|
|
ᠨᠡᠶᠢᠲᠡᠯᠡᠭᠰᠡᠨ ᠴᠠᠭ᠄
2015/11/17
|
|
︵1︶ ᠠᠶᠢᠯ ᠭᠡᠷ ᠤᠨ ᠭᠠᠯ ᠤᠨ ᠠᠶᠤᠯ ᠠᠶᠢᠯ ᠭᠡᠷ ᠤᠨ ᠭᠠᠯ ᠤᠨ ᠠᠶᠤᠯ ᠭᠡᠳᠡᠭ ᠪᠤᠯ ᠠᠮᠢᠳᠤᠷᠠᠯ ᠤᠨ ᠲᠤᠮᠳᠠ ᠭᠠᠯ᠂ ᠭᠡᠷ ᠤᠨ ᠭᠡᠷᠡᠭᠯᠡᠭᠡᠨ ᠤ ᠴᠠᠬᠢᠯᠭᠠᠨ ᠭᠡᠷᠡᠭᠰᠡᠯ ᠪᠤᠶᠤ ᠠᠮᠠᠷᠬᠠᠨ ᠰᠢᠳᠠᠬᠤ ᠪᠤᠳᠠᠰ ᠢ ᠲᠤᠬᠢᠷᠠᠮᠵᠢᠳᠠᠢ ᠭᠡᠷᠡᠭᠯᠡᠭᠰᠡᠨ ᠥᠭᠡᠢ ᠠᠴᠠ ᠪᠤᠯᠵᠤ ᠡᠬᠦᠰᠥᠭᠰᠡᠨ ᠭᠠᠯ ᠤᠨ ᠠᠶᠤᠯ ᠢ ᠭᠡᠯᠡᠵᠤ ᠪᠠᠶᠢᠨ᠎ᠠ᠃ ᠬᠥᠮᠥᠰ ᠠᠶᠢᠯ ᠭᠡᠷ ᠤᠨ ᠠᠶᠤᠯ ᠦᠬᠡᠢ ᠶᠢᠨ ᠮᠡᠳᠡᠯᠭᠡ ᠪᠠᠷ ᠲᠤᠳᠠᠮᠠᠭ᠂ ᠮᠢᠨᠴᠥᠬᠦᠷᠡᠨ ᠲᠠᠶᠢᠪᠤᠰᠢᠷᠠᠭᠰᠠᠨ ᠠᠴᠠ ᠪᠤᠯᠵᠤ ᠭᠠᠯ ᠤᠨ ᠠᠶᠤᠯ ᠡᠬᠦᠰᠴᠤ᠂ ᠭᠡᠵᠢᠶᠡᠳᠡ ᠵᠤᠬᠢᠰ ᠥᠭᠡᠢ ᠰᠢᠢᠳᠪᠥᠷᠢᠯᠡᠭᠰᠡᠨ ᠪᠠ ᠮᠡᠳᠡᠬᠦᠯᠬᠦ ᠨᠢ ᠤᠷᠦ᠋ᠢᠳᠠᠭᠰᠠᠨ ᠠᠴᠠ ᠪᠤᠯᠤᠭᠠᠳ ᠬᠥᠮᠥᠨ ᠠᠮᠢᠳᠠᠨ ᠥᠬᠦᠵᠤ ᠰᠢᠷᠬᠠᠳᠤᠬᠤ ᠪᠠ ᠡᠳ᠋ ᠪᠤᠳᠠᠰ ᠬᠤᠬᠢᠷᠠᠵᠤ ᠰᠥᠢᠳᠳᠡᠭ᠃ ᠠᠶᠢᠯ ᠭᠡᠷ ᠤᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠳᠤ᠄ ① ᠭᠠᠯ ᠭᠠᠷᠤᠮᠠᠭᠴᠠ ᠤᠨᠳᠠᠷᠠᠭᠠᠪᠠᠯ ᠮᠠᠰᠢ ᠠᠮᠠᠷᠬᠠᠨ ᠪᠠᠶᠢᠵᠤ᠂ ᠭᠡᠷᠪᠡ ᠬᠥᠴᠤ ᠪᠠᠨ ᠲᠥᠪᠯᠡᠷᠡᠬᠦᠯᠥᠨ ᠵᠠᠪᠳᠤᠨ ᠤᠨᠳᠠᠷᠠᠭᠠᠪᠠᠯ ᠲᠥᠭᠰᠢᠬᠦᠷᠢ ᠶᠢ ᠲᠥᠪᠰᠢᠨ ᠪᠤᠯᠭᠠᠵᠤ᠂ ᠠᠶᠤᠯ ᠢ ᠠᠮᠤᠭᠤᠯᠠᠩ ᠪᠤᠯᠭᠠᠵᠤ ᠴᠢᠳᠠᠳᠠᠭ᠃ ② ᠡᠷᠳᠡᠭᠡᠨ ᠮᠡᠳᠡᠬᠦᠯᠬᠦ ᠭᠡᠷᠡᠭᠳᠡᠢ᠂ ᠭᠡᠳᠥᠢ ᠡᠷᠳᠡ ᠮᠡᠳᠡᠬᠦᠯᠪᠡᠯ ᠬᠤᠬᠢᠷᠠᠯ ᠢ ᠲᠡᠳᠥᠢ ᠪᠠᠭᠠᠰᠬᠠᠵᠤ ᠴᠢᠳᠠᠨ᠎ᠠ᠃ ③ ᠤᠷᠢᠳ ᠢᠶᠠᠷ ᠭᠠᠯ ᠢ ᠲᠡᠷᠤᠵᠤ᠂ ᠲᠠᠷᠠᠭ᠎ᠠ ᠨᠢ ᠡᠳ᠋ ᠪᠠᠷᠠᠭ᠎ᠠ ᠪᠠᠨ ᠰᠢᠯᠵᠢᠬᠦᠯᠥᠨᠡ᠂ ᠪᠠᠭ᠎ᠠ ᠯᠠ ᠤᠳᠠᠭᠠᠰᠢᠷᠠᠪᠠᠯ ᠶᠡᠭᠡ ᠭᠠᠮᠰᠢᠬ ᠡᠬᠦᠰᠴᠤ ᠮᠡᠳᠡᠨ᠎ᠡ᠃ ④ ᠡᠮᠬᠢ ᠲᠢᠭᠯᠢᠮ ᠲᠠᠢ ᠪᠠᠶᠢᠪᠠᠯ ᠰᠠᠶ᠋ᠢ ᠭᠠᠯ ᠤᠨ ᠲᠠᠯᠠᠪᠠᠢ ᠠᠴᠠ ᠠᠮᠤᠷ ᠲᠥᠪᠰᠢᠨ ᠢᠶᠠᠷ ᠰᠢᠯᠵᠢᠵᠤ ᠴᠢᠳᠠᠨ᠎ᠠ᠃ ᠬᠠᠷᠢᠯᠴᠠᠨ ᠰᠢᠬᠠᠯᠳᠤᠬᠤ ᠪᠠ ᠵᠠᠮ ᠮᠥᠷ ᠢ ᠲᠥᠭᠵᠢᠵᠤ ᠤᠭᠳᠤ ᠪᠤᠯᠬᠤ ᠥᠭᠡᠢ᠃ ᠡᠰᠡ ᠲᠡᠶᠢᠮᠥ ᠪᠤᠯ ᠬᠠᠷᠢᠯᠴᠠᠨ ᠬᠢᠰᠬᠢᠯᠴᠡᠵᠤ᠂ ᠬᠠᠷᠠᠰᠠᠯᠳᠤ ᠶᠠᠪᠤᠳᠠᠯ ᠡᠬᠦᠰᠭᠡᠬᠦ ᠪᠤᠯᠤᠨ᠎ᠠ᠃ ⑤ ᠠᠰᠠᠷ ᠠᠴᠠ ᠪᠠᠭᠤᠬᠤ ᠱᠠᠳᠤ ᠭᠠᠯ ᠳᠤ ᠠᠪᠳᠠᠵᠤ᠂ ᠲᠤᠳᠠᠭᠠᠨ ᠭᠠᠷᠴᠤ ᠲᠡᠶᠢᠯᠬᠦ ᠥᠭᠡᠢ ᠥᠶᠡᠰ᠂ ᠬᠥᠨᠵᠢᠯᠡ ᠲᠡᠪᠢᠰᠭᠡᠷ ᠤᠨ ᠪᠥᠰ ᠢ ᠵᠥᠰᠥᠵᠤ ᠲᠡᠭᠡᠰᠤ ᠲᠡᠮᠤᠵᠤ᠂ ᠴᠤᠩᠬᠤᠨ ᠰᠠᠷᠠᠯᠵᠢ ᠠᠴᠠ ᠤᠶᠠᠵᠤ᠂ ᠭᠤᠯᠭᠤᠷᠢᠨ ᠪᠠᠭᠤᠵᠤ ᠪᠤᠯᠤᠨ᠎ᠠ᠃ ⑥ ᠨᠥᠬᠦᠭᠡ ᠥᠷᠥᠭᠡᠨ ᠳᠤ ᠭᠠᠯ ᠭᠠᠷᠤᠭᠰᠠᠨ ᠪᠤᠯ ᠡᠬᠦᠳᠡ ᠪᠠᠨ ᠨᠡᠭᠡᠭᠡᠵᠤ ᠤᠭᠳᠤ ᠪᠤᠯᠬᠤ ᠥᠭᠡᠢ᠂ ᠬᠠᠷᠢᠨ ᠨᠠᠷᠠᠪᠴᠢ ᠲᠡᠭᠡᠷ᠎ᠡ ᠪᠠᠨ ᠭᠠᠷᠴᠤ ᠬᠥᠮᠥᠨ ᠬᠠᠷ᠎ᠠ ᠲᠠᠭᠤᠳᠠᠬᠤ ᠪᠤᠶᠤ ᠲᠡᠭᠡᠷ᠎ᠡ ᠲᠤᠷᠠᠳᠤᠭᠰᠠᠨ ᠠᠷᠭ᠎ᠠ ᠪᠠᠷ ᠠᠶᠤᠯ ᠠᠴᠠ ᠵᠠᠶᠢᠯᠠᠵᠤ ᠪᠤᠯᠤᠨ᠎ᠠ᠃ ᠡᠰᠡ ᠲᠡᠶᠢᠮᠥ ᠪᠤᠯ ᠬᠠᠯᠠᠭᠤᠨ ᠤᠳᠤᠭ᠎ᠠ ᠠᠭᠤᠷ ᠪᠤᠷᠬᠢᠯᠤᠨ ᠤᠷᠤᠵᠤ᠂ ᠬᠥᠮᠥᠰ ᠢ ᠪᠥᠳᠡᠵᠤ ᠥᠬᠦᠬᠦᠯᠵᠤ ᠮᠡᠳᠡᠨ᠎ᠡ᠃ ⑦ ᠤᠳᠤᠭ᠎ᠠ ᠤᠨᠢᠶᠠᠷ ᠬᠡᠴᠡᠬᠦᠥ ᠥᠶ᠎ᠡ ᠳᠤ ᠰᠥᠬᠦᠳᠥᠨ ᠰᠥᠬᠦᠷᠡᠵᠦ᠂ ᠮᠥᠯᠬᠦᠨ ᠵᠠᠶᠢᠯᠠᠬᠤ ᠭᠡᠷᠡᠭᠳᠡᠢ᠂ ᠤᠴᠢᠷ ᠨᠢ ᠭᠠᠵᠠᠷ ᠲᠠᠢ ᠨᠠᠭᠠᠯᠳᠤᠪᠠᠯ ᠴᠡᠪᠡᠷ ᠭᠡᠢ ᠠᠭᠠᠷ ᠪᠠᠶᠢᠳᠠᠭ᠃ ᠬᠥᠡᠭᠭᠡᠨ ᠠᠮᠢᠰᠬᠤᠬᠤ ᠶᠢ ᠠᠩᠬᠠᠷᠬᠤ ᠭᠡᠷᠡᠭᠳᠡᠢ᠃ ⑧ ᠡᠷᠭᠡᠪᠰᠢ ᠠᠰᠠᠷ ᠲᠡᠭᠡᠷ᠎ᠡ ᠭᠠᠷᠬᠤ ᠴᠢᠬᠤᠯᠠ ᠲᠠᠢ ᠪᠠᠶᠢᠳᠠᠯ ᠲᠤᠤᠷ᠎ᠠ᠂ ᠡᠷᠭᠡᠪᠰᠢ ᠠᠮᠢᠰᠬᠤᠯ ᠢᠶᠠᠨ ᠬᠤᠷᠢᠶᠠᠵᠤ ᠪᠠᠶᠢᠭᠠᠳ ᠠᠰᠠᠷ ᠲᠠᠪᠠᠭ᠋ᠤ ᠭᠡᠷᠡᠭᠳᠡᠢ᠃ ᠤᠴᠢᠷ ᠨᠢ ᠤᠳᠤᠭᠠᠨ ᠤ ᠥᠳᠭᠡᠴᠡ ᠲᠡᠭᠡᠭᠰᠢᠯᠡᠬᠦ ᠬᠤᠷᠳᠤᠴᠠ ᠨᠢ ᠰᠧᠺᠦ᠋ᠨ᠋ᠳ᠋ ᠪᠥᠷᠢ 3~5m ᠪᠠᠶᠢᠬᠤ ᠳᠤ᠂ ᠬᠠᠷᠢᠨ ᠬᠥᠮᠥᠨ ᠤ ᠱᠠᠳᠤ ᠲᠠᠪᠠᠭ᠋ᠤ ᠬᠤᠷᠳᠤᠴᠠ ᠨᠢ ᠰᠧᠺᠦ᠋ᠨ᠋ᠳ᠋ ᠪᠥᠷᠢ 0.5m ᠯᠠ ᠪᠠᠶᠢᠳᠠᠭ᠃ ⑨ ᠲᠤᠳᠠᠭᠠᠵᠤ ᠵᠠᠶᠢᠯᠠᠬᠤ ᠥᠶᠡᠰ ᠨᠦᠢᠳᠠᠨ ᠠᠯᠴᠢᠭᠤᠷ ᠢᠶᠠᠷ ᠠᠮᠠ ᠬᠠᠮᠠᠷ ᠢᠶᠠᠨ ᠲᠠᠷᠤᠬᠤ ᠭᠡᠷᠡᠭᠳᠡᠢ᠃ ᠪᠠᠰᠠ ᠬᠤᠸᠠᠷ ᠤᠨ ᠯᠤᠩᠬᠤ᠂ ᠤᠰᠤᠨ ᠰᠠᠪᠠ᠂ ᠵᠢᠭᠠᠰᠤ ᠲᠡᠵᠢᠭᠡᠬᠦ ᠰᠠᠪᠠ ᠶᠢᠨ ᠢᠶᠠᠨ ᠤᠰᠤ ᠪᠠᠷ ᠪᠥᠰ ᠤᠨ ᠵᠥᠢᠯᠡᠰ ᠢ ᠨᠤᠷᠭᠠᠨ ᠠᠮᠠ ᠬᠠᠮᠠᠷ ᠢᠶᠠᠨ ᠲᠠᠷᠤᠵᠤ ᠪᠤᠯᠤᠨ᠎ᠠ᠃ ᠨᠢᠯᠬᠠᠰ ᠲᠡᠪᠡᠷᠢᠨ ᠵᠠᠶᠢᠳᠠᠬᠤ ᠥᠶᠡᠰ᠂ ᠨᠦᠢᠳᠠᠨ ᠪᠥᠰ ᠢᠶᠠᠷ ᠭᠡᠥᠭᠡᠳ ᠤᠨ ᠢᠶᠠᠨ ᠨᠢᠭᠤᠷ ᠢ ᠪᠥᠳᠡᠭᠡᠵᠤ᠂ ᠨᠢᠭᠡ ᠭᠠᠷ ᠢᠶᠠᠷ ᠢᠶᠠᠨ ᠭᠡᠥᠭᠡᠳ ᠢᠶᠠᠨ ᠲᠡᠪᠡᠷᠢᠨ᠂ ᠨᠥᠬᠦᠭᠡ ᠭᠠᠷ ᠢᠶᠠᠷ ᠢᠶᠠᠨ ᠭᠠᠵᠠᠷ ᠲᠤᠯᠤᠨ ᠮᠥᠯᠬᠦᠨ ᠵᠠᠶᠢᠯᠠᠬᠤ ᠭᠡᠷᠡᠭᠳᠡᠢ᠃ ⑩ ᠵᠠᠶᠢᠯᠠᠬᠤ ᠠᠴᠠ ᠪᠠᠨ ᠡᠮᠥᠨ᠎ᠡ ᠭᠠᠯ ᠭᠠᠷᠤᠭᠰᠠᠨ ᠥᠷᠥᠭᠡ ᠶᠢᠨ ᠢᠶᠠᠨ ᠡᠬᠦᠳᠡ ᠶᠢ ᠴᠢᠩᠭ᠎ᠠ ᠬᠠᠭᠠᠬᠤ ᠭᠡᠷᠡᠭᠳᠡᠢ᠃ ᠢᠯᠠᠩᠭᠤᠶ᠎ᠠ ᠤᠯᠠᠨ ᠡᠷᠥᠭᠡ ᠰᠠᠭᠤᠵᠤ ᠪᠠᠶᠢᠭ᠎ᠠ ᠲᠤᠮᠤ ᠠᠰᠠᠷ ᠲᠤ ᠲᠤᠰ ᠠᠷᠭ᠎ᠠ ᠶᠢ ᠭᠡᠷᠡᠭᠯᠡᠪᠡᠯ᠂ ᠭᠠᠯ ᠤᠨ ᠰᠤᠷ᠂ ᠬᠠᠷ᠎ᠠ ᠤᠳᠤᠭ᠎ᠠ ᠶᠢ ᠨᠢᠭᠡ ᠯᠡ ᠥᠷᠥᠭᠡᠨ ᠲᠤᠳᠤᠷ᠎ᠠ ᠪᠠᠭᠰᠢᠷᠠᠭᠤᠯᠵᠤ᠂ ᠲᠥᠷᠭᠡᠨ ᠥᠷᠪᠢᠰᠬᠦ ᠶᠢ ᠨᠢ ᠬᠤᠷᠢᠭᠯᠠᠭᠠᠳ᠂ ᠥᠪᠡᠷ ᠤᠨ ᠪᠡᠶ᠎ᠡ ᠪᠠ ᠪᠤᠰᠤᠳ ᠬᠥᠮᠥᠰ ᠲᠤ ᠬᠤᠪᠤᠷ ᠨᠠᠨᠳᠢᠨ ᠴᠠᠭ ᠤᠯᠭᠤᠵᠤ ᠴᠢᠳᠠᠨ᠎ᠠ᠃ ᠰᠠᠨᠠᠭᠤᠯᠬᠤ ᠨᠢ᠄ ① ᠤᠷᠤᠨ ᠲᠡᠭᠡᠷ᠎ᠡ ᠪᠠᠨ ᠲᠡᠮᠡᠬᠢ ᠲᠠᠳᠠᠵᠤ ᠪᠤᠯᠬᠤ ᠥᠭᠡᠢ᠂ ᠲᠠᠮᠠᠬᠢᠨ ᠤᠵᠠᠭᠤᠷ᠂ ᠨᠤᠴᠤᠭᠠᠯᠭ᠎ᠠ ᠶᠢ ᠲᠤᠷ᠎ᠠ ᠪᠠᠷ ᠢᠶᠠᠨ ᠬᠠᠶᠠᠵᠤ ᠪᠤᠯᠬᠤ ᠥᠭᠡᠢ᠂ ᠭᠡᠥᠭᠡᠳ ᠢ ᠭᠠᠯ ᠢᠶᠠᠷ ᠨᠠᠭᠠᠳᠤᠭᠤᠯᠵᠤ ᠪᠤᠯᠬᠤ ᠥᠭᠡᠢ᠃ ② ᠬᠠᠷ᠎ᠠ ᠠᠷᠢᠬᠢ᠂ ᠴᠠᠭᠠᠰᠤ᠂ ᠴᠤᠩᠬᠤᠨ ᠬᠥᠰᠢᠭᠡ ᠵᠡᠷᠭᠡ ᠰᠢᠳᠠᠮᠠᠬᠠᠢ ᠵᠥᠢᠯ ᠢ ᠭᠠᠯ ᠤᠨ ᠰᠤᠷᠪᠤᠯᠵᠢ ᠠᠴᠠ ᠬᠥᠢᠴᠡᠳ ᠵᠠᠶᠢᠳᠠᠢ ᠪᠠᠶᠢᠯᠭᠠᠨ᠎ᠠ᠃ ③ ᠭᠡᠷ ᠤᠨ ᠴᠠᠬᠢᠯᠭᠠᠨ ᠭᠡᠷᠡᠭᠰᠡᠯ ᠢ ᠵᠥᠪ ᠭᠡᠷᠡᠭᠯᠡᠵᠤ᠂ ᠪᠠᠳᠤᠯᠠᠭ᠎ᠠ ᠨᠠᠶᠢᠳᠠᠪᠤᠷᠢ ᠲᠠᠢ ᠴᠠᠬᠢᠯᠭᠠᠨ ᠡᠬᠦᠰᠭᠡᠭᠴᠢ ᠶᠢᠨ ᠨᠡᠬᠡᠬᠡᠯᠬᠡ ᠶᠢ ᠰᠤᠩᠭᠤᠨ ᠭᠡᠷᠡᠭᠯᠡᠬᠦ ᠭᠡᠷᠡᠭᠳᠡᠢ᠃ ᠭᠠᠳᠠᠭᠰᠢ ᠭᠠᠷᠬᠤ ᠥᠶᠡᠰ ᠴᠠᠬᠢᠯᠭᠠᠨ ᠡᠬᠦᠰᠭᠡᠭᠴᠢ ᠶᠢ ᠰᠠᠶᠢᠳᠤᠷ ᠬᠠᠭᠠᠬᠤ ᠭᠡᠷᠡᠭᠳᠡᠢ᠃ ④ ᠬᠤᠪᠴᠠᠰᠤ ᠬᠤᠨᠠᠷ ᠢᠶᠠᠨ ᠢᠯᠢᠬᠦᠷᠳᠡᠵᠤ ᠪᠠᠶᠢᠭᠠᠳ ᠤᠳᠠᠰᠤ ᠲᠤᠰᠬᠤ ᠪᠤᠶᠤ ᠭᠡᠷ ᠤᠨ ᠠᠵᠢᠯ ᠬᠢᠵᠤ ᠪᠤᠯᠬᠤ ᠥᠭᠡᠢ᠃ ᠰᠢᠩᠭᠡᠨ ᠭᠡᠢ᠂ ᠨᠡᠬᠦᠷᠡᠰᠥᠨ ᠭᠡᠢ᠂ ᠪᠠᠶᠢᠭᠠᠯᠢ ᠶᠢᠨ ᠰᠢᠳᠠᠮᠠᠬᠠᠢ ᠭᠡᠢ ᠭᠡᠷᠡᠭᠯᠡᠵᠤ ᠪᠠᠶᠢᠭᠠᠳ ᠭᠡᠷ ᠠᠴᠠ ᠪᠠᠨ ᠰᠠᠯᠵᠤ ᠪᠤᠯᠬᠤ ᠥᠭᠡᠢ᠂ ᠭᠡᠷᠡᠭᠯᠡᠵᠤ ᠪᠠᠷᠠᠮᠠᠭᠴᠠ ᠪᠠᠨ ᠨᠡᠬᠡᠬᠡᠯᠬᠡ ᠶᠢ ᠨᠢ ᠰᠠᠶᠢᠳᠤᠷ ᠬᠠᠭᠠᠵᠤ᠂ ᠭᠡᠢ ᠪᠡᠶᠡᠳᠤ ᠨᠡᠪᠴᠢᠬᠦ ᠠᠴᠠ ᠰᠡᠷᠭᠡᠶᠢᠯᠡᠨ᠎ᠠ᠃ ⑤ ᠭᠡᠷ ᠲᠤᠳᠤᠷᠠᠬᠢ ᠰᠢᠳᠠᠮᠠᠬᠠᠢ ᠡᠳ᠋ᠯᠡᠯ ᠭᠡᠷᠡᠭᠰᠡᠯ ᠢᠶᠠᠨ ᠲᠤᠬᠢᠳᠠᠢ ᠰᠠᠶᠢᠨ ᠬᠠᠳᠠᠭᠠᠯᠠᠵᠤ ᠬᠠᠮᠠᠭᠠᠯᠠᠨ᠂ ᠤᠯᠠᠨ ᠨᠡᠶᠢᠳᠡ ᠶᠢᠨ ᠤᠷᠤᠵᠤ ᠭᠠᠷᠬᠤ ᠵᠠᠮ ᠮᠥᠷ ᠢ ᠰᠠᠭᠠᠳ ᠬᠠᠷᠰᠢ ᠥᠭᠡᠢ ᠪᠠᠶᠢᠯᠭᠠᠬᠤ ᠭᠡᠷᠡᠭᠳᠡᠢ᠃ ⑥ ᠰᠠᠭᠤᠭᠠᠯᠢ ᠠᠷᠠᠳ ᠤᠨ ᠲᠤᠭᠤᠷᠢᠬ ᠲᠠᠬᠢ ᠭᠠᠯ ᠤᠨᠳᠠᠷᠠᠭᠠᠬᠤ ᠪᠡᠯᠡᠳᠭᠡᠮᠵᠢ ᠶᠢ ᠪᠤᠯᠠᠵᠤ ᠲᠠᠷᠤᠬᠤ ᠪᠠ ᠡᠵᠡᠯᠡᠵᠤ ᠪᠤᠯᠬᠤ ᠥᠭᠡᠢ᠂ ᠭᠠᠯ ᠤᠨᠳᠠᠷᠠᠭᠠᠬᠤ ᠪᠡᠯᠡᠳᠭᠡᠮᠵᠢ ᠶᠢ ᠰᠠᠶᠢᠳᠤᠷ ᠬᠠᠮᠠᠭᠠᠯᠠᠬᠤ ᠭᠡᠷᠡᠭᠳᠡᠢ᠃ ᠠᠶᠢᠯ ᠭᠡᠷ ᠲᠡᠭᠡᠨ ᠴᠢᠬᠤᠯᠠ ᠪᠥᠬᠦᠢ ᠭᠠᠯ ᠤᠨᠳᠠᠷᠠᠭᠠᠬᠤ ᠪᠠᠭᠠᠵᠢ ᠪᠡᠯᠡᠳᠭᠡᠵᠤ᠂ ᠵᠥᠪ ᠭᠡᠷᠡᠭᠯᠡᠵᠤ ᠰᠤᠷᠬᠤ ᠭᠡᠷᠡᠭᠳᠡᠢ᠃ ︵2︶ ᠦᠨᠳᠤᠷ ᠠᠰᠠᠷ ᠲᠠᠭᠳᠤ ᠶᠢᠨ ᠭᠠᠯ ᠤᠨ ᠠᠶᠤᠯ ᠥᠨᠳᠥᠷ ᠠᠰᠠᠷ ᠲᠠᠭᠳᠤ ᠶᠢᠨ ᠭᠠᠯ ᠤᠨ ᠠᠶᠤᠯ ᠭᠡᠳᠡᠭ ᠪᠤᠯ 10 ᠲᠠᠪᠬᠤᠷ ᠪᠠ 10 ᠲᠠᠪᠬᠤᠷ ᠠᠴᠠ ᠲᠡᠭᠡᠭᠰᠢᠬᠢ ᠤᠷᠤᠨ ᠰᠠᠭᠤᠴᠠ ᠶᠢᠨ ᠪᠠᠷᠢᠯᠭ᠎ᠠ ᠪᠤᠶᠤ ᠪᠠᠷᠢᠯᠭ᠎ᠠ ᠶᠢᠨ ᠥᠨᠳᠥᠷᠴᠡ ᠨᠢ 24m ᠠᠴᠠ ᠲᠠᠪᠠᠭᠰᠠᠨ ᠤᠯᠠᠨ ᠨᠡᠶᠢᠳᠡ ᠶᠢᠨ ᠪᠠᠷᠢᠯᠭ᠎ᠠ ᠳᠤ ᠡᠬᠦᠰᠥᠭᠰᠡᠨ ᠭᠠᠯ ᠤᠨ ᠠᠶᠤᠯ ᠢ ᠵᠢᠭᠠᠵᠤ ᠪᠤᠢ᠃ ᠥᠨᠳᠥᠷ ᠪᠠᠷᠢᠯᠭ᠎ᠠ ᠶᠢᠨ ᠤᠨᠴᠠᠯᠢᠬ ᠪᠤᠯ ᠭᠤᠤᠯ ᠨᠢ ᠪᠠᠷᠢᠯᠭ᠎ᠠ ᠶᠢᠨ ᠪᠥᠳᠥᠴᠡ᠂ ᠴᠢᠳᠠᠪᠬᠢ ᠨᠢ ᠪᠤᠳᠤᠯᠢᠶᠠᠨ ᠲᠠᠢ᠂ ᠬᠥᠮᠥᠨ ᠬᠠᠷ᠎ᠠ ᠲᠥᠪᠯᠡᠷᠡᠭᠰᠡᠨ᠂ ᠰᠢᠳᠠᠮᠠᠬᠠᠢ ᠡᠳ᠋ ᠠᠷᠪᠢᠨ ᠪᠠ ᠭᠠᠯ ᠤᠨ ᠠᠶᠤᠯ ᠤᠨ ᠪᠠᠭᠳᠠᠭᠠᠮᠵᠢ ᠲᠤᠮᠤ ᠪᠠᠶᠢᠳᠠᠭ᠃ ᠭᠠᠯ ᠭᠠᠷᠬᠤ ᠳᠤ ᠬᠥᠷᠪᠡᠯ᠂ ᠪᠤᠰᠤᠭ᠎ᠠ ᠭᠠᠯ ᠤᠨ ᠠᠶᠤᠯ ᠡᠬᠦᠰᠬᠦ ᠪᠥᠭᠡᠳ ᠲᠠᠷᠬᠠᠭᠠᠵᠤ ᠵᠠᠶᠢᠯᠠᠭᠤᠯᠬᠤ ᠳᠤ ᠬᠥᠴᠢᠷ ᠲᠠᠢ ᠠᠴᠠ ᠪᠤᠯᠤᠭᠠᠳ ᠬᠥᠮᠥᠨ ᠠᠮᠢᠳᠠᠨ ᠥᠬᠦᠵᠤ ᠰᠢᠷᠬᠠᠳᠤᠳᠠᠭ᠃ ᠦᠨᠳᠤᠷ ᠠᠰᠠᠷ ᠲᠠᠭᠳᠤ ᠶᠢᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠳᠤ᠄ ① ᠡᠩ ᠲᠡᠷᠢᠬᠦᠨ ᠳᠤ ᠥᠷᠥᠭᠡᠨ ᠠᠴᠠ ᠪᠠᠨ ᠵᠠᠶᠢᠯᠠᠬᠤ ᠭᠡᠷᠡᠭᠳᠡᠢ᠃ ᠥᠷᠥᠭᠡᠨ ᠤ ᠡᠬᠦᠳᠡ ᠪᠠᠨ ᠨᠡᠭᠡᠭᠡᠬᠦ ᠳᠡᠭᠡᠨ ᠤᠷᠢᠳ ᠢᠶᠠᠷ ᠬᠠᠭᠠᠯᠭᠠᠨ ᠳᠠᠭᠠᠨ ᠭᠠᠷ ᠢᠶᠠᠨ ᠨᠠᠭᠠᠯᠳᠤᠭᠤᠯᠤᠨ ᠬᠠᠯᠠᠭᠤᠨ ᠪᠠᠶᠢᠬᠤ ᠡᠰᠡᠬᠦ ᠶᠢ ᠥᠵᠡᠬᠦ ᠭᠡᠷᠡᠭᠳᠡᠢ᠃ ᠭᠡᠷᠪᠡ ᠬᠠᠭᠠᠯᠭ᠎ᠠ ᠨᠢᠭᠡᠨᠳᠡ ᠬᠠᠯᠠᠭᠰᠠᠨ ᠪᠠᠶᠢᠪᠠᠯ ᠡᠬᠦᠳᠡ ᠪᠠᠨ ᠨᠡᠭᠡᠭᠡᠵᠤ ᠪᠤᠯᠬᠤ ᠥᠭᠡᠢ᠂ ᠭᠡᠷᠪᠡ ᠨᠡᠭᠡᠭᠡᠬᠦ ᠳᠤ ᠬᠥᠷᠪᠡᠯ ᠭᠠᠯ ᠤᠳᠤᠭ᠎ᠠ ᠥᠷᠥᠭᠡᠨ ᠳᠤ ᠪᠤᠷᠬᠢᠯᠤᠨ ᠤᠷᠤᠵᠤ ᠢᠷᠡᠬᠦ ᠪᠤᠯᠤᠨ᠎ᠠ᠃ ᠭᠡᠷᠪᠡ ᠬᠠᠭᠠᠯᠭ᠎ᠠ ᠬᠠᠯᠠᠭᠰᠠᠨ ᠥᠭᠡᠢ ᠪᠠᠶᠢᠪᠠᠯ ᠭᠠᠯ ᠤᠨ ᠢᠳᠡ ᠪᠠᠭ᠎ᠠ ᠪᠠᠶᠢᠬᠤ ᠲᠤᠯᠠ ᠲᠠᠷᠦ᠋ᠢᠬᠠᠨ ᠡᠬᠦᠳᠡ ᠪᠠᠨ ᠨᠡᠭᠡᠭᠡᠨ ᠵᠠᠶᠢᠯᠠᠬᠤ ᠶᠢᠨ ᠲᠠᠭᠠᠤ ᠡᠬᠦᠳᠡ ᠪᠠᠨ ᠴᠢᠩᠭ᠎ᠠ ᠬᠠᠭᠠᠵᠤ ᠪᠠᠶᠢᠬᠤ ᠨᠢ ᠲᠠᠭᠠᠷᠠᠨ᠎ᠠ᠃ ② ᠭᠠᠵᠠᠷ ᠡᠯᠢᠭᠡᠳᠡᠨ ᠮᠥᠯᠬᠦᠬᠦ ᠭᠡᠷᠡᠭᠳᠡᠢ᠃ ᠤᠳᠤᠭ᠎ᠠ ᠤᠨᠢᠶᠠᠷ ᠲᠤ ᠬᠤᠤᠷᠳᠠᠭᠳᠠᠬᠤ ᠪᠠ ᠪᠥᠳᠡᠬᠦ ᠠᠴᠠ ᠰᠡᠷᠭᠡᠶᠢᠯᠡᠬᠦ ᠭᠡᠷᠡᠭᠳᠡᠢ᠃ ᠶᠡᠷᠥᠳᠡ ᠶᠢᠨ ᠠᠷᠭ᠎ᠠ ᠪᠠᠷ ᠪᠤᠯ ᠨᠦᠢᠳᠠᠨ ᠠᠯᠴᠢᠭᠤᠷ ᠪᠤᠶᠤ ᠠᠮᠠᠪᠴᠢ ᠪᠠᠷ ᠬᠠᠮᠠᠷ ᠠᠮᠠ ᠪᠠᠨ ᠲᠠᠷᠤᠬᠤ ᠭᠡᠷᠡᠭᠳᠡᠢ᠃ ᠤᠳᠤᠭ᠎ᠠ ᠤᠨᠢᠶᠠᠷ ᠮᠠᠰᠢ ᠭᠡᠴᠡᠬᠦᠥ ᠪᠠᠶᠢᠬᠤ ᠥᠶᠡᠰ ᠠᠯᠢ ᠴᠢᠳᠠᠬᠤ ᠪᠠᠷ ᠭᠠᠵᠠᠷ ᠡᠯᠢᠭᠡᠳᠡᠨ ᠮᠥᠯᠬᠦᠨ ᠵᠠᠶᠢᠯᠠᠬᠤ ᠨᠢ ᠵᠤᠬᠢᠰᠳᠠᠢ᠃ ③ ᠠᠰᠠᠷ ᠤᠨ ᠱᠠᠳᠤ ᠪᠠᠷ ᠪᠠᠭᠤᠬᠤ ᠭᠡᠷᠡᠭᠳᠡᠢ᠃ ᠠᠯᠢᠪᠠ ᠪᠠᠷᠢᠯᠭ᠎ᠠ ᠳᠤ ᠶᠡᠷᠥᠩᠭᠡᠢ ᠳᠡᠭᠡᠨ ᠴᠥᠮ ᠬᠤᠶᠠᠷ ᠠᠴᠠ ᠲᠡᠭᠡᠭᠰᠢ ᠲᠤᠳᠠᠭᠠᠵᠤ ᠵᠠᠶᠢᠯᠠᠬᠤ ᠱᠠᠳᠤ ᠲᠠᠢ ᠪᠠᠶᠢᠳᠠᠭ᠃ ᠥᠨᠳᠥᠷ ᠲᠠᠪᠬᠤᠷ ᠲᠤ ᠭᠠᠯ ᠭᠠᠷᠪᠠᠯ ᠠᠯᠢ ᠴᠢᠳᠠᠬᠤ ᠪᠠᠷ ᠲᠤᠷᠤᠭᠰᠢ ᠪᠠᠨ ᠬᠥᠶᠥᠬᠦ ᠭᠡᠷᠡᠭᠳᠡᠢ᠃ ᠠᠰᠠᠷ ᠤᠨ ᠱᠠᠳᠤ ᠭᠠᠯ ᠳᠤ ᠠᠪᠳᠠᠭᠰᠠᠨ ᠪᠠᠶᠢᠯ᠎ᠠ ᠴᠤ ᠭᠡᠰᠡᠨ ᠨᠦᠢᠳᠠᠨ ᠬᠥᠨᠵᠢᠯᠡ ᠲᠡᠪᠢᠰᠭᠡᠷ ᠢᠶᠠᠷ ᠪᠡᠶ᠎ᠡ ᠪᠠᠨ ᠬᠠᠮᠠᠭᠠᠯᠠᠨ ᠲᠥᠷᠭᠡᠨ ᠰᠢᠪᠳᠤᠯᠵᠤ ᠭᠠᠷᠬᠤ ᠨᠢ ᠵᠤᠬᠢᠰᠳᠠᠢ᠃ ④ ᠡᠩ ᠤᠨ ᠴᠠᠬᠢᠯᠭᠠᠨ ᠱᠠᠳᠤ ᠪᠠᠷ ᠲᠤᠳᠠᠭᠠᠨ ᠵᠠᠶᠢᠯᠠᠵᠤ ᠤᠭᠳᠤ ᠪᠤᠯᠬᠤ ᠥᠭᠡᠢ᠃ ᠥᠨᠳᠥᠷ ᠪᠠᠷᠢᠯᠭ᠎ᠠ ᠶᠢᠨ ᠴᠠᠬᠢᠯᠭᠠᠨ ᠬᠠᠨᠭ᠍ᠭᠠᠬᠤ ᠰᠢᠰᠲ᠋ᠧᠮ ᠨᠢ ᠭᠠᠯ ᠤᠨ ᠠᠶᠤᠯ ᠳᠤ ᠬᠡᠵᠢᠶ᠎ᠡ ᠴᠤ ᠭᠡᠰᠡᠨ ᠴᠠᠬᠢᠯᠭᠠᠨ ᠲᠠᠰᠤᠷᠠᠵᠤ ᠮᠡᠳᠡᠬᠦ ᠲᠤᠯᠠ ᠡᠩ ᠤᠨ ᠴᠠᠬᠢᠯᠭᠠᠨ ᠱᠠᠳᠤ ᠪᠠᠷ ᠪᠠᠭᠤᠬᠤ ᠳᠤ ᠭᠡᠨᠡᠳᠳᠡ ᠴᠠᠬᠢᠯᠭᠠᠨ ᠲᠠᠰᠤᠷᠠᠪᠠᠯ᠂ ᠲᠡᠷᠡ ᠲᠤᠳᠤᠷ᠎ᠠ ᠪᠠᠨ ᠬᠤᠷᠢᠭᠳᠠᠵᠤ᠂ ᠬᠥᠮᠥᠨ ᠤ ᠠᠮᠢ ᠨᠠᠰᠤᠨ ᠳᠤ ᠠᠶᠤᠯ ᠲᠤᠯᠭᠠᠷᠠᠬᠤ ᠪᠤᠯᠤᠨ᠎ᠠ᠃ ⑤ ᠲᠥᠷ ᠴᠠᠭ ᠲᠤᠳᠠᠭᠠᠵᠤ ᠵᠠᠶᠢᠯᠠᠬᠤ ᠠᠷᠭ᠎ᠠ ᠥᠭᠡᠢ ᠥᠶᠡᠰ ᠤᠷᠤᠢ ᠶᠢᠨ ᠠᠰᠠᠷ ᠪᠤᠶᠤ ᠭᠡᠷᠡᠮ ᠤᠨ ᠠᠪᠳᠠᠷ᠎ᠠ ᠵᠡᠷᠭᠡ ᠭᠠᠵᠠᠷ ᠲᠠᠯᠳᠠᠯᠠᠵᠤ ᠪᠤᠯᠬᠤ ᠥᠭᠡᠢ᠃ ᠠᠯᠢ ᠴᠢᠳᠠᠬᠤ ᠪᠠᠷ ᠨᠠᠷᠠᠪᠴᠢ᠂ ᠴᠤᠩᠬᠤ ᠵᠡᠷᠭᠡ ᠬᠥᠮᠥᠰ ᠲᠤ ᠠᠮᠠᠷᠬᠠᠨ ᠥᠵᠡᠭᠳᠡᠬᠦ ᠭᠠᠵᠠᠷ ᠵᠥᠭ ᠰᠢᠯᠵᠢᠬᠦ ᠭᠡᠷᠡᠭᠳᠡᠢ᠃ ⑥ ᠪᠡᠶ᠎ᠡ ᠲᠡᠭᠡᠷ᠎ᠡ ᠭᠠᠯ ᠵᠤᠯᠭᠠᠵᠤ᠂ ᠭᠠᠷ ᠵᠠᠭᠤᠷ᠎ᠠ ᠪᠠᠰᠠ ᠤᠰᠤ ᠪᠤᠶᠤ ᠭᠠᠯ ᠤᠨᠳᠠᠷᠠᠭᠠᠬᠤ ᠪᠠᠭᠠᠵᠢ ᠥᠭᠡᠢ ᠥᠶᠡᠰ᠂ ᠶᠠᠭᠠᠬᠢᠭᠰᠠᠨ ᠴᠤ ᠬᠥᠶᠥᠬᠦ ᠪᠤᠶᠤ ᠭᠠᠷ ᠢᠶᠠᠷ ᠢᠶᠠᠨ ᠬᠥᠪᠰᠢᠵᠤ ᠪᠤᠯᠬᠤ ᠥᠭᠡᠢ᠂ ᠲᠠᠷᠦ᠋ᠢᠬᠠᠨ ᠬᠤᠪᠴᠠᠰᠤ ᠬᠤᠨᠠᠷ ᠢᠶᠠᠨ ᠲᠠᠶᠢᠯᠬᠤ ᠪᠤᠶᠤ ᠭᠠᠵᠠᠷ ᠲᠤ ᠥᠡᠭᠬᠦᠷᠢᠳᠥᠨ ᠭᠠᠯ ᠤᠨ ᠰᠤᠷ ᠢ ᠲᠠᠷᠤᠨ᠎ᠠ᠃ ⑦ ᠭᠠᠯ ᠤᠨᠳᠠᠷᠠᠭᠠᠬᠤ ᠠᠵᠢᠯᠳᠠᠳ ᠥᠷᠥᠭᠡᠨ ᠳᠤ ᠤᠷᠤᠵᠤ ᠠᠪᠤᠷᠠᠨ ᠲᠤᠰᠠᠯᠠᠬᠤ ᠳᠠᠭᠠᠨ ᠴᠥᠮ ᠭᠡᠷᠡᠮ ᠬᠠᠨ᠎ᠠ ᠶᠢ ᠲᠠᠭᠠᠨ ᠠᠵᠢᠯᠯᠠᠳᠠᠭ ᠪᠤᠯᠬᠤᠷ ᠤᠳᠤᠭ᠎ᠠ ᠤᠨᠢᠶᠠᠷ ᠲᠤ ᠬᠠᠭ᠋ᠠᠵᠤ ᠪᠥᠳᠡᠨ ᠥᠪᠡᠷ ᠤᠨ ᠮᠡᠳᠡᠯ ᠴᠢᠳᠠᠯ ᠢᠶᠠᠨ ᠠᠯᠳᠠᠭᠰᠠᠨ ᠥᠶᠡᠰ ᠠᠯᠢ ᠴᠢᠳᠠᠬᠤ ᠪᠠᠷ ᠭᠡᠷᠡᠮ ᠬᠠᠨ᠎ᠠ᠂ ᠡᠬᠦᠳᠡ ᠬᠠᠭᠠᠯᠭ᠎ᠠ ᠥᠭᠡᠳᠡ ᠤᠢᠢᠷᠠᠳᠤᠬᠤ ᠶᠢ ᠠᠩᠬᠠᠷᠤᠨ᠎ᠠ᠃ ⑧ ᠭᠡᠷᠪᠡ ᠲᠡᠭᠡᠳᠤ ᠲᠠᠪᠬᠤᠷᠭ᠎ᠠ ᠴᠢᠨᠢ ᠭᠠᠯ ᠭᠠᠷᠤᠭᠰᠠᠨ ᠪᠤᠯ ᠲᠤᠤᠷᠠᠳᠤ ᠲᠠᠪᠬᠤᠷᠭ᠎ᠠ ᠵᠥᠭ ᠵᠠᠶᠢᠯᠠᠨ᠎ᠠ᠂ ᠲᠤᠤᠷᠠᠳᠤ ᠲᠠᠪᠬᠤᠷᠭ᠎ᠠ ᠳᠤ ᠴᠢᠨᠢ ᠭᠠᠯ ᠭᠠᠷᠴᠤ᠂ ᠤᠳᠤᠭ᠎ᠠ ᠤᠨᠢᠶᠠᠷ ᠨᠢ ᠲᠤᠷᠤᠭᠰᠢ ᠪᠠᠨ ᠵᠠᠶᠢᠯᠠᠬᠤ ᠵᠠᠮ ᠱᠤᠭᠤᠮ ᠢ ᠪᠢᠳᠡᠬᠦᠮᠵᠢᠯᠡᠭᠰᠡᠨ ᠪᠤᠯ ᠠᠯᠢ ᠴᠢᠳᠠᠬᠤ ᠪᠠᠷ ᠠᠰᠠᠷ ᠤᠨ ᠤᠷᠤᠢ ᠥᠭᠡᠳᠡ ᠵᠠᠶᠢᠯᠠᠬᠤ ᠭᠡᠷᠡᠭᠳᠡᠢ᠃ ⑨ ᠠᠰᠠᠷ ᠤᠨ ᠤᠷᠤᠢ ᠵᠥᠭ ᠵᠠᠶᠢᠯᠠᠬᠤ ᠶᠠᠪᠤᠴᠠ ᠳᠠᠭᠠᠨ ᠠᠷᠤ ᠠᠴᠠ ᠴᠢᠨᠢ ᠭᠠᠯ ᠤᠳᠤᠭ᠎ᠠ ᠲᠠᠭᠠᠯᠳᠤᠵᠤ ᠪᠠᠶᠢᠬᠤ ᠪᠠ ᠵᠠᠮ ᠮᠥᠷ ᠴᠤ ᠲᠥᠭᠵᠢᠷᠡᠭᠰᠡᠨ ᠪᠠᠶᠢᠪᠠᠯ᠂ ᠡᠷᠡᠰ ᠰᠢᠭᠤᠷᠬᠠᠢ ᠪᠠᠷ ᠲᠤᠳᠠᠭᠠᠵᠤ ᠵᠠᠶᠢᠯᠠᠬᠤ ᠵᠠᠮ ᠱᠤᠭᠤᠮ ᠢᠶᠠᠨ ᠥᠭᠡᠷᠡᠴᠢᠯᠡᠵᠤ᠂ ᠨᠥᠬᠦᠭᠡ ᠲᠠᠪᠬᠤᠷᠯᠢᠬ ᠤᠨ ᠭᠤᠳᠤᠮ ᠢᠶᠠᠷ ᠲᠤᠳᠠᠭᠠᠬᠤ ᠪᠤᠶᠤ ᠲᠤᠰ ᠲᠠᠪᠬᠤᠷᠭ᠎ᠠ ᠶᠢᠨ ᠲᠠᠯᠳᠠᠯᠠᠬᠤ ᠳᠤ ᠠᠰᠢᠬᠳᠠᠢ ᠥᠷᠥᠭᠡᠨ ᠳᠤ ᠤᠷᠤᠵᠤ᠂ ᠥᠪᠡᠷ ᠢ ᠪᠠᠨ ᠠᠪᠤᠷᠠᠬᠤ ᠠᠷᠭ᠎ᠠ ᠶᠢ ᠡᠷᠢᠯᠬᠢᠯᠡᠬᠦ ᠭᠡᠷᠡᠭᠳᠡᠢ᠃ ᠰᠠᠨᠠᠭᠤᠯᠬᠤ ᠨᠢ᠄ ① ᠭᠠᠯ ᠤᠨᠳᠠᠷᠠᠭᠠᠬᠤ ᠰᠢᠰᠲ᠋ᠧᠮ ᠢᠶᠠᠨ ᠰᠠᠶᠢᠳᠤᠷ ᠪᠠᠶᠢᠷᠢᠰᠢᠯᠠᠭᠤᠯᠤᠨ᠂ ᠰᠠᠶᠢᠳᠤᠷ ᠬᠠᠮᠠᠭᠠᠯᠠᠨ ᠬᠠᠮᠢᠶᠠᠷᠴᠤ᠂ ᠭᠠᠯ ᠤᠨ ᠠᠶᠤᠯ ᠢ ᠡᠬᠢ ᠰᠤᠷᠪᠤᠯᠵᠢ ᠠᠴᠠ ᠨᠢ ᠰᠡᠷᠭᠡᠶᠢᠯᠡᠵᠤ᠂ ᠠᠶᠤᠯ ᠤᠨ ᠭᠠᠢ ᠥᠭᠡᠢ ᠪᠤᠯᠬᠤ ᠶᠢ ᠪᠠᠳᠤᠯᠠᠨ᠎ᠠ᠃ ② ᠥᠨᠳᠥᠷ ᠪᠠᠷᠢᠯᠭ᠎ᠠ ᠶᠢᠨ ᠠᠵᠢᠯᠳᠠᠳ ᠡᠷᠭᠡᠪᠰᠢ ᠭᠠᠯ ᠤᠨᠳᠠᠷᠠᠭᠠᠬᠤ ᠪᠤᠯᠪᠠᠰᠤᠷᠠᠯ ᠢ ᠬᠥᠷᠳᠡᠭᠰᠡᠨ ᠤ ᠪᠠᠨ ᠲᠠᠷᠠᠭ᠎ᠠ ᠰᠠᠶ᠋ᠢ ᠠᠵᠢᠯ ᠤᠨ ᠪᠠᠶᠢᠷᠢᠨ ᠳᠠᠭᠠᠨ ᠭᠠᠷᠬᠤ ᠭᠡᠷᠡᠭᠳᠡᠢ᠃ ᠥᠨᠳᠥᠷ ᠲᠠᠪᠬᠤᠷᠭ᠎ᠠ ᠳᠤ ᠰᠠᠭᠤᠷᠢᠰᠢᠵᠤ ᠪᠠᠶᠢᠭ᠎ᠠ ᠬᠥᠮᠥᠰ ᠲᠤ ᠭᠠᠯ ᠰᠡᠷᠭᠡᠶᠢᠯᠡᠬᠦ᠂ ᠭᠠᠯ ᠤᠨᠳᠠᠷᠠᠭᠠᠬᠤ ᠴᠢᠬᠤᠯᠠ ᠪᠥᠬᠦᠢ ᠤᠬᠠᠭᠤᠯᠭ᠎ᠠ ᠬᠥᠮᠥᠵᠢᠯ ᠬᠢᠬᠦ ᠶᠢ ᠴᠢᠬᠤᠯᠠᠴᠢᠯᠠᠨ᠎ᠠ᠃ ③ ᠡᠯ᠎ᠡ ᠵᠥᠢᠯ ᠤᠨ ᠴᠠᠬᠢᠯᠭᠠᠨ ᠲᠥᠬᠦᠭᠡᠷᠥᠮᠵᠢ᠂ ᠵᠠᠮ ᠱᠤᠭᠤᠮ᠂ ᠭᠡᠷᠡᠯᠳᠥᠬᠦᠯᠭᠡ ᠶᠢᠨ ᠳ᠋ᠧᠩ ᠪᠠᠭᠠᠵᠢ ᠶᠢ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠭᠡᠷᠡᠭᠳᠡᠢ᠂ ᠶᠡᠷᠥᠳᠡ ᠨᠢ ᠲᠤᠮᠤ ᠬᠥᠴᠤ ᠴᠢᠳᠠᠯ ᠪᠥᠬᠦᠢ ᠴᠠᠬᠢᠯᠭᠠᠨ ᠭᠡᠷᠡᠭᠰᠡᠯ ᠢ ᠬᠡᠷᠡᠭᠯᠡᠵᠤ ᠪᠤᠯᠬᠤ ᠥᠭᠡᠢ᠃ ④ ᠬᠢᠯᠪᠠᠷᠬᠠᠨ ᠨᠤᠴᠤᠬᠤ᠂ ᠬᠢᠯᠪᠠᠷᠬᠠᠨ ᠲᠡᠯᠪᠡᠷᠡᠬᠦ ᠪᠤᠳᠠᠰ ᠢ ᠥᠨᠳᠥᠷ ᠪᠠᠷᠢᠯᠭ᠎ᠠ ᠳᠤ ᠠᠪᠴᠤ ᠤᠷᠤᠵᠤ ᠪᠤᠯᠬᠤ ᠥᠭᠡᠢ᠂ ᠴᠢᠯᠠᠭᠤᠨ ᠲᠤᠰᠤᠨ ᠤ ᠭᠡᠢ ᠶᠢᠨ ᠰᠠᠪᠠ ᠶᠢ ᠥᠨᠳᠥᠷ ᠲᠠᠪᠬᠤᠷᠭᠠᠳᠤ ᠤᠷᠤᠨ ᠰᠠᠭᠤᠴᠠ ᠳᠤ ᠭᠡᠷᠡᠭᠯᠡᠵᠤ ᠪᠤᠯᠬᠤ ᠥᠭᠡᠢ᠃ ⑤ ᠪᠠᠷᠢᠯᠭ᠎ᠠ ᠶᠢᠨ ᠲᠤᠳᠤᠷᠠᠬᠢ ᠨᠡᠪᠳᠡᠷᠡᠬᠦ ᠵᠠᠮ᠂ ᠠᠰᠠᠷ ᠤᠨ ᠱᠠᠳᠤ᠂ ᠤᠷᠤᠴᠠ ᠭᠠᠷᠤᠴᠠ᠂ ᠲᠥᠷ ᠲᠠᠯᠳᠠᠯᠠᠬᠤ ᠵᠡᠷᠭᠡ ᠭᠠᠵᠠᠷ ᠲᠠᠯᠠᠪᠤᠷ ᠢ ᠭᠡᠵᠢᠶᠡᠳᠡ ᠬᠠᠷᠰᠢ ᠰᠠᠭᠠᠳ ᠥᠭᠡᠢ ᠪᠠᠶᠢᠯᠭᠠᠨ᠎ᠠ᠃ ︵3︶ ᠬᠥᠮᠥᠨ ᠬᠠᠷ᠎ᠠ ᠲᠥᠪᠯᠡᠷᠡᠭᠰᠡᠨ ᠭᠠᠵᠠᠷ ᠲᠠᠯᠠᠪᠤᠷ ᠤᠨ ᠭᠠᠯ ᠤᠨ ᠠᠶᠤᠯ ᠬᠥᠮᠥᠨ ᠬᠠᠷ᠎ᠠ ᠲᠥᠪᠯᠡᠷᠡᠭᠰᠡᠨ ᠭᠠᠵᠠᠷ ᠲᠠᠯᠠᠪᠤᠷ ᠤᠨ ᠭᠠᠯ ᠤᠨ ᠠᠶᠤᠯ ᠭᠡᠳᠡᠭ ᠨᠢ ᠬᠥᠮᠥᠰ ᠤᠨ ᠠᠵᠢᠯᠯᠠᠬᠤ᠂ ᠠᠮᠢᠳᠤᠷᠠᠬᠤ᠂ ᠰᠤᠷᠤᠯᠴᠠᠬᠤ᠂ ᠴᠡᠩᠭᠡᠯᠳᠥᠬᠦ᠂ ᠬᠤᠳᠠᠯᠳᠤᠭ᠎ᠠ᠂ ᠵᠠᠬ᠎ᠠ ᠲᠡᠯᠭᠡᠬᠦᠷ᠂ ᠲᠠᠭᠤᠤ ᠪᠥᠵᠢᠭ ᠤᠨ ᠲᠢᠩᠬᠢᠮ᠂ ᠺᠢᠨᠤ᠋ ᠵᠥᠴᠥᠭᠡ ᠶᠢᠨ ᠲᠠᠯᠠᠪᠤᠷ᠂ ᠪᠡᠶ᠎ᠡ ᠶᠢᠨ ᠲᠠᠮᠢᠷ ᠤᠨ ᠤᠷᠳᠤᠨ᠂ ᠰᠡᠯᠡᠬᠦᠴᠡᠵᠤ ᠲᠤᠭᠤᠷᠢᠬᠤ ᠭᠠᠵᠠᠷ ᠲᠠᠯᠠᠪᠤᠷ ᠵᠡᠷᠭᠡ ᠬᠥᠮᠥᠨ ᠤᠯᠠᠨ ᠲᠥᠪᠯᠡᠷᠡᠵᠤ ᠨᠢᠭᠳᠠᠷᠠᠬᠤ ᠭᠠᠵᠠᠷ ᠲᠠᠯᠠᠪᠤᠷ ᠲᠠᠬᠢ ᠭᠠᠯ ᠤᠨ ᠠᠶᠤᠯ ᠢ ᠵᠢᠭᠠᠵᠤ ᠪᠤᠢ᠃ ᠬᠥᠮᠥᠨ ᠤᠯᠠᠨ ᠲᠥᠪᠯᠡᠷᠡᠬᠦ ᠭᠠᠵᠠᠷ ᠲᠠᠯᠠᠪᠤᠷ ᠨᠢ ᠬᠥᠮᠥᠨ ᠬᠠᠷ᠎ᠠ᠂ ᠡᠳ᠋ ᠪᠤᠳᠠᠰ ᠨᠢᠭᠳᠠ ᠲᠥᠪᠯᠡᠷᠡᠭᠰᠡᠨ ᠪᠠ ᠭᠠᠯ ᠤᠨ ᠠᠶᠤᠯ ᠤᠯᠠᠨᠳᠠ ᠡᠬᠦᠰᠳᠡᠭ ᠤᠨᠴᠠᠯᠢᠬ ᠲᠠᠢ ᠪᠤᠯᠬᠤᠷ ᠬᠡᠨᠡᠳᠳᠡ ᠭᠠᠯ ᠭᠠᠷᠬᠤ ᠳᠤ ᠬᠥᠷᠪᠡᠯ ᠤᠯᠠᠨ ᠬᠥᠮᠥᠨ ᠠᠮᠠᠷᠬᠠᠨ ᠥᠬᠦᠵᠤ ᠰᠢᠷᠬᠠᠳᠤᠨ ᠬᠥᠨᠳᠤ ᠨᠤᠴᠢᠳᠠᠢ ᠭᠠᠯ ᠤᠨ ᠠᠶᠤᠯ ᠤᠨ ᠠᠳᠠᠯ ᠪᠤᠯᠤᠨ᠎ᠠ᠃ ᠬᠥᠮᠥᠨ ᠬᠠᠷ᠎ᠠ ᠲᠥᠪᠯᠡᠷᠡᠭᠰᠡᠨ ᠭᠠᠵᠠᠷ ᠲᠠᠯᠠᠪᠤᠷ ᠤᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠳᠤ᠄ ① ᠭᠠᠯ ᠤᠨ ᠠᠶᠤᠯ ᠭᠠᠷᠪᠠᠯ ᠲᠠᠷᠦ᠋ᠢᠬᠠᠨ ᠬᠥᠳᠡᠯᠥᠯᠴᠡᠬᠦ ᠭᠡᠷᠡᠭᠳᠡᠢ᠂ ᠲᠤᠳᠠᠭᠠᠵᠤ ᠵᠠᠶᠢᠯᠠᠬᠤ ᠪᠤᠯ ᠴᠠᠭ ᠮᠥᠴᠡ ᠶᠢ ᠵᠠᠪᠳᠤᠬᠤ ᠠᠵᠢᠯᠯᠠᠭ᠎ᠠ ᠮᠥᠨ᠃ ᠭᠡᠷᠪᠡ ᠷᠠᠳᠢᠤ᠋ ᠪᠠᠷ ᠨᠡᠪᠳᠡᠷᠡᠬᠦᠯᠪᠡᠯ᠂ ᠠᠭᠤᠯᠭ᠎ᠠ ᠶᠢ ᠨᠢ ᠨᠠᠷᠢᠨ ᠲᠤᠳᠤᠷᠬᠠᠢ ᠰᠤᠨᠤᠰᠴᠤ᠂ ᠷᠠᠳᠢᠤ᠋ ᠪᠠᠷ ᠵᠢᠯᠤᠭᠤᠳᠤᠭᠰᠠᠨ ᠲᠤᠳᠠᠭᠠᠵᠤ ᠵᠠᠶᠢᠯᠠᠬᠤ ᠵᠠᠮ ᠱᠤᠭᠤᠮ ᠪᠠ ᠠᠩᠬᠠᠷᠬᠤ ᠵᠥᠢᠯ ᠢ ᠶᠤᠰᠤᠴᠢᠯᠠᠨ ᠲᠠᠭᠠᠬᠤ ᠭᠡᠷᠡᠭᠳᠡᠢ᠃ ᠭᠡᠷᠪᠡ ᠷᠡᠳᠢᠤ᠋ ᠨᠡᠪᠳᠡᠷᠡᠬᠦᠯᠭᠡ ᠥᠭᠡᠢ ᠪᠤᠶᠤ ᠬᠥᠮᠥᠨ ᠵᠢᠯᠤᠭᠤᠳᠤᠨ ᠲᠤᠳᠠᠭᠠᠵᠤ ᠵᠠᠶᠢᠯᠠᠬᠤ ᠥᠶᠡᠰ᠂ ᠤᠢᠢᠷ᠎ᠠ ᠲᠥᠳᠡ ᠪᠥᠭᠡᠳ ᠰᠢᠭᠤᠳ ᠠᠰᠠᠷ ᠤᠨ ᠭᠠᠳᠠᠨ᠎ᠠ ᠨᠡᠪᠳᠡᠷᠡᠬᠦ ᠠᠶᠤᠯ ᠦᠬᠡᠢ ᠵᠠᠮ ᠱᠤᠭᠤᠮ ᠢᠶᠠᠷ ᠲᠠᠷᠬᠠᠭᠠᠵᠤ ᠵᠠᠶᠢᠯᠠᠭᠤᠯᠤᠨ᠎ᠠ᠃ ② ᠭᠡᠷᠪᠡ ᠭᠤᠳᠤᠮ ᠪᠤᠶᠤ ᠠᠰᠠᠷ ᠤᠨ ᠱᠠᠳᠤ ᠪᠠᠷ ᠤᠳᠤᠭ᠎ᠠ ᠤᠨᠢᠶᠠᠷ ᠲᠤᠨᠵᠦ ᠪᠠᠶᠢᠪᠠᠯ᠂ ᠬᠠᠮᠤᠭ ᠤᠨ ᠰᠠᠶᠢᠨ ᠨᠢ ᠬᠤᠪᠴᠠᠰᠤ ᠬᠤᠨᠠᠷ ᠪᠠ ᠠᠯᠴᠢᠭᠤᠷ ᠢ ᠤᠰᠤᠨ ᠳᠤ ᠲᠡᠪᠳᠥᠭᠡᠨ ᠠᠮᠠ ᠬᠠᠮᠠᠷ ᠢᠶᠠᠨ ᠪᠥᠭᠯᠡᠵᠤ᠂ ᠪᠡᠶ᠎ᠡ ᠪᠠᠨ ᠪᠥᠬᠦ᠋ᠢᠵᠤ᠂ ᠠᠶᠤᠯ ᠦᠬᠡᠢ ᠵᠠᠮ ᠱᠤᠭᠤᠮ ᠢ ᠡᠷᠢᠵᠤ ᠤᠯᠵᠤ ᠵᠠᠶᠢᠯᠠᠬᠤ ᠶᠢ ᠪᠤᠳᠤᠯᠬᠢᠯᠠᠨ᠎ᠠ᠃ ③ ᠠᠰᠠᠷ ᠤᠨ ᠱᠠᠳᠤ ᠶᠢᠨ ᠠᠮᠠ ᠪᠤᠶᠤ ᠨᠥᠭᠡᠨ ᠵᠠᠮ ᠨᠢ ᠭᠠᠯ ᠤᠳᠤᠭᠠᠨ ᠳᠤ ᠠᠪᠳᠠᠭᠰᠠᠨ ᠥᠶᠡᠰ᠂ ᠭᠡᠷᠪᠡ ᠡᠷᠭᠡᠪᠰᠢ ᠥᠡᠭᠭᠡᠷᠡᠬᠦ ᠭᠠᠯ ᠤᠳᠤᠭᠠᠨ ᠤ ᠵᠠᠢ ᠨᠢ ᠤᠬᠤᠷ᠂ ᠭᠠᠯ ᠤᠨ ᠢᠳᠡ ᠨᠢ ᠰᠤᠯᠠ ᠪᠠᠶᠢᠪᠠᠯ᠂ ᠨᠦᠢᠳᠠᠨ ᠬᠤᠪᠴᠠᠰᠤ ᠬᠤᠨᠠᠷ ᠢᠶᠠᠷ ᠠᠮᠠ ᠬᠠᠮᠠᠷ ᠢᠶᠠᠨ ᠲᠠᠷᠤᠵᠤ ᠡᠷᠡᠰ ᠰᠢᠭᠤᠷᠬᠠᠢ ᠰᠢᠪᠳᠤᠯᠤᠨ ᠭᠠᠷᠬᠤ ᠭᠡᠷᠡᠭᠳᠡᠢ᠃ ᠪᠠᠰᠠ ᠴᠤ ᠠᠰᠠᠷ ᠲᠤᠳᠤᠷᠠᠬᠢ ᠭᠠᠯ ᠤᠨᠳᠠᠷᠠᠭᠠᠬᠤ ᠪᠠᠭᠠᠵᠢ ᠶᠢ ᠠᠰᠢᠭᠯᠠᠨ ᠤᠰᠤ ᠰᠥᠷᠴᠢᠵᠤ ᠪᠠᠶᠢᠭᠠᠳ ᠬᠥᠮᠥᠰ ᠢ ᠲᠥᠷᠭᠡᠨ ᠵᠠᠶᠢᠯᠠᠭᠤᠯᠤᠨ᠎ᠠ᠃ ④ ᠭᠠᠯ ᠭᠠᠷᠤᠭᠰᠠᠨ ᠠᠰᠠᠷ ᠤᠨ ᠲᠠᠪᠬᠤᠷᠭ᠎ᠠ ᠶᠢᠨ ᠲᠡᠭᠡᠷᠡᠬᠢ ᠲᠡᠪᠬᠤᠷᠭ᠎ᠠ ᠨᠤᠭᠤᠳ ᠪᠠ ᠲᠤᠤᠷᠠᠬᠢ ᠲᠠᠪᠬᠤᠷᠭ᠎ᠠ ᠨᠤᠭᠤᠳ ᠤᠨ ᠬᠢᠨ ᠢ ᠴᠥᠮ ᠨᠢᠭᠡ ᠯᠡ ᠵᠠᠮ ᠱᠤᠭᠤᠮ ᠢᠶᠠᠷ ᠵᠠᠶᠢᠯᠠᠭᠤᠯᠬᠤ ᠴᠢᠬᠤᠯᠠ ᠲᠠᠢ ᠥᠶᠡᠰ᠂ ᠤᠷᠢᠳ ᠢᠶᠠᠷ ᠭᠠᠯ ᠭᠠᠷᠤᠭᠰᠠᠨ ᠲᠠᠪᠬᠤᠷᠭ᠎ᠠ ᠶᠢᠨ ᠬᠥᠮᠥᠰ ᠢ ᠵᠠᠶᠢᠯᠠᠭᠤᠯᠵᠤ᠂ ᠲᠠᠷᠠᠭ᠎ᠠ ᠪᠠᠷ ᠨᠢ ᠭᠠᠯ ᠭᠠᠷᠤᠭᠰᠠᠨ ᠲᠠᠪᠬᠤᠷᠭ᠎ᠠ ᠠᠴᠠ ᠲᠡᠭᠡᠷᠡᠬᠢ ᠲᠠᠪᠬᠤᠷᠭ᠎ᠠ ᠨᠤᠭᠤᠳ ᠤᠨ ᠬᠥᠮᠥᠰ ᠢ ᠵᠠᠶᠢᠯᠠᠭᠤᠯᠵᠤ᠂ ᠲᠠᠬᠢᠭᠠᠳ ᠭᠠᠯ ᠭᠠᠷᠤᠭᠰᠠᠨ ᠲᠠᠪᠬᠤᠷᠭ᠎ᠠ ᠶᠢᠨ ᠲᠤᠤᠷᠠᠬᠢ ᠲᠠᠪᠬᠤᠷᠭ᠎ᠠ ᠨᠤᠭᠤᠳ ᠤᠨ ᠬᠥᠮᠥᠰ ᠢ ᠵᠠᠶᠢᠯᠠᠭᠤᠯᠬᠤ ᠭᠡᠷᠡᠭᠳᠡᠢ᠃ ᠢᠡᠭᠬᠢᠵᠤ ᠵᠠᠶᠢᠯᠠᠭᠤᠯᠬᠤ ᠶᠢᠨ ᠤᠴᠢᠷ ᠨᠢ ᠭᠡᠪᠡᠯ᠂ ᠭᠠᠯ ᠤᠨ ᠰᠤᠷ ᠲᠡᠭᠡᠭᠰᠢ ᠮᠠᠨᠳᠤᠬᠤ ᠨᠢ ᠮᠠᠰᠢ ᠲᠥᠷᠭᠡᠨ ᠪᠠᠶᠢᠳᠠᠭ ᠪᠤᠯᠬᠤᠷ ᠲᠡᠭᠡᠷᠡᠬᠢ ᠭᠡᠰᠡᠭ ᠨᠢ ᠡᠩ ᠲᠡᠷᠢᠬᠦᠨ ᠳᠤ ᠭᠠᠯ ᠤᠨ ᠬᠥᠴᠥᠨ ᠳᠤ ᠰᠥᠷᠳᠡᠬᠦᠯᠥᠭᠳᠡᠳᠡᠭ ᠠᠴᠠ ᠪᠤᠯᠤᠭᠰᠠᠨ ᠶᠤᠮ᠃ ⑤ ᠶᠡᠷᠥ ᠶᠢᠨ ᠠᠶᠤᠯ ᠦᠬᠡᠢ ᠪᠠᠷ ᠵᠠᠶᠢᠯᠠᠭᠤᠯᠬᠤ ᠵᠠᠮ ᠱᠤᠭᠤᠮ ᠨᠢ ᠨᠢᠭᠡᠨᠳᠡ ᠭᠠᠯ ᠳᠤ ᠪᠥᠰᠡᠯᠡᠭᠳᠡᠭᠰᠡᠨ ᠢ ᠪᠠᠳᠤᠳᠠᠢ ᠤᠯᠵᠤ ᠮᠡᠳᠡᠭᠰᠡᠨ ᠥᠶᠡᠰ᠂ ᠠᠰᠠᠷ ᠤᠨ ᠲᠤᠳᠤᠷᠠᠬᠢ ᠡᠯ᠎ᠡ ᠵᠥᠢᠯ ᠤᠨ ᠲᠤᠰᠠᠯᠠᠮᠵᠢ ᠪᠡᠯᠡᠳᠭᠡᠮᠵᠢ ᠲᠤᠬᠠᠢᠢᠯᠠᠪᠠᠯ ᠤᠳᠤᠭ᠎ᠠ ᠰᠡᠷᠭᠡᠶᠢᠯᠡᠬᠦ ᠱᠠᠳᠤ᠂ ᠪᠠᠴᠢᠮ ᠵᠠᠶᠢᠯᠠᠭᠤᠯᠬᠤ ᠵᠠᠮ ᠱᠤᠭᠤᠮ᠂ ᠪᠠᠴᠢᠮ ᠴᠠᠬᠢᠯᠭᠠᠨ ᠱᠠᠳᠤ᠂ ᠭᠡᠷ ᠤᠨ ᠭᠠᠳᠠᠨᠠᠬᠢ ᠱᠠᠳᠤ ᠵᠢᠴᠢ ᠭᠠᠯ ᠤᠨᠳᠠᠷᠠᠭᠠᠬᠤ ᠱᠠᠳᠤ ᠵᠡᠷᠭᠡ ᠪᠡᠯᠡᠳᠭᠡᠮᠵᠢ ᠨᠦᠭᠦᠳ ᠢ ᠠᠰᠢᠭᠯᠠᠨ᠂ ᠲᠥᠷᠭᠡᠨ ᠵᠠᠶᠢᠯᠠᠭᠤᠯᠬᠤ ᠭᠡᠷᠡᠭᠳᠡᠢ᠃ ⑥ ᠨᠢᠭᠡᠨᠳᠡ ᠵᠠᠶᠢᠯᠠᠵᠤ ᠵᠠᠪᠳᠤᠬᠤ ᠥᠭᠡᠢ ᠪᠤᠯᠤᠭᠰᠠᠨ ᠥᠶᠡᠰ ᠠᠶᠤᠯ ᠠᠴᠠ ᠲᠠᠯᠳᠠᠯᠠᠬᠤ ᠭᠠᠵᠠᠷ ᠲᠠᠯᠠᠪᠤᠷ ᠡᠷᠢᠵᠤ᠂ ᠭᠠᠯ ᠤᠨᠳᠠᠷᠠᠭᠠᠬᠤ ᠠᠩᠬᠢ ᠶᠢᠨ ᠬᠢᠨ ᠢᠷᠡᠵᠤ ᠠᠪᠤᠷᠠᠨ ᠲᠤᠰᠠᠯᠠᠬᠤ ᠶᠢ ᠬᠥᠯᠢᠶᠡᠬᠦ ᠭᠡᠷᠡᠭᠳᠡᠢ᠃ ⑦ ᠲᠤᠳᠠᠭᠠᠵᠤ ᠵᠠᠶᠢᠯᠠᠬᠤ ᠥᠶ᠎ᠡ ᠳᠡᠭᠡᠨ ᠲᠤᠷ᠎ᠠ ᠪᠠᠷ ᠢᠶᠠᠨ ᠬᠥᠶᠥᠵᠤ ᠲᠤᠳᠠᠭᠠᠬᠤ ᠪᠠ ᠤᠷᠢᠯᠠᠵᠤ ᠬᠠᠰᠬᠢᠷᠤᠯᠳᠤᠵᠤ ᠪᠤᠯᠬᠤ ᠥᠭᠡᠢ᠃ ᠢᠡᠭᠬᠢᠬᠦ ᠳᠤ ᠬᠥᠷᠪᠡᠯ ᠬᠥᠴᠤ ᠴᠢᠳᠠᠯ ᠢᠶᠠᠨ ᠶᠡᠭᠡ ᠪᠠᠷ ᠪᠠᠷᠠᠵᠤ᠂ ᠨᠡᠩ ᠶᠡᠭᠡ ᠤᠳᠤᠭ᠎ᠠ ᠤᠨᠢᠶᠠᠷ ᠰᠤᠷᠤᠵᠤ ᠠᠪᠬᠤ ᠮᠥᠷᠳᠡᠭᠡᠨ ᠪᠠᠰᠠ ᠭᠡᠪ ᠤᠨ ᠶᠤᠰᠤᠭᠠᠷ ᠵᠠᠶᠢᠯᠠᠬᠤ ᠶᠢ ᠬᠠᠷᠰᠢᠯᠠᠬᠤ ᠪᠥᠭᠡᠳ ᠡᠮᠬᠢ ᠵᠠᠮᠪᠠᠷᠠᠭ᠎ᠠ ᠥᠭᠡᠢ ᠪᠤᠯᠭᠠᠨ᠎ᠠ᠃ ᠢᠯᠠᠩᠭᠤᠶ᠎ᠠ ᠡᠮᠥᠨᠡᠬᠢ ᠨᠢ ᠤᠷᠢᠯᠠᠯᠳᠤᠨ ᠬᠤᠶᠢᠨᠠᠬᠢ ᠨᠢ ᠰᠢᠬᠠᠯᠴᠠᠵᠤ ᠡᠮᠬᠢ ᠵᠠᠮᠪᠠᠷᠠᠭ᠎ᠠ ᠥᠭᠡᠢ ᠪᠤᠯᠤᠭᠰᠠᠨ ᠥᠶ᠎ᠡ ᠳᠤ ᠶᠠᠭᠠᠬᠢᠭᠰᠠᠨ ᠴᠤ ᠬᠥᠡᠭᠭᠡᠨ ᠬᠠᠭᠤᠳᠠᠮ ᠤᠷᠤᠯᠴᠠᠵᠤ ᠪᠤᠯᠬᠤ ᠥᠭᠡᠢ᠃ ᠡᠨᠡ ᠪᠤᠯ ᠲᠤᠳᠠᠭᠠᠨ ᠵᠠᠶᠢᠯᠠᠬᠤ ᠶᠠᠪᠤᠴᠠ ᠳᠠᠬᠢ ᠲᠤᠮᠤ ᠴᠡᠭᠡᠷ ᠪᠤᠯᠤᠨ᠎ᠠ᠂ ᠮᠥᠨ ᠴᠤ ᠥᠬᠦᠯ ᠰᠢᠷᠬᠠᠳᠤᠯ ᠶᠡᠭᠡᠳᠬᠦ ᠶᠢᠨ ᠴᠢᠬᠤᠯᠠ ᠰᠢᠯᠳᠠᠭᠠᠨ ᠪᠤᠯᠤᠨ᠎ᠠ᠃ ᠰᠠᠨᠠᠭᠤᠯᠬᠤ ᠨᠢ᠄ ① ᠬᠥᠮᠥᠨ ᠤᠯᠠᠨ ᠨᠢᠭᠳᠠᠷᠠᠵᠤ ᠲᠥᠪᠯᠡᠷᠡᠭᠰᠡᠨ ᠭᠠᠵᠠᠷ ᠲᠠᠯᠠᠪᠤᠷ ᠤᠨ ᠭᠠᠯ ᠤᠨ ᠠᠶᠤᠯ ᠠᠴᠠ ᠲᠤᠳᠠᠭᠠᠵᠤ ᠵᠠᠶᠢᠯᠠᠬᠤ ᠶᠢᠨ ᠥᠨᠳᠥᠰᠥᠨ ᠱᠠᠭᠠᠷᠳᠠᠯᠭ᠎ᠠ ᠪᠤᠯ ᠯᠠᠪᠳᠠᠭᠤᠨ ᠲᠤᠭᠳᠠᠭᠤᠨ ᠪᠠᠶᠢᠬᠤ ᠭᠡᠷᠡᠭᠳᠡᠢ᠃ ᠡᠯ᠎ᠡ ᠵᠥᠢᠯ ᠤᠨ ᠭᠠᠯ ᠤᠨᠳᠠᠷᠠᠭᠠᠬᠤ ᠪᠡᠯᠡᠳᠭᠡᠮᠵᠢ ᠶᠢ ᠬᠥᠢᠴᠡᠳ ᠠᠰᠢᠭᠯᠠᠵᠤ᠂ ᠲᠤᠳᠠᠭᠠᠵᠤ ᠵᠠᠶᠢᠯᠠᠬᠤ ᠵᠥᠪ ᠵᠠᠮ ᠢ ᠪᠠᠷᠢᠮᠳᠠᠯᠠᠵᠤ᠂ ᠪᠡᠶ᠎ᠡ ᠮᠤᠯᠳᠤᠷᠠᠬᠤ ᠪᠠ ᠠᠶᠤᠯ ᠠᠴᠠ ᠵᠠᠶᠢᠯᠠᠬᠤ ᠪᠥᠳᠥᠮᠵᠢᠳᠡᠢ ᠠᠷᠭ᠎ᠠ ᠶᠢ ᠠᠪᠬᠤ ᠭᠡᠷᠡᠭᠳᠡᠢ᠃ ᠪᠤᠳᠠᠳᠠᠢ ᠭᠠᠯ ᠤᠨ ᠠᠶᠤᠯ ᠲᠤᠮᠳᠠ᠂ ᠪᠡᠶ᠎ᠡ ᠮᠤᠯᠳᠤᠷᠠᠬᠤ ᠠᠷᠭ᠎ᠠ ᠭᠡᠮᠵᠢᠶ᠎ᠡ ᠶᠢ ᠲᠤᠬᠢᠷᠠᠮᠵᠢᠳᠠᠢ ᠡᠵᠡᠮᠰᠢᠳᠡᠭ ᠯᠠ ᠶᠤᠮ ᠪᠤᠯ ᠯᠠᠪᠳᠠᠢ ᠰᠠᠭᠠᠳ ᠥᠭᠡᠢ ᠵᠠᠶᠢᠯᠠᠵᠤ ᠲᠡᠶᠢᠯᠥᠨ᠎ᠡ᠃ ② ᠥᠪᠡᠷ ᠢ ᠪᠠᠨ ᠠᠪᠤᠷᠠᠬᠤ ᠵᠤᠬᠢᠬᠤ ᠮᠡᠳᠡᠯᠭᠡ ᠶᠢ ᠡᠵᠡᠮᠰᠢᠬᠦ ᠭᠡᠷᠡᠭᠳᠡᠢ᠃ ᠪᠠᠶᠢᠭᠤᠯᠭ᠎ᠠ ᠨᠢᠭᠡᠴᠢ ᠶᠢᠨ ᠵᠤᠬᠢᠶᠠᠨ ᠪᠠᠶᠢᠭᠤᠯᠤᠭᠰᠠᠨ ᠭᠠᠯ ᠤᠨᠳᠠᠷᠠᠭᠠᠬᠤ ᠥᠵᠡᠬᠦᠯᠥᠯᠭᠡ᠂ ᠲᠤᠳᠠᠭᠠᠵᠤ ᠵᠠᠶᠢᠯᠠᠬᠤ ᠰᠤᠷᠢᠯᠳᠠ᠂ ᠭᠠᠯ ᠤᠨᠳᠠᠷᠠᠭᠠᠬᠤ ᠮᠡᠳᠡᠯᠭᠡ ᠶᠢᠨ ᠪᠤᠯᠪᠠᠰᠤᠷᠠᠭᠤᠯᠤᠯ ᠳᠤ ᠡᠷᠭᠡᠪᠰᠢ ᠢᠳᠡᠪᠬᠢᠳᠡᠢ ᠤᠷᠤᠯᠴᠠᠬᠤ ᠮᠥᠷᠳᠡᠭᠡᠨ ᠶᠡᠷᠥ ᠶᠢᠨ ᠴᠠᠭ ᠲᠠᠭᠠᠨ ᠴᠤ ᠡᠨᠡ ᠲᠤᠬᠠᠢ ᠮᠡᠳᠡᠯᠭᠡ ᠨᠦᠭᠦᠳ ᠢ ᠢᠯᠡᠬᠦᠭᠡᠨ ᠰᠤᠷᠴᠤ ᠡᠵᠡᠮᠰᠢᠬᠦ ᠭᠡᠷᠡᠭᠳᠡᠢ᠃ ③ ᠬᠥᠮᠥᠰ ᠤᠯᠠᠨ ᠨᠢᠬᠳᠠ ᠲᠥᠪᠯᠡᠷᠡᠬᠦ ᠭᠠᠵᠠᠷ ᠲᠠᠯᠠᠪᠤᠷ ᠲᠤ ᠤᠷᠤᠬᠤ ᠳᠠᠭᠠᠨ ᠲᠡᠬᠦᠨ ᠤ ᠲᠤᠳᠤᠭᠠᠳᠤ ᠪᠠᠶᠢᠷᠢᠰᠢᠯ ᠢ ᠵᠤᠷᠢᠯᠭ᠎ᠠ ᠲᠠᠢ ᠪᠠᠷ ᠤᠢᠢᠯᠠᠭᠠᠵᠤ᠂ ᠭᠠᠵᠠᠷ ᠲᠠᠯᠠᠪᠤᠷ ᠲᠠᠬᠢ ᠰᠠᠭᠠᠳ ᠥᠭᠡᠢ ᠨᠡᠪᠳᠡᠷᠡᠬᠦ ᠵᠠᠮ ᠱᠤᠭᠤᠮ ᠤᠨ ᠴᠢᠭᠯᠡᠯ ᠢ ᠮᠡᠳᠡᠨ ᠠᠪᠴᠤ᠂ ᠲᠤᠳᠤᠷ᠎ᠠ ᠪᠠᠨ ᠲᠤᠭ᠎ᠠ ᠲᠠᠢ ᠪᠠᠶᠢᠬᠤ ᠭᠡᠷᠡᠭᠳᠡᠢ᠃ ︵4︶ ᠮᠠᠰᠢᠨ ᠲᠡᠷᠭᠡᠨ ᠤ ᠭᠠᠯ ᠤᠨ ᠠᠶᠤᠯ ᠮᠠᠰᠢᠨ ᠲᠡᠷᠭᠡᠨ ᠤ ᠭᠠᠯ ᠤᠨ ᠠᠶᠤᠯ ᠭᠡᠳᠡᠭ ᠪᠤᠯ ᠮᠠᠰᠢᠨ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠳᠤ ᠴᠠᠬᠢᠯᠭᠠᠨ ᠵᠠᠮ᠂ ᠰᠢᠳᠠᠭᠠᠯᠭ᠎ᠠ᠂ ᠭᠡᠢ ᠵᠠᠯᠠᠬᠤ ᠰᠢᠰᠲ᠋ᠧᠮ ᠵᠡᠷᠭᠡ ᠨᠢ ᠰᠠᠭᠠᠳ ᠲᠤ ᠤᠴᠠᠷᠠᠭᠰᠠᠨ ᠪᠤᠶᠤ ᠬᠥᠮᠥᠨ ᠤ ᠤᠷᠰᠢᠬ ᠠᠴᠠ ᠪᠤᠯᠤᠭᠰᠠᠨ ᠪᠤᠰᠤᠳ ᠵᠥᠢᠯ ᠤᠨ ᠭᠠᠯ ᠤᠨ ᠠᠶᠤᠯ ᠢ ᠵᠢᠭᠠᠵᠤ ᠪᠠᠶᠢᠨ᠎ᠠ᠃ ᠮᠠᠰᠢᠨ ᠲᠡᠷᠭᠡᠨ ᠤ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠳᠤ᠄ ① ᠮᠠᠰᠢᠨ ᠲᠡᠷᠭᠡᠨ ᠤ ᠬᠥᠳᠡᠯᠭᠡᠬᠦᠷ ᠮᠠᠰᠢᠨ ᠨᠢ ᠰᠢᠳᠠᠭᠰᠠᠨ ᠥᠶᠡᠰ ᠵᠢᠯᠤᠭᠤᠴᠢ ᠨᠢ ᠲᠠᠷᠦ᠋ᠢᠬᠠᠨ ᠲᠡᠷᠭᠡ ᠪᠠᠨ ᠵᠤᠭᠰᠤᠭᠠᠵᠤ᠂ ᠲᠡᠷᠭᠡᠨ ᠳᠠᠬᠢ ᠬᠥᠮᠥᠰ ᠢ ᠲᠥᠷᠭᠡᠨ ᠪᠠᠭᠤᠯᠭᠠᠵᠤ᠂ ᠲᠠᠷᠠᠭ᠎ᠠ ᠪᠠᠷ ᠨᠢ ᠴᠠᠬᠢᠯᠭᠠᠨ ᠡᠬᠦᠰᠭᠡᠭᠴᠢ ᠶᠢ ᠲᠠᠰᠤᠳᠠᠵᠤ᠂ ᠲᠡᠷᠭᠡᠨ ᠳᠠᠬᠢ ᠭᠠᠯ ᠤᠨᠳᠠᠷᠠᠭᠠᠬᠤ ᠪᠠᠭᠠᠵᠢ ᠪᠠᠨ ᠠᠪᠴᠤ᠂ ᠰᠢᠳᠠᠵᠤ ᠪᠠᠶᠢᠭ᠎ᠠ ᠭᠡᠰᠡᠭ ᠲᠤ ᠴᠢᠭᠯᠡᠬᠦᠯᠥᠨ ᠬᠥᠴᠥᠳᠡᠢ ᠰᠥᠷᠴᠢᠵᠤ᠂ ᠭᠠᠯ ᠤᠨ ᠰᠤᠷ ᠢ ᠨᠢ ᠤᠨᠳᠠᠷᠠᠭᠠᠨ᠎ᠠ᠃ ② ᠮᠠᠰᠢᠨ ᠲᠡᠷᠭᠡᠨ ᠤ ᠤᠡᠭᠭᠤᠴᠠᠨ ᠳᠠᠬᠢ ᠪᠠᠷᠠᠭᠠᠨ ᠳᠤ ᠭᠠᠯ ᠭᠠᠷᠤᠭᠰᠠᠨ ᠪᠤᠯ ᠵᠢᠯᠤᠭᠤᠴᠢ ᠨᠢ ᠮᠠᠰᠢᠨ ᠲᠡᠷᠭᠡ ᠪᠠᠨ ᠴᠢᠬᠤᠯᠠ ᠬᠡᠷᠰᠡᠤ ᠭᠠᠵᠠᠷ ︵ᠬᠥᠮᠥᠨ ᠬᠠᠷ᠎ᠠ ᠲᠥᠪᠯᠡᠷᠡᠭᠰᠡᠨ ᠭᠠᠵᠠᠷ ᠲᠠᠯᠠᠪᠤᠷ︶ ᠠᠴᠠ ᠬᠤᠯᠠᠬᠠᠨ ᠵᠠᠶᠢᠳᠠᠭᠤᠯᠵᠤ᠂ ᠲᠡᠷᠦ᠋ᠢᠬᠠᠨ ᠭᠠᠯ ᠤᠨᠳᠠᠷᠠᠭᠠᠬᠤ ᠠᠩᠬᠢ ᠳᠤ ᠮᠡᠳᠡᠬᠦᠯᠬᠦ ᠭᠡᠷᠡᠭᠳᠡᠢ᠃ ᠡᠬᠦᠨ ᠤ ᠬᠠᠮᠳᠤ ᠵᠢᠯᠤᠭᠤᠴᠢ ᠨᠢ ᠲᠡᠷᠭᠡᠨ ᠳᠠᠬᠢ ᠭᠠᠯ ᠤᠨᠳᠠᠷᠠᠭᠠᠬᠤ ᠪᠠᠭᠠᠵᠢ ᠪᠠᠨ ᠠᠪᠴᠤ ᠭᠠᠯ ᠢ ᠲᠠᠷᠤᠬᠤ ᠭᠡᠷᠡᠭᠳᠡᠢ᠂ ᠭᠠᠯ ᠢ ᠨᠢᠬᠡ ᠯᠠ ᠲᠡᠭᠡᠷ᠎ᠡ ᠲᠡᠷᠤᠵᠤ ᠲᠡᠶᠢᠯᠬᠦ ᠥᠭᠡᠢ ᠥᠶᠡᠰ ᠲᠤᠭᠤᠷᠢᠨ ᠥᠵᠡᠬᠦ ᠬᠥᠮᠥᠰ ᠢ ᠲᠤᠬᠠᠢ ᠶᠢᠨ ᠲᠠᠯᠠᠪᠤᠷ ᠠᠴᠠ ᠢᠳᠬᠠᠨ ᠵᠠᠶᠢᠯᠠᠭᠤᠯᠵᠤ᠂ ᠲᠡᠯᠪᠡᠷᠡᠯᠳᠡ ᠶᠢᠨ ᠠᠳᠡᠯ ᠡᠬᠦᠰᠬᠦ ᠠᠴᠠ ᠰᠡᠷᠭᠡᠶᠢᠯᠡᠨ᠎ᠡ᠃ ③ ᠮᠠᠰᠢᠨ ᠲᠡᠷᠭᠡ ᠨᠢ ᠲᠤᠰᠤ ᠨᠡᠮᠡᠬᠦ ᠶᠠᠪᠤᠴᠠ ᠳᠤ ᠭᠠᠯ ᠭᠠᠷᠪᠠᠯ᠂ ᠲᠤᠰᠤ ᠨᠡᠮᠡᠬᠦ ᠪᠠᠨ ᠲᠡᠷᠦ᠋ᠢᠬᠠᠨ ᠵᠤᠭᠰᠤᠭᠠᠵᠤ᠂ ᠲᠡᠷᠭᠡ ᠪᠠᠨ ᠲᠤᠰᠤ ᠨᠡᠮᠡᠬᠦ ᠥᠷᠳᠡᠭᠡ ︵ᠬᠥᠮᠥᠷᠭᠡ︶ ᠠᠴᠠ ᠱᠠᠯᠠᠪᠬᠠᠨ ᠵᠠᠶᠢᠯᠠᠭᠤᠯᠵᠤ᠂ ᠲᠡᠷᠭᠡᠨ ᠳᠠᠬᠢ ᠭᠠᠯ ᠤᠨᠳᠠᠷᠠᠭᠠᠬᠤ ᠪᠠᠭᠠᠵᠢ ᠪᠤᠶᠤ ᠲᠤᠰᠤ ᠨᠡᠮᠡᠬᠦ ᠥᠷᠳᠡᠭᠡᠨ ᠤ ᠭᠠᠯ ᠤᠨᠳᠠᠷᠠᠭᠠᠬᠤ ᠪᠠᠭᠠᠵᠢ ᠵᠢᠴᠢ ᠬᠤᠪᠴᠠᠰᠤ ᠵᠡᠷᠭᠡ ᠪᠠᠷ ᠢᠶᠠᠨ ᠲᠤᠰᠤᠨ ᠤ ᠬᠠᠶᠢᠷᠴᠠᠭ ᠲᠡᠭᠡᠷᠡᠬᠢ ᠭᠠᠯ ᠤᠨ ᠰᠤᠷ ᠢ ᠲᠡᠷᠤᠨ ᠤᠨᠳᠠᠷᠠᠭᠠᠬᠤ ᠭᠡᠷᠡᠭᠳᠡᠢ᠃ ᠭᠡᠷᠪᠡ ᠭᠠᠵᠠᠷ ᠲᠡᠭᠡᠷ᠎ᠡ ᠲᠤᠰᠤ ᠲᠤᠰᠤᠯᠠᠵᠤ ᠠᠰᠬᠠᠭᠳᠠᠭᠰᠠᠨ ᠪᠠᠶᠢᠪᠠᠯ ᠭᠠᠯ ᠤᠨᠳᠠᠷᠠᠭᠠᠬᠤ ᠪᠠᠭᠠᠵᠢ ᠪᠤᠶᠤ ᠡᠯᠡᠰᠥ ᠰᠢᠷᠤᠢ ᠪᠠᠷ ᠲᠡᠷᠤᠵᠤ ᠤᠨᠳᠠᠷᠠᠭᠠᠨ᠎ᠠ᠃ ④ ᠮᠠᠰᠢᠨ ᠲᠡᠷᠭᠡ ᠶᠢ ᠰᠡᠯᠪᠢᠨ ᠵᠠᠰᠠᠭᠤᠯᠵᠤ ᠪᠠᠶᠢᠭ᠎ᠠ ᠥᠶᠡᠰ ᠭᠠᠯ ᠭᠠᠷᠤᠭᠰᠠᠨ ᠪᠤᠯ ᠰᠡᠯᠪᠢᠨ ᠵᠠᠰᠠᠭᠴᠢ ᠬᠥᠮᠥᠰ ᠲᠡᠷᠭᠡᠨ ᠠᠴᠠ ᠲᠥᠷᠭᠡᠨ ᠪᠠᠭᠤᠬᠤ ᠪᠤᠶᠤ ᠵᠠᠶᠢᠯᠠᠵᠤ᠂ ᠴᠠᠬᠢᠯᠭᠠᠨ ᠡᠬᠦᠰᠭᠡᠭᠴᠢ ᠶᠢ ᠲᠠᠰᠤᠯᠵᠤ᠂ ᠭᠠᠯ ᠤᠨᠳᠠᠷᠠᠭᠠᠬᠤ ᠪᠠᠭᠠᠵᠢ ᠪᠤᠶᠤ ᠪᠤᠰᠤᠳ ᠵᠥᠢᠯ ᠤᠨ ᠭᠡᠷᠡᠭᠰᠡᠯ ᠢᠶᠠᠷ ᠭᠠᠯ ᠤᠨ ᠰᠤᠷ ᠢ ᠲᠠᠷᠤᠵᠤ ᠠᠪᠬᠤ ᠭᠡᠷᠡᠭᠳᠡᠢ᠃ ⑤ ᠮᠠᠰᠢᠨ ᠲᠡᠷᠭᠡ ᠮᠥᠷᠬᠦᠯᠳᠥᠭᠡᠳ ᠭᠠᠯ ᠤᠨ ᠠᠶᠤᠯ ᠡᠬᠦᠰᠥᠭᠰᠡᠨ ᠪᠤᠯ ᠲᠡᠷᠦ᠋ᠢᠬᠠᠨ ᠡᠬᠦᠳᠡ ᠪᠠᠨ ᠨᠡᠭᠡᠭᠡᠵᠤ ᠲᠡᠷᠭᠡᠨ ᠳᠠᠬᠢ ᠬᠥᠮᠥᠰ ᠢ ᠲᠥᠷᠭᠡᠨ ᠵᠠᠶᠢᠯᠠᠭᠤᠯᠤᠨ᠎ᠠ᠃ ⑥ ᠮᠠᠰᠢᠨ ᠲᠡᠷᠭᠡ ᠵᠤᠭᠰᠤᠭᠠᠬᠤ ᠲᠠᠯᠠᠪᠤᠷ ᠲᠤ ᠭᠠᠯ ᠤᠨ ᠠᠶᠤᠯ ᠡᠬᠦᠰᠥᠭᠰᠡᠨ ᠪᠤᠯ ᠶᠡᠷᠥᠩᠭᠡᠢ ᠳᠡᠭᠡᠨ ᠭᠠᠯ ᠭᠠᠷᠤᠭᠰᠠᠨ ᠲᠡᠷᠭᠡᠨ ᠤ ᠪᠠᠶᠢᠷᠢᠰᠢᠯ ᠢ ᠥᠨᠳᠥᠰᠥᠯᠡᠨ ᠠᠪᠤᠷᠠᠯᠳᠠ ᠶᠢᠨ ᠠᠷᠭ᠎ᠠ ᠭᠡᠮᠵᠢᠶ᠎ᠡ ᠪᠠ ᠲᠠᠷᠬᠠᠭᠠᠨ ᠵᠠᠶᠢᠯᠠᠭᠤᠯᠬᠤ ᠠᠷᠭ᠎ᠠ ᠭᠡᠮᠵᠢᠶ᠎ᠡ ᠶᠢ ᠠᠪᠬᠤ ᠭᠡᠷᠡᠭᠳᠡᠢ᠃ ᠭᠡᠷᠪᠡ ᠭᠠᠯ ᠭᠠᠷᠤᠭᠰᠠᠨ ᠮᠠᠰᠢᠨ ᠲᠡᠷᠭᠡ ᠨᠢ ᠲᠡᠷᠭᠡ ᠵᠤᠭᠰᠤᠭᠠᠬᠤ ᠲᠠᠯᠠᠪᠤᠷ ᠤᠨ ᠲᠤᠮᠳᠠ ᠪᠠᠶᠢᠪᠠᠯ᠂ ᠭᠠᠯ ᠢ ᠨᠢ ᠤᠨᠳᠠᠷᠠᠭᠠᠬᠤ ᠶᠢᠨ ᠲᠠᠭᠠᠤ ᠬᠥᠮᠥᠰ ᠢ ᠵᠤᠬᠢᠶᠠᠨ ᠪᠠᠶᠢᠭᠤᠯᠤᠨ ᠤᠢᠢᠷ᠎ᠠ ᠤᠷᠴᠢᠮ ᠳᠤᠨᠢ ᠵᠤᠭᠰᠤᠭᠠᠵᠤ ᠪᠠᠶᠢᠭ᠎ᠠ ᠲᠡᠷᠭᠡ ᠨᠦᠭᠦᠳ ᠢ ᠵᠠᠶᠢᠯᠠᠭᠤᠯᠬᠤ ᠭᠡᠷᠡᠭᠳᠡᠢ᠃ ᠭᠡᠷᠪᠡ ᠭᠠᠯ ᠭᠠᠷᠤᠭᠰᠠᠨ ᠮᠠᠰᠢᠨ ᠲᠡᠷᠭᠡ ᠨᠢ ᠲᠡᠷᠭᠡ ᠵᠤᠭᠰᠤᠭᠠᠬᠤ ᠲᠠᠯᠠᠪᠤᠷ ᠤᠨ ᠨᠢᠭᠡ ᠲᠠᠯ᠎ᠠ ᠳᠤᠨᠢ ᠪᠠᠶᠢᠪᠠᠯ᠂ ᠭᠠᠯ ᠢ ᠨᠢ ᠤᠨᠳᠠᠷᠠᠭᠠᠬᠤ ᠶᠢᠨ ᠲᠠᠭᠠᠤ ᠭᠠᠯ ᠭᠠᠷᠤᠭᠰᠠᠨ ᠲᠡᠷᠭᠡ ᠲᠠᠢ ᠵᠠᠯᠭᠠᠯᠳᠤᠵᠤ ᠪᠠᠶᠢᠭ᠎ᠠ ᠲᠡᠷᠭᠡ ᠶᠢ ᠵᠠᠶᠢᠯᠠᠭᠤᠯᠤᠨ᠎ᠠ᠃ ⑦ ᠤᠯᠠᠨ ᠨᠡᠶᠢᠳᠡ ᠶᠢᠨ ᠮᠠᠰᠢᠨ ᠲᠡᠷᠭᠡᠨ ᠳᠤ ᠭᠠᠯ ᠭᠠᠷᠤᠭᠰᠠᠨ ᠪᠤᠯ ᠡᠩ ᠲᠡᠷᠢᠬᠦᠨ ᠳᠤ ᠬᠥᠮᠥᠰ ᠢ ᠠᠪᠤᠷᠠᠬᠤ ᠪᠠ ᠴᠠᠭᠳᠠᠭ᠎ᠠ ᠳᠤ ᠮᠡᠳᠡᠬᠦᠯᠬᠦ ᠶᠢ ᠪᠤᠳᠤᠯᠬᠢᠯᠠᠬᠤ ᠭᠡᠷᠡᠭᠳᠡᠢ᠃ ᠭᠡᠷᠪᠡ ᠮᠠᠰᠢᠨ ᠲᠡᠷᠭᠡᠨ ᠤ ᠬᠥᠳᠡᠯᠭᠡᠬᠦᠷ ᠮᠠᠰᠢᠨ ᠤ ᠬᠠᠪᠢ ᠳᠤ ᠭᠠᠯ ᠭᠠᠷᠤᠭᠰᠠᠨ ᠪᠤᠯ ᠵᠢᠯᠤᠭᠤᠴᠢ ᠨᠢ ᠪᠥᠬᠦ ᠡᠬᠦᠳᠡ ᠪᠠᠨ ᠨᠡᠭᠡᠭᠡᠵᠤ ᠲᠡᠷᠭᠡᠨ ᠳᠤ ᠰᠠᠭᠤᠭᠰᠠᠳ ᠢ ᠲᠡᠷᠭᠡᠨ ᠠᠴᠠ ᠪᠠᠭᠤᠯᠭᠠᠭᠠᠳ᠂ ᠲᠠᠷᠠᠭ᠎ᠠ ᠪᠠᠷ ᠭᠠᠯ ᠢ ᠤᠨᠳᠠᠷᠠᠭᠠᠬᠤ ᠭᠡᠷᠡᠭᠳᠡᠢ᠃ ᠮᠠᠰᠢᠨ ᠲᠡᠷᠭᠡᠨ ᠤ ᠲᠤᠮᠳᠠ ᠭᠡᠰᠡᠭ ᠲᠤ ᠭᠠᠯ ᠭᠠᠷᠤᠭᠰᠠᠨ ᠪᠤᠯ ᠵᠢᠯᠤᠭᠤᠴᠢ ᠨᠢ ᠡᠬᠦᠳᠡ ᠪᠠᠨ ᠨᠡᠭᠡᠭᠡᠨ ᠬᠥᠮᠥᠰ ᠢ ᠬᠤᠶᠠᠷ ᠥᠵᠥᠬᠦᠷ ᠤᠨ ᠡᠬᠦᠳᠡ ᠪᠠᠷ ᠪᠠᠭᠤᠯᠭᠠᠨ᠂ ᠲᠠᠷᠠᠭ᠎ᠠ ᠪᠠᠷ ᠨᠢ ᠭᠠᠯ ᠢ ᠤᠨᠳᠠᠷᠠᠭᠠᠨ᠂ ᠭᠠᠯ ᠤᠨ ᠬᠥᠴᠥᠨ ᠢ ᠲᠠᠷᠤᠬᠤ ᠭᠡᠷᠡᠭᠳᠡᠢ᠃ ᠭᠡᠷᠪᠡ ᠲᠡᠷᠭᠡᠨ ᠲᠡᠭᠡᠷᠡᠬᠢ ᠴᠠᠬᠢᠯᠭᠠᠨ ᠤᠳᠠᠰᠤ ᠨᠢ ᠰᠢᠳᠠᠭᠠᠳ᠂ ᠲᠡᠷᠭᠡᠨ ᠡᠬᠦᠳᠡ ᠨᠢ ᠨᠡᠭᠡᠭᠡᠭᠳᠡᠬᠦ ᠥᠭᠡᠢ ᠥᠶᠡᠰ᠂ ᠲᠡᠷᠭᠡᠨ ᠳᠤ ᠰᠠᠭᠤᠭᠰᠠᠳ ᠬᠠᠵᠠᠭᠤ ᠬᠠᠪᠢ ᠶᠢᠨ ᠲᠡᠷᠭᠡᠨ ᠴᠤᠩᠬᠤ ᠪᠠᠷ ᠪᠠᠭᠤᠵᠤ ᠪᠤᠯᠤᠨ᠎ᠠ᠃ ᠭᠡᠷᠪᠡ ᠭᠠᠯ ᠤᠨ ᠰᠤᠷ ᠲᠡᠷᠭᠡᠨ ᠡᠬᠦᠳᠡ ᠶᠢ ᠪᠢᠳᠡᠬᠦᠮᠵᠢᠯᠡᠭᠡᠳ᠂ ᠲᠡᠷᠭᠡᠨ ᠴᠤᠩᠬᠤ ᠪᠠᠷ ᠴᠤ ᠪᠠᠭᠤᠵᠤ ᠲᠡᠶᠢᠯᠬᠦ ᠥᠭᠡᠢ ᠥᠶᠡᠰ᠂ ᠬᠤᠪᠴᠠᠰᠤ ᠬᠤᠨᠠᠷ ᠢᠶᠠᠷ ᠲᠤᠯᠤᠭᠠᠢ ᠪᠠᠨ ᠪᠥᠳᠡᠭᠡᠵᠤ ᠲᠡᠷᠭᠡᠨ ᠡᠬᠦᠳᠡ ᠪᠠᠷ ᠰᠢᠪᠳᠤᠯᠤᠨ ᠭᠠᠷᠴᠤ ᠪᠤᠯᠤᠨ᠎ᠠ᠃ ᠰᠠᠨᠠᠭᠤᠯᠬᠤ ᠨᠢ᠄ ① ᠲᠡᠷᠭᠡ ᠪᠠᠨ ᠡᠳᠥᠷ ᠲᠤᠳᠤᠮ ᠰᠠᠶᠢᠳᠤᠷ ᠪᠠᠶᠢᠴᠠᠭᠠᠨ ᠥᠵᠡᠵᠤ᠂ ᠲᠡᠷᠭᠡ ᠪᠠᠨ ᠪᠠᠳᠤᠯᠠᠭ᠎ᠠ ᠲᠠᠢ ᠪᠠᠶᠢᠯᠭᠠᠵᠤ᠂ ᠭᠡᠢ ᠭᠠᠷᠬᠤ᠂ ᠲᠤᠰᠤ ᠭᠤᠭᠤᠵᠢᠬᠤ ᠥᠵᠡᠭᠳᠡᠯ ᠢ ᠰᠡᠷᠭᠡᠶᠢᠯᠡᠨ᠎ᠡ᠃ ② ᠭᠡᠷᠪᠡ ᠭᠤᠮ ᠰᠢᠳᠠᠭᠰᠠᠨ ᠥᠨᠥᠷ ᠭᠠᠷᠬᠤ ᠪᠤᠶᠤ ᠤᠳᠤᠭ᠎ᠠ ᠭᠠᠷᠬᠤ ᠵᠡᠷᠭᠡ ᠶᠡᠷᠥ ᠪᠤᠰᠤ ᠶᠢᠨ ᠥᠵᠡᠭᠳᠡᠯ ᠭᠠᠷᠪᠠᠯ᠂ ᠲᠡᠷᠭᠡ ᠪᠠᠨ ᠲᠡᠷᠦ᠋ᠢᠬᠠᠨ ᠵᠤᠭᠰᠤᠭᠠᠵᠤ ᠪᠠᠶᠢᠴᠠᠭᠠᠵᠤ ᠵᠠᠰᠠᠨ᠎ᠠ᠃ ③ ᠲᠡᠷᠭᠡᠨ ᠳᠡᠭᠡᠨ ᠵᠠᠪᠠᠯ ᠬᠢᠷᠢ ᠳᠤ ᠲᠡᠩᠴᠡᠭᠰᠡᠨ ᠭᠠᠯ ᠤᠨᠳᠠᠷᠠᠭᠠᠬᠤ ᠪᠠᠭᠠᠵᠢ ᠪᠡᠯᠡᠳᠭᠡᠵᠤ᠂ ᠲᠡᠬᠦᠨ ᠢᠶᠠᠨ ᠲᠤᠭᠳᠠᠮᠠᠯ ᠬᠤᠭᠤᠴᠠᠭ᠎ᠠ ᠲᠠᠢ ᠪᠠᠷ ᠬᠠᠯᠠᠨ ᠰᠤᠯᠢᠵᠤ᠂ ᠭᠡᠷᠡᠭᠯᠡᠬᠦ ᠠᠷᠭ᠎ᠠ ᠶᠢ ᠨᠢ ᠰᠤᠷᠴᠤ ᠡᠵᠡᠮᠰᠢᠬᠦ ᠭᠡᠷᠡᠭᠳᠡᠢ᠃ ④ ᠭᠠᠯ ᠰᠡᠷᠭᠡᠶᠢᠯᠡᠬᠦ ᠨᠠᠷᠢᠨ ᠪᠠᠶᠢᠳᠠᠯ ᠢ ᠬᠡᠵᠢᠶᠡᠳᠡ ᠠᠩᠬᠠᠷᠴᠤ᠂ ᠲᠡᠮᠡᠬᠢᠨ ᠨᠤᠴᠤᠭᠠᠭᠤᠷ ᠢ ᠢᠯᠡ ᠲᠡᠯᠪᠢᠵᠤ ᠪᠤᠯᠬᠤ ᠥᠭᠡᠢ᠂ ᠲᠡᠯᠪᠡᠷᠡᠬᠦ ᠠᠴᠠ ᠰᠡᠷᠭᠡᠶᠢᠯᠡᠨ᠎ᠡ᠃ ᠲᠡᠷᠭᠡᠨ ᠲᠤᠳᠤᠷ᠎ᠠ ᠲᠡᠮᠡᠬᠢᠨ ᠤᠵᠠᠭᠤᠷ ᠢ ᠲᠤᠷ᠎ᠠ ᠪᠠᠷ ᠢᠶᠠᠨ ᠬᠠᠶᠠᠵᠤ ᠪᠤᠯᠬᠤ ᠥᠭᠡᠢ᠃ ᠥᠨᠥᠷᠳᠤ ᠤᠰᠤ ᠵᠡᠷᠭᠡ ᠬᠢᠯᠪᠠᠷ ᠨᠤᠴᠤᠬᠤ ᠪᠤᠳᠠᠰ ᠢ ᠲᠡᠷᠭᠡᠨ ᠲᠤᠳᠤᠷ᠎ᠠ ᠪᠠᠨ ᠲᠠᠯᠪᠢᠵᠤ ᠪᠤᠯᠬᠤ ᠥᠭᠡᠢ᠃ ⑤ ᠮᠠᠰᠢᠨ ᠲᠡᠷᠭᠡ ᠭᠡᠨᠡᠳᠳᠡ ᠥᠪᠡᠷᠳᠡᠭᠡᠨ ᠰᠢᠳᠠᠬᠤ ᠳᠤ ᠬᠥᠷᠪᠡᠯ ᠲᠡᠷᠦ᠋ᠢᠬᠠᠨ ᠭᠠᠷ ᠲᠤᠷᠤᠮᠰᠤᠯᠠᠭᠤᠷ ᠢᠶᠠᠨ ᠲᠠᠳᠠᠵᠤ᠂ ᠴᠠᠬᠢᠯᠭᠠᠨ ᠡᠬᠦᠰᠭᠡᠭᠴᠢ ᠶᠢ ᠬᠠᠭᠠᠵᠤ᠂ ᠭᠠᠯ ᠤᠨᠳᠠᠷᠠᠭᠠᠬᠤ ᠪᠠᠭᠠᠵᠢ ᠪᠠᠷ ᠲᠤᠰᠤᠨ ᠰᠠᠪᠠ ᠪᠤᠯᠤᠨ ᠨᠤᠴᠤᠵᠤ ᠪᠠᠶᠢᠭ᠎ᠠ ᠭᠡᠰᠡᠭ ᠤᠨ ᠬᠠᠯᠠᠭᠤᠨ ᠢ ᠪᠠᠭᠤᠷᠠᠭᠤᠯᠤᠨ ᠭᠠᠯ ᠢ ᠤᠨᠳᠠᠷᠠᠭᠠᠬᠤ ᠶᠢᠨ ᠲᠠᠭᠠᠤ ᠲᠠᠷᠦ᠋ᠢᠬᠠᠨ ᠴᠠᠭᠳᠠᠭ᠎ᠠ ᠳᠤ ᠮᠡᠳᠡᠬᠦᠯᠬᠦ ᠭᠡᠷᠡᠭᠳᠡᠢ᠃ ︵5︶ ᠤᠢ ᠰᠢᠭᠤᠢ ᠨᠤᠳᠤᠭ ᠪᠡᠯᠴᠢᠭᠡᠷ ᠤᠨ ᠭᠠᠯ ᠤᠨ ᠠᠶᠤᠯ ᠤᠢ ᠰᠢᠭᠤᠢ ᠨᠤᠳᠤᠭ ᠪᠡᠯᠴᠢᠭᠡᠷ ᠤᠨ ᠭᠠᠯ ᠤᠨ ᠠᠶᠤᠯ ᠭᠡᠳᠡᠭ ᠨᠢ ᠤᠢ ᠰᠢᠭᠤᠢ᠂ ᠰᠢᠭᠤᠢᠢᠳᠤ ᠤᠷᠤᠨ᠂ ᠤᠢ ᠮᠤᠳᠤᠨ ᠤ ᠲᠥᠢᠮᠡᠷ ᠪᠠ ᠪᠠᠶᠢᠭᠠᠯᠢᠯᠢᠬ ᠡᠪᠡᠰᠤ ᠪᠡᠯᠴᠢᠭᠡᠷ᠂ ᠲᠡᠷᠢᠮᠠᠯ ᠡᠪᠡᠰᠤ ᠪᠡᠯᠴᠢᠭᠡᠷ ᠤᠨ ᠲᠥᠢᠮᠡᠷ ᠢ ᠵᠢᠭᠠᠵᠤ ᠪᠠᠶᠢᠨ᠎ᠠ᠃ ᠤᠢ ᠰᠢᠭᠤᠢ ᠨᠤᠳᠤᠭ ᠪᠡᠯᠴᠢᠭᠡᠷ ᠤᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠬᠤ ᠳᠤ᠄ ① ᠤᠢ ᠰᠢᠭᠤᠢ ᠨᠤᠳᠤᠭ ᠪᠡᠯᠴᠢᠭᠡᠷ ᠤᠨ ᠲᠥᠢᠮᠡᠷ ᠢ ᠤᠯᠵᠤ ᠮᠡᠳᠡᠪᠡᠯ᠂ ᠲᠡᠷᠦ᠋ᠢᠬᠠᠨ ᠴᠠᠭᠳᠠᠭ᠎ᠠ ᠳᠤ ᠮᠡᠳᠡᠭᠦᠯᠬᠦ ᠭᠡᠷᠡᠭᠳᠡᠢ᠃ ᠴᠠᠭᠳᠠᠭ᠎ᠠ ᠳᠤ ᠮᠡᠳᠡᠬᠦᠯᠬᠦ ᠳᠡᠭᠡᠨ ᠲᠥᠢᠮᠡᠷ ᠤᠨ ᠤᠷᠤᠨ ᠪᠠᠶᠢᠷᠢ᠂ ᠲᠥᠢᠮᠡᠷ ᠤᠨ ᠶᠡᠭᠡ ᠪᠠᠭ᠎ᠠ ᠶᠢᠨ ᠪᠠᠶᠢᠳᠠᠯ᠂ ᠬᠥᠮᠥᠨ ᠠᠮᠢᠳᠠᠨ ᠥᠬᠦᠵᠤ ᠰᠢᠷᠬᠠᠳᠤᠭᠰᠠᠨ ᠡᠰᠡᠬᠦ ᠵᠢᠴᠢ ᠮᠡᠳᠡᠬᠦᠯᠥᠭᠰᠡᠨ ᠬᠥᠮᠥᠨ ᠤ ᠤᠪᠤᠭ ᠨᠡᠷ᠎ᠡ ᠪᠠ ᠬᠠᠷᠢᠯᠴᠠᠬᠤ ᠭᠡᠯᠪᠡᠷᠢ ᠪᠠᠨ ᠲᠤᠳᠤᠷᠬᠠᠢ ᠮᠡᠳᠡᠭᠳᠡᠬᠦ ᠭᠡᠷᠡᠭᠳᠡᠢ᠃ 119 ᠤᠳᠠᠰᠤ ᠪᠤᠯ ᠰᠥᠢᠳᠭᠡᠯ ᠬᠤᠷᠢᠶᠠᠬᠤ ᠥᠭᠡᠢ᠂ ᠮᠥᠡᠭᠬᠦ ᠰᠢᠷᠭᠤᠭᠤᠯᠬᠤ᠂ ᠺᠠᠷᠲ ᠬᠡᠷᠡᠭᠯᠡᠬᠦ ᠤᠳᠠᠰᠦ ᠵᠡᠷᠭᠡ ᠤᠯᠠᠨ ᠨᠡᠶᠢᠳᠡ ᠶᠢᠨ ᠭᠡᠷᠡᠭᠯᠡᠭᠡᠨ ᠤ ᠤᠳᠠᠰᠤ ᠪᠠᠷ ᠴᠥᠮ ᠰᠢᠭᠤᠳ ᠤᠳᠠᠰᠤᠳᠠᠵᠤ ᠪᠤᠯᠤᠨ᠎ᠠ᠃ ② ᠭᠠᠯ ᠲᠠᠯᠪᠢᠵᠤ ᠲᠠᠷᠤᠬᠤ᠄ ᠨᠡᠯᠢᠶᠡᠳ ᠠᠭᠤᠳᠠᠮ ᠲᠡᠭᠰᠢ ᠲᠡᠯ᠎ᠠ ᠳᠤ ᠪᠤᠯ ᠭᠤᠤᠯ ᠭᠤᠷᠤᠬ᠎ᠠ᠂ ᠵᠠᠮ ᠱᠤᠭᠤᠮ ᠢᠶᠠᠷ ᠲᠥᠰᠢᠭ ᠪᠤᠯᠭᠠᠵᠤ᠂ ᠭᠠᠯ ᠲᠠᠯᠪᠢᠬᠤ ᠪᠠᠭᠠᠵᠢ ᠪᠠᠷ ᠡᠰᠡᠷᠬᠦ ᠵᠥᠭ ᠲᠤᠨᠢ ᠭᠠᠯ ᠲᠠᠯᠪᠢᠵᠤ᠂ ᠶᠡᠭᠡ ᠲᠥᠢᠮᠡᠷ ᠤᠨ ᠡᠰᠡᠷᠬᠦ ᠵᠥᠭ ᠲᠤᠨᠢ ᠬᠥᠭᠵᠢᠭᠡᠵᠤ᠂ ᠲᠥᠢᠮᠡᠷ ᠤᠨ ᠬᠥᠴᠥᠨ ᠢ ᠬᠤᠷᠢᠭᠯᠠᠨ ᠲᠠᠷᠤᠵᠤ ᠠᠪᠤᠨ᠎ᠠ᠃ ᠭᠤᠤᠯ ᠭᠤᠷᠤᠬ᠎ᠠ᠂ ᠵᠠᠮ ᠱᠤᠭᠤᠮ ᠥᠭᠡᠢ ᠪᠤᠯ ᠭᠠᠯ ᠲᠠᠯᠪᠢᠬᠤ ᠪᠠᠭᠠᠵᠢ ᠪᠠᠷ ᠤᠷᠤᠭᠤ ᠵᠥᠭ ᠲᠤ ᠨᠢ ᠭᠠᠯ ᠲᠠᠯᠪᠢᠵᠤ᠂ ᠬᠥᠮᠥᠰ ᠭᠠᠯᠳᠠᠭᠰᠠᠨ ᠮᠥᠷ ᠢᠶᠠᠷ ᠪᠡᠶ᠎ᠡ ᠲᠠᠯᠳᠠᠯᠠᠬᠤ ᠶᠢᠨ ᠲᠠᠭᠠᠤ ᠭᠠᠷ ᠢᠶᠠᠷ ᠢᠶᠠᠨ ᠨᠦᠢᠳᠠᠨ ᠰᠢᠷᠤᠢ ᠶᠢ ᠮᠠᠯᠳᠠᠨ ᠬᠤᠨᠭ᠍ᠬᠤᠢᠢᠯᠠᠵᠤ᠂ ᠨᠦᠢᠳᠠᠨ ᠰᠢᠷᠤᠢ ᠳᠤ ᠨᠠᠭᠠᠯᠳᠤᠨ ᠠᠮᠢᠰᠬᠤᠬᠤ ᠪᠤᠶᠤ ᠨᠦᠢᠳᠠᠨ ᠠᠯᠴᠢᠭᠤᠷ ᠢᠶᠠᠷ ᠠᠮᠠ ᠬᠠᠮᠠᠷ ᠢᠶᠠᠨ ᠲᠠᠷᠤᠵᠤ᠂ ᠨᠡᠬᠦᠷᠡᠰᠥᠳᠦ᠋ᠷᠥᠭᠴᠢ ᠶᠢᠨ ᠲᠠᠩ ᠢᠰᠥᠯ ᠳᠤ ᠬᠤᠤᠷᠳᠠᠭᠳᠠᠬᠤ ᠠᠴᠠ ᠰᠡᠷᠭᠡᠶᠢᠯᠡᠨ᠎ᠡ᠃ ③ ᠰᠠᠯᠬᠢᠨ ᠢ ᠰᠥᠷᠴᠦ ᠭᠠᠯ ᠤᠨ ᠱᠤᠭᠤᠮ ᠢ ᠰᠢᠪᠳᠤᠯᠤᠨ ᠭᠠᠷᠬᠤ᠄ ᠭᠠᠯ ᠲᠠᠯᠪᠢᠬᠤ ᠪᠤᠶᠤ ᠪᠤᠰᠤᠳ ᠵᠥᠢᠯ ᠤᠨ ᠨᠥᠬᠦᠴᠡᠯ ᠥᠭᠡᠢ ᠥᠶᠡᠰ᠂ ᠰᠠᠯᠬᠢᠨ ᠤ ᠤᠷᠤᠭᠤ ᠬᠥᠶᠥᠵᠤ ᠤᠭᠳᠤ ᠪᠤᠯᠬᠤ ᠥᠭᠡᠢ᠂ ᠨᠢᠭᠡᠨᠳᠡ ᠰᠢᠳᠠᠵᠤ ᠥᠡᠭᠭᠡᠷᠡᠭᠰᠡᠨ ᠪᠤᠶᠤ ᠡᠪᠡᠰᠤ ᠪᠡᠯᠴᠢᠭᠡᠷ ᠰᠡᠶᠢᠷᠡᠭ᠂ ᠭᠠᠵᠠᠷ ᠲᠠᠯᠠᠪᠠᠢ ᠲᠡᠭᠰᠢ ᠭᠠᠵᠠᠷ ᠢ ᠰᠤᠩᠭᠤᠨ ᠬᠤᠪᠴᠠᠰᠤ ᠬᠤᠨᠠᠷ ᠢᠶᠠᠷ ᠢᠶᠠᠨ ᠲᠤᠯᠤᠭᠠᠢ ᠪᠠᠨ ᠪᠥᠳᠡᠭᠡᠵᠤ᠂ ᠰᠠᠯᠬᠢᠨ ᠤ ᠡᠰᠡᠷᠬᠦ ᠵᠥᠭ ᠭᠠᠯ ᠤᠨ ᠱᠤᠭᠤᠮ ᠢ ᠰᠢᠪᠳᠤᠯᠤᠨ ᠭᠠᠷᠴᠤ ᠰᠢᠳᠠᠭᠳᠠᠭᠰᠠᠨ ᠭᠠᠵᠠᠷ ᠲᠡᠭᠡᠷ᠎ᠡ ᠭᠠᠷᠬᠤ ᠭᠡᠷᠡᠭᠳᠡᠢ᠃ ④ ᠡᠯᠢᠭᠡᠳᠡᠨ ᠭᠡᠪᠳᠡᠵᠤ ᠭᠠᠯ ᠤᠳᠤᠭ᠎ᠠ ᠠᠴᠠ ᠲᠠᠯᠳᠠᠯᠠᠬᠤ᠄ ᠭᠠᠯ ᠲᠠᠯᠪᠢᠵᠤ ᠲᠠᠷᠤᠵᠤ ᠵᠠᠪᠳᠤᠬᠤ ᠥᠭᠡᠢ᠂ ᠤᠢᠢᠷᠠᠬᠠᠨ ᠭᠤᠤᠯ ᠪᠠᠶᠢᠬᠤ ᠪᠦᠬᠡᠳ ᠡᠪᠡᠰᠤ ᠤᠷᠭᠤᠮᠠᠯ ᠥᠭᠡᠢ ᠪᠤᠶᠤ ᠤᠷᠭᠤᠮᠠᠯ ᠰᠡᠶᠢᠷᠡᠭ ᠪᠠᠶᠢᠬᠤ ᠰᠠᠯᠬᠢᠨ ᠤ ᠡᠰᠡᠷᠬᠦ ᠲᠡᠭᠰᠢ ᠲᠠᠯ᠎ᠠ ᠲᠠᠢ ᠭᠠᠵᠠᠷ ᠪᠤᠯ ᠬᠤᠪᠴᠠᠰᠤ ᠪᠠᠨ ᠨᠤᠷᠭᠠᠵᠤ ᠲᠤᠯᠤᠭᠠᠢ ᠪᠠᠨ ᠪᠥᠳᠡᠭᠡᠵᠤ᠂ ᠬᠤᠶᠠᠷ ᠭᠠᠷ ᠢᠶᠠᠨ ᠴᠡᠭᠡᠵᠢᠨ ᠲᠡᠭᠡᠷ᠎ᠡ ᠪᠠᠨ ᠲᠠᠯᠪᠢᠵᠤ᠂ ᠡᠯᠢᠭᠡᠳᠡᠨ ᠭᠡᠪᠳᠡᠵᠤ ᠭᠠᠯ ᠤᠳᠤᠭ᠎ᠠ ᠠᠴᠠ ᠲᠠᠯᠳᠠᠯᠠᠬᠤ ᠭᠡᠷᠡᠭᠳᠡᠢ᠃ ᠡᠯᠢᠭᠡᠳᠡᠨ ᠭᠡᠪᠳᠡᠬᠦ ᠳᠡᠭᠡᠨ ᠤᠳᠤᠭ᠎ᠠ ᠤᠨᠢᠶᠠᠷ ᠲᠤ ᠬᠠᠭ᠋ᠠᠵᠤ ᠪᠥᠳᠡᠬᠦ ᠠᠴᠠ ᠰᠡᠷᠭᠡᠶᠢᠯᠡᠬᠦ ᠶᠢᠨ ᠲᠤᠰᠠᠳᠠ᠂ ᠨᠦᠢᠳᠠᠨ ᠠᠯᠴᠢᠭᠤᠷ ᠢᠶᠠᠷ ᠠᠮᠠ ᠬᠠᠮᠠᠷ ᠢᠶᠠᠨ ᠲᠠᠷᠤᠬᠤ ᠶᠢᠨ ᠲᠠᠭᠠᠤ ᠭᠠᠵᠠᠷ ᠬᠤᠨᠭ᠍ᠬᠤᠢᠢᠯᠠᠨ ᠠᠮᠢᠰᠬᠤᠪᠠᠯ ᠤᠳᠤᠭᠠᠨ ᠤ ᠭᠠᠯ ᠠᠴᠠ ᠵᠠᠶᠢᠯᠠᠵᠤ ᠲᠠᠶᠢᠯᠤᠨ᠎ᠠ᠃ ᠶᠡᠭᠡ ᠳᠦᠢᠮᠡᠷ ᠲᠠᠭᠠᠷᠢᠨ ᠢᠷᠡᠵᠤ᠂ ᠬᠥᠮᠥᠨ ᠤ ᠬᠥᠴᠤ ᠪᠠᠷ ᠬᠤᠷᠢᠭᠯᠠᠵᠤ ᠲᠡᠶᠢᠯᠬᠦ ᠥᠭᠡᠢ ᠪᠤᠯᠤᠭᠰᠠᠨ ᠥᠶᠡᠰ᠂ ᠴᠠᠭ ᠮᠥᠴᠡ ᠵᠠᠪ ᠲᠠᠢ ᠯᠠ ᠪᠤᠯ ᠲᠥᠷᠭᠡᠨ ᠠᠮᠤᠷ ᠲᠥᠪᠰᠢᠨ ᠭᠠᠵᠠᠷ ᠰᠢᠯᠵᠢᠵᠤ᠂ ᠥᠬᠦᠯ ᠰᠢᠷᠬᠠᠳᠤᠯ ᠠᠴᠠ ᠵᠠᠶᠢᠯᠠᠬᠤ ᠭᠡᠷᠡᠭᠳᠡᠢ᠃ ᠰᠠᠨᠠᠭᠤᠯᠬᠤ ᠨᠢ᠄ ① 10∶00~16∶00 ᠴᠠᠭ ᠤᠨ ᠬᠤᠭᠤᠷᠤᠨᠳᠤ ᠢᠯᠠᠩᠭᠤᠶ᠎ᠠ ᠥᠳᠡ ᠶᠢᠨ ᠬᠤᠶᠢᠨ᠎ᠠ ᠪᠤᠯ ᠰᠠᠯᠬᠢ ᠶᠡᠭᠡ ᠶᠠᠭᠤᠮ᠎ᠠ ᠬᠠᠭᠤᠷᠠᠢ᠂ ᠲᠥᠢᠮᠡᠷ ᠤᠨ ᠢᠯᠴᠢ ᠥᠨᠳᠥᠷ᠂ ᠴᠢᠬᠢᠭ ᠪᠠᠭ᠎ᠠ᠂ ᠰᠠᠯᠬᠢᠨ ᠤ ᠴᠢᠭᠯᠡᠯ ᠤᠨ ᠬᠤᠪᠢᠷᠠᠯᠳᠠ ᠲᠥᠷᠭᠡᠨ ᠪᠠᠶᠢᠳᠠᠭ ᠪᠤᠯᠬᠤᠷ ᠤᠢ ᠰᠢᠭᠤᠢ ᠶᠢᠨ ᠲᠥᠢᠮᠡᠷ ᠢ ᠤᠨᠳᠠᠷᠠᠭᠠᠬᠤ ᠳᠤ ᠲᠦᠢᠯ ᠤᠨ ᠠᠰᠢᠬ ᠥᠭᠡᠢ ᠴᠠᠭ ᠬᠤᠭᠤᠴᠠᠭ᠎ᠠ ᠪᠠ ᠴᠠᠭ ᠠᠭᠤᠷ ᠤᠨ ᠨᠥᠬᠦᠴᠡᠯ ᠪᠤᠯᠤᠨ᠎ᠠ᠃ ② ᠲᠥᠢᠮᠡᠷ ᠤᠨ ᠤᠷᠴᠢᠨ ᠳᠠᠬᠢ ᠰᠢᠳᠠᠮᠠᠬᠠᠢ ᠪᠤᠳᠠᠰ ᠤᠨ ᠲᠥᠪᠰᠢᠨ ᠪᠤᠯᠤᠨ ᠡᠭ᠍ᠴᠡ ᠲᠡᠷᠬᠠᠴᠠ ᠶᠢᠨ ᠪᠠᠶᠢᠳᠠᠯ ᠨᠢ ᠤᠢ ᠶᠢᠨ ᠲᠥᠢᠮᠡᠷ ᠤᠨ ᠰᠢᠳᠠᠬᠤ ᠴᠢᠭᠯᠡᠯ ᠤᠨ ᠬᠤᠪᠢᠷᠠᠯᠳᠠ ᠶᠢ ᠨᠥᠯᠥᠭᠡᠯᠡᠳᠡᠭ᠃ ᠢᠯᠠᠩᠭᠤᠶ᠎ᠠ ᠪᠢᠯᠢᠭ ᠴᠢᠨᠠᠷ ᠲᠠᠢ ᠰᠤᠯᠠ ᠡᠪᠡᠰᠤ ᠪᠤᠯᠤᠨ ᠨᠤᠴᠤᠮᠠᠳᠠᠭᠠᠢ ᠰᠥᠭᠡᠭ ᠮᠤᠳᠤᠨ ᠪᠥᠰᠡ ᠨᠢ ᠤᠢ ᠶᠢᠨ ᠲᠥᠢᠮᠡᠷ ᠤᠨ ᠥᠷᠪᠢᠰᠬᠦ ᠬᠤᠷᠳᠤᠴᠠ ᠶᠢ ᠭᠡᠨᠡᠳᠳᠡ ᠰᠢᠷᠥᠬᠦᠰᠭᠡᠵᠤ᠂ ᠤᠢ ᠶᠢᠨ ᠲᠥᠢᠮᠡᠷ ᠤᠨ ᠰᠢᠳᠠᠬᠤ ᠴᠢᠭᠯᠡᠯ ᠢ ᠥᠭᠡᠷᠡᠳᠦᠬᠦᠯᠵᠤ᠂ ᠶᠡᠭᠡ ᠬᠥᠴᠥ ᠲᠠᠢ ᠤᠢ ᠶᠢᠨ ᠲᠥᠢᠮᠡᠷ ᠢ ᠪᠤᠢ ᠪᠤᠯᠭᠠᠳᠠᠭ᠃ ᠰᠢᠳᠠᠮᠠᠬᠠᠢ ᠪᠤᠳᠠᠰ ᠤᠨ ᠡᠭ᠍ᠴᠡ ᠲᠡᠷᠬᠠᠯᠳᠠ ᠪᠠᠶᠢᠳᠠᠭ ᠭᠠᠵᠠᠷ ᠲᠤ ᠭᠠᠵᠠᠷ ᠲᠡᠭᠡᠷᠡᠬᠢ ᠲᠥᠢᠮᠡᠷ ᠪᠠ ᠮᠤᠳᠤᠨ ᠤ ᠤᠷᠤᠢ ᠶᠢᠨ ᠭᠠᠯ ᠴᠤᠭ ᠲᠠᠭᠠᠨ ᠡᠬᠦᠰᠴᠤ᠂ ᠪᠤᠰᠤᠭ᠎ᠠ ᠴᠤᠭᠴᠠ ᠪᠠᠷ ᠰᠢᠳᠠᠳᠠᠭ᠃ ③ ᠤᠢ ᠶᠢᠨ ᠲᠥᠢᠮᠡᠷ ᠭᠠᠷᠤᠭᠰᠠᠨ ᠥᠶ᠎ᠡ ᠳᠤ ᠥᠬᠦᠯ ᠰᠢᠷᠬᠠᠳᠤᠯ ᠤᠨ ᠠᠳᠡᠯ ᠭᠠᠷᠳᠠᠭ ᠤᠨ ᠭᠤᠤᠯ ᠰᠢᠯᠳᠠᠭᠠᠨ ᠨᠢ ᠭᠡᠪᠡᠯ᠄ ᠤᠢ ᠶᠢᠨ ᠲᠥᠢᠮᠡᠷ ᠤᠨ ᠰᠢᠳᠠᠯᠳᠠ ᠶᠢᠨ ᠴᠢᠭᠯᠡᠯ ᠤᠨ ᠬᠤᠪᠢᠷᠠᠯᠳᠠ ᠶᠢ ᠪᠤᠷᠤᠭᠤ ᠮᠠᠭᠠᠳᠯᠠᠭᠰᠠᠨ ᠠᠴᠠ ᠪᠤᠯᠳᠠᠭ᠂ ᠰᠠᠯᠬᠢᠨ ᠤᠷᠤᠭᠤ ᠲᠤᠳᠠᠭᠠᠵᠤ ᠵᠠᠶᠢᠯᠠᠭᠰᠠᠨ ᠠᠴᠠ ᠪᠤᠯᠳᠠᠭ᠂ ᠡᠪᠡᠰᠤ ᠪᠡᠯᠴᠢᠭᠡᠷ ᠪᠤᠶᠤ ᠰᠤᠯᠠ ᠪᠤᠳᠠ ᠰᠥᠭᠡᠭ ᠲᠤ ᠲᠠᠯᠳᠠᠯᠠᠭᠰᠠᠨ ᠠᠴᠠ ᠪᠤᠯᠳᠠᠭ᠂ ᠭᠠᠵᠠᠷ ᠤᠨ ᠪᠠᠶᠢᠴᠠ ᠶᠢᠨ ᠨᠥᠬᠦᠴᠡᠯ ᠢ ᠲᠤᠳᠤᠷᠬᠠᠢ ᠮᠡᠳᠡᠬᠦ ᠥᠭᠡᠢ᠂ ᠲᠥᠢᠮᠡᠷ ᠠᠴᠠ ᠵᠠᠶᠢᠯᠠᠬᠤ ᠠᠮᠤᠷ ᠲᠥᠪᠰᠢᠨ ᠤᠷᠤᠨ ᠪᠠᠶᠢᠭᠤᠯᠤᠭᠰᠠᠨ ᠥᠭᠡᠢ ᠡᠴᠡᠪᠤᠯᠳᠠᠭ᠂ ᠥᠳᠭᠡᠨ ᠤᠳᠤᠭᠠᠨ ᠳᠤ ᠬᠠᠭ᠋ᠠᠵᠤ ᠪᠥᠭᠯᠡᠷᠡᠭᠰᠡᠨ ᠪᠠ ᠥᠨᠳᠥᠷ ᠬᠠᠯᠠᠭᠤᠨ ᠳᠤ ᠬᠠᠯᠠᠵᠤ ᠰᠢᠷᠬᠠᠳᠤᠭᠰᠠᠨ ᠠᠴᠠ ᠪᠤᠯᠳᠠᠭ᠂ ᠤᠢ ᠶᠢᠨ ᠲᠥᠢᠮᠡᠷ ᠲᠤ ᠭᠡᠳᠥᠷᠭᠡᠢ ᠠᠶᠤᠵᠤ ᠭᠡᠯᠮᠡᠭᠳᠡᠭᠰᠡᠨ ᠠᠴᠠ ᠪᠤᠯᠳᠠᠭ᠂ ᠪᠠᠭ᠎ᠠ ᠭᠠᠯ ᠢ ᠪᠠᠰᠤᠮᠵᠢᠯᠠᠭᠰᠠᠨ ᠪᠠ ᠰᠢᠳᠠᠭᠰᠠᠨ ᠮᠤᠳᠤ᠂ ᠴᠢᠯᠠᠭᠤᠨ ᠳᠤ ᠴᠤᠬᠢᠭᠳᠠᠭᠰᠠᠨ ᠠᠴᠠ ᠪᠤᠯᠳᠠᠭ᠃ |
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|