᠬᠦ ᠲᠠᠯ᠎ᠠ ᠪᠠᠷ ᠤᠯᠤᠰ ᠠᠴᠠ ᠠᠰᠢᠭᠳᠠᠢ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠲᠠᠢ ᠪᠠᠶᠢᠯᠭᠠᠵᠤ᠂ ᠮᠠᠨ ᠤ ᠤᠯᠤᠰ ᠤᠨ ᠰᠠᠭᠠᠯᠢ ᠶᠢᠨ ᠦᠨᠢᠶᠠᠨ ᠤ ᠦᠢᠯᠡᠰ ᠤᠨ ᠬᠦᠭᠵᠢᠯᠳᠡ ᠶᠢᠨ ᠶᠠᠪᠤᠴᠠ ᠳᠠᠭᠠᠨ ᠰᠠᠭᠠᠳ ᠬᠠᠷᠰᠢ ᠦᠬᠡᠢ ᠪᠤᠶᠤ ᠰᠠᠭᠠᠳ ᠬᠠᠷᠰᠢ ᠪᠠᠭ᠎ᠠ ᠲᠠᠢ ᠪᠠᠶᠢᠯᠭᠠᠬᠤ ᠴᠢᠬᠤᠯᠠ ᠲᠠᠢ ᠶᠤᠮ᠃ ᠭᠡᠪᠡᠴᠤ ᠨᠡᠩ ᠴᠢᠬᠤᠯᠠ ᠨᠢ ᠰᠠᠭᠠᠯᠢ ᠶᠢᠨ ᠦᠨᠢᠶ᠎ᠠ ᠶᠢᠨ ᠦᠢᠯᠡᠰ ᠢ ᠬᠦᠭᠵᠢᠬᠦᠯᠬᠦ ᠳᠤ ᠪᠡᠶ᠎ᠡ ᠪᠠᠨ ᠴᠢᠩᠭ᠎ᠠ ᠱᠠᠭᠠᠷᠳᠠᠬᠤ ᠳᠤ ᠪᠤᠢ᠃ ᠡᠬᠦᠨ ᠳᠤ ᠬᠠᠮᠤᠭ ᠤᠨ ᠴᠢᠬᠤᠯᠠ ᠨᠢ ᠪᠤᠯ ᠠᠶᠤᠯ ᠦᠬᠡᠢ᠂ ᠠᠷᠢᠭᠤᠨ ᠴᠡᠪᠡᠷ᠂ ᠨᠡᠶᠢᠳᠡ ᠶᠢᠨ ᠬᠦᠨᠦᠭᠡᠯ ᠦᠬᠡᠢ ᠦᠨᠢᠶᠠᠨ ᠰᠦ ᠪᠤᠯᠤᠨ ᠴᠠᠭᠠᠨ ᠢᠳᠡᠭᠡᠨ ᠢ ᠦᠢᠯᠡᠳᠪᠤᠷᠢᠯᠡᠵᠤ ᠪᠤᠷᠤᠯᠠᠭᠤᠯᠬᠤ ᠶᠠᠪᠤᠳᠠᠯ ᠪᠤᠯᠤᠨ᠎ᠠ᠃ ᠶᠠᠰᠤ ᠴᠢᠨᠠᠷ ᠪᠠ ᠢᠳᠡᠬᠡᠯ ᠬᠦᠨᠳᠤ ᠪᠠᠷ ᠢᠶᠠᠨ ᠵᠠᠬ᠎ᠠ ᠲᠡᠯᠭᠡᠭᠦᠷ ᠢ ᠡᠵᠡᠯᠡᠵᠤ᠂ ᠬᠦᠭᠵᠢᠯᠳᠡ ᠶᠢᠨ ᠤᠷᠤᠨ ᠵᠠᠢ ᠶᠢ ᠤᠯᠬᠤ ᠬᠡᠷᠡᠭᠳᠡᠢ᠃ ᠲᠡᠶᠢᠮᠤ ᠪᠢᠰᠢ ᠪᠤᠯ ᠦᠨᠢᠶᠠᠨ ᠰᠦ ᠪᠤᠯᠤᠨ ᠴᠠᠭᠠᠨ ᠢᠳᠡᠭᠡ ᠨᠢ ᠶᠠᠰᠤ ᠴᠢᠨᠠᠷ ᠤᠨ ᠲᠠᠯ᠎ᠠ ᠪᠠᠷ ᠪᠠᠳᠤᠯᠠᠭ᠎ᠠ ᠦᠬᠡᠢ ᠪᠤᠯᠬᠤ ᠪᠠ ᠬᠡᠷᠡᠭᠯᠡᠭᠴᠢᠳ ᠴᠤ ᠰᠡᠳᠬᠢᠯ ᠠᠮᠤᠷ ᠦᠬᠡᠢ ᠪᠤᠯᠵᠤ᠂ ᠴᠢᠨᠠᠭᠰᠢᠯᠠᠪᠠᠯ ᠰᠦ ᠬᠡᠪᠡᠯ ᠰᠡᠳᠭᠢᠯ ᠨᠢ ᠬᠦᠷᠦᠵᠤ᠂ ᠡᠴᠤᠰ ᠲᠡᠭᠡᠨ ᠦᠨᠢᠶᠠᠨ ᠰᠦ ᠶᠢᠨ ᠵᠠᠬ᠎ᠠ ᠲᠡᠯᠭᠡᠬᠦᠷ ᠢ ᠨᠦᠯᠦᠭᠡᠯᠡᠬᠦ ᠪᠦᠭᠡᠳ ᠮᠠᠨ ᠤ ᠤᠯᠤᠰ ᠤᠨ ᠰᠠᠭᠠᠯᠢ ᠶᠢᠨ ᠦᠨᠢᠶ᠎ᠠ ᠮᠠᠯᠵᠢᠬᠤ ᠦᠢᠯᠡᠰ ᠤᠨ ᠡᠷᠡᠭᠦᠯ ᠢᠶᠠᠷ ᠬᠦᠭᠵᠢᠬᠦ ᠶᠢ ᠨᠦᠯᠦᠭᠡᠯᠡᠬᠦ ᠪᠤᠯᠤᠨ᠎ᠠ᠃

      ᠲᠦᠷᠪᠠ ᠳᠤ᠂ ᠰᠠᠭᠠᠯᠢ ᠶᠢᠨ ᠦᠨᠢᠶ᠎ᠠ ᠶᠢ ᠨᠡᠶᠢᠳᠡ ᠶᠢᠨ ᠬᠦᠨᠦᠬᠡᠯ ᠦᠬᠡᠢ ᠪᠠᠷ ᠲᠡᠵᠢᠭᠡᠨ ᠦᠷᠡᠵᠢᠭᠦᠯᠬᠦ ᠪᠤᠯ ᠲᠤᠮᠳᠠᠳᠤ ᠤᠯᠤᠰ ᠤᠨ ᠮᠠᠯ ᠤᠨ ᠠᠰᠢᠭ ᠰᠢᠮ᠎ᠠ ᠶᠢ ᠲᠡᠯᠡᠭᠡᠢ ᠶᠢᠨ ᠵᠠᠬ᠎ᠠ ᠲᠡᠯᠭᠡᠭᠦᠷ ᠯᠦᠭᠡ ᠵᠤᠯᠭᠠᠭᠤᠯᠬᠤ ᠶᠢᠨ ᠡᠷᠭᠡᠪᠡᠰᠢ ᠵᠢᠷᠤᠮᠯᠠᠬᠤ ᠲᠦᠷᠢᠮ ᠮᠦᠨ᠃

      ᠮᠠᠨ ᠤ ᠤᠯᠤᠰ ᠨᠢᠭᠡᠨᠳᠡ ᠲᠡᠯᠡᠬᠡᠢ ᠶᠢᠨ ᠠᠷᠠᠯᠵᠢᠶ᠎ᠠ ᠶᠢᠨ ᠵᠤᠬᠢᠶᠠᠨ ᠪᠠᠶᠢᠭᠤᠯᠤᠯᠳᠠ WTO ᠳᠤ ᠡᠯᠰᠡᠭᠳᠡᠭᠡᠳ᠂ ᠡᠯ᠎ᠡ ᠦᠢᠯᠡᠳᠪᠤᠷᠢᠯᠡᠯ ᠤᠨ ᠬᠦᠷᠢᠶ᠎ᠠ ᠬᠡᠪᠴᠢᠶ᠎ᠠ ᠶᠠᠭ ᠲᠡᠯᠡᠬᠡᠢ ᠶᠢᠨ ᠵᠠᠬ᠎ᠠ ᠲᠡᠯᠭᠡᠬᠦᠷ ᠯᠦᠭᠡ ᠢᠳᠡᠭ ᠢᠳᠡᠭ ᠢᠶᠠᠷ ᠠᠮᠠ ᠰᠡᠭᠡᠷ ᠵᠤᠯᠭᠠᠯᠳᠤᠵᠤ ᠪᠠᠶᠢᠨ᠎ᠠ᠃ ᠨᠢᠭᠡ ᠲᠠᠯ᠎ᠠ ᠪᠠᠷ ᠭᠠᠳᠠᠭᠠᠳᠤ ᠶᠢᠨ ᠡᠯ᠎ᠡ ᠲᠦᠷᠦᠯ ᠤᠨ ᠦᠢᠯᠡᠳᠬᠦᠨ ᠨᠢ ᠤᠯᠤᠰ ᠤᠨ ᠲᠤᠲᠤᠭᠠᠳᠤ ᠶᠢᠨ ᠵᠠᠬ᠎ᠠ ᠲᠡᠯᠭᠡᠭᠦᠷ ᠲᠤ ᠤᠷᠤᠵᠤ ᠢᠷᠡᠭᠡᠳ᠂ ᠤᠯᠤᠰ ᠤᠨ ᠲᠤᠲᠤᠭᠠᠳᠤ ᠶᠢᠨ ᠡᠵᠡᠩᠨᠡᠭᠴᠢᠳ ᠯᠦᠭᠡ ᠦᠷᠢᠰᠤᠯᠳᠤᠵᠤ᠂ ᠤᠯᠤᠰ ᠤᠨ ᠲᠤᠲᠤᠭᠠᠳᠤ ᠶᠢᠨ ᠵᠠᠬ᠎ᠠ ᠲᠡᠯᠭᠡᠭᠦᠷ ᠢ ᠪᠤᠯᠢᠶᠠᠯᠳᠤᠵᠤ ᠪᠠᠶᠢᠨ᠎ᠠ᠃ ᠨᠦᠬᠦᠭᠡ ᠲᠠᠯ᠎ᠠ ᠪᠠᠷ ᠮᠠᠨ ᠤ ᠤᠯᠤᠰ ᠤᠨ ᠦᠢᠯᠡᠳᠪᠤᠷᠢᠯᠡᠭᠴᠢᠳ ᠪᠤᠯᠤᠨ ᠡᠵᠡᠩᠨᠡᠭᠴᠢᠳ ᠴᠤ ᠭᠠᠳᠠᠭᠠᠳᠤ ᠶᠢᠨ ᠵᠠᠬ᠎ᠠ ᠲᠡᠯᠭᠡᠭᠦᠷ ᠲᠤ ᠲᠦᠷᠢᠨ ᠤᠷᠤᠵᠤ ᠪᠠᠶᠢᠨ᠎ᠠ᠃ ᠡᠭᠦᠨ ᠳᠤ ᠦᠨᠢᠶᠠᠨ ᠰᠦ ᠪᠤᠯᠤᠨ ᠴᠠᠭᠠᠨ ᠢᠳᠡᠭᠡ ᠶᠢᠨ ᠦᠢᠯᠡᠳᠪᠤᠷᠢᠯᠡᠯ ᠴᠤ ᠢᠯᠭᠠᠭ᠎ᠠ ᠦᠬᠡᠢ ᠶᠤᠮ᠃ ᠬᠠᠷᠢᠯᠴᠠᠨ ᠵᠠᠬ᠎ᠠ ᠲᠡᠯᠭᠡᠬᠦᠷ ᠪᠤᠯᠢᠶᠠᠯᠳᠤᠬᠤ ᠶᠠᠪᠤᠴᠠ ᠳᠤ ᠬᠡᠳᠤᠨ ᠴᠢᠬᠤᠯᠠ ᠡᠯᠧᠮᠧᠨ᠋ᠲ ᠢ ᠤᠮᠳᠤᠭᠠᠶᠢᠯᠠᠵᠦ ᠪᠤᠯᠬᠤ ᠦᠬᠡᠢ᠃ ᠲᠤᠬᠠᠶᠢᠯᠠᠪᠠᠯ ᠦᠪᠡᠷ ᠤᠨ ᠦᠷᠳᠡᠭ᠂ ᠲᠠᠸᠠᠷ ᠤᠨ ᠲᠡᠷᠢᠬᠦᠨ ᠤ ᠴᠢᠨᠡᠷ᠂ ᠲᠠᠸᠠᠷ ᠤᠨ ᠶᠠᠰᠤ ᠴᠢᠨᠡᠷ ᠤᠨ ᠪᠠᠳᠤᠯᠠᠭ᠎ᠠ ᠪᠤᠯᠤᠨ᠎ᠠ᠃ ᠲᠠᠸᠠᠷ ᠤᠨ ᠶᠠᠰᠤ ᠴᠢᠨᠡᠷ ᠤᠨ ᠪᠠᠳᠤᠯᠠᠭ᠎ᠠ ᠳᠤ ᠲᠠᠸᠠᠷ ᠤᠨ ᠠᠶᠤᠯ ᠦᠬᠡᠢ ᠴᠢᠨᠡᠷ ᠪᠤᠯ ᠲᠤᠩ ᠴᠢᠬᠤᠯᠠ ᠪᠤᠯᠤᠨ᠎ᠠ᠃ ᠤᠴᠢᠷ ᠨᠢ ᠠᠯᠢ ᠨᠢᠭᠡᠨ ᠤᠯᠤᠰ ᠤᠨ ᠵᠠᠰᠠᠭ ᠤᠨ ᠤᠷᠳᠤᠨ ᠨᠢ ᠦᠪᠡᠷ ᠤᠨ ᠤᠯᠤᠰ ᠤᠨ ᠠᠷᠠᠳ ᠲᠦᠮᠡᠨ ᠤ ᠪᠠᠨ ᠠᠮᠤᠷ ᠲᠦᠪᠰᠢᠨ ᠪᠤᠯᠤᠨ ᠡᠷᠡᠭᠦᠯ ᠮᠡᠨᠳᠤ ᠶᠢ ᠬᠠᠮᠭᠠᠯᠠᠬᠤ ᠬᠠᠷᠢᠴᠠᠭᠤᠯᠭ᠎ᠠ ᠲᠠᠢ ᠪᠦᠭᠡᠳ ᠲᠤᠰ ᠣᠯᠣᠰ ᠤᠨ ᠠᠵᠤ ᠠᠬᠤᠢ ᠶᠢᠨ ᠠᠰᠢᠭ ᠤᠯᠵᠠᠪᠤᠷᠢ ᠳᠤᠨᠢ ᠬᠤᠬᠢᠷᠠᠯ ᠦᠯᠦ ᠤᠴᠠᠷᠠᠭᠤᠯᠬᠤ ᠳᠤ ᠬᠠᠮᠤᠭ ᠤᠨ ᠶᠡᠭᠡ ᠰᠡᠳᠭᠢᠯ ᠲᠠᠯᠪᠢᠳᠠᠭ ᠶᠤᠮ᠃ ᠨᠢᠭᠡ ᠤᠯᠤᠰ ᠤᠨ ᠵᠠᠰᠠᠭ ᠤᠨ ᠭᠠᠵᠠᠷ ᠨᠢ ᠭᠠᠳᠠᠭᠠᠳᠤ ᠠᠴᠠ ᠤᠷᠤᠭᠤᠯᠤᠭᠰᠠᠨ ᠲᠠᠸᠠᠷ ᠨᠢ ᠲᠤᠰ ᠤᠯᠤᠰ ᠤᠨ ᠠᠷᠠᠳ ᠲᠦᠮᠡᠨ ᠤ ᠡᠷᠡᠭᠦᠯ ᠮᠡᠨᠳᠤ ᠳᠤ ᠬᠦᠨᠦᠭᠡᠯ ᠲᠠᠢ ᠪᠠᠶᠢᠬᠤ ᠶᠢ ᠤᠯᠵᠤ ᠮᠡᠳᠡᠪᠡᠯ ᠬᠡᠯᠡᠯᠭᠡᠨ ᠦᠬᠡᠢ ᠡᠷᠡᠰ ᠲᠠᠰᠤᠷᠬᠠᠢ ᠠᠷᠭ᠎ᠠ ᠬᠡᠮᠵᠢᠶ᠎ᠠ ᠠᠪᠴᠤ ᠲᠡᠭᠦᠨ ᠢ ᠬᠢᠵᠠᠭᠠᠷᠯᠠᠬᠤ ᠪᠠ ᠪᠢᠳᠡᠭᠦᠮᠵᠢᠯᠡᠬᠦ ᠪᠤᠯᠤᠨ᠎ᠠ᠃ ᠲᠡᠯᠡᠬᠡᠢ ᠶᠢᠨ ᠠᠷᠠᠯᠵᠢᠶᠠᠨ ᠤ ᠵᠤᠬᠢᠶᠠᠨ ᠪᠠᠶᠢᠭᠤᠯᠤᠯᠳᠠ ᠶᠢᠨ ᠲᠦᠷᠢᠮ ᠢᠶᠠᠷ ᠪᠤᠯ ᠮᠠᠰᠢ ᠤᠯᠠᠨ ᠤᠯᠤᠰ ᠤᠷᠤᠨ ᠮᠠᠨ ᠤ ᠤᠯᠤᠰ ᠲᠤ ︽ᠪᠤᠭᠤᠮᠳᠠ ᠶᠢᠨ ᠭᠠᠶᠢᠯᠢ ᠶᠢᠨ ᠪᠠᠬᠢᠯᠡᠯᠳᠡ︾ ᠵᠠᠰᠠᠬᠤ ᠦᠬᠡᠢ ᠶᠤᠮ᠃ ᠡᠶᠢᠮᠤ ᠠᠴᠠ ᠲᠤᠰ ᠤᠯᠤᠰ ᠤᠨ ᠠᠰᠢᠭ ᠲᠤᠰᠠ ᠳᠠᠭᠠᠨ ᠬᠤᠬᠢᠷᠠᠯ ᠤᠴᠠᠷᠠᠭᠤᠯᠬᠤ ᠦᠬᠡᠢ ᠶᠢᠨ ᠲᠤᠰᠠᠳᠠ᠂ ᠲᠡᠳᠡ ᠬᠡᠵᠢᠶᠠᠳᠠ ᠪᠦᠳᠤᠭᠡᠭᠳᠡᠬᠦᠨ ᠤ ᠶᠠᠰᠤ ᠴᠢᠨᠠᠷ ᠪᠤᠯᠤᠨ ᠲᠠᠸᠠᠷ ᠤᠨ ᠠᠶᠤᠯ ᠦᠬᠡᠢ ᠲᠦᠷᠢᠮ ᠲᠤᠭᠳᠠᠭᠠᠯ ᠢ ᠠᠰᠢᠭᠯᠠᠨ᠂ ᠮᠠᠨ ᠤ ᠤᠯᠤᠰ ᠤᠨ ᠲᠠᠸᠠᠷ ᠢᠯᠠᠩᠭᠤᠶ᠎ᠠ ᠢᠳᠡᠭᠡᠨ ᠤ ᠵᠦᠢᠯ ᠢ ᠪᠤᠭᠤᠮᠢᠯᠠᠬᠤ ᠪᠤᠯᠤᠨ᠎ᠠ᠃ ᠡᠸᠦ᠋ᠷᠦᠫᠠ ᠶᠢᠨ ᠬᠤᠯᠪᠤᠭᠠᠳᠠᠨ ᠴᠤ ᠡᠨᠡ ᠬᠦ ᠠᠷᠭ᠎ᠠ ᠪᠠᠷ ᠮᠠᠨ ᠤ ᠤᠯᠤᠰ ᠤᠨ ᠮᠠᠯ ᠤᠨ ᠠᠰᠢᠭ ᠰᠢᠮ᠎ᠠ ᠶᠢᠨ ᠭᠠᠷᠤᠯᠳᠠ ᠶᠢᠨ ᠭᠠᠷᠭᠠᠯᠳᠠ ᠶᠢ ᠬᠢᠵᠠᠭᠠᠷᠯᠠᠬᠤ ᠪᠠ ᠪᠢᠳᠡᠭᠦᠮᠵᠢᠯᠡᠬᠦ ᠨᠢ ᠭᠠᠷᠴᠠᠭ᠎ᠠ ᠦᠬᠡᠢ ᠶᠤᠮ᠃ ᠬᠡᠷᠪᠡ ᠮᠠᠨ ᠤ ᠤᠯᠤᠰ ᠴᠢᠨᠡᠷ ᠰᠠᠶᠢᠳᠠᠢ᠂ ᠠᠮᠤᠷ ᠲᠦᠪᠰᠢᠨ᠂ ᠠᠷᠢᠭᠤᠨ ᠴᠡᠪᠡᠷ᠂ ᠨᠡᠶᠢᠳᠡ ᠶᠢᠨ ᠬᠦᠨᠦᠬᠡᠯ ᠦᠬᠡᠢ ᠴᠠᠭᠠᠨ ᠢᠳᠡᠭᠡ ᠦᠢᠯᠡᠳᠪᠤᠷᠢᠯᠡᠬᠦ ᠦᠬᠡᠢ ᠶᠤᠮ ᠪᠤᠯ ᠮᠠᠨ ᠤ ᠤᠯᠤᠰ ᠤᠨ ᠰᠠᠭᠠᠯᠢ ᠶᠢᠨ ᠦᠨᠢᠶᠠᠨ ᠤ ᠦᠢᠯᠡᠰ ᠲᠡᠯᠡᠭᠡᠢ ᠲᠡᠭᠡᠷ᠎ᠡ ᠵᠠᠬ᠎ᠠ ᠲᠡᠯᠭᠡᠭᠦᠷ ᠤᠯᠵᠤ ᠴᠢᠳᠠᠬᠤ ᠦᠬᠡᠢ ᠮᠦᠷᠳᠡᠭᠡᠨ ᠤᠯᠤᠰ ᠤᠨ ᠲᠤᠲᠤᠭᠠᠳᠤᠬᠢ ᠦᠨᠢᠶᠠᠨ ᠰᠦᠨ ᠤ ᠵᠠᠬ᠎ᠠ ᠲᠡᠯᠭᠡᠭᠦᠷ ᠴᠤ ᠪᠤᠰᠤᠳ ᠤᠯᠤᠰ ᠲᠤ ᠪᠤᠯᠢᠶᠠᠭᠳᠠᠬᠤ ᠠᠶᠤᠯ ᠲᠠᠢ ᠶᠤᠮ᠃

     3. ᠶᠠᠮᠠᠷ ᠶᠠᠮᠠᠷ ᠪᠤᠬᠢᠷᠳᠤᠯ ᠡᠳ᠋ ᠨᠢ ᠦᠨᠢᠶᠠᠨ ᠰᠦᠨ ᠤ ᠠᠷᠢᠭᠤᠨ ᠴᠡᠪᠡᠷ ᠢ ᠨᠦᠯᠦᠭᠡᠯᠡᠳᠡᠭ ᠪᠤᠢ︖

      ᠦᠨᠢᠶᠠᠨ ᠰᠦ ᠶᠢᠨ ᠠᠷᠢᠭᠤᠨ ᠴᠡᠪᠡᠷ ᠢ ᠨᠦᠯᠦᠭᠡᠯᠡᠳᠡᠭ ᠪᠤᠬᠢᠷᠳᠤᠯ ᠡᠳ᠋ ᠨᠢ ᠲᠤᠤᠷᠠᠬᠢ ᠮᠡᠳᠦ ᠲᠠᠪᠤᠨ ᠵᠦᠢᠯ ᠤᠨ ᠢᠷᠡᠯᠳᠡ ᠲᠠᠢ᠃

      ᠨᠢᠬᠡ᠂ ᠲᠡᠷᠢᠶᠠᠯᠠᠩ ᠤᠨ ᠪᠤᠬᠢᠷᠳᠤᠯ ᠠᠴᠠ ᠢᠷᠡᠯᠳᠡ ᠲᠠᠢ᠃ ᠭᠡᠮ ᠬᠤᠷᠤᠬᠠᠢ ᠶᠢᠨ ᠬᠦᠨᠦᠭᠡᠯ ᠨᠢ ᠤᠷᠭᠤᠮᠠᠯ ᠢ ᠬᠤᠤᠷᠳᠠᠭᠤᠯᠬᠤ ᠠᠴᠠ ᠪᠤᠯᠤᠭᠠᠳ ᠬᠦᠮᠦᠰ ᠡᠯ᠎ᠡ ᠵᠦᠢᠯ ᠤᠨ ᠲᠡᠷᠢᠶᠠᠨ ᠡᠮ ᠢ ᠶᠡᠬᠡᠪᠡᠷ ᠬᠡᠷᠡᠭᠯᠡᠵᠤ ᠪᠠᠶᠢᠨ᠎ᠡ᠃ ᠲᠡᠷᠢᠶᠡᠨ ᠡᠮ ᠬᠡᠷᠡᠭᠯᠡᠭᠦ ᠪᠤᠯ ᠤᠳᠤ ᠦᠶ᠎ᠡ ᠶᠢᠨ ᠠᠵᠤ ᠦᠢᠯᠡᠳᠪᠤᠷᠢ ᠶᠢᠨ ᠪᠤᠯᠪᠠᠰᠤᠨ ᠤ ᠦᠷ᠎ᠡ ᠪᠦᠳᠦᠬᠡᠯ ᠮᠦᠨ᠃ ᠲᠡᠷᠡ ᠨᠢ ᠲᠠᠷᠢᠶᠠᠯᠠᠩ ᠤᠨ ᠦᠢᠯᠡᠳᠪᠤᠷᠢᠯᠡᠯ ᠢ ᠯᠤᠳᠤ ᠶᠡᠭᠡ ᠬᠤᠬᠢᠷᠠᠯ ᠠᠴᠠ ᠠᠪᠤᠷᠠᠭᠰᠠᠨ ᠨᠢ ᠭᠠᠷᠴᠠᠭ᠎ᠠ ᠦᠬᠡᠢ᠃ ᠭᠡᠪᠡᠴᠤ ᠲᠠᠷᠢᠶᠠᠨ ᠡᠮ ᠨᠢ ᠤᠰᠤ᠂ ᠠᠭᠠᠷ᠂ ᠬᠦᠷᠦᠰᠤ ᠰᠢᠷᠤᠢ ᠵᠡᠷᠭᠡ ᠶᠢ ᠮᠠᠰᠢ ᠶᠡᠭᠡ ᠬᠤᠤᠷᠳᠠᠭᠤᠯᠬᠤ ᠪᠤᠯᠤᠨ᠎ᠠ᠃ ᠤᠳᠤ ᠲᠡᠯᠡᠬᠡᠢ ᠶᠢᠨ ᠡᠯ᠎ᠡ ᠤᠯᠤᠰ ᠤᠨ ᠨᠢᠭᠡᠨᠳᠡ ᠲᠠᠩᠰᠠᠯᠠᠭᠤᠯᠤᠭᠰᠠᠨ ᠲᠡᠷᠢᠶᠡᠨ ᠡᠮ ᠤᠨ ᠵᠦᠢᠯ 1500 ᠭᠠᠷᠤᠢ ᠲᠦᠷᠦᠯ ᠪᠠᠶᠢᠵᠤ᠂ ᠡᠬᠦᠨ ᠳᠤ ᠦᠷᠭᠦᠯᠵᠢ ᠬᠡᠷᠡᠭᠯᠡᠳᠡᠭ ᠲᠠᠷᠢᠶᠠᠨ ᠡᠮ ᠨᠢ 500 ᠭᠠᠷᠤᠢ ᠲᠦᠷᠦᠯ ᠪᠤᠢ᠃ ᠡᠳᠡᠭᠡᠷ ᠲᠡᠷᠢᠶᠠᠨ ᠡᠮ ᠤᠨ ᠭᠤᠤᠯ ᠨᠢ ᠬᠤᠷᠤᠬᠠᠢ ᠣᠰᠠᠳᠬᠠᠬᠤ ᠡᠮ᠂ ᠪᠠᠺᠲ᠋ᠧᠷᠢ ᠤᠰᠠᠳᠬᠠᠬᠤ ᠡᠮ᠂ ᠬᠤᠯᠤᠭᠠᠨ᠎ᠠ ᠠᠯᠠᠬᠤ ᠡᠮ᠂ ᠡᠪᠡᠰᠤ ᠠᠷᠢᠯᠭᠠᠬᠤ ᠡᠮ ᠪᠤᠯᠤᠨ ᠲᠠᠷᠢᠮᠠᠯ ᠤᠨ ᠤᠷᠭᠤᠴᠠ ᠶᠢ ᠲᠤᠬᠢᠷᠠᠭᠤᠯᠬᠤ ᠡᠮ ᠵᠡᠷᠭᠡ ᠪᠤᠯᠤᠨ᠎ᠠ᠃ ᠦᠨᠢᠶᠠᠨ ᠰᠦ ᠲᠤᠲᠤᠷᠠᠬᠢ ᠲᠠᠷᠢᠶᠠᠨ ᠡᠮ ᠤᠨ ᠦᠯᠡᠳᠡᠭᠳᠡᠯ ᠨᠢ ᠭᠤᠤᠯ ᠨᠢ ᠡᠪᠡᠰᠤ ᠪᠤᠷᠳᠤᠭ᠎ᠠ ᠠᠴᠠ ᠢᠷᠡᠯᠳᠡ ᠲᠠᠢ ᠶᠤᠮ᠃ ᠵᠠᠷᠢᠮ ᠲᠠᠷᠢᠶᠠᠨ ᠡᠮ ᠨᠢ ᠬᠦᠷᠦᠰᠦ ᠰᠢᠷᠤᠢ ᠶᠢᠨ ᠲᠤᠲᠤᠷ᠎ᠠ ᠵᠠᠳᠠᠷᠠᠬᠤ ᠴᠠᠭ ᠨᠢ ᠮᠠᠰᠢ ᠤᠷᠳᠤ ᠪᠠᠶᠢᠵᠤ᠂ ᠨᠢᠬᠡ ᠯᠠ ᠤᠳᠠᠭ᠎ᠠ ᠬᠡᠷᠡᠭᠯᠡᠬᠦ ᠳᠤ ᠬᠡᠳᠤᠨ ᠠᠷᠪᠠᠨ ᠵᠢᠯ ᠤᠨ ᠪᠤᠬᠢᠷᠳᠤᠯ ᠢ ᠪᠤᠢ ᠪᠤᠯᠭᠠᠳᠠᠭ᠃ ᠡᠶᠢᠮᠤ ᠠᠴᠠ ᠡᠪᠡᠰᠤ ᠪᠤᠷᠳᠤᠭ᠎ᠠ ᠲᠠᠷᠢᠬᠤ ᠶᠠᠪᠤᠴᠠ ᠳᠤ ᠲᠠᠷᠢᠶᠠᠨ ᠡᠮ ᠢ ᠵᠤᠬᠢᠰᠳᠠᠢ ᠬᠡᠷᠡᠭᠯᠡᠵᠤ᠂ ᠲᠠᠷᠢᠶᠠᠨ ᠡᠮ ᠢ ᠬᠡᠷᠡᠭᠯᠡᠬᠦ ᠶᠢ ᠬᠢᠵᠠᠭᠠᠷᠯᠠᠬᠤ ᠪᠠ ᠬᠡᠷᠡᠭᠯᠡᠬᠦ ᠠᠷᠭ᠎ᠠ ᠨᠢ ᠲᠤᠩ ᠴᠢᠬᠤᠯᠠ ᠶᠤᠮ᠃

      ᠬᠤᠶᠠᠷ᠂ ᠮᠠᠯ ᠤᠨ ᠡᠮ ᠤᠨ ᠪᠤᠬᠢᠷᠳᠤᠯ᠃ ᠮᠠᠯ ᠤᠨ ᠡᠮ ᠳᠤ ᠭᠤᠤᠯ ᠨᠢ ᠮᠠᠯ ᠤᠨ ᠬᠡᠪᠳᠡᠷᠢ᠂ ᠮᠠᠯ ᠤᠨ ᠪᠡᠶ᠎ᠡ ᠶᠢ ᠠᠷᠢᠭᠤᠳᠬᠠᠬᠤ ᠡᠮ᠂ ᠰᠠᠭᠠᠯᠢ ᠶᠢᠨ ᠦᠨᠢᠶᠠᠨ ᠤ ᠡᠪᠡᠳᠴᠢᠨ ᠬᠢᠵᠢᠭ ᠢ ᠰᠡᠷᠭᠡᠶᠢᠯᠡᠬᠦ᠂ ᠤᠨᠤᠰᠢᠯᠠᠬᠤ᠂ ᠡᠮᠨᠡᠬᠦ ᠡᠮ ᠵᠢᠴᠢ ᠲᠡᠵᠢᠭᠡᠯ ᠪᠤᠷᠳᠤᠭ᠎ᠠ ᠳᠤᠨᠢ ᠬᠤᠯᠢᠭᠰᠠᠨ ᠡᠮ ᠤᠨ ᠵᠦᠢᠯ ᠤᠨ ᠨᠡᠮᠡᠯᠳᠡ ᠡᠳ᠋ ᠪᠠᠭᠳᠠᠨ᠎ᠠ᠃ ᠮᠠᠯ ᠤᠨ ᠡᠮ ᠤᠨ ᠦᠯᠡᠳᠡᠭᠳᠡᠯ ᠨᠢ ᠭᠤᠤᠯ ᠨᠢ ᠡᠮ ᠢ ᠵᠤᠬᠢᠰ ᠦᠬᠡᠢ ᠬᠡᠷᠡᠭᠯᠡᠭᠰᠡᠨ ᠠᠴᠠ ᠪᠤᠯᠳᠠᠭ᠃ ① ᠡᠮ ᠢ ᠵᠢᠷᠤᠮᠵᠢᠯᠡᠯ ᠦᠬᠡᠢ᠂ ᠤᠨᠤᠪᠴᠢ ᠦᠬᠡᠢ ᠬᠡᠷᠡᠭᠯᠡᠭᠰᠡᠨ᠂ ᠡᠬᠦᠨ ᠳᠤ ᠡᠮ ᠤᠨ ᠲᠦᠷᠦᠯ ᠵᠦᠢᠯ᠂ ᠬᠡᠮᠵᠢᠶ᠎ᠠ᠂ ᠡᠮ ᠦᠭᠭᠦᠭᠰᠡᠨ ᠠᠷᠭ᠎ᠠ ᠮᠠᠶ᠋ᠢᠭ᠂ ᠡᠮ ᠬᠡᠷᠡᠭᠯᠡᠭᠰᠡᠨ ᠤᠷᠤᠨ ᠪᠠᠶᠢᠷᠢ ᠵᠡᠷᠭᠡ ᠨᠢ ᠡᠮ ᠬᠡᠷᠡᠭᠯᠡᠬᠦ ᠵᠢᠷᠤᠮᠵᠢᠯᠡᠯ ᠳᠤ ᠦᠯᠦ ᠨᠡᠶᠢᠴᠡᠬᠦ︔ ② ᠵᠦᠪᠰᠢᠶᠠᠷᠠᠯ ᠢᠶᠠᠷ ᠲᠠᠮᠵᠢᠭᠰᠠᠨ ᠦᠬᠡᠢ ᠡᠮ ᠢ ᠲᠡᠵᠢᠬᠡᠯ ᠪᠤᠷᠳᠤᠭ᠎ᠠ ᠶᠢᠨ ᠨᠡᠮᠡᠯᠳᠡ ᠡᠳ᠋ ᠢᠶᠠᠷ ᠬᠡᠷᠡᠭᠯᠡᠬᠦ︔ ③ ᠡᠮ ᠤᠨ ᠵᠢᠭᠠᠯᠳᠠ ᠲᠡᠭᠡᠷᠡᠭᠢ ᠡᠮ ᠬᠡᠷᠡᠭᠯᠡᠬᠦ ᠵᠢᠭᠠᠯᠳᠠ ᠨᠢ ᠪᠤᠷᠤᠭᠤ ᠪᠠᠶᠢᠬᠤ︔ ④ ᠡᠮ ᠳᠤ ᠪᠤᠬᠢᠷᠳᠤᠭᠰᠠᠨ ᠲᠦᠬᠦᠬᠡᠷᠦᠮᠵᠢ ᠪᠠ ᠪᠠᠭᠠᠵᠢ ᠳᠤ ᠲᠡᠵᠢᠬᠡᠯ ᠪᠤᠷᠳᠤᠭ᠎ᠠ ᠨᠠᠶᠢᠷᠠᠭᠤᠯᠤᠭᠰᠠᠨ ᠪᠠ ᠬᠠᠳᠠᠭᠠᠯᠠᠭᠰᠠᠨ︔ ⑤ ᠰᠠᠭᠠᠯᠢ ᠶᠢᠨ ᠦᠨᠢᠶ᠎ᠠ᠂ ᠦᠨᠢᠶ᠎ᠠ ᠶᠢᠨ ᠪᠡᠶ᠎ᠡ ᠵᠡᠷᠭᠡ ᠨᠢ ᠡᠮ ᠳᠤ ᠪᠤᠬᠢᠷᠳᠤᠭᠰᠠᠨ ᠪᠤᠵᠠᠷ ᠤᠰᠤ ᠵᠡᠷᠭᠡ ᠳᠤ ᠤᠶᠢᠷᠠᠳᠤᠭᠰᠠᠨ ᠵᠡᠷᠭᠡ ᠠᠴᠠ ᠪᠤᠯᠳᠠᠭ᠃

       ᠭᠤᠷᠪᠠ᠂ ᠬᠦᠮᠦᠨ ᠮᠠᠯ ᠳᠤ ᠬᠠᠮᠳᠤ ᠲᠤᠰᠬᠤ ᠡᠪᠡᠳᠴᠢᠨ ᠵᠢᠴᠢ ᠠᠮᠢᠳᠠᠨ ᠤ ᠭᠢᠵᠢᠭ ᠭᠡᠮ ᠤᠨ ᠦᠨᠳᠦᠰᠦ ᠰᠤᠷᠪᠤᠯᠵᠢ ᠶᠢᠨ ᠪᠤᠬᠢᠷᠳᠤᠯ᠃ ᠦᠨᠢᠶᠠᠨ ᠰᠦ ᠶᠢ ᠦᠢᠯᠡᠳᠪᠤᠷᠢᠯᠡᠬᠦ ᠳᠤ ᠬᠦᠮᠦᠨ ᠮᠠᠯ ᠳᠤ ᠬᠠᠮᠳᠤ ᠲᠤᠰᠬᠤ ᠡᠪᠡᠳᠴᠢᠨ ᠵᠢᠴᠢ ᠠᠮᠢᠳᠠᠨ ᠤ ᠬᠢᠵᠢᠭ ᠭᠡᠮ ᠤᠨ ᠦᠨᠳᠦᠰᠦ ᠰᠤᠷᠪᠤᠯᠵᠢ ᠶᠢᠨ ᠪᠤᠬᠢᠷᠳᠤᠯ ᠪᠤᠯ ᠤᠮᠳᠤᠭᠠᠶᠢᠯᠠᠵᠤ ᠪᠤᠯᠤᠰᠢ ᠦᠬᠡᠢ ᠲᠤᠮᠤ ᠠᠰᠠᠭᠤᠳᠠᠯ ᠶᠤᠮ᠃ ᠡᠶᠢᠮᠤ ᠠᠴᠠ ᠰᠠᠭᠠᠯᠢ ᠶᠢᠨ ᠦᠨᠢᠶ᠎ᠠ ᠳᠤ ᠲᠤᠭᠳᠠᠮᠠᠯ ᠬᠤᠭᠤᠴᠠᠭ᠎ᠠ ᠲᠠᠢ ᠪᠠᠷ ᠭᠢᠵᠢᠭ ᠪᠠᠶᠢᠴᠠᠭᠠᠬᠤ ᠬᠡᠷᠡᠭᠳᠡᠢ᠃ ᠰᠦᠷᠢᠶ᠎ᠠ ᠡᠪᠡᠳᠴᠢᠨ ᠤ ᠪᠠᠺᠲ᠋ᠧᠷᠢ᠂ ᠪᠷᠦ᠋ᠼᠧᠯ ᠪᠠᠺᠲ᠋ᠧᠷᠢ ᠶᠢᠨ ᠬᠢᠵᠢᠭ ᠪᠠᠶᠢᠴᠠᠭᠠᠯᠳᠠ ᠳᠤ ᠠᠷᠭ᠎ᠠ ᠴᠢᠨᠡᠷᠳᠡᠢ ᠪᠠᠶᠢᠬᠤ ᠦᠨᠢᠶ᠎ᠠ ᠶᠢ ᠲᠡᠷᠡ ᠲᠠᠷᠤᠢ ᠳᠤᠨᠢ ᠰᠢᠯᠢᠳᠡᠭᠵᠢᠬᠦᠯᠬᠦ ᠬᠡᠷᠡᠭᠳᠡᠢ᠃

      ᠳᠦᠷᠪᠡ᠂ ᠠᠵᠤ ᠦᠢᠯᠡᠳᠪᠤᠷᠢ ᠶᠢᠨ ᠪᠤᠬᠢᠷᠳᠤᠯ᠃ ᠠᠵᠤ ᠦᠢᠯᠡᠳᠪᠤᠷᠢ ᠶᠢᠨ ᠦᠢᠯᠡᠳᠪᠤᠷᠢᠯᠡᠯ ᠲᠤᠮᠳᠠᠬᠢ ᠪᠤᠬᠢᠷᠳᠤᠯ ᠬᠡᠢ᠂ ᠪᠤᠬᠢᠷ ᠤᠰᠤ᠂ ᠬᠠᠶᠠᠭᠳᠠᠮᠠᠯ ᠰᠢᠭᠠᠷᠤ ᠶᠢᠨ ᠪᠠᠶᠢᠭᠠᠯᠢ ᠶᠢᠨ ᠤᠷᠴᠢᠨ ᠠᠬᠤᠢ ᠶᠢ ᠪᠤᠬᠢᠷᠳᠤᠭᠤᠯᠵᠤ ᠪᠠᠶᠢᠭ᠎ᠠ ᠶᠠᠪᠤᠳᠠᠯ ᠨᠢ ᠦᠢᠷ᠎ᠡ ᠶᠢᠨ ᠵᠢᠯ ᠳᠤ ᠬᠦᠮᠦᠰ ᠤᠨ ᠬᠠᠮᠤᠭ ᠠᠷᠪᠢᠨ ᠶᠠᠷᠢᠯᠴᠠᠵᠤ ᠪᠠᠶᠢᠬᠤ ᠶᠠᠷᠢᠶᠠᠨ ᠤ ᠰᠡᠳᠦᠪ ᠤᠨ ᠨᠢᠬᠡ ᠨᠢ ᠪᠤᠯᠵᠠᠢ᠃ ᠮᠡᠳᠡᠭᠡᠯᠡᠯ ᠢ ᠦᠨᠳᠦᠰᠦᠯᠡᠪᠡᠯ᠂ ᠠᠵᠤ ᠦᠢᠯᠡᠳᠪᠤᠷᠢ ᠶᠢᠨ ᠦᠢᠯᠡᠳᠪᠤᠷᠢᠯᠡᠯ ᠤᠨ ᠬᠦᠭᠵᠢᠯᠳᠡ ᠶᠢ ᠲᠠᠭᠠᠯᠳᠤᠨ ᠬᠦᠮᠦᠨ ᠲᠦᠷᠦᠯᠬᠢᠳᠡᠨ ᠠᠴᠠ ᠶᠡᠭᠡ ᠪᠠᠶᠢᠭᠠᠯᠢ ᠳᠤ 30 ᠳ᠋ᠦᠩᠰᠢᠭᠤᠷ t ᠬᠠᠶᠠᠭᠳᠠᠮᠠᠯ ᠰᠢᠭᠠᠷᠤ᠂ 5000 ᠳ᠋ᠦᠩᠰᠢᠭᠤᠷ t ᠪᠤᠬᠢᠷ ᠤᠰᠤ᠂ 10 ᠳ᠋ᠦᠩᠰᠢᠭᠤᠷ t ᠪᠤᠬᠢᠷᠳᠤᠯ ᠬᠡᠢ ᠠᠭᠠᠷ ᠭᠠᠷᠭᠠᠵᠤ ᠪᠠᠶᠢᠨ᠎ᠠ᠃ ᠡᠳᠡᠭᠡᠷ ᠪᠤᠬᠢᠷᠳᠤᠯ ᠡᠳ᠋ ᠤᠨ ᠤᠯᠠᠩᠬᠢ ᠨᠢ ᠬᠤᠤᠷ ᠲᠠᠢ ᠬᠦᠨᠦᠭᠡᠯ ᠲᠠᠢ ᠬᠢᠮᠢ ᠶᠢᠨ ᠵᠦᠢᠯ ᠪᠤᠯᠤᠨ᠎ᠠ᠃ ᠵᠠᠷᠢᠮ ᠬᠢᠮᠢ ᠶᠢᠨ ᠵᠦᠢᠯ ᠤᠨ ᠵᠠᠳᠠᠷᠠᠵᠤ ᠠᠷᠢᠯᠬᠤ ᠬᠤᠷᠳᠤᠴᠠ ᠨᠢ ᠲᠤᠩ ᠤᠳᠠᠭᠠᠨ ᠪᠠᠶᠢᠬᠤ ᠮᠦᠷᠳᠡᠭᠡᠨ ᠬᠤᠷᠠᠮᠳᠤᠬᠤ ᠵᠢᠴᠢ ᠦᠮᠠᠨ ᠤᠯᠭᠤᠭᠤᠯᠬᠤ᠂ ᠡᠷᠡᠮᠳᠡᠭ ᠪᠤᠯᠭᠠᠬᠤ᠂ ᠬᠡᠨᠡᠳᠳᠡ ᠬᠤᠪᠢᠷᠠᠭᠤᠯᠬᠤ ᠦᠢᠯᠡᠳᠦᠯ ᠲᠠᠢ᠃ ᠬᠢᠮᠢ ᠶᠢᠨ ᠮᠠᠰᠢ ᠤᠯᠠᠨ ᠪᠤᠬᠢᠷᠳᠤᠯ ᠡᠳ᠋ ᠨᠢ ᠤᠷᠴᠢᠨ ᠲᠤᠭᠤᠷᠢᠨ ᠳᠤ ᠲᠠᠷᠬᠠᠨ ᠡᠪᠡᠰᠤ ᠪᠤᠷᠳᠤᠭ᠎ᠠ ᠵᠢᠴᠢ ᠤᠰᠤ ᠪᠠᠷ ᠲᠠᠮᠵᠢᠨ ᠦᠨᠢᠶᠠᠨ ᠤ ᠪᠡᠶ᠎ᠡ ᠳᠤ ᠤᠷᠤᠵᠤ᠂ ᠰᠦᠨ ᠳᠤᠨᠢ ᠨᠡᠪᠴᠢᠵᠤ᠂ ᠡᠴᠤᠰ ᠲᠡᠭᠡᠨ ᠬᠦᠮᠦᠨ ᠲᠦᠷᠦᠯᠬᠢᠳᠡᠨ ᠤ ᠡᠷᠡᠭᠦᠯ ᠮᠡᠨᠳᠤ ᠶᠢ ᠨᠦᠯᠦᠭᠡᠯᠡᠵᠤ ᠮᠡᠳᠡᠨ᠎ᠡ᠃

      ᠲᠠᠪᠤ᠂ ᠦᠨᠢᠶᠠᠨ ᠰᠦ ᠵᠢᠴᠢ ᠴᠠᠭᠠᠨ ᠢᠳᠡᠭᠡ ᠶᠢ ᠬᠠᠳᠠᠭᠠᠯᠠᠬᠤ᠂ ᠪᠤᠯᠪᠠᠰᠤᠷᠠᠭᠤᠯᠬᠤ᠂ ᠵᠦᠭᠡᠭᠡᠪᠤᠷᠢᠯᠡᠬᠦ ᠵᠢᠴᠢ ᠪᠤᠷᠤᠯᠠᠭᠤᠯᠬᠤ ᠶᠠᠪᠤᠴᠠ ᠠᠴᠠ ᠢᠷᠡᠯᠳᠡ ᠲᠠᠢ᠃ ᠦᠨᠢᠶᠠᠨ ᠰᠦ ᠶᠢ ᠰᠤᠷᠭᠤᠭ ᠠᠮᠳᠠᠳᠠᠢ ᠪᠤᠯᠭᠠᠬᠤ ᠪᠤᠶᠤ ᠦᠨᠢᠶᠠᠨ ᠰᠦ ᠶᠢᠨ ᠰᠤᠷᠭᠤᠭ ᠬᠤᠭᠤᠴᠠᠭ᠎ᠠ ᠶᠢ ᠤᠷᠳᠤᠳᠬᠠᠬᠤ ᠶᠢᠨ ᠲᠦᠯᠦᠭᠡ ᠬᠦᠮᠦᠨ ᠲᠦᠷᠦᠯᠬᠢᠳᠡᠨ ᠴᠠᠭᠠᠨ ᠢᠳᠡᠭᠡ ᠳᠤ ᠵᠠᠷᠢᠮ ᠢᠳᠡᠭᠡᠨ ᠤ ᠨᠡᠮᠡᠯᠳᠡ ᠡᠳ᠋ ᠢ ᠨᠡᠮᠡᠵᠤ ᠤᠷᠤᠭᠤᠯᠳᠠᠭ᠃ ᠭᠡᠷᠪᠡ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠦᠯᠦ ᠨᠡᠶᠢᠴᠡᠬᠦ ᠨᠡᠮᠡᠯᠳᠡ ᠡᠳ᠋ ᠢ ᠬᠡᠷᠡᠭᠯᠡᠬᠦ ᠪᠤᠶᠤ ᠡᠳᠡᠭᠡᠷ ᠨᠡᠮᠡᠯᠳᠡ ᠡᠳ᠋ ᠢ ᠬᠡᠮᠵᠢᠶ᠎ᠡ ᠬᠡᠳᠦᠷᠡᠭᠦᠯᠤᠨ ᠬᠡᠪᠴᠢᠶ᠎ᠠ ᠲᠠᠪᠠᠭᠤᠯᠤᠨ ᠬᠡᠷᠡᠭᠯᠡᠪᠡᠯ ᠮᠦᠨ ᠬᠦ ᠴᠠᠭᠠᠨ ᠢᠳᠡᠭᠡ ᠶᠢ ᠪᠤᠬᠢᠷᠳᠤᠭᠤᠯᠬᠤ ᠪᠤᠯᠤᠨ᠎ᠠ᠃ ᠴᠠᠭᠠᠨ ᠢᠳᠡᠭᠡ ᠬᠢᠬᠦ ᠳᠤ ᠬᠡᠷᠡᠭᠯᠡᠬᠦ ᠲᠦᠬᠦᠬᠡᠷᠦᠮᠵᠢ᠂ ᠪᠠᠭᠠᠵᠢ ᠰᠠᠪᠠ᠂ ᠪᠤᠭᠤᠳᠠᠯ ᠪᠠᠭᠯᠠᠭ᠎ᠠ ᠶᠢᠨ ᠮᠠᠲ᠋ᠧᠷᠢᠶᠠᠯ᠂ ᠲᠡᠭᠡᠭᠡᠪᠤᠷᠢ ᠶᠢᠨ ᠲᠡᠷᠭᠡ ᠬᠦᠰᠭᠡ᠂ ᠬᠠᠳᠠᠭᠠᠯᠠᠬᠤ ᠲᠦᠬᠦᠭᠡᠷᠦᠮᠵᠢ ᠨᠢ ᠬᠡᠷᠪᠡ ᠬᠠᠷᠢᠴᠠᠩᠭᠤᠢ ᠪᠦᠬᠦᠢ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠦᠬᠡᠢ ᠪᠤᠯ ᠮᠠᠰᠢ ᠤᠯᠠᠨ ᠬᠤᠤᠷ ᠲᠠᠢ ᠪᠤᠳᠠᠰ ᠵᠢᠱᠢᠶᠠᠯᠠᠪᠠᠯ ᠬᠦᠨᠳᠤ ᠲᠡᠮᠦᠷᠯᠢᠭ᠂ ᠬᠢᠮᠢ ᠶᠢᠨ ᠲᠤᠷᠰᠢᠯᠳᠡ ᠶᠢᠨ ᠡᠮ ᠵᠡᠷᠭᠡ ᠨᠢ ᠴᠦᠮ ᠴᠠᠭᠠᠨ ᠢᠳᠡᠭᠡ ᠳᠤ ᠰᠢᠩᠭᠡᠵᠤ᠂ ᠪᠤᠬᠢᠷᠳᠤᠯ ᠤᠨ ᠢᠷᠡᠯᠳᠡ ᠪᠤᠯᠳᠠᠭ᠃ ᠴᠠᠭᠠᠨ ᠢᠳᠡᠭᠡ ᠪᠤᠯᠪᠠᠰᠤᠷᠠᠭᠤᠯᠬᠤ ᠠᠵᠢᠯ ᠤᠨ ᠠᠵᠢᠯᠳᠡᠳ ᠤᠨ ᠪᠡᠶ᠎ᠡ ᠶᠢᠨ ᠡᠷᠡᠭᠦᠯ ᠬᠠᠮᠠᠭᠠᠯᠠᠯ᠂ ᠪᠤᠯᠪᠠᠰᠤᠷᠠᠭᠤᠯᠬᠤ ᠵᠦᠭᠡᠭᠡᠪᠤᠷᠢᠯᠡᠬᠦ ᠠᠵᠤ ᠠᠬᠤᠶᠢᠯᠠᠯ ᠤᠨ ᠠᠷᠢᠭᠤᠨ ᠴᠡᠪᠡᠷ ᠤᠨ ᠬᠠᠮᠢᠶᠠᠷᠤᠯᠳᠠ ᠶᠢᠨ ᠲᠦᠷᠢᠮ ᠨᠢ ᠴᠤ ᠴᠠᠭᠠᠨ ᠢᠳᠡᠭᠡᠨ ᠤ ᠡᠷᠡᠭᠦᠯ ᠬᠠᠮᠠᠭᠠᠯᠠᠯ ᠪᠠ ᠠᠶᠤᠯ ᠦᠬᠡᠢ ᠶᠢᠨ ᠪᠠᠶᠢᠳᠠᠯ ᠢ ᠰᠢᠭᠤᠳ ᠨᠦᠯᠦᠬᠡᠯᠡᠵᠦ ᠪᠠᠶᠢᠨ᠎ᠠ᠃ ᠦᠨᠢᠶᠠᠨ ᠰᠦ ᠪᠤᠯ ᠬᠦᠮᠦᠨ ᠲᠦᠷᠦᠯᠭᠢᠳᠡᠨ ᠤ ᠬᠠᠮᠤᠭ ᠤᠨ ᠰᠠᠶᠢᠨ ᠰᠢᠮ᠎ᠠ ᠲᠡᠵᠢᠭᠡᠯᠳᠤ ᠢᠳᠡᠭᠡᠨ ᠮᠦᠨ ᠪᠦᠭᠡᠳ ᠪᠠᠰᠠ ᠴᠦ ᠬᠦᠨᠦᠬᠡᠯ ᠲᠠᠢ ᠬᠤᠮᠠᠬᠢ ᠪᠤᠳᠠᠰ ᠤᠨ ᠬᠠᠮᠤᠭ ᠤᠨ ᠰᠠᠶᠢᠨ ᠦᠰᠴᠤ ᠲᠤᠷᠨᠢᠬᠤ ᠦᠯᠦᠬᠡᠢ ᠶᠤᠮ᠃ ᠡᠶᠢᠮᠤ ᠠᠴᠠ ᠦᠨᠢᠶᠠᠨ ᠰᠦ ᠶᠢ ᠪᠤᠯᠪᠠᠰᠤᠷᠠᠭᠤᠯᠬᠤ᠂ ᠵᠦᠭᠡᠭᠡᠪᠤᠷᠢᠯᠡᠬᠦ ᠶᠠᠪᠤᠴᠠ ᠳᠤ ᠵᠢᠭᠠᠬᠠᠨ ᠤᠰᠤᠯᠳᠠᠪᠠᠯ ᠲᠠᠷᠤᠢ ᠬᠦᠨᠦᠭᠡᠯ ᠲᠠᠢ ᠬᠤᠮᠠᠬᠢ ᠪᠤᠳᠠᠰ ᠶᠡᠭᠡ ᠬᠡᠮᠵᠢᠶ᠎ᠠ ᠪᠠᠷ ᠨᠡᠪᠳᠡᠷᠡᠨ ᠤᠷᠤᠵᠤ ᠦᠷᠡᠵᠢᠨ ᠲᠦᠯᠵᠢᠬᠦ ᠪᠤᠯᠤᠨ᠎ᠠ᠃ ᠦᠨᠢᠶᠠᠨ ᠰᠦ ᠨᠢ ᠪᠠᠰᠠ ᠮᠠᠰᠢ ᠴᠢᠩᠭ᠎ᠠ ᠰᠤᠷᠤᠯᠳᠠ ᠶᠢᠨ ᠦᠢᠯᠡᠳᠦᠯ ᠲᠠᠢ ᠪᠠᠶᠢᠵᠤ᠂ ᠵᠠᠷᠢᠮ ᠬᠦᠨᠦᠬᠡᠯ ᠲᠠᠢ ᠪᠤᠳᠠᠰ ᠰᠦ ᠲᠠᠢ ᠤᠶᠢᠷᠠᠳᠤᠮᠠᠭᠴᠠ ᠲᠠᠷᠤᠢ ᠰᠤᠷᠤᠨ ᠠᠪᠤᠭᠠᠳ ᠰᠦ ᠶᠢ ᠪᠤᠬᠢᠷᠳᠤᠭᠤᠯᠳᠠᠭ᠃

      4. ᠰᠠᠭᠠᠯᠢ ᠶᠢᠨ ᠦᠨᠢᠶᠡᠨ ᠤ ᠲᠠᠯᠠᠪᠠᠢ ᠳᠤ ᠬᠡᠷᠭᠢᠨ ᠬᠦᠨᠤᠬᠡᠯ ᠦᠬᠡᠢ ᠦᠨᠢᠶᠠᠨ ᠰᠦ ᠶᠢ ᠦᠢᠯᠡᠳᠪᠤᠷᠢᠯᠡᠬᠦ ᠪᠤᠢ︖

      ᠰᠠᠭᠠᠯᠢ ᠶᠢᠨ ᠦᠨᠢᠶ᠎ᠠ ᠶᠢ ᠲᠡᠵᠢᠬᠡᠨ ᠦᠷᠡᠵᠢᠬᠦᠯᠬᠦ ᠲᠠᠯᠠᠪᠠᠢ ᠳᠤ ᠦᠨᠢᠶᠠᠨ ᠰᠦ ᠶᠢ ᠠᠶᠤᠯ ᠦᠬᠡᠢ ᠦᠢᠯᠡᠳᠪᠤᠷᠢᠯᠡᠬᠦ ᠳᠤ ᠨᠠᠢᠮᠠᠨ ᠲᠠᠯ᠎ᠠ ᠶᠢᠨ ᠠᠵᠢᠯ ᠢ ᠡᠷᠭᠡᠪᠡᠰᠢ ᠰᠠᠶᠢᠨ ᠬᠢᠬᠦ ᠬᠡᠷᠡᠭᠳᠡᠢ᠃

      ᠨᠢᠭᠡ᠂ ᠰᠠᠭᠠᠯᠢ ᠶᠢᠨ ᠦᠨᠢᠶ᠎ᠠ ᠶᠢᠨ ᠦᠢᠯᠡᠳᠪᠤᠷᠢᠯᠡᠯ ᠢ ᠬᠡᠪᠴᠢᠶᠠᠵᠢᠬᠦᠯᠬᠦ ᠬᠡᠷᠡᠭᠳᠡᠢ᠃ ᠤᠳᠤᠬᠠᠨ ᠳᠤ ᠮᠠᠨ ᠤ ᠤᠯᠤᠰ ᠤᠨ ᠰᠠᠭᠠᠯᠢ ᠶᠢᠨ ᠦᠨᠢᠶ᠎ᠠ ᠶᠢᠨ ᠦᠢᠯᠡᠳᠪᠤᠷᠢᠯᠠᠯ ᠨᠢ ᠤᠯᠠᠩᠬᠢ ᠳᠠᠭᠠᠨ ᠭᠡᠷ ᠪᠦᠯᠢ ᠶᠢᠨ ᠲᠡᠵᠢᠬᠡᠨ ᠦᠷᠡᠵᠢᠬᠦᠯᠬᠦ ᠬᠡᠯᠪᠡᠷᠢ ᠲᠡᠭᠡᠷ᠎ᠡ ᠵᠤᠭᠰᠤᠩᠭᠤᠶᠢᠷᠠᠵᠤ᠂ ᠲᠤᠭ᠎ᠠ ᠨᠢ ᠨᠡᠯᠢᠶᠠᠳ ᠴᠦᠬᠡᠨ᠂ ᠬᠠᠮᠢᠶᠠᠷᠤᠯᠳᠠ ᠨᠢ ᠪᠦᠳᠦᠬᠦᠯᠢᠭ᠂ ᠪᠤᠯᠪᠠᠰᠤᠷᠠᠭᠤᠯᠬᠤ ᠠᠵᠤ ᠠᠬᠤᠶᠢᠯᠠᠯ ᠤᠨ ᠰᠦᠨ ᠢᠷᠡᠯᠳᠡ ᠨᠢ ᠲᠠᠷᠠᠬᠠᠢ ᠪᠤᠳᠠᠷᠬᠠᠢ᠂ ᠶᠠᠰᠤ ᠴᠢᠨᠠᠷ ᠨᠢ ᠢᠯᠭᠠᠭ᠎ᠠ ᠵᠦᠷᠢᠶ᠎ᠠ ᠲᠠᠢ᠂ ᠴᠠᠭᠠᠨ ᠢᠳᠡᠭᠡᠨ ᠤ ᠲᠡᠯᠡᠬᠡᠢ ᠳᠠᠬᠢ ᠦᠷᠢᠰᠤᠯᠳᠦᠭᠡᠨ ᠤ ᠴᠢᠳᠡᠯ ᠨᠢ ᠨᠡᠯᠢᠶᠠᠳ ᠪᠠᠭᠤᠷᠠᠢ ᠪᠠᠶᠢᠨ᠎ᠠ᠃ ᠡᠳᠡᠭᠡᠷ ᠪᠠᠶᠢᠳᠠᠯ ᠢ ᠬᠤᠪᠢᠷᠠᠭᠤᠯᠬᠤ ᠳᠤ ᠡᠷᠬᠡᠪᠡᠰᠢ ᠲᠡᠵᠢᠬᠡᠨ ᠮᠠᠯᠵᠢᠬᠤ ᠠᠷᠭ᠎ᠠ ᠮᠠᠶ᠋ᠢᠭ ᠢ ᠬᠤᠪᠢᠷᠠᠭᠤᠯᠬᠤ᠂ ᠬᠡᠪᠴᠢᠶᠡᠵᠢᠭᠰᠡᠨ᠂ ᠡᠷᠴᠢᠮᠵᠢᠭ᠍ᠰᠡᠨ᠂ ᠠᠵᠤ ᠦᠢᠯᠡᠳᠪᠦᠷᠢᠵᠢᠭᠰᠡᠨ ᠰᠠᠭᠠᠯᠢ ᠶᠢᠨ ᠦᠨᠢᠶᠠᠨ ᠤ ᠦᠢᠯᠡᠳᠪᠤᠷᠢᠯᠡᠯ ᠤᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠤ᠂ ᠦᠨᠢᠶᠠᠨ ᠰᠦᠨ ᠤ ᠪᠦᠳᠦᠭᠡᠭᠳᠡᠬᠦᠨ ᠳᠤ ᠨᠢᠭᠡᠳᠤᠯᠳᠡᠢ ᠪᠠᠷᠢᠮᠵᠢᠶ᠎ᠠ ᠶᠢ ᠲᠤᠭᠳᠠᠭᠠᠬᠤ ᠳᠤ ᠠᠰᠢᠭᠳᠠᠢ ᠪᠤᠯᠭᠠᠵᠤ᠂ ᠦᠯᠢᠭᠡᠷ ᠬᠡᠪ ᠠᠪᠬᠤ ᠪᠠ ᠪᠠᠶᠢᠴᠠᠭᠠᠨ ᠰᠢᠯᠭᠠᠬᠤ ᠳᠤ ᠲᠦᠬᠦᠮ ᠦᠵᠡᠬᠦᠯᠬᠦ ᠬᠡᠷᠡᠭᠳᠡᠢ᠃

      ᠬᠤᠶᠠᠷ᠂ ᠰᠠᠭᠠᠯᠢ ᠶᠢᠨ ᠦᠨᠢᠶ᠎ᠠ ᠶᠢᠨ ᠲᠠᠯᠠᠪᠠᠢ ᠶᠢᠨ ᠭᠠᠵᠠᠷ ᠲᠠᠯᠠᠪᠠᠢ ᠶᠢ ᠵᠤᠬᠢᠰᠲᠠᠢ ᠰᠢᠯᠢᠨ ᠰᠤᠩᠭᠤᠬᠤ ᠬᠡᠷᠡᠭᠳᠡᠢ᠃ ᠡᠩ ᠲᠡᠷᠢᠬᠦᠨ ᠳᠤ ᠠᠮᠢ ᠠᠬᠤᠢ ᠶᠢᠨ ᠤᠷᠴᠢᠨ ᠲᠤᠭᠤᠷᠢᠨ ᠰᠠᠶᠢᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠷᠢᠮᠵᠢᠶ᠎ᠠ ᠳᠤ ᠨᠡᠶᠢᠴᠡᠭᠰᠡᠨ ᠭᠠᠵᠠᠷ ᠲᠠᠯᠠᠪᠠᠢ ᠶᠢ ᠰᠤᠩᠭᠤᠬᠤ ᠬᠡᠷᠡᠭᠳᠡᠢ᠃ ᠱᠠᠭᠠᠷᠳᠠᠯᠭ᠎ᠠ ᠨᠢ ᠭᠡᠪᠡᠯ ᠭᠠᠵᠠᠷ ᠤᠨ ᠪᠠᠶᠢᠴᠠ ᠨᠢ ᠦᠨᠳᠦᠷᠯᠢᠭ ᠠᠭᠤᠳᠠᠮ᠂ ᠰᠠᠯᠬᠢ ᠨᠡᠪᠳᠡᠷᠡᠬᠦ ᠳᠤ ᠰᠠᠶᠢᠨ᠂ ᠤᠰᠤᠨ ᠤ ᠰᠤᠷᠪᠤᠯᠵᠢ ᠡᠯᠪᠡᠭ᠂ ᠤᠰᠤᠨ ᠤ ᠴᠡᠪᠡᠷᠵᠢᠴᠡ ᠨᠢ ᠤᠮᠳᠠ ᠤᠰᠤᠨ ᠤ ᠴᠡᠪᠡᠷᠵᠢᠴᠡ ᠶᠢᠨ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠳᠡᠢ᠃ ᠬᠦᠷᠦᠰᠦ ᠰᠢᠷᠤᠢ ᠨᠢ ᠲᠤᠬᠢᠷᠠᠮᠵᠢᠳᠠᠢ᠂ ᠪᠤᠬᠢᠷᠳᠤᠯ ᠦᠬᠡᠢ᠂ ᠰᠠᠴᠤᠷᠠᠭ ᠴᠢᠨᠡᠷ ᠲᠠᠢ ᠪᠤᠳᠠᠰ ᠦᠬᠡᠢ ᠪᠠᠶᠢᠬᠤ ᠪᠠ ᠬᠦᠨᠳᠤ ᠲᠡᠮᠦᠷᠯᠢᠭ᠂ ᠲᠠᠷᠢᠶᠠᠨ ᠡᠮ᠂ ᠲᠤᠳᠠᠭᠤ ᠠᠽᠤᠲ ᠬᠦᠴᠢᠯ ᠤᠨ ᠲᠠᠪᠤᠰᠤ ᠵᠡᠷᠭᠡ ᠬᠦᠨᠦᠬᠡᠯ ᠲᠠᠢ ᠪᠤᠳᠠᠰ ᠤᠨ ᠠᠭᠤᠯᠤᠭᠳᠠᠴᠠ ᠦᠬᠡᠢ ᠪᠠᠶᠢᠬᠤ ᠬᠡᠷᠡᠭᠳᠡᠢ᠃ ᠠᠭᠠᠷ ᠮᠠᠨᠳᠠᠯ ᠨᠢ ᠴᠡᠪᠡᠷ᠂ ᠡᠷᠭᠢᠨ ᠲᠤᠭᠤᠷᠢᠨ ᠳᠤ ᠭᠤᠷᠪᠠᠨ ᠬᠠᠶᠠᠭᠳᠠᠮᠠᠯ ᠪᠠ ᠠᠮᠢᠳᠤᠷᠠᠯ ᠤᠨ ᠬᠤᠭ ᠨᠤᠪᠰᠢ ᠦᠬᠡᠢ ᠪᠠᠶᠢᠬᠤ ᠬᠡᠷᠡᠭᠳᠡᠢ᠃ ᠲᠠᠷᠠᠭ᠎ᠠ ᠳᠤᠨᠢ ᠬᠢᠵᠢᠭ ᠤᠨ ᠪᠤᠰᠤ ᠤᠷᠤᠨ᠂ ᠠᠮᠢᠳᠤ ᠪᠤᠳᠠᠰ ᠤᠨ ᠠᠶᠤᠯ ᠦᠬᠡᠢ ᠰᠠᠶᠢᠨ ᠭᠠᠵᠠᠷ ᠢ ᠰᠤᠩᠭᠤᠬᠤ ᠬᠡᠷᠡᠭᠳᠡᠢ᠃ ᠰᠠᠭᠠᠯᠢ ᠶᠢᠨ ᠦᠨᠢᠶ᠎ᠠ ᠶᠢᠨ ᠲᠠᠯᠠᠪᠠᠢ ᠶᠢ ᠬᠤᠳᠤᠭᠤᠷ ᠭᠠᠵᠠᠷ ᠪᠤᠶᠤ ᠢᠯᠠᠭ᠎ᠠ ᠰᠢᠮᠠᠭᠤᠯ ᠵᠡᠷᠭᠡ ᠰᠢᠪᠠᠵᠢ ᠬᠤᠷᠤᠬᠠᠢ ᠶᠢᠨ ᠦᠷᠡᠵᠢᠯ ᠲᠦᠯᠵᠢᠯ ᠤᠨ ᠭᠠᠵᠠᠷ ᠢ ᠰᠤᠩᠭᠤᠵᠤ ᠪᠤᠯᠬᠤ ᠦᠬᠡᠢ᠃

       ᠭᠤᠷᠪᠠ᠂ ᠰᠦ ᠰᠠᠶᠢᠳᠠᠢ᠂ ᠴᠢᠨᠠᠷ ᠰᠠᠶᠢᠳᠠᠢ᠂ ᠤᠨᠴᠠ ᠲᠤᠭᠳᠠᠭᠰᠠᠨ ᠭᠡᠮ ᠬᠢᠵᠢᠭ ᠦᠬᠡᠢ ᠮᠦᠷᠳᠡᠭᠡᠨ ᠰᠦᠷᠬᠦ ᠴᠢᠨᠡᠷ ᠢᠶᠠᠷ ᠰᠠᠶᠢᠨ ᠪᠠᠶᠢᠳᠠᠭ ᠰᠠᠭᠠᠯᠢ ᠶᠢᠨ ᠦᠨᠢᠶ᠎ᠠ ᠶᠢᠨ ᠡᠭᠦᠯᠳᠡᠷ ᠢ ᠰᠤᠩᠭᠤᠬᠤ ᠬᠡᠷᠡᠭᠳᠡᠢ᠃ ᠬᠦᠭᠵᠢᠭᠰᠡᠨ ᠤᠯᠤᠰ ᠤᠷᠤᠨ ᠲᠠᠢ ᠬᠠᠷᠢᠴᠠᠭᠤᠯᠪᠠᠯ ᠮᠠᠨ ᠤ ᠤᠯᠤᠰ ᠤᠨ ᠰᠠᠭᠠᠯᠢ ᠶᠢᠨ ᠦᠨᠢᠶᠠᠨ ᠤ ᠰᠦᠨ ᠭᠠᠷᠤᠯᠳᠠ ᠨᠢ ᠨᠡᠯᠢᠶᠠᠳ ᠲᠤᠤᠷ᠎ᠠ᠂ ᠶᠠᠰᠤ ᠴᠢᠨᠠᠷ ᠨᠢ ᠴᠤ ᠪᠠᠷᠤᠭᠳᠠᠢ ᠪᠠᠶᠢᠵᠤ᠂ ᠠᠳᠠᠯᠢ ᠪᠤᠰᠤ ᠮᠤᠵᠢ ᠤᠷᠤᠨ ᠪᠤᠶᠤ ᠭᠠᠵᠠᠷ ᠤᠷᠤᠨ ᠳᠤ ᠴᠤ ᠵᠤᠬᠢᠬᠤ ᠵᠦᠷᠢᠶ᠎ᠠ ᠲᠠᠢ ᠪᠠᠶᠢᠨ᠎ᠠ᠃
       ᠡᠬᠦᠨ ᠳᠤ ᠠᠳᠠᠯᠢ ᠪᠤᠰᠦ ᠡᠬᠦᠯᠳᠡᠷ ᠤᠨ ᠡᠯᠧᠮᠧᠨ᠋ᠲ ᠤᠨ ᠬᠠᠷᠢᠴᠡᠯ ᠨᠢ ᠠᠳᠠᠯᠢ ᠪᠤᠰᠦ ᠪᠠᠶᠢᠳᠠᠭ᠃ ᠡᠶᠢᠮᠤ ᠠᠴᠠ ᠰᠠᠭᠠᠯᠢ ᠶᠢᠨ ᠦᠨᠢᠶᠠᠨ ᠤ ᠲᠠᠯᠠᠪᠠᠢ ᠨᠢ ᠲᠤᠬᠠᠢ ᠶᠢᠨ ᠭᠠᠵᠠᠷ ᠤᠨ ᠦᠢᠯᠡᠳᠪᠤᠷᠢᠯᠠᠯ ᠳᠤ ᠲᠤᠬᠢᠷᠠᠬᠤ ᠰᠠᠭᠠᠯᠢ ᠶᠢᠨ ᠦᠨᠢᠶ᠎ᠠ ᠶᠢᠨ ᠡᠬᠦᠯᠳᠡᠷ ᠢ ᠢᠳᠡᠪᠬᠢᠳᠡᠢ ᠤᠷᠤᠭᠤᠯᠤᠨ ᠠᠪᠴᠢᠷᠠᠵᠤ᠂ ᠲᠤᠰ ᠲᠠᠯᠠᠪᠠᠢ ᠶᠢᠨ ᠢᠶᠠᠨ ᠰᠠᠭᠠᠯᠢ ᠶᠢᠨ ᠦᠨᠢᠶ᠎ᠠ ᠶᠢᠨ ᠡᠬᠦᠯᠳᠡᠷ ᠤᠭᠰᠠᠭ᠎ᠠ ᠶᠢ ᠰᠠᠶᠢᠵᠢᠷᠠᠭᠤᠯᠬᠤ ᠭᠡᠷᠡᠭᠳᠡᠢ᠃ ᠡᠬᠦᠨ ᠢᠶᠠᠷ ᠲᠠᠮᠵᠢᠨ ᠰᠦ ᠰᠠᠶᠢᠳᠠᠢ᠂ ᠴᠢᠨᠠᠷ ᠰᠠᠶᠢᠳᠠᠢ᠂ ᠤᠨᠴᠠ ᠲᠤᠭᠳᠠᠭᠰᠠᠨ ᠭᠡᠮ ᠬᠢᠵᠢᠭ ᠤᠨ ᠬᠤᠮᠠᠬᠢ ᠠᠮᠢᠲᠠᠨ ᠦᠬᠡᠢ᠂ ᠰᠦᠷᠬᠦ ᠴᠢᠨᠠᠷ ᠢᠶᠠᠷ ᠰᠠᠶᠢᠨ ᠪᠠᠶᠢᠳᠠᠭ ᠦᠨᠢᠶᠠᠨ ᠰᠦᠷᠦᠭ ᠢ ᠲᠡᠵᠢᠬᠡᠨ ᠦᠷᠡᠵᠢᠬᠦᠯᠬᠦ ᠬᠡᠷᠡᠭᠳᠡᠢ᠃ ᠡᠬᠦᠯᠳᠡᠷ ᠢ ᠤᠷᠤᠭᠤᠯᠵᠤ ᠢᠷᠡᠭᠦ ᠳᠡᠭᠡᠨ ᠦᠷᠭᠡᠨ ᠲᠡᠯᠬᠡᠷ ᠪᠠᠶᠢᠴᠠᠭᠠᠯᠳᠠ ᠬᠢᠵᠤ᠂ ᠬᠢᠵᠢᠭ ᠪᠠᠶᠢᠴᠠᠭᠠᠯᠳᠠ ᠶᠢᠨ ᠲᠠᠰ ᠲᠠᠷᠠᠭᠠᠯᠠᠯ ᠪᠠ ᠱᠠᠭᠠᠷᠳᠠᠯᠭ᠎ᠠ ᠪᠠᠷ ᠡᠬᠦᠯᠳᠡᠷ ᠢ ᠤᠷᠤᠭᠤᠯᠤᠨ ᠮᠠᠯᠵᠢᠵᠦ᠂ ᠬᠢᠵᠢᠭ ᠲᠠᠢ ᠤᠷᠤᠨ ᠠᠴᠠ ᠡᠬᠦᠯᠳᠡᠷ ᠤᠷᠤᠭᠤᠯᠵᠤ ᠢᠷᠡᠭᠦ ᠶᠢ ᠡᠷᠡᠰ ᠬᠤᠷᠢᠭᠯᠠᠬᠤ ᠬᠡᠷᠡᠭᠳᠡᠢ᠃

        ᠲᠦᠷᠪᠡ᠂ ᠨᠡᠶᠢᠳᠡ ᠶᠢᠨ ᠬᠦᠨᠦᠬᠡᠯ ᠦᠬᠡᠢ ᠲᠡᠵᠢᠬᠡᠯ ᠪᠤᠷᠳᠤᠭ᠎ᠠ ᠪᠤᠯᠤᠨ ᠨᠡᠮᠡᠯᠳᠡ ᠡᠳ᠋ ᠢᠶᠠᠷ ᠵᠤᠬᠢᠰᠳᠡᠢ ᠲᠡᠵᠢᠭᠡᠵᠤ ᠪᠤᠷᠳᠤᠬᠤ ᠬᠡᠷᠡᠭᠳᠡᠢ᠃ ᠲᠡᠵᠢᠬᠡᠯ ᠪᠤᠷᠳᠤᠭ᠎ᠠ ᠪᠠ ᠨᠡᠮᠡᠯᠳᠡ ᠡᠳ᠋ ᠨᠢ ᠰᠠᠭᠠᠯᠢ ᠶᠢᠨ ᠦᠨᠢᠶ᠎ᠠ ᠶᠢᠨ ᠪᠤᠳᠠᠰ ᠤᠨ ᠰᠠᠭᠤᠷᠢ ᠪᠤᠯᠤᠭᠰᠠᠨ ᠤ ᠬᠤᠪᠢ ᠳᠤ ᠲᠡᠭᠦᠨ ᠤ ᠶᠠᠰᠤ ᠴᠢᠨᠠᠷ ᠨᠢ ᠴᠠᠭᠠᠨ ᠢᠳᠡᠭᠡᠨ ᠤ ᠶᠠᠰᠤ ᠴᠢᠨᠠᠷ ᠢ ᠰᠢᠭᠤᠳ ᠪᠤᠶᠤ ᠲᠠᠮ ᠢᠶᠠᠷ ᠨᠦᠯᠦᠭᠡᠯᠡᠳᠡᠭ᠃ ᠡᠶᠢᠮᠤ ᠠᠴᠠ ᠲᠡᠵᠢᠬᠡᠯ ᠪᠤᠷᠳᠤᠭ᠎ᠠ ᠨᠢ ᠠᠶᠤᠯ ᠦᠬᠡᠢ ᠶᠤᠮ ᠪᠤᠯ ᠦᠨᠢᠶᠡᠨ ᠰᠦ ᠴᠤ ᠠᠶᠤᠯ ᠦᠬᠡᠢ ᠪᠤᠯᠤᠨ᠎ᠠ᠃ ᠡᠨᠡ ᠪᠤᠯ ᠨᠡᠶᠢᠳᠡ ᠶᠢᠨ ᠬᠦᠨᠦᠬᠡᠯ ᠦᠬᠡᠢ ᠦᠨᠢᠶᠠᠨ ᠰᠦ ᠶᠢᠨ ᠦᠢᠯᠡᠳᠪᠤᠷᠢᠯᠡᠯ ᠤᠨ ᠵᠠᠩᠬᠢᠯᠠᠭ᠎ᠠ ᠶᠢᠨ ᠴᠢᠬᠤᠯᠠ ᠡᠯᠧᠮᠧᠨ᠋ᠲ ᠪᠤᠯᠤᠨ᠎ᠠ᠃ ᠰᠠᠭᠠᠯᠢ ᠶᠢᠨ ᠦᠨᠢᠶ᠎ᠠ ᠶᠢᠨ ᠲᠡᠵᠢᠬᠡᠯ ᠪᠤᠷᠳᠤᠭ᠎ᠠ ᠶᠢ ᠲᠤᠭᠳᠠᠮᠠᠯ ᠬᠤᠭᠤᠴᠠᠭ᠎ᠠ ᠪᠠᠷ ᠪᠤᠶᠤ ᠲᠤᠭᠳᠠᠮᠠᠯ ᠪᠤᠰᠤ ᠬᠤᠭᠤᠴᠠᠭ᠎ᠠ ᠪᠠᠷ ᠦᠷᠬᠦᠯᠵᠢ ᠪᠠᠶᠢᠴᠠᠭᠠᠨ ᠰᠢᠯᠭᠠᠵᠤ᠂ ᠬᠦᠬᠡ ᠪᠤᠷᠳᠤᠭ᠎ᠠ ᠪᠤᠯᠤᠨ ᠲᠠᠷᠢᠶᠠᠨ ᠡᠰᠢ ᠶᠢ ᠬᠦᠬᠡ ᠪᠠᠷ ᠲᠠᠷᠤᠰᠢᠭᠤᠯᠬᠤ᠂ ᠰᠢᠪᠲᠤᠷᠵᠢᠭᠤᠯᠬᠤ᠂ ᠰᠢᠯᠢᠳᠡᠭᠵᠢᠭᠦᠯᠬᠦ ᠵᠡᠷᠭᠡ ᠪᠤᠯᠪᠠᠰᠤᠷᠠᠭᠤᠯᠤᠯᠳᠠ ᠶᠢᠨ ᠠᠷᠭ᠎ᠠ ᠶᠢ ᠦᠷᠭᠡᠨ ᠢᠶᠠᠷ ᠬᠡᠷᠡᠭᠯᠡᠵᠤ᠂ ᠨᠡᠷᠡᠳᠤ ᠰᠢᠯᠢᠳᠡᠭ ᠪᠤᠷᠳᠤᠭ᠎ᠠ ᠪᠠ ᠨᠡᠮᠡᠯᠳᠡ ᠡᠳ᠋ ᠢ ᠬᠡᠷᠡᠭᠯᠡᠬᠦ ᠶᠢ ᠰᠠᠨᠠᠭᠠᠴᠢᠯᠠᠬᠤ ᠬᠡᠷᠡᠭᠳᠡᠢ᠃ ᠶᠡᠷᠤᠩᠭᠡᠢ ᠳᠡᠭᠡᠨ ᠶᠠᠰᠤ ᠴᠢᠨᠠᠷ ᠤᠨ ᠮᠡᠷᠭᠡᠵᠢᠯ ᠤᠨ ᠪᠠ ᠠᠵᠢᠯ ᠲᠦᠷᠦᠯ ᠤᠨ ᠰᠠᠯᠠᠭ᠎ᠠ ᠮᠦᠴᠢᠷ ᠤᠨ ᠭᠡᠷᠡᠴᠢᠯᠡᠭᠰᠡᠨ ᠲᠡᠵᠢᠬᠡᠯ ᠪᠤᠷᠳᠤᠭ᠎ᠠ ᠶᠢᠨ ᠶᠠᠰᠤ ᠴᠢᠨᠠᠷ ᠨᠢ ᠲᠤᠭᠳᠠᠭᠤᠨ᠂ ᠲᠦᠷᠦᠯ ᠵᠦᠢᠯ ᠨᠢ ᠰᠠᠶᠢᠨ ᠪᠠᠶᠢᠵᠤ᠂ ᠤᠯᠤᠰ ᠤᠨ ᠮᠠᠯ ᠵᠢᠬᠦᠷᠳᠡᠨ ᠤ ᠪᠦᠳᠦᠭᠡᠭᠳᠡᠬᠦᠨ ᠢ ᠠᠶᠤᠯ ᠦᠬᠡᠢ ᠦᠢᠯᠡᠳᠪᠤᠷᠢᠯᠡᠬᠦ ᠱᠠᠭᠠᠷᠳᠠᠯᠭ᠎ᠠ ᠳᠤ ᠨᠡᠶᠢᠴᠡᠵᠤ ᠪᠠᠶᠢᠳᠠᠭ᠃ ᠦᠪᠡᠷᠳᠡᠭᠡᠨ ᠲᠡᠵᠢᠬᠡᠯ ᠪᠤᠷᠳᠤᠭ᠎ᠠ ᠨᠠᠶᠢᠷᠠᠭᠤᠯᠬᠤ ᠳᠤ ᠲᠦᠬᠦᠬᠡᠢ ᠮᠠᠲ᠋ᠧᠷᠢᠶᠠᠯ ᠢ ᠰᠠᠶᠢᠨ ᠰᠤᠩᠭᠤᠵᠤ᠂ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠶᠠᠰᠤ ᠴᠢᠨᠠᠷ ᠤᠨ ᠰᠠᠯᠠᠭ᠎ᠠ ᠮᠦᠴᠢᠷ ᠢᠶᠠᠷ ᠪᠠᠶᠢᠴᠠᠭᠠᠨ ᠰᠢᠯᠭᠠᠭᠤᠯᠵᠤ᠂ ᠲᠡᠭᠦᠨ ᠤ ᠰᠢᠮ᠎ᠠ ᠲᠡᠵᠢᠬᠡᠯ ᠤᠨ ᠪᠦᠷᠢᠯᠳᠦᠬᠦᠨ ᠪᠤᠯᠤᠨ ᠬᠦᠨᠦᠬᠡᠯ ᠲᠠᠢ ᠬᠤᠤᠷ ᠲᠠᠢ ᠪᠤᠳᠠᠰ ᠵᠢᠴᠢ ᠭᠡᠮ ᠬᠢᠵᠢᠭ ᠤᠨ ᠰᠤᠷᠪᠤᠯᠵᠢ ᠮᠢᠺᠷᠤᠪ ᠨᠢ ᠠᠶᠤᠯ ᠦᠬᠡᠢ ᠶᠢᠨ ᠪᠠᠷᠢᠮᠵᠢᠶ᠎ᠠ ᠳᠤ ᠬᠦᠷᠦᠭᠰᠡᠨ ᠤ ᠲᠠᠷᠠᠭ᠎ᠠ ᠰᠠᠶ᠋ᠢ ᠦᠢᠯᠡᠳᠪᠤᠷᠢᠯᠠᠨ ᠬᠡᠷᠡᠭᠯᠡᠵᠤ ᠪᠤᠯᠤᠨ᠎ᠠ᠃ ᠲᠡᠵᠢᠬᠡᠯ ᠪᠤᠷᠳᠤᠭᠠᠨ ᠳᠤ ᠬᠡᠷᠡᠭᠯᠡᠬᠦ ᠶᠢ ᠵᠦᠪᠰᠢᠶᠠᠷᠠᠭᠦᠯᠦᠭᠰᠡᠨ ᠦᠬᠡᠢ ᠨᠢᠶᠠᠨ ᠳᠠᠷᠤᠭᠴᠢ ᠡᠳ᠋᠂ ᠬᠤᠷᠮᠤᠨ ᠵᠡᠷᠭᠡ ᠨᠡᠮᠡᠯᠳᠡ ᠡᠳ᠋ ᠢ ᠴᠠᠭᠠᠵᠠᠯᠠᠨ᠎ᠠ᠃ ᠬᠡᠷᠡᠭᠯᠡᠯᠳᠡ ᠶᠢᠨ ᠦᠷ᠎ᠡ ᠳ᠋ᠦᠩ ᠢᠶᠠᠷ ᠰᠠᠶᠢᠨ ᠨᠢᠶᠠᠨ ᠲᠠᠷᠤᠭᠴᠢ ᠡᠳ᠋ ᠤᠨ ᠤᠷᠤᠯᠠᠭᠤᠯᠤᠭᠴᠢ ᠪᠦᠳᠦᠭᠡᠭᠳᠡᠬᠦᠨ ᠢ ᠰᠡᠳᠬᠢᠯ ᠠᠮᠤᠷ ᠬᠡᠷᠡᠭᠯᠡᠵᠤ ᠪᠤᠯᠤᠨ᠎ᠠ᠃ ᠦᠬᠡᠷ ᠤᠨ ᠭᠠᠯᠵᠠᠭᠤ ᠵᠡᠷᠭᠡ ᠭᠡᠮ ᠬᠢᠵᠢᠭ ᠢ ᠰᠡᠷᠭᠡᠶᠢᠯᠡᠬᠦ ᠶᠢᠨ ᠲᠤᠯᠠᠳᠠ ᠰᠠᠭᠠᠯᠢ ᠶᠢᠨ ᠦᠨᠢᠶᠠᠨ ᠤ ᠪᠤᠷᠳᠤᠭᠠᠨ ᠳᠤ ᠶᠠᠰᠤ ᠮᠢᠬᠠᠨ ᠤ ᠨᠤᠨᠳᠠᠭ᠂ ᠠᠮᠢᠳᠠᠨ ᠤ ᠲᠤᠰᠤ ᠵᠡᠷᠭᠡ ᠠᠮᠢᠳᠠᠨ ᠤ ᠴᠢᠨᠠᠷᠳᠡᠢ ᠪᠤᠷᠳᠤᠭ᠎ᠠ ᠶᠢ ᠬᠡᠷᠡᠭᠯᠡᠬᠦ ᠶᠢ ᠡᠷᠡᠰ ᠴᠠᠭᠠᠵᠠᠯᠠᠨ᠎ᠠ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map