1. ᠶᠠᠭᠤ ᠶᠢ ᠪᠤᠷᠤ ᠴᠠᠷᠭᠠᠰᠤ ᠭᠡᠭᠦ ᠪᠤᠢ︖
ᠪᠤᠷᠤ ᠴᠠᠷᠭᠠᠰᠤ ᠪᠤᠯ ᠰᠢᠯᠢᠳᠡᠭ ᠴᠢᠨᠠᠷ ᠪᠦᠭᠦᠢ ᠤᠯᠠᠨ ᠨᠠᠰᠤᠳᠤ ᠪᠤᠷᠳᠤᠭᠠᠨ ᠤ ᠤᠷᠭᠤᠮᠠᠯ ᠪᠤᠯᠤᠨ᠎ᠠ᠃ ︽ᠡᠪᠡᠰᠤ ᠪᠡᠯᠴᠢᠭᠡᠷ ᠤᠨ ᠸᠠᠩ︾ ᠭᠡᠰᠡᠨ ᠢᠷᠠᠭᠤ ᠨᠠᠷᠠᠶᠢᠳᠤᠯ ᠲᠠᠢ ᠪᠦᠭᠡᠳ ᠡᠯ᠎ᠡ ᠲᠦᠷᠦᠯ ᠤᠨ ᠮᠠᠯ ᠵᠢᠭᠦᠷᠳᠡᠨ ᠪᠤᠯᠤᠨ ᠵᠢᠭᠠᠰᠤᠨ ᠤ ᠲᠦᠷᠦᠯ ᠤᠨ ᠢᠳᠡᠭᠦ ᠲᠤᠷ᠎ᠡ ᠲᠠᠢ ᠲᠠᠵᠢᠭᠡᠯ ᠡᠪᠡᠰᠤ ᠪᠤᠯᠤᠨ᠎ᠠ᠃ ᠡᠭᠦᠨ ᠤ ᠬᠠᠮᠳᠤ ᠦᠨᠳᠤᠰᠤ ᠨᠢ ᠭᠦᠭᠵᠢᠩᠭᠦᠢ᠂ ᠦᠨᠳᠤᠰᠤᠨ ᠪᠡᠳᠡᠭᠢ ᠤᠯᠠᠠᠳᠠᠢ ᠵᠡᠷᠭᠡ ᠤᠨᠴᠠᠯᠢᠭ ᠲᠠᠢ ᠪᠦᠭᠡᠳ ᠭᠦᠷᠤᠰᠤ ᠰᠠᠶᠢᠵᠢᠷᠠᠭᠤᠯᠤᠨ ᠪᠤᠷᠳᠤᠭᠤᠷ ᠨᠡᠮᠡᠭᠦ ᠰᠢᠯᠢᠳᠡᠭ ᠤᠷᠭᠤᠮᠠᠯ ᠪᠤᠯᠤᠨ᠎ᠠ᠃ ᠲᠠᠷᠢᠶᠠᠯᠠᠩ ᠤᠨ ᠤᠳᠤᠭᠢᠴᠢᠯᠠᠬᠤ ᠠᠭᠢᠴᠠ ᠪᠠ ᠲᠠᠷᠢᠶᠠᠯᠠᠩ ᠢ ᠦᠷᠭᠦᠯᠵᠢᠯᠡᠨ ᠭᠦᠭᠵᠢᠭᠦᠯᠭᠦ ᠭᠡᠷᠡᠭᠴᠡᠭᠡ ᠶᠢ ᠲᠠᠭᠠᠯᠳᠤᠭᠠᠳ᠂ ᠪᠤᠷᠤ ᠴᠠᠷᠭᠠᠰᠤ ᠶᠢ ᠭᠦᠮᠦᠰ ᠤᠯᠠᠮ ᠠᠴᠠ ᠤᠯᠠᠮ ᠴᠢᠬᠤᠯᠠᠴᠢᠯᠡᠨ ᠦᠵᠡᠵᠦ ᠪᠠᠶᠢᠨ᠎ᠠ᠃ ᠤᠶᠢᠷ᠎ᠡ ᠶᠢᠨ ᠵᠢᠯ ᠤᠳ ᠲᠤ ᠪᠤᠷᠤ ᠴᠠᠷᠭᠠᠰᠤ ᠶᠢ ᠲᠠᠷᠢᠬᠤ ᠲᠠᠯᠠᠪᠠᠢ ᠶᠠᠭ ᠲᠠᠰᠤᠷᠠᠯᠳᠠ ᠦᠭᠡᠢ ᠦᠷᠭᠡᠵᠢᠵᠤ ᠪᠠᠶᠢᠨ᠎ᠠ᠃ ᠭᠡᠪᠡᠴᠤ ᠲᠠᠷᠢᠬᠤ ᠮᠡᠷᠭᠡᠵᠢᠯ ᠤᠨ ᠵᠠᠩᠭᠢᠯᠠᠭ᠎ᠠ ᠨᠢ ᠪᠠᠭᠤᠷᠠᠢ ᠪᠠᠶᠢᠬᠤ ᠵᠡᠷᠭᠡ ᠠᠰᠠᠭᠤᠳᠠᠯ ᠨᠢ ᠰᠤᠷᠲ ᠤᠨ ᠦᠷ᠎ᠡ ᠠᠰᠢᠭ ᠤᠨ ᠦᠢᠯᠡᠳᠦᠯ ᠢ ᠪᠠᠳᠠᠷᠠᠭᠤᠯᠬᠤ ᠶᠢ ᠬᠠᠷᠰᠢᠯᠠᠵᠤ ᠪᠠᠶᠢᠭ᠎ᠠ ᠭᠤᠤᠯ ᠭᠦᠴᠦᠨ ᠵᠦᠢᠯ ᠤᠨ ᠨᠢᠭᠡ ᠨᠢ ᠪᠤᠯᠵᠤ ᠪᠠᠶᠢᠨ᠎ᠠ᠃
2. ᠪᠤᠷᠤ ᠴᠠᠷᠭᠠᠰᠤ ᠶᠢ ᠶᠠᠮᠠᠷ ᠭᠦᠷᠦᠰᠤᠨ ᠳᠤ ᠲᠠᠷᠢᠪᠠᠯ ᠵᠤᠭᠢᠬᠤ ᠪᠤᠢ︖ ᠭᠠᠵᠠᠷ ᠢᠶᠠᠨ ᠭᠡᠷᠭᠢᠨ ᠲᠡᠭᠰᠢᠯᠡᠭᠦ ᠪᠤᠢ︖
︵1︶ ᠪᠤᠷᠤ ᠴᠠᠷᠭᠠᠰᠤ ᠶᠢ ᠲᠠᠷᠢᠬᠤ ᠬᠠᠮᠤᠭ ᠤᠨ ᠲᠤᠭᠢᠷᠠᠮᠵᠢᠳᠡᠢ ᠭᠦᠷᠦᠰᠤ ᠰᠢᠷᠤᠢ ᠪᠤᠯ ᠡᠯᠡᠰᠦᠷᠭᠡᠭ ᠨᠠᠩᠭᠢ ᠬᠠᠷ᠎ᠡ ᠭᠦᠷᠤᠰᠤ᠂ ᠰᠦᠪᠡᠷᠭᠡᠭ ᠰᠢᠷᠤᠢ ᠪᠤᠯᠤᠨ ᠴᠤᠬᠤᠢ ᠪᠠᠶᠠᠯᠢᠭ ᠠᠭᠤᠯᠤᠭᠳᠠᠵᠤ ᠪᠦᠭᠦᠢ ᠬᠦᠷᠦᠰᠤ ᠰᠢᠷᠤᠢ ᠪᠤᠯᠤᠨ᠎ᠠ᠃ ᠭᠡᠳᠦᠷᠭᠡᠢ ᠬᠠᠶᠢᠷ ᠲᠠᠢ ᠪᠡ ᠭᠡᠳᠦᠷᠭᠡᠢ ᠲᠠᠴᠢᠷ ᠭᠠᠵᠠᠷ ᠢ ᠰᠤᠩᠭᠤᠵᠤ ᠪᠤᠯᠬᠤ ᠦᠭᠡᠢ᠃ ᠭᠦᠷᠦᠰᠤᠨ ᠲᠠᠪᠬᠤᠷᠭ᠎ᠠ ᠨᠢ ᠭᠦᠨ ᠵᠤᠵᠠᠭᠠᠨ᠂ ᠲᠤᠤᠷ᠎ᠡ ᠲᠠᠪᠬᠤᠷᠭ᠎ᠠ ᠶᠢᠨ ᠰᠢᠷᠤᠢ ᠨᠢ ᠬᠠᠳᠠᠭᠤᠯᠢᠭ ᠲᠠᠪᠬᠤᠷᠭ᠎ᠠ ᠦᠭᠡᠢ ᠪᠤᠶᠤ 1m ᠢᠯᠡᠭᠦᠤ ᠭᠦᠨ ᠪᠠᠶᠢᠵᠤ᠂ ᠭᠦᠷᠤᠰᠤ ᠰᠢᠷᠤᠢ ᠶᠢᠨ pH ᠤᠨ ᠭᠡᠮᠵᠢᠶ᠎ᠡ ᠨᠢ 6.3~7.5 ᠶᠢᠨ ᠬᠤᠭᠤᠷᠤᠨᠳᠤ ᠪᠠᠶᠢᠬᠤ ᠶᠢ ᠱᠠᠭᠠᠷᠳᠠᠨ᠎ᠠ᠃ ᠪᠤᠷᠤ ᠴᠠᠷᠭᠠᠰᠤ ᠨᠢ ᠤᠰᠤᠳᠤᠯ ᠢ ᠤᠨᠴᠠ ᠴᠡᠭᠡᠷᠯᠡᠳᠡᠭ᠃ ᠤᠰᠤᠨ ᠳᠤ ᠦᠷᠭᠦᠯᠵᠢᠯᠡᠨ 24 ᠴᠠᠭ ᠲᠠᠪᠳᠦᠪᠡᠯ ᠶᠡᠭᠡ ᠪᠠᠷ ᠦᠭᠦᠵᠤ ᠰᠦᠢᠳᠳᠡᠭ᠂ ᠡᠶᠢᠮᠤ ᠠᠴᠠ ᠭᠠᠵᠠᠷ ᠲᠠᠯᠠᠪᠤᠷ ᠨᠢ ᠤᠰᠤ ᠵᠠᠯᠠᠬᠤ ᠨᠦᠭᠦᠴᠡᠯ ᠲᠠᠢ ᠪᠠᠶᠢᠵᠤ᠂ ᠪᠤᠷᠤᠭᠠᠨ ᠤ ᠤᠯᠠᠷᠢᠯ ᠳᠤ ᠤᠰᠤ ᠶᠢ ᠲᠦᠷᠭᠡᠨ ᠲᠠᠳᠠᠷᠠᠭᠤᠯᠬᠤ ᠶᠢ ᠱᠠᠭᠠᠷᠳᠠᠨ᠎ᠠ᠃
︵2︶ ᠭᠠᠵᠠᠷ ᠲᠡᠭᠰᠢᠯᠡᠭᠦ ᠲᠠᠯ᠎ᠠ ᠪᠠᠷ᠄ ᠪᠤᠷᠤ ᠴᠠᠷᠭᠠᠰᠤ ᠶᠢᠨ ᠦᠷ᠎ᠡ ᠨᠢ ᠵᠢᠵᠢᠭ᠂ ᠰᠤᠶᠤᠭᠠᠯᠠᠬᠤ ᠬᠤᠭᠤᠴᠠᠭ᠎ᠠ ᠨᠢ ᠨᠡᠯᠢᠶᠡᠳ ᠤᠳᠠᠭᠠᠨ᠂ ᠰᠤᠯᠠ ᠡᠪᠡᠰᠤᠨ ᠤ ᠭᠦᠨᠦᠭᠡᠯ ᠢ ᠭᠢᠯᠪᠠᠷ ᠭᠦᠷᠳᠡᠳᠡᠭ᠃
ᠡᠶᠢᠮᠤ ᠠᠴᠠ ᠲᠠᠷᠢᠬᠤ ᠠᠴᠠ ᠪᠠᠨ ᠡᠮᠦᠨ᠎ᠠ ᠭᠠᠵᠠᠷ ᠢᠶᠠᠨ ᠨᠠᠷᠢᠯᠢᠬ ᠲᠡᠭᠰᠢᠯᠡᠵᠤ᠂ ᠭᠦᠨ ᠤᠷᠪᠡᠭᠤᠯᠤᠨ ᠨᠠᠷᠢᠯᠢᠬ ᠨᠠᠷᠬᠠᠳᠠᠵᠤ᠂ ᠲᠡᠭᠡᠷ᠎ᠡ ᠪᠠᠨ ᠰᠤᠯᠠ ᠲᠤᠤᠷ᠎ᠡ ᠪᠠᠨ ᠨᠢᠠᠠᠳᠠ ᠪᠠᠶᠢᠯᠭᠠᠵᠤ᠂ ᠰᠤᠶᠤᠭᠠᠯᠠᠬᠤ ᠳᠤᠨᠢ ᠠᠰᠢᠠᠠᠳᠠᠢ ᠪᠠᠶᠢᠯᠭᠠᠬᠤ ᠭᠡᠷᠡᠭᠳᠡᠢ᠃ ᠰᠢᠨ᠎ᠠ ᠪᠠᠷ ᠬᠠᠭᠠᠯᠪᠤᠷᠢᠯᠬᠠᠰᠠᠨ ᠠᠳᠠᠷ ᠭᠠᠵᠠᠷ ᠢ ᠪᠤᠯ ᠨᠠᠮᠤᠷ ᠤᠷᠪᠠᠭᠤᠯᠤᠨ᠂ ᠭᠦᠨ ᠨᠠᠷᠬᠠᠳᠠᠵᠤ᠂ ᠰᠤᠯᠠ ᠡᠪᠡᠰᠤ ᠶᠢᠨ ᠦᠨᠳᠤᠰᠤ ᠶᠢ ᠨᠢ ᠠᠷᠢᠯᠭᠠᠬᠤ ᠶᠢ ᠨᠡᠩ ᠢᠯᠡᠭᠦᠤ ᠠᠩᠬᠠᠷᠬᠤ ᠭᠡᠷᠡᠭᠳᠡᠢ᠃ ᠬᠠᠪᠤᠷ ᠭᠠᠵᠠᠷ ᠢᠶᠠᠨ ᠨᠠᠷᠬᠠᠳᠠᠨ ᠲᠠᠷᠤᠵᠤ᠂ ᠵᠢᠭᠳᠡᠭᠡᠨ ᠲᠡᠭᠰᠢᠯᠡᠵᠤ᠂ ᠪᠦᠭᠡᠮ ᠦᠭᠡᠢ ᠪᠠᠶᠢᠯᠭᠠᠬᠤ ᠭᠡᠷᠡᠭᠳᠡᠢ᠃
ᠬᠤᠵᠢᠷᠯᠢᠬ ᠭᠠᠵᠠᠷ ᠲᠤ ᠪᠤᠯ ᠤᠰᠤ ᠵᠠᠯᠠᠬᠤ᠂ ᠤᠰᠤᠯᠠᠬᠤ ᠪᠡᠯᠡᠳᠭᠡᠮᠵᠢ ᠶᠢ ᠪᠦᠷᠢᠨ ᠲᠦᠭᠦᠷ ᠪᠠᠶᠢᠯᠭᠠᠵᠤ᠂ ᠪᠤᠷᠤᠭᠠᠨ ᠤ ᠤᠯᠠᠷᠢᠯ ᠳᠤ ᠬᠤᠷᠠᠮᠠᠯ ᠤᠰᠤ ᠶᠢ ᠵᠠᠯᠠᠬᠤ ᠪᠠ ᠲᠠᠪᠤᠰᠤᠯᠢᠭ ᠵᠦᠢᠯ ᠢ ᠤᠭᠢᠶᠠᠬᠤ ᠶᠢ ᠪᠠᠳᠤᠯᠠᠬᠤ ᠭᠡᠷᠡᠭᠳᠡᠢ᠃
3. ᠪᠤᠷᠤ ᠴᠠᠷᠭᠠᠰᠤ ᠲᠠᠷᠢᠬᠤ ᠳᠤ ᠶᠠᠮᠠᠷ ᠶᠠᠮᠠᠷ ᠮᠡᠷᠭᠡᠵᠢᠯ ᠢ ᠡᠵᠡᠮᠰᠢᠭᠦ ᠴᠢᠬᠤᠯᠠ ᠲᠠᠢ ᠪᠤᠢ︖
ᠪᠤᠷᠤ ᠴᠠᠷᠭᠠᠰᠤ ᠶᠢ ᠲᠠᠷᠢᠬᠤ ᠳᠠᠭᠠᠨ ᠦᠷ᠎ᠠ ᠰᠤᠷᠲ ᠰᠤᠩᠭᠤᠬᠤ᠂ ᠦᠷ᠎ᠡ ᠶᠢ ᠰᠢᠢᠳᠪᠤᠷᠢᠯᠡᠭᠦ ᠪᠠ ᠲᠠᠷᠢᠬᠤ ᠴᠠᠭ᠂ ᠲᠠᠷᠢᠬᠤ ᠠᠷᠭ᠎ᠠ᠂ ᠲᠠᠷᠢᠬᠤ ᠭᠡᠮᠵᠢᠶ᠎ᠠ ᠪᠤᠯᠤᠨ ᠲᠠᠷᠢᠬᠤ ᠭᠦᠨᠴᠠ᠂ ᠲᠠᠷᠢᠠᠠᠰᠠᠨ ᠤ ᠲᠠᠷᠠᠭᠠᠭᠢ ᠠᠷᠠᠴᠢᠯᠠᠯᠳᠠ ᠵᠡᠷᠭᠡ ᠮᠡᠷᠭᠡᠵᠢᠯ ᠤᠨ ᠭᠤᠤᠯᠳᠠᠯᠭ᠎ᠠ ᠶᠢ ᠡᠵᠡᠮᠰᠢᠭᠦ ᠭᠡᠷᠡᠭᠳᠡᠢ᠃
4. ᠦᠷ᠎ᠠ ᠰᠤᠷᠲ ᠢ ᠭᠡᠷᠭᠢᠨ ᠰᠤᠩᠭᠤᠬᠤ ᠪᠤᠢ︖ ᠦᠷ᠎ᠡ ᠶᠢ ᠭᠡᠷᠭᠢᠨ ᠰᠢᠢᠳᠪᠦᠷᠢᠯᠡᠬᠦ ᠪᠤᠢ︖
ᠰᠤᠷᠲ ᠢ ᠰᠤᠩᠭᠤᠬᠤ ᠳᠤ ᠲᠤᠬᠠᠢ ᠶᠢᠨ ᠭᠠᠵᠠᠷ ᠤᠨ ᠪᠤᠳᠠᠳᠠᠢ ᠨᠦᠭᠦᠴᠡᠯ ᠢ ᠦᠨᠳᠦᠰᠦᠯᠡᠨ ᠲᠤᠭᠢᠷᠠᠮᠵᠢᠳᠡᠢ ᠰᠤᠷᠲ ᠢ ᠰᠤᠩᠭᠤᠬᠤ ᠭᠡᠷᠡᠭᠳᠡᠢ᠃ ᠭᠦᠷᠤᠰᠤ ᠰᠢᠷᠤᠢ ᠶᠢᠨ ᠤᠰᠤᠨ ᠤ ᠨᠦᠭᠦᠴᠡᠯ ᠨᠢ ᠨᠡᠯᠢᠶᠡᠳ ᠰᠠᠶᠢᠨ ᠭᠠᠵᠠᠷ ᠲᠤ ᠲᠢᠳᠢᠮᠯᠢᠭ ᠡᠪᠡᠰᠤ᠂ ᠸᠧᠢ ᠳ᠋ᠦᠸᠧ ᠯᠢ ᠶᠨ᠂ ᠴᠠ ᠪᠤᠭᠤ ᠵᠡᠷᠭᠡ ᠡᠭᠦᠯᠳᠡᠷ ᠢ ᠰᠤᠩᠭᠤᠵᠤ ᠪᠤᠯᠤᠨ᠎ᠠ᠃ ᠪᠤᠷᠳᠤᠭᠤᠷ ᠤᠨ ᠨᠦᠭᠦᠴᠡᠯ ᠪᠠᠷᠤᠠᠠᠳᠠᠢ ᠰᠢᠬ᠂ ᠲᠠᠷᠢᠬᠤ ᠴᠠᠭ ᠨᠢ ᠨᠡᠯᠢᠶᠡᠳ ᠤᠷᠤᠢ ᠭᠠᠵᠠᠷ ᠲᠠᠯᠠᠪᠤᠷ ᠲᠤ ᠠᠷᠭᠠᠵᠢᠨ ᠵᠡᠷᠭᠡ ᠡᠭᠦᠯᠳᠡᠷ ᠢ ᠰᠤᠩᠭᠤᠵᠤ ᠪᠤᠯᠤᠨ᠎ᠠ᠃
ᠦᠷ᠎ᠠ ᠶᠢ ᠰᠢᠢᠳᠪᠤᠷᠢᠯᠡᠭᠦ ᠲᠠᠯ᠎ᠠ ᠪᠠᠷ ᠮᠠᠭᠤ ᠦᠷ᠎ᠡ ᠠᠷᠪᠢᠨ ᠪᠠᠶᠢᠪᠠᠯ ᠴᠡᠪᠡᠷᠯᠡᠨ ᠰᠤᠩᠭᠤᠵᠤ᠂ ᠰᠠᠶᠢᠨ ᠬᠠᠳᠠᠭᠠᠵᠤ᠂ ᠦᠷ᠎ᠡ ᠶᠢᠨ ᠴᠠᠪᠠᠷᠴᠡ ᠶᠢᠨ ᠨᠤᠷᠮ᠎ᠠ ᠶᠢ 90% ᠠᠴᠠ ᠲᠡᠭᠡᠭᠰᠢ ᠳᠤ ᠭᠦᠷᠦᠭᠦᠯᠭᠦ ᠭᠡᠷᠡᠭᠳᠡᠢ᠃ ᠦᠷ᠎ᠡ ᠶᠢ ᠲᠠᠷᠢᠬᠤ ᠠᠴᠠ ᠪᠠᠨ ᠡᠮᠦᠨ᠎ᠠ ᠲᠠᠷᠢᠶᠠᠨ ᠡᠮ᠂ ᠡᠪᠡᠰᠤ ᠠᠷᠢᠯᠭᠠᠬᠤ ᠡᠮ᠂ ᠦᠨᠳᠤᠰᠤᠨ ᠤ ᠪᠡᠳᠡᠭᠢ ᠶᠢᠨ ᠪᠠᠺᠲ᠋ᠧᠷᠢ ᠪᠤᠯᠤᠨ ᠪᠤᠷᠳᠤᠭᠤᠷ ᠢ ᠬᠠᠷᠢᠴᠠᠯ ᠶᠤᠰᠤᠭᠠᠷ ᠬᠤᠯᠢᠨ ᠨᠠᠶᠢᠷᠠᠭᠤᠯᠵᠤ᠂ ᠵᠤᠭᠢᠬᠤ ᠭᠡᠮᠵᠢᠶᠠᠨ ᠤ ᠨᠠᠭᠠᠯᠳᠤᠮᠠᠬᠠᠢ ᠡᠳ᠋ ᠢᠶᠠᠷ ᠦᠷ᠎ᠠ ᠪᠠᠨ ᠪᠤᠭᠤᠵᠤ᠂ ᠦᠷ᠎ᠡ ᠨᠢ ᠰᠤᠶᠤᠭᠠᠯᠠᠬᠤ ᠬᠤᠭᠤᠴᠠᠭᠠᠨ ᠳᠠᠭᠠᠨ ᠭᠡᠮ ᠬᠤᠷᠤᠬᠠᠢ ᠶᠢᠨ ᠠᠶᠤᠯ᠂ ᠰᠤᠯᠠ ᠡᠪᠡᠰᠤᠨ ᠤ ᠭᠦᠨᠦᠭᠡᠯ ᠦᠭᠡᠢ ᠪᠠᠷ ᠢᠳᠡᠷᠡᠭᠦᠨ ᠢᠶᠠᠷ ᠤᠷᠭᠤᠬᠤ ᠶᠢ ᠪᠠᠳᠤᠯᠠᠬᠤ ᠭᠡᠷᠡᠭᠳᠡᠢ᠃
5. ᠲᠠᠷᠢᠬᠤ ᠴᠠᠭ ᠢ ᠭᠡᠷᠭᠢᠨ ᠲᠤᠠᠠᠳᠠᠭᠠᠬᠤ ᠪᠤᠢ︖
ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠢᠶᠠᠨ ᠨᠦᠭᠦᠴᠡᠯ ᠢ ᠦᠨᠳᠤᠰᠦᠯᠡᠵᠤ᠂ ᠲᠤᠭᠢᠷᠠᠮᠵᠢᠳᠡᠢ ᠴᠠᠭ ᠬᠤᠭᠤᠴᠠᠭ᠎ᠠ ᠶᠢ ᠰᠤᠩᠭᠤᠬᠤ ᠭᠡᠷᠡᠭᠳᠡᠢ᠃ ᠪᠤᠷᠤ ᠴᠠᠷᠭᠠᠰᠤ ᠨᠢ ᠤᠯᠠᠨ ᠨᠠᠰᠤᠳᠤ ᠤᠷᠭᠤᠮᠠᠯ ᠪᠤᠯᠬᠤᠷ ᠭᠦᠷᠦᠰᠤᠨ ᠤ ᠲᠤᠯᠠᠭᠠᠨ ᠤ ᠭᠡᠮᠵᠢᠶ᠎ᠠ 5℃ ᠠᠴᠠ ᠲᠡᠭᠡᠭᠰᠢ ᠲᠤᠠᠠᠳᠠᠪᠤᠷᠢᠵᠢᠬᠤ ᠦᠶᠡᠰ ᠲᠠᠷᠦ᠋ᠢᠬᠠᠨ ᠲᠠᠷᠢᠵᠤ ᠪᠤᠯᠤᠨ᠎ᠠ᠃ ᠭᠡᠭᠦ ᠳᠡᠭᠡᠨ ᠭᠤᠤᠯ ᠨᠢ ᠲᠤᠬᠠᠢ ᠶᠢᠨ ᠦᠶ᠎ᠠ ᠶᠢᠨ ᠭᠦᠷᠦᠰᠤᠨ ᠤ ᠤᠰᠤᠨ ᠤ ᠪᠦᠷᠢᠯᠳᠦᠭᠦᠨ᠂ ᠰᠤᠯᠠ ᠡᠪᠡᠰᠤᠨ ᠤ ᠪᠠᠶᠢᠳᠠᠯ᠂ ᠭᠦᠳᠡᠯᠮᠤᠷᠢ ᠭᠦᠴᠤᠨ ᠢ ᠦᠵᠡᠨ ᠲᠤᠠᠠᠳᠠᠭᠠᠬᠤ ᠭᠡᠷᠡᠭᠳᠡᠢ᠃ ᠪᠤᠷᠤ ᠴᠠᠷᠭᠠᠰᠤ ᠶᠢ ᠶᠠᠷᠦᠩᠭᠡᠢ ᠳᠡᠭᠡᠨ ᠬᠠᠪᠤᠷ᠂ ᠵᠤᠨ ᠪᠠ ᠨᠠᠮᠤᠷ ᠤᠨ ᠭᠤᠷᠪᠡᠨ ᠴᠠᠭ ᠬᠤᠭᠤᠴᠠᠭᠠᠨ ᠳᠤ ᠲᠠᠷᠢᠨ᠎ᠠ᠃
ᠬᠠᠪᠤᠷ ᠲᠠᠷᠢᠬᠤ᠄ ᠶᠠᠷᠦᠩᠭᠡᠢ ᠳᠡᠭᠡᠨ 2 ᠳ᠋ᠤᠭᠠᠷ ᠰᠠᠷ᠎ᠠ ᠶᠢᠨ ᠡᠴᠦᠰ ᠠᠴᠠ 3 ᠳ᠋ᠤᠭᠠᠷ ᠰᠠᠷ᠎ᠠ ᠶᠢᠨ ᠡᠭᠢ ᠪᠠᠷ ᠰᠦᠩ ᠬᠠᠯᠢᠶ᠎ᠠ ᠶᠢ ᠰᠦᠷᠤᠨ ᠲᠠᠷᠢᠨ᠎ᠠ᠃ ᠡᠨᠡ ᠬᠦ ᠠᠷᠭ᠎ᠠ ᠨᠢ ᠭᠦᠷᠦᠰᠤ ᠰᠢᠷᠤᠢ ᠶᠢ ᠡᠪᠤᠯ ᠤᠰᠤᠯᠠᠵᠤ᠂ ᠬᠠᠪᠤᠷ ᠴᠢᠭᠢᠭ ᠤᠨ ᠪᠠᠶᠢᠳᠠᠯ ᠮᠠᠰᠢ ᠰᠠᠶᠢᠨ ᠪᠠᠶᠢᠬᠤ ᠪᠠᠶᠢᠳᠠᠯ ᠲᠤᠤᠷ᠎ᠠ ᠲᠠᠷᠢᠬᠤ ᠶᠢ ᠱᠠᠭᠠᠷᠳᠠᠨ᠎ᠠ᠃
ᠵᠤᠨ ᠲᠠᠷᠢᠬᠤ᠄ 6 ᠳ᠋ᠤᠭᠠᠷ ᠰᠠᠷ᠎ᠠ ᠶᠢᠨ ᠲᠤᠮᠳᠠᠴᠢ ᠠᠴᠠ 7 ᠳ᠋ᠤᠭᠠᠷ ᠰᠠᠷ᠎ᠠ ᠶᠢᠨ ᠡᠴᠦᠰ ᠢᠶᠠᠷ
ᠲᠠᠷᠢᠨ᠎ᠠ᠃ ᠡᠨᠡ ᠦᠶ᠎ᠠ ᠳᠤ ᠠᠭᠤᠷ ᠠᠮᠢᠰᠬᠤᠯ ᠲᠤᠯᠠᠭᠠᠨ᠂ ᠪᠤᠷᠤᠭᠠᠨ ᠬᠤᠷ᠎ᠡ ᠡᠯᠪᠡᠭ ᠪᠤᠯᠳᠠᠭ ᠲᠤᠯᠠ ᠨᠢᠯᠬ᠎ᠠ ᠴᠢᠭᠢ ᠨᠢ ᠲᠦᠷᠭᠡᠨ ᠤᠷᠭᠤᠳᠠᠭ᠃ ᠭᠡᠪᠡᠴᠤ ᠭᠡᠮ ᠬᠤᠷᠤᠬᠠᠢ ᠶᠢᠨ ᠭᠦᠨᠦᠭᠡᠯ ᠶᠡᠭᠡ ᠪᠡ ᠰᠤᠯᠠ ᠡᠪᠡᠰᠤ ᠠᠷᠪᠢᠨ ᠪᠠᠶᠢᠵᠤ᠂ ᠭᠦᠨᠳᠤ ᠨᠤᠴᠢᠳᠡᠢ ᠦᠶᠡᠰ ᠴᠢᠭᠢ ᠲᠤᠳᠠᠵᠤ ᠲᠠᠯᠠᠩ ᠲᠠᠰᠤᠷᠠᠳᠠᠭ ᠪᠤᠯᠬᠤᠷ ᠵᠤᠨ ᠲᠠᠷᠢᠬᠤ ᠳᠤ ᠭᠦᠷᠦᠰᠤ ᠰᠢᠷᠤᠢ ᠶᠢᠨ ᠰᠢᠮᠡᠯᠢᠭ ᠲᠠᠯ᠎ᠠ ᠶᠢ ᠤᠨᠴᠠ ᠠᠩᠬᠠᠷᠴᠤ᠂ ᠭᠡᠮ ᠬᠤᠷᠤᠬᠠᠢ ᠶᠢᠨ ᠭᠦᠨᠦᠭᠡᠯ ᠢ ᠰᠠᠷᠭᠡᠶᠢᠯᠡᠨ ᠵᠠᠰᠠᠵᠤ᠂ ᠰᠤᠯᠠ ᠡᠪᠡᠰᠤ ᠶᠢ ᠴᠠᠪᠡᠷᠯᠡᠨ ᠠᠷᠢᠯᠭᠠᠵᠤ᠂ ᠲᠠᠷᠢᠠᠠᠰᠠᠨ ᠤ ᠲᠠᠷᠠᠭᠠᠬᠠᠨ ᠰᠢᠷᠦᠭᠦᠨ ᠪᠤᠷᠤᠭᠠᠨ ᠲᠤᠭᠢᠶᠠᠯᠳᠤᠬᠤ ᠪᠤᠶᠤ ᠭᠡᠳᠦᠷᠭᠡᠢ ᠰᠢᠷᠬᠠᠳᠠᠬᠤ ᠠᠴᠠ ᠠᠯᠢ ᠴᠢᠳᠠᠬᠤ ᠪᠠᠷ ᠵᠠᠶᠢᠯᠡᠰᠭᠢᠭᠦ ᠭᠡᠷᠡᠭᠳᠡᠢ᠃
ᠨᠠᠮᠤᠷ ᠲᠠᠷᠢᠬᠤ᠄ ᠪᠤᠷᠤ ᠴᠠᠷᠭᠠᠰᠤ ᠶᠢ ᠲᠠᠷᠢᠠᠠᠰᠠᠨ ᠵᠢᠯ ᠳᠤᠨᠢ ᠠᠮᠤᠷ ᠲᠦᠪᠰᠢᠨ ᠡᠪᠤᠯᠵᠢᠭᠦᠯᠭᠦ ᠶᠢ ᠪᠠᠳᠤᠯᠠᠬᠤ ᠶᠢᠨ ᠲᠤᠰᠠᠳᠠ᠂ ᠶᠠᠷᠤᠩᠭᠡᠢ ᠳᠡᠭᠡᠨ 8 ᠳ᠋ᠤᠭᠠᠷ ᠰᠠᠷ᠎ᠠ ᠶᠢᠨ ᠲᠤᠮᠳᠠᠴᠢ ᠠᠴᠠ 9 ᠳ᠋ᠤᠭᠡᠷ ᠰᠠᠷ᠎ᠠ ᠶᠢᠨ ᠲᠤᠮᠳᠠᠴᠢ ᠪᠠᠷ ᠲᠠᠷᠢᠪᠠᠯ ᠮᠠᠰᠢ ᠲᠤᠭᠢᠷᠠᠮᠵᠢᠳᠡᠢ᠂ ᠡᠨᠡ ᠦᠶᠡᠰ ᠪᠤᠷᠤᠭᠠᠨ ᠤ ᠤᠯᠠᠷᠢᠯ ᠦᠡᠭᠭᠡᠷᠡᠵᠤ᠂ ᠭᠦᠷᠦᠰᠤ ᠰᠢᠷᠤᠢ ᠴᠢᠭᠢᠭ ᠰᠠᠶᠢᠳᠠᠢ᠂ ᠲᠤᠯᠠᠭᠠᠨ ᠤ ᠭᠡᠮᠵᠢᠶ᠎ᠠ ᠲᠤᠭᠢᠷᠠᠮᠵᠢᠳᠡᠢ᠃ ᠰᠤᠯᠠ ᠡᠪᠡᠰᠤᠨ ᠤ ᠤᠷᠭᠤᠯᠳᠠ ᠴᠤ ᠮᠠᠭᠤᠳᠠᠬᠤ ᠪᠤᠯᠬᠤᠷ ᠲᠠᠷᠢᠬᠤ ᠳᠤ ᠮᠠᠰᠢ ᠲᠤᠭᠢᠷᠠᠮᠵᠢᠳᠡᠢ ᠶᠤᠮ᠃
6. ᠪᠤᠷᠤ ᠴᠠᠷᠭᠠᠰᠤ ᠶᠢ ᠶᠠᠮᠠᠷ ᠠᠷᠭ᠎ᠠ ᠪᠠᠷ ᠲᠠᠷᠢᠬᠤ ᠪᠤᠢ︖ ᠲᠠᠷᠢᠬᠤ ᠭᠡᠮᠵᠢᠶ᠎ᠠ᠂ ᠲᠠᠷᠢᠬᠤ ᠭᠦᠨᠴᠠ ᠶᠢ ᠭᠡᠷᠭᠢᠨ ᠲᠤᠠᠠᠳᠠᠭᠠᠬᠤ ᠪᠤᠢ︖
ᠪᠤᠷᠤ ᠴᠠᠷᠭᠠᠰᠤ ᠶᠢ ᠲᠠᠷᠢᠬᠤ ᠠᠷᠭ᠎ᠠ ᠭᠡᠪᠡᠯ ᠵᠤᠷᠠᠭᠠᠯᠠᠨ ᠲᠠᠷᠢᠬᠤ ᠪᠠ ᠰᠠᠴᠤᠨ ᠲᠠᠷᠢᠨ᠎ᠠ᠃
ᠵᠤᠷᠠᠭᠠᠯᠠᠨ ᠲᠠᠷᠢᠬᠤ᠄ ᠶᠠᠷᠦᠩᠭᠡᠢ ᠳᠡᠭᠡᠨ ᠮᠧᠬᠠᠨᠢᠭ ᠪᠤᠶᠤ ᠭᠦᠮᠦᠨ ᠤ ᠭᠦᠴᠤ ᠪᠠᠷ ᠵᠤᠭᠢᠬᠤ ᠵᠠᠢ ᠠᠯᠤᠰᠯᠠᠨ ᠪᠤᠷᠤ ᠴᠠᠷᠭᠠᠰᠤ ᠪᠠᠨ ᠵᠤᠷᠠᠭᠠᠯᠠᠨ ᠲᠠᠷᠢᠨ᠎ᠠ᠃ ᠡᠨᠡ ᠨᠢ ᠮᠦᠨ ᠴᠦ ᠪᠤᠷᠤ ᠴᠠᠷᠭᠠᠰᠤ ᠶᠢ ᠲᠠᠷᠢᠬᠤ ᠳᠤ ᠬᠠᠮᠤᠭ ᠤᠨ ᠪᠠᠶᠢᠡᠭᠭᠤ ᠭᠡᠷᠡᠭᠯᠡᠳᠡᠭ ᠲᠠᠷᠢᠬᠤ ᠠᠷᠭ᠎ᠠ ᠪᠤᠯᠤᠨ᠎ᠠ᠃ ᠶᠠᠷᠦᠩᠭᠡᠢ ᠳᠡᠭᠡᠨ ᠮᠦᠷ ᠤᠨ ᠵᠠᠢ ᠶᠢ 15~25cm ᠵᠠᠢ ᠲᠠᠢ ᠪᠠᠶᠢᠯᠭᠠᠨ᠎ᠠ᠃ ᠲᠡᠭᠦᠨ ᠤ ᠲᠠᠪᠠᠭᠤᠯᠢᠭ ᠲᠠᠯ᠎ᠠ ᠨᠢ ᠭᠡᠪᠡᠯ ᠴᠢᠭᠢᠯᠡᠭᠦ ᠨᠤᠷᠮ᠎ᠠ ᠨᠢ ᠦᠨᠳᠤᠷ᠂ ᠰᠠᠯᠭᠢ ᠨᠡᠪᠳᠡᠷᠡᠭᠦ ᠭᠡᠷᠡᠯ ᠲᠤᠰᠬᠤ ᠨᠢ ᠰᠠᠶᠢᠨ ᠪᠠᠶᠢᠳᠠᠭ ᠪᠦᠭᠡᠳ ᠪᠠᠰᠠ ᠰᠤᠯᠠ ᠡᠪᠡᠰᠤ ᠶᠢ ᠨᠢ ᠦᠭᠳᠡᠭᠡᠭᠦ᠂ ᠤᠰᠤᠯᠠᠬᠤ᠂ ᠪᠤᠷᠳᠤᠭᠤᠷ ᠤᠷᠤᠭᠤᠯᠬᠤ ᠪᠠ ᠮᠧᠬᠠᠨᠢᠭ ᠢᠶᠠᠷ ᠠᠵᠢᠯᠯᠠᠬᠤ ᠳᠤ ᠲᠦᠭᠦᠮ ᠪᠠᠶᠢᠵᠤ ᠡᠪᠡᠰᠤᠨ ᠤ ᠬᠤᠷᠢᠶᠠᠯᠳᠠ ᠶᠢ ᠲᠡᠭᠡᠭᠰᠢᠯᠡᠭᠦᠯᠭᠦ ᠳᠤ ᠠᠰᠢᠠᠠᠳᠠᠢ ᠪᠠᠶᠢᠳᠠᠭ᠃
ᠰᠠᠴᠤᠵᠤ ᠲᠠᠷᠢᠬᠤ᠄ ᠭᠦᠮᠦᠨ ᠤ ᠭᠦᠴᠤ ᠪᠠᠷ ᠪᠤᠶᠤ ᠮᠧᠬᠠᠨᠢᠭ ᠢᠶᠠᠷ ᠦᠷ᠎ᠡ ᠪᠠᠨ ᠲᠡᠭᠰᠢᠯᠡᠭᠰᠡᠨ ᠭᠠᠵᠠᠷ ᠲᠠᠭᠠᠨ ᠵᠢᠭᠳᠡ ᠳᠤᠨᠢ ᠰᠠᠴᠤᠵᠤ᠂ ᠲᠠᠷᠠᠭ᠎ᠠ ᠪᠠᠷ ᠨᠢ ᠠᠷᠠᠭᠠᠳᠤ ᠨᠠᠷᠬ᠎ᠠ ᠪᠠᠷ ᠨᠢᠭᠡ ᠤᠳᠠᠭ᠎ᠠ ᠨᠠᠷᠬᠠᠳᠠᠬᠤ ᠪᠤᠶᠤ ᠭᠦᠡᠭᠭᠡᠨ ᠨᠠᠷᠬ᠎ᠠ ᠪᠠᠷ ᠰᠢᠷᠤᠢ ᠬᠤᠴᠢᠵᠤ ᠲᠠᠷᠠᠭ᠎ᠠ ᠪᠠᠷ ᠨᠢ ᠨᠢᠠᠠᠳᠠ ᠲᠠᠷᠤᠨ᠎ᠠ᠃ ᠵᠤᠨ ᠲᠠᠷᠢᠬᠤ ᠪᠤᠶᠤ ᠨᠠᠮᠤᠷ ᠲᠠᠷᠢᠬᠤ ᠳᠤ ᠡᠨᠡ ᠠᠷᠭ᠎ᠠ ᠶᠢ ᠭᠡᠷᠡᠭᠯᠡᠵᠤ ᠪᠤᠯᠤᠨ᠎ᠠ᠃ ᠲᠠᠷᠢᠠᠠᠰᠠᠨ ᠤ ᠰᠡᠭᠦᠯᠡᠷ ᠤᠰᠤᠯᠠᠬᠤ ᠪᠤᠶᠤ ᠪᠤᠷᠤᠭᠠᠨ ᠬᠤᠷ᠎ᠠ ᠳᠤ ᠲᠦᠰᠢᠭᠯᠡᠨ ᠴᠢᠭᠢᠯᠡᠭᠦᠯᠦᠨᠠ᠃
ᠪᠤᠷᠤ ᠴᠠᠷᠭᠠᠰᠤ ᠶᠢ ᠲᠠᠷᠢᠬᠤ ᠭᠡᠮᠵᠢᠶ᠎ᠠ ᠶᠢ ᠮᠤ᠋ ᠪᠦᠷᠢ 0.8~1.2kg ᠦᠷ᠎ᠡ ᠭᠡᠷᠡᠭᠯᠡᠪᠡᠯ ᠬᠠᠮᠤᠭ ᠤᠨ ᠲᠤᠭᠢᠷᠠᠮᠵᠢᠳᠡᠢ᠃
ᠪᠤᠷᠤ ᠴᠠᠷᠭᠠᠰᠤ ᠶᠢ ᠲᠠᠷᠢᠬᠤ ᠭᠦᠨᠴᠡ ᠨᠢ ᠭᠡᠪᠡᠯ ᠬᠠᠪᠤᠷ ᠲᠠᠷᠢᠬᠤ ᠳᠤ ᠶᠠᠷᠦᠩᠭᠡᠢ ᠳᠡᠭᠡᠨ 2~3cm ᠭᠦᠨ ᠲᠠᠷᠢᠵᠤ᠂ ᠲᠠᠷᠢᠮᠬᠠᠴᠠ ᠪᠠᠨ ᠨᠢᠠᠠᠳᠠ ᠲᠠᠷᠤᠨ᠎ᠠ᠃
ᠵᠤᠨ ᠨᠠᠮᠤᠷ ᠲᠠᠷᠢᠬᠤ ᠳᠤ 1~1.5cm ᠭᠦᠨ ᠲᠠᠷᠢᠵᠤ᠂ 2cm ᠠᠴᠠ ᠭᠡᠳᠦᠷᠡᠭᠦᠯᠵᠤ ᠪᠤᠯᠬᠤ ᠦᠭᠡᠢ᠃
7. ᠲᠠᠷᠢᠠᠠᠰᠠᠨ ᠤ ᠰᠡᠭᠦᠯᠡᠷ ᠶᠠᠭᠠᠭᠢᠵᠤ ᠠᠷᠠᠴᠢᠯᠠᠬᠤ ᠪᠤᠢ︖
ᠪᠤᠷᠤ ᠴᠠᠷᠭᠠᠰᠤ ᠶᠢ ᠲᠠᠷᠢᠮᠬᠠᠴᠠ ᠪᠠᠨ ᠰᠠᠶᠢᠳᠤᠷ ᠲᠠᠷᠤᠪᠠᠯ᠂ ᠭᠦᠷᠦᠰᠤᠨ ᠰᠢᠷᠤᠢ ᠶᠢᠨ ᠴᠢᠭᠢᠭ ᠢ ᠬᠠᠮᠠᠭᠠᠯᠠᠬᠤ ᠳᠤ ᠠᠰᠢᠠᠠᠳᠠᠢ ᠪᠦᠭᠡᠳ ᠪᠠᠰᠠ ᠦᠷ᠎ᠡ ᠪᠤᠯᠤᠨ ᠭᠦᠷᠦᠰᠤ ᠶᠢ ᠨᠢᠠᠠᠳᠠ ᠵᠤᠯᠭᠠᠭᠤᠯᠵᠤ᠂ ᠦᠷ᠎ᠡ ᠨᠢ ᠮᠠᠰᠢ ᠲᠦᠷᠭᠡᠨ ᠤᠰᠤ ᠰᠢᠮᠡᠳᠭᠡᠨ ᠠᠪᠴᠤ᠂ ᠴᠢᠭᠢᠯᠡᠵᠤ ᠰᠤᠶᠤᠭᠠᠯᠠᠬᠤ ᠳᠤᠨᠢ ᠠᠰᠢᠠᠠᠳᠠᠢ ᠶᠤᠮ᠃ ᠲᠠᠭᠢᠪᠡᠯ ᠪᠤᠷᠤ ᠴᠠᠷᠭᠠᠰᠤ ᠶᠢ ᠭᠦᠢᠭᠡᠨ ᠲᠠᠷᠢᠳᠠᠭ ᠪᠤᠯᠬᠤᠷ ᠭᠦᠷᠦᠰᠤᠨ ᠤ ᠭᠠᠳᠠᠷᠭᠤ ᠨᠢ ᠠᠮᠠᠷᠬᠠᠨ ᠬᠠᠳᠠᠬᠤ ᠲᠤᠯᠠ ᠲᠠᠷᠢᠠᠠᠰᠠᠨ ᠠᠴᠠ ᠪᠠᠨ ᠠᠪᠤᠭᠠᠳ ᠴᠢᠭᠢᠯᠡᠭᠦ ᠪᠤᠯᠳᠠᠯ᠎ᠠ ᠨᠢ 3~4 ᠤᠳᠠᠭ᠎ᠠ ᠤᠰᠤᠯᠠᠬᠤ ᠭᠡᠷᠡᠭᠳᠡᠢ᠃ ᠤᠰᠤᠯᠠᠬᠤ ᠳᠠᠭᠠᠨ ᠴᠤᠷᠭᠤ ᠭᠤᠤᠷᠰᠤ ᠶᠢᠨ ᠢᠶᠠᠨ ᠶᠠᠰᠤ ᠴᠢᠨᠠᠷ ᠢ ᠠᠩᠬᠠᠷᠴᠤ᠂ ᠤᠰᠤ ᠭᠡᠳᠦᠷᠭᠡᠢ ᠲᠤᠰᠤᠠᠠᠰᠠᠨ ᠠᠴᠠ ᠪᠤᠯᠵᠤ ᠦᠷ᠎ᠡ ᠶᠢ ᠨᠢᠴᠤᠭᠦᠯᠡᠨ ᠭᠠᠷᠭᠠᠬᠤ ᠠᠴᠠ ᠰᠡᠷᠭᠡᠶᠢᠯᠡᠭᠦ ᠭᠡᠷᠡᠭᠳᠡᠢ᠃
8. ᠲᠠᠷᠢᠶᠠᠨ ᠳᠠᠬᠢ ᠠᠷᠠᠴᠢᠯᠠᠯᠳᠠ ᠶᠢᠨ ᠲᠠᠯ᠎ᠠ ᠪᠠᠷ ᠶᠠᠮᠠᠷ ᠠᠵᠢᠯ ᠤᠳ ᠢ ᠭᠢᠭᠦ ᠴᠢᠬᠤᠯᠠ ᠲᠠᠢ ᠪᠤᠢ︖
ᠪᠤᠷᠤ ᠴᠠᠷᠭᠠᠰᠤ ᠶᠢᠨ ᠲᠠᠷᠢᠶᠠᠨ ᠳᠠᠬᠢ ᠠᠷᠠᠴᠢᠯᠠᠯᠳᠠ ᠳᠤ ᠲᠤᠤᠷᠠᠭᠢ ᠮᠡᠳᠤ ᠭᠡᠳᠦᠨ ᠲᠠᠯ᠎ᠠ ᠶᠢᠨ ᠠᠵᠢᠯ ᠢ ᠰᠠᠶᠢᠳᠤᠷ ᠭᠢᠭᠦ ᠶᠢ ᠠᠩᠬᠠᠷᠬᠤ ᠭᠡᠷᠡᠭᠳᠡᠢ᠃
ᠨᠢᠭᠡ ᠳᠤ ᠤᠰᠤᠯᠠᠬᠤ᠂ ᠬᠤᠶᠠᠷ ᠲᠤ ᠪᠤᠷᠳᠤᠭᠤᠷ ᠤᠷᠤᠭᠤᠯᠬᠤ᠂ ᠭᠤᠷᠪᠡ ᠳᠤ ᠰᠤᠯᠠ ᠡᠪᠡᠰᠤ ᠶᠢ ᠦᠭᠳᠡᠭᠡᠭᠦ᠂ ᠲᠦᠷᠪᠡ ᠳᠤ ᠭᠡᠮ ᠬᠤᠷᠤᠬᠠᠢ ᠶᠢᠨ ᠭᠦᠨᠦᠭᠡᠯ ᠢ ᠰᠡᠷᠭᠡᠶᠢᠯᠡᠭᠦ᠂ ᠲᠠᠪᠤ ᠳᠤ ᠬᠠᠳᠤᠵᠤ ᠬᠤᠷᠢᠶᠠᠬᠤ ᠵᠡᠷᠭᠡ ᠪᠤᠯᠤᠨ᠎ᠠ᠃
9. ᠤᠰᠤᠯᠠᠯᠳᠠ ᠳᠤ ᠶᠠᠭᠤ ᠶᠢ ᠠᠩᠬᠠᠷᠬᠤ ᠴᠢᠬᠤᠯᠠ ᠲᠠᠢ ᠪᠤᠢ︖
ᠪᠤᠷᠤ ᠴᠠᠷᠭᠠᠰᠤᠨ ᠤ ᠭᠠᠵᠠᠷ ᠨᠢ ᠤᠰᠤ ᠨᠡᠯᠢᠶᠡᠳ ᠶᠡᠭᠡ ᠭᠡᠷᠡᠭᠰᠡᠳᠡᠭ᠃ ᠤᠰᠤᠯᠠᠯᠳᠠ ᠪᠤᠯ ᠡᠯᠪᠡᠭ ᠬᠤᠷᠢᠶᠠᠯᠳᠠ ᠤᠯᠬᠤ ᠶᠢᠨ ᠴᠢᠬᠤᠯᠠ ᠠᠷᠭ᠎ᠠ ᠭᠡᠮᠵᠢᠶ᠎ᠠ ᠮᠦᠨ᠃ ᠤᠰᠤ ᠶᠢ ᠲᠡᠩᠴᠡᠭᠦᠭᠡᠨ ᠪᠠᠶᠢᠯᠭᠠᠵᠤ᠂ ᠤᠰᠤ ᠬᠤᠷᠠᠬᠤ ᠠᠴᠠ ᠰᠡᠷᠭᠡᠶᠢᠯᠡᠭᠦ ᠶᠢᠨ ᠲᠤᠰᠠᠳᠠ᠂ ᠵᠠᠪᠠᠯ ᠰᠦᠷᠴᠢᠨ ᠤᠰᠤᠯᠠᠬᠤ ᠭᠡᠷᠡᠭᠳᠡᠢ᠃ ᠪᠤᠳᠠᠳᠠᠢ ᠤᠰᠤᠯᠠᠬᠤ ᠴᠠᠭ ᠨᠢ ᠭᠡᠪᠡᠯ᠄
︵1︶ ᠴᠢᠭᠢᠯᠡᠭᠦ ᠦᠶ᠎ᠠ ᠳᠤᠨᠢ ᠠᠯᠢ ᠴᠦᠭᠡᠨ ᠳᠡᠭᠡᠨ 3~4 ᠤᠳᠠᠭ᠎ᠠ ᠤᠰᠤᠯᠠᠨ᠎ᠠ᠃
︵2︶ ᠤᠳᠠᠭ᠎ᠠ ᠪᠦᠷᠢ ᠬᠠᠳᠤᠠᠠᠰᠠᠨ ᠤ ᠰᠡᠭᠦᠯᠡᠷ ᠲᠠᠷᠦ᠋ᠢᠬᠠᠨ ᠤᠰᠤᠯᠠᠨ᠎ᠠ᠃ ᠭᠡᠭᠦ ᠳᠡᠭᠡᠨ ᠪᠤᠷᠤ ᠴᠠᠷᠭᠠᠰᠤ ᠪᠤᠯ ᠤᠰᠤᠳᠤᠯ ᠠᠴᠠ ᠠᠶᠤᠳᠠᠭ ᠪᠤᠯᠬᠤᠷ ᠭᠡᠳᠦᠷᠭᠡᠢ ᠤᠰᠤᠯᠠᠵᠤ ᠪᠤᠯᠬᠤ ᠦᠭᠡᠢ᠂ 2~3 ᠴᠠᠭ ᠢᠶᠠᠷ ᠭᠢᠵᠠᠭᠠᠷᠯᠠᠪᠠᠯ ᠬᠠᠮᠤᠭ ᠤᠨ ᠰᠠᠶᠢᠨ᠃ ᠲᠤᠮᠳᠠ᠂ ᠰᠡᠭᠦᠯᠴᠢ ᠶᠢᠨ ᠬᠤᠭᠤᠴᠠᠭᠠᠨ ᠳᠤ ᠴᠢᠭᠢ ᠨᠢ ᠢᠳᠡᠷᠡᠭᠦᠨ ᠢᠶᠠᠷ ᠪᠤᠶᠢᠵᠢᠵᠤ᠂ ᠭᠠᠩ ᠢ ᠲᠡᠰᠪᠤᠷᠢᠯᠡᠭᠦ ᠴᠢᠳᠠᠯ ᠨᠢ ᠴᠤ ᠨᠡᠮᠡᠭᠳᠡᠭᠦ ᠲᠤᠯᠠ ᠦᠨᠳᠤᠰᠤᠨ ᠭᠡᠰᠡᠭ ᠨᠢ ᠢᠯᠵᠠᠷᠠᠬᠤ ᠠᠴᠠ ᠰᠡᠷᠭᠡᠶᠢᠯᠡᠨ᠂ ᠡᠨᠡ ᠦᠶᠡᠰ ᠤᠰᠤᠯᠠᠬᠤ ᠦᠭᠡᠢ ᠪᠠᠶᠢᠵᠤ ᠪᠤᠯᠤᠨ᠎ᠠ᠃
︵3︶ ᠡᠪᠤᠯ ᠤᠰᠤᠯᠠᠪᠠᠯ ᠪᠤᠷᠤ ᠴᠠᠷᠭᠠᠰᠤ ᠶᠢ ᠠᠮᠤᠷ ᠲᠦᠪᠰᠢᠨ ᠢᠶᠠᠷ ᠡᠪᠤᠯᠵᠢᠭᠦᠯᠭᠦ ᠳᠤ ᠠᠰᠢᠠᠠᠳᠠᠢ᠂ ᠤᠰᠤᠯᠠᠬᠤ ᠴᠠᠭ ᠢ 6~8 ᠴᠠᠭ ᠢᠶᠠᠷ ᠭᠢᠵᠠᠭᠠᠷᠯᠠᠪᠠᠯ ᠲᠤᠭᠢᠷᠠᠮᠵᠢᠳᠡᠢ᠃
︵4︶ ᠲᠠᠭᠢᠨ ᠨᠤᠭᠤᠭᠠᠷᠠᠬᠤ ᠬᠤᠭᠤᠴᠠᠭᠠᠨ ᠳᠤᠨᠢ ᠭᠡᠳᠦᠢ ᠡᠷᠳᠡ ᠤᠰᠤᠯᠠᠪᠠᠯ ᠲᠡᠳᠦᠢ ᠰᠠᠶᠢᠨ᠃ ᠪᠠᠶᠢᠴᠠᠭᠠᠯᠳᠠ ᠶᠢ ᠦᠨᠳᠦᠰᠦᠯᠡᠪᠡᠯ᠂ 2 ᠳ᠋ᠤᠭᠠᠷ ᠰᠠᠷ᠎ᠠ ᠶᠢᠨ ᠰᠡᠭᠦᠯᠴᠢ ᠪᠠᠷ ᠤᠰᠤᠯᠠᠪᠠᠯ ᠨᠢᠯᠬ᠎ᠠ ᠴᠢᠭᠢ ᠶᠢᠨ ᠦᠭᠦᠯ ᠤᠨ ᠨᠤᠷᠮ᠎ᠠ ᠶᠢ ᠨᠢ ᠪᠠᠭᠠᠰᠬᠠᠵᠤ ᠴᠢᠳᠠᠬᠤ ᠮᠦᠷᠳᠡᠭᠡᠨ ᠪᠠᠰᠠ ᠨᠤᠭᠤᠭᠠᠷᠠᠭᠤᠯᠤᠯᠳᠠ ᠳᠤᠨᠢ ᠭᠦᠢᠴᠡᠳ ᠤᠰᠤ ᠬᠠᠨᠭ᠍ᠭᠠᠵᠤ ᠲᠠᠶᠢᠯᠦᠨ᠎ᠠ᠃ 3 ᠳ᠋ᠤᠭᠠᠷ ᠰᠠᠷ᠎ᠠ ᠶᠢᠨ ᠰᠡᠭᠦᠯᠴᠢ᠂ 4 ᠳ᠋ᠤᠬᠡᠷ ᠰᠠᠷ᠎ᠠ ᠶᠢᠨ ᠡᠭᠢ ᠪᠠᠷ ᠪᠤᠷᠤ ᠴᠠᠷᠭᠠᠰᠤ ᠡᠭᠢᠯᠡᠨ ᠦᠷᠡᠵᠢᠭᠦ ᠦᠶᠡᠰ ᠤᠰᠤᠯᠠᠬᠤ ᠨᠢ ᠨᠤᠭᠤᠭᠠᠷᠠᠭᠤᠯᠤᠯᠳᠠ ᠳᠤᠨᠢ ᠠᠰᠢᠭ ᠦᠭᠡᠢ ᠪᠤᠯᠬᠤᠷ ᠤᠰᠤᠯᠠᠵᠤ ᠤᠠᠠᠳᠤ ᠪᠤᠯᠬᠤ ᠦᠭᠡᠢ᠃
10. ᠪᠤᠷᠳᠤᠭᠤᠷ ᠤᠷᠤᠭᠤᠯᠬᠤ ᠳᠤ ᠶᠠᠭᠤ ᠶᠢ ᠠᠩᠬᠠᠷᠬᠤ ᠴᠢᠬᠤᠯᠠ ᠲᠠᠢ ᠪᠤᠢ︖
ᠪᠤᠷᠤ ᠴᠠᠷᠭᠠᠰᠤ ᠪᠤᠯ ᠦᠨᠳᠤᠰᠤᠨ ᠪᠡᠳᠡᠭᠢ ᠲᠠᠢ ᠪᠠᠶᠢᠵᠤ᠂ ᠦᠨᠳᠤᠰᠤᠨ ᠭᠡᠰᠡᠭ ᠲᠤ ᠠᠽᠤᠲ ᠡᠳ᠋ ᠤᠨ ᠰᠢᠮ᠎ᠠ ᠲᠡᠵᠢᠭᠡᠯ ᠬᠠᠨᠭ᠍ᠭᠠᠳᠠᠭ᠃ ᠭᠡᠪᠡᠴᠤ ᠲᠠᠴᠢᠷ ᠨᠢᠮᠭᠡᠨ ᠠᠳᠠᠷ ᠭᠠᠵᠠᠷ᠂ ᠬᠤᠵᠢᠷᠯᠢᠬ ᠭᠠᠵᠠᠷ᠂ ᠭᠦᠷᠤᠰᠤ ᠰᠢᠷᠤᠢ ᠳᠤᠨᠢ ᠠᠽᠤᠲ ᠤᠨ ᠭᠡᠮᠵᠢᠶ᠎ᠠ ᠭᠡᠳᠤ ᠲᠤᠤᠷ᠎ᠡ ᠪᠠᠶᠢᠳᠠᠭ ᠭᠠᠵᠠᠷ ᠤᠷᠤᠨ ᠳᠤ ᠲᠠᠷᠢᠬᠤ ᠦᠶ᠎ᠠ ᠳᠡᠭᠡᠨ ᠰᠢᠭᠡᠰᠦᠯᠢᠭ ᠡᠳ᠋ ᠨᠡᠮᠡᠨ ᠲᠠᠷᠢᠯᠭ᠎ᠠ ᠶᠢᠨ ᠪᠤᠷᠳᠤᠭᠤᠷ ᠪᠤᠯᠭᠠᠵᠤ᠂ ᠴᠢᠭᠢᠯᠡᠭᠦ ᠬᠤᠭᠤᠴᠠᠭ᠎ᠠ ᠪᠤᠶᠤ ᠨᠤᠭᠤᠭᠠᠷᠬᠠᠰᠠᠨ ᠠᠴᠠ ᠨᠢ ᠬᠤᠶᠢᠰᠢ ᠴᠢᠭᠢᠯᠡᠯᠳᠡ ᠨᠢ ᠠᠨᠠᠢ ᠪᠤᠶᠤ ᠨᠢᠭᠡ ᠬᠤᠶᠠᠳᠤᠭᠠᠷ ᠵᠢᠯ ᠳᠡᠭᠡᠨ ᠦᠨᠳᠤᠰᠤᠨ ᠰᠢᠰᠲ᠋ᠧᠮ ᠨᠢ ᠪᠦᠷᠢᠯᠳᠦᠭᠦ ᠠᠴᠠ ᠨᠢ ᠡᠮᠦᠨ᠎ᠠ ᠴᠦᠮ ᠠᠽᠤᠲ ᠪᠤᠷᠳᠤᠭᠤᠷ ᠤᠷᠤᠭᠤᠯᠬᠤ ᠭᠡᠷᠡᠭᠳᠡᠢ᠃ ᠨᠢᠯᠬ᠎ᠠ ᠴᠢᠭᠢ ᠰᠠᠯᠠᠭᠠᠯᠬᠠᠰᠠᠨ ᠤ ᠰᠡᠭᠦᠯᠡᠷ ᠶᠡᠭᠡ ᠭᠡᠮᠵᠢᠶᠠᠨ ᠤ ᠹᠤᠰᠹᠤᠷ ᠪᠤᠷᠳᠤᠭᠤᠷ ᠭᠡᠷᠡᠭᠴᠡᠭᠡ ᠲᠠᠢ ᠲᠤᠯᠠ ᠹᠤᠰᠹᠤᠷ ᠪᠤᠷᠳᠤᠭᠤᠷ ᠢ ᠲᠠᠷᠢᠬᠤ ᠠᠴᠠ ᠡᠮᠦᠨ᠎ᠠ ᠰᠠᠭᠤᠷᠢ ᠪᠤᠷᠳᠤᠭᠤᠷ ᠪᠤᠯᠭᠠᠬᠤ ᠠᠴᠠ ᠭᠠᠳᠠᠨ᠎ᠠ᠂ ᠵᠢᠯ ᠪᠦᠷᠢ ᠪᠠᠰᠠ ᠬᠠᠳᠤᠵᠤ ᠬᠤᠷᠢᠶᠠᠬᠤ ᠠᠴᠠ ᠪᠠᠨ ᠡᠮᠦᠨ᠎ᠠ ᠤᠰᠤᠯᠠᠯᠳᠠ ᠲᠠᠢ ᠤᠶᠠᠯᠳᠤᠭᠤᠯᠤᠨ ᠨᠢᠭᠡ ᠤᠳᠠᠭ᠎ᠠ ᠹᠤᠰᠹᠤᠷ ᠪᠤᠷᠳᠤᠭᠤᠷ ᠤᠷᠤᠭᠤᠯᠤᠨ᠂ ᠪᠤᠷᠤ ᠴᠠᠷᠭᠠᠰᠤ ᠶᠢᠨ ᠭᠡᠪ ᠤᠨ ᠤᠷᠭᠤᠯᠳᠠ ᠶᠢ ᠨᠢ ᠪᠠᠳᠤᠯᠠᠬᠤ ᠭᠡᠷᠡᠭᠳᠡᠢ᠃ ᠨᠦᠭᠦᠴᠡᠯ ᠲᠠᠢ ᠭᠠᠵᠠᠷ ᠤᠷᠤᠨ ᠪᠤᠯ ᠪᠠᠰᠠ ᠵᠢᠯ ᠪᠦᠷᠢ ᠨᠤᠭᠤᠭᠠᠷᠬᠠᠰᠠᠨ ᠤ ᠭᠢᠨᠢ ᠲᠠᠷᠠᠭ᠎ᠠ ᠺᠠᠯᠢ᠂ ᠭᠦᠭᠦᠷ᠂ ᠮᠤᠯᠢᠪᠳ᠋ᠸᠠ ᠪᠤᠷᠳᠤᠭᠤᠷ ᠤᠷᠤᠭᠤᠯᠪᠠᠯ᠂ ᠬᠤᠷᠢᠶᠠᠯᠳᠠ ᠪᠤᠯᠤᠨ ᠴᠢᠨᠠᠷ ᠲᠤᠨᠢ ᠴᠦᠮ ᠮᠠᠰᠢ ᠰᠠᠶᠢᠨ ᠠᠭᠢᠭᠤᠯᠬᠤ ᠦᠢᠯᠡᠳᠦᠯ ᠲᠠᠢ ᠶᠤᠮ᠃ ᠤᠳᠤᠬᠠᠨ ᠳᠤ ᠡᠯ᠎ᠡ ᠭᠠᠵᠠᠷ ᠤᠨ ᠲᠡᠯᠭᠡᠷᠡᠭᠦᠯᠵᠤ ᠪᠠᠶᠢᠭ᠎ᠠ ᠪᠠᠺᠲ᠋ᠧᠷᠢᠳᠤ ᠪᠤᠷᠳᠤᠭᠤᠷ ᠵᠢᠱᠢᠶᠡᠯᠡᠪᠡᠯ ᠬᠤᠷᠢᠶᠠᠯᠳᠡ ᠨᠡᠮᠡᠭᠳᠡᠭᠦᠯᠭᠦ ᠪᠠᠺᠲ᠋ᠧᠷᠢ᠂ EM ᠪᠤᠷᠳᠤᠭᠤᠷ᠂ ᠫᠧᠩ ᠱᠢ ᠪᠤᠤ ᠵᠡᠷᠭᠡ ᠨᠢ ᠴᠦᠮ ᠪᠤᠷᠤ ᠴᠠᠷᠭᠠᠰᠤ ᠶᠢᠨ ᠤᠷᠭᠤᠯᠳᠠ ᠳᠤ ᠮᠠᠰᠢ ᠰᠠᠶᠢᠨ ᠦᠢᠯᠡᠳᠦᠯ ᠲᠠᠢ ᠶᠤᠮ᠃
11. ᠪᠤᠷᠤ ᠴᠠᠷᠭᠠᠰᠤ ᠶᠢᠨ ᠰᠤᠯᠠ ᠡᠪᠡᠰᠤ ᠶᠢ ᠭᠡᠷᠭᠢᠨ ᠠᠷᠢᠯᠭᠠᠬᠤ ᠪᠤᠢ︖
ᠪᠤᠷᠤ ᠴᠠᠷᠭᠠᠰᠤ ᠶᠢᠨ ᠲᠠᠷᠢᠶᠠᠨ ᠳᠤ ᠤᠯᠠᠨ ᠲᠦᠷᠦᠯ ᠤᠨ ᠰᠤᠯᠠ ᠡᠪᠡᠰᠤ ᠤᠷᠭᠤᠳᠠᠭ᠃ ᠵᠢᠱᠢᠶᠡᠯᠡᠪᠡᠯ ᠠᠷᠪᠠᠢ ᠨᠤᠭᠤᠭ᠎ᠠ᠂ ᠲᠠᠮᠤᠷ ᠲᠠᠷᠪᠡᠯᠵᠢ᠂ ᠠᠪᠤᠭ᠎ᠠ ᠰᠢᠪᠠᠭᠤᠨ ᠲᠠᠪᠠᠭ᠂ ᠤᠰᠤᠨ ᠬᠤᠨᠤᠭ᠂ ᠬᠠᠭᠠᠰ ᠲᠠᠯᠪᠢᠳᠤ ᠤᠳ᠋ᠪᠠᠯ᠎ᠠ᠂ ᠭᠢᠮ᠎ᠠ᠂ ᠵᠦᠷᠭᠡᠢ ᠵᠡᠷᠭᠡ ᠪᠤᠢ᠃ ᠰᠤᠯᠠ ᠡᠪᠡᠰᠤ ᠶᠢ ᠠᠷᠢᠯᠭᠠᠬᠤ ᠪᠤᠯ ᠪᠤᠷᠤ ᠴᠠᠷᠭᠠᠰᠤ ᠶᠢᠨ ᠦᠢᠯᠡᠳᠪᠤᠷᠢᠯᠡᠯ ᠤᠨ ᠬᠠᠮᠤᠭ ᠤᠨ ᠦᠨᠳᠤᠰᠤᠨ᠂ ᠬᠠᠮᠤᠭ ᠤᠨ ᠪᠠᠶᠢᠡᠭᠭᠤ ᠶᠢᠨ ᠴᠢᠨᠠᠷ ᠲᠠᠢ ᠠᠷᠭ᠎ᠠ ᠭᠡᠮᠵᠢᠶ᠎ᠠ ᠮᠦᠨ᠃ ᠢᠯᠠᠩᠭᠤᠶ᠎ᠠ ᠲᠠᠷᠢᠠᠠᠰᠠᠨ ᠤ ᠲᠠᠷᠠᠭᠠᠭᠢ ᠴᠢᠭᠢᠯᠡᠭᠦ ᠬᠤᠭᠤᠴᠠᠭ᠎ᠠ᠂ ᠨᠤᠭᠤᠭᠠᠷᠬᠠᠰᠠᠨ ᠠᠴᠠ ᠬᠤᠶᠢᠰᠢ ᠬᠤᠶᠠᠷᠳᠡᠭᠢ ᠤᠳᠠᠭ᠎ᠠ ᠬᠠᠳᠤᠬᠤ ᠠᠴᠠ ᠡᠮᠦᠨ᠎ᠠ ᠬᠤᠶᠢᠨ᠎ᠠ᠂ ᠰᠤᠯᠠ ᠡᠪᠡᠰᠤ ᠪᠤᠯ ᠪᠤᠷᠤ ᠴᠠᠷᠭᠠᠰᠤ ᠶᠢᠨ ᠤᠨᠠᠯᠳᠠ ᠶᠢ ᠨᠦᠯᠦᠭᠡᠯᠡᠳᠡᠭ ᠴᠢᠬᠤᠯᠠ ᠭᠦᠴᠤᠨ ᠵᠦᠢᠯ ᠮᠦᠨ᠃ ᠰᠤᠯᠠ ᠡᠪᠡᠰᠤ ᠶᠢ ᠠᠷᠢᠯᠭᠠᠬᠤ ᠳᠤ ᠠᠷᠴᠢᠨ ᠲᠠᠩᠨᠠᠬᠤ᠂ ᠨᠠᠷᠬᠠᠳᠠᠨ ᠲᠠᠰᠤᠳᠠᠬᠤ ᠵᠢᠴᠢ ᠭᠢᠮᠢ ᠶᠢᠨ ᠡᠮ ᠢᠶᠠᠷ ᠠᠷᠢᠯᠭᠠᠬᠤ ᠵᠡᠷᠭᠡ ᠠᠷᠭ᠎ᠠ ᠶᠢ ᠭᠡᠷᠡᠭᠯᠡᠵᠤ ᠪᠤᠯᠤᠨ᠎ᠠ᠃ ᠭᠠᠭᠴᠠ ᠭᠦ ᠴᠠᠭ ᠲᠤᠬᠠᠢ ᠳᠤᠨᠢ ᠠᠵᠢᠯᠯᠠᠭ᠎ᠠ ᠨᠢ ᠵᠢᠷᠤᠮᠵᠢᠯ ᠲᠠᠢ ᠶᠤᠮ ᠪᠤᠯ ᠴᠦᠮ ᠰᠤᠯᠠ ᠡᠪᠡᠰᠤ ᠶᠢ ᠠᠷᠢᠯᠭᠠᠬᠤ ᠵᠤᠷᠢᠯᠭ᠎ᠠ ᠳᠤ ᠭᠦᠷᠴᠤ ᠴᠢᠳᠠᠨ᠎ᠠ᠃ ᠭᠢᠮᠢ ᠶᠢᠨ ᠡᠮ ᠢᠶᠠᠷ ᠰᠤᠯᠠ ᠡᠪᠡᠰᠤ ᠶᠢ ᠠᠷᠢᠯᠭᠠᠬᠤ ᠳᠠᠭᠠᠨ ᠡᠪᠡᠰᠤ ᠠᠷᠢᠯᠭᠠᠬᠤ ᠡᠮ ᠭᠢᠭᠡᠳ ᠰᠤᠯᠠ ᠡᠪᠡᠰᠤ ᠶᠢᠨ ᠠᠳᠠᠯᠢ ᠨᠠᠷᠠ ᠲᠠᠢ ᠡᠮ ᠢ ᠰᠤᠩᠭᠤᠵᠤ᠂ ᠡᠮ ᠤᠨ ᠭᠦᠴᠤᠨ ᠨᠢ ᠬᠠᠳᠤᠵᠤ ᠬᠤᠷᠢᠶᠠᠬᠤ ᠠᠴᠠ 2~3 ᠭᠠᠷᠠᠭ ᠲᠤ ᠦᠢᠯᠡᠳᠦᠯ ᠢᠶᠠᠨ ᠠᠯᠳ᠋ᠬᠠᠰᠠᠨ ᠪᠠᠶᠢᠵᠤ᠂ ᠮᠠᠯ ᠤᠨᠤᠭ᠎ᠠ ᠬᠤᠤᠷᠳ᠋ᠬᠠᠳᠠᠬᠤ ᠠᠴᠠ ᠰᠡᠷᠭᠡᠶᠢᠯᠡᠭᠦ ᠭᠡᠷᠡᠭᠳᠡᠢ᠃
12. ᠪᠤᠷᠤ ᠴᠠᠷᠭᠠᠰᠤᠨ ᠳᠤ ᠶᠠᠮᠠᠷ ᠡᠪᠡᠳᠴᠢᠨ ᠬᠤᠷᠤᠬᠠᠢ ᠶᠢᠨ ᠭᠦᠨᠦᠭᠡᠯ ᠪᠠᠶᠢᠬᠤ ᠪᠤᠢ︖
ᠪᠤᠷᠤ ᠴᠠᠷᠭᠠᠰᠤ ᠲᠦᠷᠪᠡᠨ ᠵᠢᠯ ᠤᠷᠭᠤᠠᠠᠰᠠᠨ ᠠᠴᠠ ᠰᠡᠬᠦᠯᠡᠷ ᠭᠡᠮ ᠬᠤᠷᠤᠬᠠᠢ ᠶᠢᠨ ᠭᠦᠨᠦᠭᠡᠯ ᠨᠡᠯᠢᠶᠡᠳ ᠤᠯᠠᠨ ᠡᠭᠦᠰᠴᠤ᠂ ᠤᠨᠠᠯᠳᠠ ᠪᠠ ᠴᠢᠨᠠᠷ ᠤᠨ ᠲᠡᠭᠡᠭᠰᠢᠯᠡᠯᠳᠡ ᠶᠢ ᠨᠦᠯᠦᠭᠡᠯᠡᠭᠦ ᠪᠤᠯᠤᠨ᠎ᠠ᠃ ᠭᠡᠮ ᠤᠨ ᠭᠦᠨᠦᠭᠡᠯ ᠨᠢ ᠭᠤᠤᠯ ᠨᠢ ᠴᠠᠭᠠᠨ ᠭᠦᠭᠡᠴᠤ ᠶᠢᠨ ᠭᠡᠮ᠂ ᠪᠤᠷᠤ ᠲᠤᠯᠪᠤᠳᠤ ᠭᠡᠮ᠂ ᠰᠢᠷ᠎ᠠ ᠲᠤᠯᠪᠤᠳᠤ ᠡᠪᠡᠳᠴᠢᠨ᠂ ᠴᠠᠭᠠᠨ ᠲᠤᠭᠤᠰᠤᠳᠤ ᠭᠡᠮ᠂ ᠡᠰᠢ ᠬᠠᠷᠠᠯᠠᠬᠤ ᠭᠡᠮ᠂ ᠵᠢᠪᠡᠷᠡᠭᠦ ᠭᠡᠮ᠂ ᠬᠤᠨᠢᠷᠢᠬᠤ ᠭᠡᠮ᠂ ᠦᠨᠳᠤᠰᠤ ᠢᠯᠵᠠᠷᠠᠬᠤ ᠭᠡᠮ ᠵᠡᠷᠭᠡ ᠪᠤᠢ᠃ ᠭᠡᠮ ᠤᠨ ᠭᠦᠨᠦᠭᠡᠯ ᠢ ᠰᠡᠷᠭᠡᠶᠢᠯᠡᠨ ᠵᠠᠰᠠᠬᠤ ᠳᠤ ᠡᠮ ᠭᠡᠷᠡᠭᠯᠡᠭᠦ᠂ ᠤᠷᠢᠳᠴᠢᠯᠠᠨ ᠬᠠᠳᠤᠬᠤ ᠪᠠ ᠭᠡᠮ ᠲᠠᠢ ᠨᠠᠪᠴᠢ ᠶᠢ ᠠᠷᠢᠯᠭᠠᠬᠤ ᠵᠡᠷᠭᠡ ᠠᠷᠭ᠎ᠠ ᠶᠢ ᠭᠡᠷᠡᠭᠯᠡᠪᠡᠯ ᠴᠦᠮ ᠮᠠᠰᠢ ᠰᠠᠶᠢᠨ ᠦᠷ᠎ᠠ ᠪᠦᠳᠦᠮᠵᠢ ᠤᠯᠵᠤ ᠴᠢᠳᠠᠨ᠎ᠠ᠃ ᠭᠡᠪᠡᠴᠤ ᠦᠨᠳᠤᠰᠤᠨ ᠰᠠᠷᠭᠡᠶᠢᠯᠡᠨ ᠵᠠᠰᠠᠬᠤ ᠠᠷᠭ᠎ᠠ ᠪᠤᠯ ᠭᠡᠮ ᠢ ᠡᠰᠡᠷᠭᠦᠴᠡᠵᠤ ᠲᠠᠶᠢᠯᠭᠦ ᠰᠤᠷᠲ ᠢ ᠰᠤᠩᠭᠤᠬᠤ ᠳᠤ ᠪᠠᠶᠢᠨ᠎ᠠ᠃ ᠬᠤᠷᠤᠬᠠᠢ ᠶᠢᠨ ᠭᠦᠨᠦᠭᠡᠯ ᠭᠡᠪᠡᠯ ᠭᠤᠤᠯ ᠨᠢ ᠪᠠᠭᠠᠷᠠᠩ ᠬᠤᠷᠤᠬᠠᠢ᠂ ᠵᠢᠮ᠎ᠠ ᠬᠤᠷᠤᠬᠠᠢ᠂ ᠰᠤᠬᠤᠷ ᠪᠢᠰ ᠵᠡᠷᠭᠡ ᠪᠤᠢ᠃
13. ᠭᠦᠷᠡᠩ ᠲᠤᠯᠪᠤᠳᠤ ᠭᠡᠮ ᠢ ᠭᠡᠷᠭᠢᠨ ᠵᠠᠰᠠᠬᠤ ᠪᠤᠢ︖
ᠪᠤᠷᠤ ᠴᠠᠷᠭᠠᠰᠤᠨ ᠤ ᠪᠤᠷᠤ ᠲᠤᠯᠪᠤᠳᠤ ᠭᠡᠮ ᠢ ᠰᠡᠷᠭᠡᠶᠢᠯᠡᠨ ᠵᠠᠰᠠᠬᠤ ᠳᠤ ᠲᠤᠤᠷᠠᠭᠢ ᠮᠡᠳᠤ ᠬᠤᠶᠠᠷ ᠵᠦᠢᠯ ᠤᠨ ᠠᠷᠭ᠎ᠠ ᠪᠠᠶᠢᠨ᠎ᠠ᠃
︵1︶ ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠨ ᠵᠠᠰᠠᠬᠤ᠄ ᠭᠡᠮ ᠢ ᠡᠰᠡᠷᠭᠦᠴᠡᠭᠦ ᠲᠦᠷᠦᠯ ᠵᠦᠢᠯ ᠢ ᠰᠤᠩᠭᠤᠨ᠎ᠠ︔ ᠭᠡᠮ ᠲᠡᠯᠭᠡᠷᠡᠭᠦ ᠠᠴᠠ ᠡᠮᠦᠨ᠎ᠠ ᠲᠠᠷᠦ᠋ᠢᠬᠠᠨ ᠬᠠᠳᠤᠵᠤ ᠬᠤᠷᠢᠶᠠᠨ᠎ᠠ᠃ ᠦᠶᠡᠳᠤ ᠤᠷᠭᠤᠮᠠᠯ ᠤᠨ ᠢᠵᠠᠭᠤᠷ ᠤᠨ ᠡᠪᠡᠰᠤ ᠲᠠᠢ ᠬᠤᠯᠢᠵᠤ ᠲᠠᠷᠢᠨ᠎ᠠ︔ ᠵᠤᠭᠢᠰᠳᠡᠢ ᠪᠤᠷᠳᠤᠭᠤᠷ ᠤᠷᠤᠭᠤᠯᠵᠤ᠂ ᠪᠤᠷᠳᠤᠭᠤᠷ ᠤᠷᠤᠭᠤᠯᠬᠤ ᠭᠡᠮᠵᠢᠶ᠎ᠠ ᠶᠢ ᠭᠡᠳᠦᠷᠡᠭᠦᠯᠭᠦ ᠦᠭᠡᠢ︔ ᠲᠠᠷᠢᠶᠠᠨ ᠳᠠᠬᠢ ᠭᠡᠮ ᠲᠠᠢ ᠡᠪᠡᠰᠤ ᠪᠡ ᠰᠤᠯᠠ ᠡᠪᠡᠰᠤ ᠶᠢ ᠠᠷᠢᠯᠭᠠᠵᠤ᠂ ᠲᠠᠷᠠᠭ᠎ᠠ ᠵᠢᠯ ᠤᠨ ᠬᠠᠯᠳᠠᠪᠤᠷᠢᠯᠡᠯ ᠤᠨ ᠰᠤᠷᠪᠤᠯᠵᠢ ᠶᠢ ᠬᠤᠷᠢᠠᠠᠯᠠᠨ᠎ᠠ᠃
︵2︶ ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ ᠭᠡᠮ ᠤᠨ ᠡᠭᠦᠰᠦᠯᠳᠡ ᠶᠢᠨ ᠡᠭᠢᠨ ᠤ ᠬᠤᠭᠤᠴᠠᠭᠠᠨ ᠳᠤ 75% ᠶᠢᠨ ᠪᠠᠢ ᠵᠢᠶᠦ᠋ᠨ ᠴᠢᠩ ︵百菌清︶ ᠡᠮ ᠤᠨ 500~600 ᠲᠠᠭᠢᠨ ᠤ ᠰᠢᠩᠭᠡᠨ ᠢ ᠰᠦᠷᠴᠢᠭᠦ ᠪᠤᠶᠤ 50% ᠶᠢᠨ ᠪᠧᠨ ᠵᠢᠶᠦ᠋ᠨ ᠯᠢᠩ ︵苯菌灵︶ ᠡᠮ ᠤᠨ 1500~2000 ᠲᠠᠭᠢᠨ ᠤ ᠰᠢᠩᠭᠡᠨ ᠪᠤᠶᠤ 70% ᠶᠢᠨ ᠤᠷᠤᠯᠠᠮᠠᠯ ᠰᠧᠨ ᠮᠧᠩ ᠰᠢᠨ ︵森锰锌︶ ᠡᠮ ᠤᠨ 600 ᠲᠠᠭᠢᠨ ᠤ ᠰᠢᠩᠭᠡᠨ ᠪᠤᠶᠤ 70% ᠶᠢᠨ ᠲᠦᠸᠧ ᠪᠦ᠋ ᠶᠢᠨ ︵托布津︶ ᠡᠮ ᠤᠨ 1000 ᠲᠠᠭᠢᠨ ᠤ ᠰᠢᠩᠭᠡᠨ ᠪᠤᠶᠤ 50% ᠶᠢᠨ ᠹᠦ᠋ ᠮᠸᠢ ᠱᠤᠸᠠᠩ ︵福美双︶ ᠡᠮ ᠤᠨ 500~700 ᠲᠠᠭᠢᠨ ᠤ ᠰᠢᠩᠭᠡᠨ ᠢ ᠰᠦᠷᠴᠢᠨ᠎ᠡ᠃
14. ᠵᠢᠪᠡᠷᠡᠭᠦ ᠭᠡᠮ ᠢ ᠭᠡᠷᠭᠢᠨ ᠵᠠᠰᠠᠬᠤ ᠪᠤᠢ︖
︵1︶ ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠨ ᠵᠠᠰᠠᠬᠤ᠄ ᠭᠡᠮ ᠢ ᠡᠰᠡᠷᠭᠦᠴᠡᠭᠦ ᠴᠢᠳᠡᠯ ᠲᠠᠢ ᠰᠤᠷᠲ ᠢ ᠰᠤᠩᠭᠤᠨ᠎ᠠ︔ ᠹᠤᠰᠹᠤᠷ᠂ ᠺᠠᠯᠢ ᠪᠤᠯᠤᠨ ᠺᠠᠯᠼ ᠤᠨ ᠪᠤᠷᠳᠤᠭᠤᠷ ᠢ ᠨᠡᠮᠡᠨ ᠤᠷᠤᠭᠤᠯᠵᠤ᠂ ᠠᠽᠤᠲ ᠪᠤᠷᠳᠤᠭᠤᠷ ᠢ ᠪᠠᠭ᠎ᠠ ᠤᠷᠤᠭᠤᠯᠤᠨ᠎ᠠ︔ ᠤᠰᠤ ᠶᠢ ᠵᠤᠭᠢᠰᠳᠡᠢ ᠵᠠᠯᠠᠬᠤ᠂ ᠤᠷᠤᠭᠤᠯᠬᠤ ᠪᠠ ᠲᠠᠷᠢᠶᠠᠨ ᠳᠤ ᠬᠤᠷᠠᠮᠠᠯ ᠤᠰᠤ ᠦᠭᠡᠢ ᠪᠠᠶᠢᠯᠭᠠᠨ᠎ᠠ︔ ᠭᠡᠮ ᠨᠢ ᠭᠦᠨᠳᠤ ᠨᠤᠴᠢᠳᠡᠢ ᠦᠶᠡᠰ ᠡᠪᠡᠰᠤ ᠶᠢ ᠲᠠᠷᠦ᠋ᠢᠬᠠᠨ ᠦᠯᠡᠳᠡᠭᠡᠯ ᠦᠭᠡᠢ ᠪᠠᠷ ᠬᠠᠳᠤᠵᠤ ᠬᠤᠷᠢᠶᠠᠨ᠎ᠠ᠃
︵2︶ ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ ᠵᠢᠪᠠᠷᠠᠯ ᠭᠡᠮ ᠡᠭᠦᠰᠭᠦ ᠠᠴᠠ ᠡᠮᠦᠨ᠎ᠠ 70% ᠶᠢᠨ ᠤᠷᠤᠯᠠᠮᠠᠯ ᠰᠧᠨ ᠮᠧᠩ ᠰᠢᠨ ︵森锰锌︶ ᠡᠮ ᠤᠨ 600 ᠲᠠᠭᠢᠨ ᠤ ᠰᠢᠩᠭᠡᠨ ᠪᠤᠶᠤ ᠪᠦᠸᠧ ᠡᠯ ᠳ᠋ᠦᠸᠧ ︵波尔多︶ ᠰᠢᠩᠭᠡᠨ ᠡᠮ ︵ᠲᠤᠬᠠᠶᠢᠯᠠᠪᠠᠯ ᠭᠦᠭᠦᠷ ᠭᠦᠴᠢᠯ ᠤᠨ ᠴᠠᠶᠢᠷ᠄ ᠲᠦᠭᠦᠭᠡᠢ ᠴᠤᠬᠤᠢ ᠶᠢᠨ ᠦᠨᠡᠰᠤ᠄ ᠤᠰᠤ =1᠄ 1᠄ 200 ᠶᠢᠨ ᠬᠠᠷᠢᠴᠠᠯ︶ ᠢ ᠰᠦᠷᠴᠢᠨ᠎ᠠ᠃ ᠭᠡᠮ ᠤᠨ ᠡᠭᠢᠨ ᠤ ᠬᠤᠭᠤᠴᠠᠭ᠎ᠠ ᠪᠤᠶᠤ ᠲᠤᠮᠳᠠᠴᠢ ᠬᠤᠭᠤᠴᠠᠭᠠᠨ ᠳᠤ 20% ᠶᠢᠨ ᠹᠧᠨ ᠰᠢᠤ ᠨᠢᠩ ︵粉绣宁︶ ᠲᠤᠰᠤᠨ ᠡᠮ ᠤᠨ 1000~1500 ᠲᠠᠭᠢᠨ ᠤ ᠰᠢᠩᠭᠡᠨ ᠪᠤᠶᠤ 75% ᠶᠢᠨ ᠪᠠᠢ ᠵᠢᠶᠦ᠋ᠨ ᠴᠢᠩ ︵百菌清︶ ᠡᠮ ᠤᠨ 100~120g ᠲᠡᠭᠡᠷ᠎ᠡ 70L ᠤᠰᠤ ᠨᠡᠮᠡᠵᠤ ᠵᠢᠭᠳᠡ ᠳᠤᠨᠢ ᠰᠦᠷᠴᠢᠨ᠎ᠠ᠃
15. ᠴᠠᠭᠠᠨ ᠭᠦᠭᠡᠴᠤ ᠭᠡᠮ ᠢ ᠭᠡᠷᠭᠢᠨ ᠵᠠᠰᠠᠬᠤ ᠪᠤᠢ︖
︵1︶ ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠨ ᠵᠠᠰᠠᠬᠤ᠄ ᠭᠡᠮ ᠢ ᠡᠰᠡᠷᠭᠦᠴᠡᠭᠦ ᠴᠢᠳᠠᠯ ᠲᠠᠢ ᠰᠤᠷᠲ ᠢ ᠰᠤᠩᠭᠤᠨ᠎ᠠ︔ ᠵᠤᠭᠢᠰᠳᠠᠢ ᠤᠰᠤ ᠵᠠᠯᠠᠬᠤ ᠪᠠ ᠤᠰᠤᠯᠠᠵᠤ᠂ ᠡᠪᠡᠰᠤᠨ ᠲᠠᠪᠬᠤᠷᠭ᠎ᠠ ᠭᠡᠳᠦᠷᠭᠡᠢ ᠨᠦᠢᠳᠠᠨ ᠪᠠᠶᠢᠬᠤ ᠶᠢ ᠰᠡᠷᠭᠡᠶᠢᠯᠡᠨ᠎ᠡ︔ ᠹᠤᠰᠹᠤᠷ ᠪᠤᠷᠳᠤᠭᠤᠷ᠂ ᠺᠠᠯᠢ ᠪᠤᠷᠳᠤᠭᠤᠷ ᠪᠤᠯᠤᠨ ᠪᠤᠷ᠂ ᠮᠠᠩᠭᠠᠨ᠂ ᠴᠠᠶᠢᠷ᠂ ᠲᠠᠮᠤᠷ᠂ ᠵᠠᠰ᠂ ᠮᠤᠯᠢᠪᠳ᠋ᠸᠠ ᠵᠡᠷᠭᠡ ᠪᠢᠴᠢᠯ ᠡᠯᠧᠮᠧᠨ᠋ᠲ ᠠᠭᠤᠯᠤᠭᠳᠠᠵᠦ ᠪᠦᠭᠦᠢ ᠪᠢᠴᠢᠯ ᠪᠤᠷᠳᠤᠭᠤᠷ ᠤᠷᠤᠭᠤᠯᠤᠨ᠎ᠠ︔ ᠲᠠᠷᠢᠶᠠᠨ ᠳᠠᠬᠢ ᠰᠤᠯᠠ ᠡᠪᠡᠰᠤ ᠪᠤᠯᠤᠨ ᠭᠡᠮ ᠲᠠᠢ ᠪᠤᠷᠤ ᠴᠠᠷᠭᠠᠰᠤ ᠶᠢᠨ ᠰᠠᠯᠠᠭ᠎ᠠ ᠨᠠᠮᠠᠭ᠎ᠠ ᠶᠢ ᠲᠡᠭᠦᠨ ᠠᠷᠢᠯᠭᠠᠨ᠎ᠠ᠃
︵2︶ ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ ᠪᠦᠸᠧ ᠡᠯ ᠳ᠋ᠦᠸᠧ ︵波尔多︶ ᠡᠮ ᠤᠨ ᠰᠢᠩᠭᠡᠨ ︵45% ᠶᠢᠨ ᠤᠷᠤᠯᠠᠮᠠᠯ ᠰᠸᠠ ᠠᠨ ᠤᠰᠤᠨ ᠡᠮ ᠤᠨ 1000 ᠲᠠᠭᠢᠨ ᠤ ᠰᠢᠩᠭᠡᠨ᠂ 65% ᠶᠢᠨ ᠤᠷᠤᠯᠠᠮᠠᠯ ᠰᠸᠠ ᠰᠢᠨ ᠡᠮ ᠤᠨ 400~600 ᠲᠠᠭᠢᠨ ᠤ ᠰᠢᠩᠭᠡᠨ ᠪᠤᠶᠤ 70% ᠶᠢᠨ ᠤᠷᠤᠯᠠᠮᠠᠯ ᠰᠸᠠ ᠮᠧᠩ ᠡᠮ ᠤᠨ 600~800 ᠲᠠᠭᠢᠨ ᠤ ᠰᠢᠩᠭᠡᠨ ᠪᠦᠷ ᠪᠤᠯᠤᠨ᠎ᠠ︶᠂ 40% ᠶᠢᠨ ᠢ ᠯᠢᠨ ᠴᠢᠶᠠᠨ ︵乙磷铅︶ ᠡᠮ ᠤᠨ 400 ᠲᠠᠭᠢᠨ ᠤ ᠰᠢᠩᠭᠡᠨ ᠪᠠ 70% ᠶᠢᠨ ᠪᠠᠢ ᠵᠢᠶᠦ᠋ᠨ ᠴᠢᠩ ︵百菌清︶ ᠡᠮ ᠢ 1∶2∶200 ᠶᠢᠨ ᠬᠠᠷᠢᠴᠡᠯ ᠢᠶᠠᠷ ᠬᠤᠯᠢᠭᠠᠳ 150~250g ᠢ 75L ᠤᠰᠤ ᠠᠭᠤᠰᠬᠠᠨ 1 ᠮᠦ ᠲᠠᠯᠠᠪᠠᠢ ᠳᠤ ᠵᠢᠭᠳᠡ ᠳᠤᠨᠢ ᠰᠠᠴᠤᠨ᠎ᠠ᠃
16. ᠴᠠᠭᠠᠨ ᠲᠤᠭᠤᠰᠤᠳᠤ ᠭᠡᠮ ᠢ ᠭᠡᠷᠭᠢᠨ ᠵᠠᠰᠠᠬᠤ ᠪᠤᠢ︖
︵1︶ ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠨ ᠵᠠᠰᠠᠬᠤ᠄ ᠭᠡᠮ ᠢ ᠡᠰᠡᠷᠭᠦᠴᠡᠭᠦ ᠴᠢᠳᠠᠯ ᠲᠠᠢ ᠡᠮ ᠢ ᠰᠤᠩᠭᠤᠨ᠎ᠠ︔ ᠡᠪᠡᠰᠤ ᠪᠠᠨ ᠬᠠᠳᠤᠠᠠᠰᠠᠨ ᠤ ᠰᠡᠭᠦᠯᠡᠷ᠂ ᠡᠪᠤᠯ ᠪᠤᠯᠬᠤ ᠠᠴᠠ ᠡᠮᠦᠨ᠎ᠠ ᠲᠠᠷᠢᠶᠠᠨ ᠳᠠᠬᠢ ᠰᠠᠯᠠᠭ᠎ᠠ ᠨᠠᠮᠠᠭ᠎ᠠ ᠪᠠ ᠨᠠᠪᠴᠢ ᠶᠢ ᠨᠢ ᠴᠠᠪᠠᠷᠯᠠᠨ ᠠᠷᠢᠯᠭᠠᠵᠤ᠂ ᠲᠠᠷᠠᠭ᠎ᠠ ᠵᠢᠯ ᠳᠤ ᠲᠠᠭᠢᠨ ᠡᠭᠦᠰᠭᠦ ᠰᠤᠷᠪᠤᠯᠵᠢ ᠶᠢ ᠪᠠᠭᠠᠰᠬᠠᠨ᠎ᠠ︔ ᠨᠠᠶᠢᠳᠡᠮ ᠭᠡᠮ ᠡᠭᠦᠰᠦᠭᠰᠡᠨ ᠡᠪᠡᠰᠤ ᠶᠢ ᠤᠷᠢᠳᠴᠢᠯᠠᠨ ᠬᠠᠳᠤᠵᠤ᠂ ᠪᠠᠺᠲ᠋ᠧᠷᠢ ᠶᠢᠨ ᠰᠤᠷᠪᠤᠯᠵᠢ ᠶᠢ ᠪᠠᠭᠠᠰᠬᠠᠵᠤ᠂ ᠤᠷᠭᠤᠵᠤ ᠪᠠᠶᠢᠭ᠎ᠠ ᠡᠪᠡᠰᠤᠨ ᠳᠤ ᠭᠡᠮ ᠡᠭᠦᠰᠭᠦ ᠶᠢ ᠪᠠᠭᠠᠰᠬᠠᠨ᠎ᠠ︔ ᠠᠽᠤᠲ ᠪᠤᠷᠳᠤᠭᠤᠷ ᠢ ᠪᠠᠭ᠎ᠠ ᠤᠷᠤᠭᠤᠯᠵᠤ᠂ ᠹᠤᠰᠹᠤᠷ ᠪᠤᠷᠳᠤᠭᠤᠷ᠂ ᠺᠠᠯᠢ ᠪᠤᠷᠳᠤᠭᠤᠷ᠂ ᠪᠤᠷ᠂ ᠮᠠᠩᠭᠠᠨ᠂ ᠴᠠᠶᠢᠷ᠂ ᠲᠠᠮᠤᠷ᠂ ᠵᠠᠰ ᠵᠡᠷᠭᠡ ᠪᠢᠴᠢᠯ ᠡᠯᠧᠮᠧᠨ᠋ᠲ ᠠᠭᠤᠯᠤᠭᠳᠠᠵᠦ ᠪᠦᠭᠦᠢ ᠪᠢᠴᠢᠯ ᠪᠤᠷᠳᠤᠭᠤᠷ ᠢ ᠵᠤᠭᠢᠰᠳᠡᠢ ᠨᠡᠮᠡᠨ ᠤᠷᠤᠭᠤᠯᠵᠤ᠂ ᠭᠡᠮ ᠢ ᠡᠰᠡᠷᠭᠦᠴᠡᠬᠦ ᠡᠰᠡᠷᠭᠦ ᠴᠢᠨᠠᠷ ᠢ ᠲᠡᠭᠡᠭᠰᠢᠯᠡᠭᠦᠯᠦᠨ᠎ᠠ᠃
︵2︶ ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ 70% ᠶᠢᠨ ᠲᠦᠸᠧ ᠪᠦ᠋ ᠶᠢᠨ
︵托布津︶ ᠡᠮ ᠤᠨ 1000 ᠲᠠᠭᠢᠨ ᠤ ᠰᠢᠩᠭᠡᠨ᠂ 40% ᠶᠢᠨ ᠮᠢᠶᠧ ᠵᠢᠶᠦ᠋ᠨ ᠳ᠋ᠠᠨ ︵灭菌丹︶ ᠡᠮ ᠤᠨ 800~1000 ᠲᠠᠭᠢᠨ ᠤ ᠰᠢᠩᠭᠡᠨ᠂ 50% ᠶᠢᠨ ᠪᠧᠨ ᠵᠢᠶᠦ᠋ᠨ ᠯᠢᠩ ︵苯菌灵︶ ᠡᠮ ᠤᠨ 1500~2000 ᠲᠠᠭᠢᠨ ᠤ ᠰᠢᠩᠭᠡᠨ ᠪᠤᠶᠤ 20% ᠶᠢᠨ ᠹᠸᠠ ᠰᠢᠤ ᠨᠢᠩ ᠲᠤᠰᠤᠨ ᠡᠮ ᠤᠨ 3000~5000 ᠲᠠᠭᠢᠨ ᠤ
ᠰᠢᠩᠭᠡᠨ ᠤ ᠠᠯᠢ ᠨᠢᠬᠡ
ᠶᠢ ᠨᠢ ᠰᠦᠷᠴᠢᠨ᠎ᠠ᠃
17. ᠬᠤᠨᠢᠷᠢᠬᠤ ᠭᠡᠮ ᠢ ᠭᠡᠷᠭᠢᠨ ᠵᠠᠰᠠᠬᠤ ᠪᠤᠢ︖
︵1︶ ᠲᠠᠷᠢᠶᠠᠯᠠᠩ ᠤᠨ ᠠᠷᠭ᠎ᠠ ᠪᠠᠷ ᠰᠠᠷᠭᠡᠶᠢᠯᠡᠨ ᠵᠠᠰᠠᠬᠤ᠄ ᠭᠡᠮ ᠡᠰᠡᠷᠭᠦᠴᠡᠭᠦ ᠴᠢᠳᠠᠯ ᠲᠠᠢ ᠰᠤᠷᠲ ᠢ ᠰᠤᠩᠭᠤᠨ ᠭᠡᠷᠡᠭᠯᠡᠨ᠎ᠡ︔ ᠡᠭᠡᠯᠵᠢᠯᠡᠨ ᠲᠠᠷᠢᠬᠤ ᠪᠠ ᠦᠶᠡᠳᠤ ᠤᠷᠭᠤᠮᠠᠯ ᠤᠨ ᠢᠵᠠᠭᠤᠷ ᠤᠨ ᠡᠪᠡᠰᠤ ᠲᠠᠢ ᠬᠤᠯᠢᠨ ᠲᠠᠷᠢᠨ᠎ᠠ︔ ᠡᠪᠡᠰᠤᠨ ᠲᠠᠯᠠᠪᠠᠢ ᠳᠠᠬᠢ ᠬᠠᠳ᠋ᠬᠠᠰᠠᠨ ᠨᠠᠪᠴᠢ ᠪᠠ ᠡᠪᠡᠳᠴᠢᠨ ᠲᠠᠢ ᠰᠠᠯᠠᠭ᠎ᠠ ᠨᠠᠮᠠᠭ᠎ᠠ ᠶᠢ ᠴᠡᠪᠡᠷᠯᠡᠨ ᠠᠷᠢᠯᠭᠠᠵᠤ᠂ ᠢᠷᠡᠭᠦ ᠵᠢᠯ ᠳᠤ ᠲᠠᠭᠢᠨ ᠬᠠᠯᠳᠠᠪᠤᠷᠢᠯᠠᠬᠤ ᠰᠤᠷᠪᠤᠯᠵᠢ ᠶᠢ ᠪᠠᠭᠠᠰᠬᠠᠨ᠎ᠠ᠃
︵2︶ ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ ᠲᠠᠷᠢᠬᠤ ᠠᠴᠠ ᠪᠠᠨ ᠡᠮᠦᠨ᠎ᠠ ᠳ᠋ᠦᠸᠧ ᠵᠢᠶᠦ᠋ᠨ ᠯᠢᠩ ︵多菌灵︶᠂ ᠹᠦ᠋ ᠮᠸᠢ ᠱᠤᠸᠠᠩ ︵福美双︶ ᠪᠤᠶᠤ ᠮᠧᠲ᠋ᠢᠯᠳᠦ ᠲᠦᠸᠧ ᠹᠦ᠋ ᠶᠢᠨ ︵甲基托布津︶ ᠵᠡᠷᠭᠡ ᠡᠮ ᠢᠶᠠᠷ ᠦᠷ᠎ᠠ ᠶᠢ ᠨᠢ ᠰᠢᠢᠳᠪᠤᠷᠢᠯᠡᠨ᠎ᠡ᠃ ᠭᠡᠮ ᠤᠨ ᠭᠦᠨᠦᠭᠡᠯ ᠡᠭᠦᠰᠭᠦ ᠠᠴᠠ ᠡᠮᠦᠨ᠎ᠠ 50% ᠶᠢᠨ ᠹᠦ᠋ ᠮᠸᠢ ᠱᠤᠸᠠᠩ ᠡᠮ ᠤᠨ 500~700 ᠲᠠᠭᠢᠨ ᠤ ᠰᠢᠩᠭᠡᠨ ᠢ ᠰᠦᠷᠴᠢᠨ ᠮᠠᠨᠠᠠᠳᠤᠭᠤᠯᠵᠤ᠂ ᠭᠡᠮ ᠡᠭᠦᠰᠦᠭᠰᠡᠨ ᠤ ᠰᠡᠭᠦᠯᠡᠷ 50% ᠶᠢᠨ ᠳ᠋ᠦᠸᠧ ᠵᠢᠶᠦ᠋ᠨ ᠯᠢᠩ ︵多菌灵︶ ᠡᠮ ᠤᠨ 700~1000 ᠲᠠᠭᠢᠨ ᠤ ᠰᠢᠩᠭᠡᠨ ᠤ ᠨᠢᠬᠡ ᠶᠢ ᠨᠢ ᠰᠦᠷᠴᠢᠨ᠎ᠠ᠃
18. ᠦᠨᠳᠤᠰᠤ ᠢᠯᠵᠠᠷᠠᠬᠤ ᠭᠡᠮ ᠢ ᠭᠡᠷᠭᠢᠨ ᠵᠠᠰᠠᠬᠤ ᠪᠤᠢ︖
︵1︶ ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠨ ᠵᠠᠰᠠᠬᠤ᠄ ᠭᠡᠮ ᠢ ᠡᠰᠡᠷᠭᠦᠴᠡᠭᠦ ᠴᠢᠳᠠᠯ ᠲᠠᠢ ᠭᠡᠮ ᠢ ᠰᠤᠩᠭᠤᠨ᠎ᠠ︔ ᠡᠭᠡᠯᠵᠢᠯᠡᠨ ᠲᠠᠷᠢᠬᠤ ᠪᠠ ᠦᠶᠡᠳᠤ ᠤᠷᠭᠤᠮᠠᠯ ᠤᠨ ᠢᠵᠠᠭᠤᠷ ᠤᠨ ᠡᠪᠡᠰᠤ ᠲᠠᠢ ᠬᠤᠯᠢᠵᠤ ᠲᠠᠷᠢᠨ᠎ᠠ︔ ᠴᠠᠭ ᠲᠠᠷᠤᠢ ᠳᠤᠨᠢ ᠤᠰᠤ ᠶᠢ ᠵᠠᠯᠠᠵᠤ ᠭᠠᠷᠭᠠᠨ᠂ ᠲᠠᠷᠢᠶᠠᠨ ᠲᠠᠯᠠᠪᠤᠷ ᠢᠶᠠᠨ ᠴᠠᠪᠠᠷᠯᠨᠨ ᠠᠷᠢᠯᠭᠠᠨ᠎ᠠ᠃
︵2︶ ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ ᠲᠠᠷᠢᠬᠤ ᠠᠴᠠ ᠪᠠᠨ ᠡᠮᠦᠨ᠎ᠠ 50% ᠶᠢᠨ ᠪᠧᠨ ᠵᠢᠶᠦ᠋ᠨ ᠯᠢᠩ ︵苯菌灵︶ ᠡᠮ ᠤᠨ 1500~2000 ᠲᠠᠭᠢᠨ ᠤ ᠰᠢᠩᠭᠡᠨ᠂ 70% ᠶᠢᠨ ᠤᠷᠤᠯᠠᠮᠠᠯ ᠰᠸᠠ ᠮᠧᠩ ᠰᠢᠨ ︵森锰锌︶ ᠡᠮ ᠤᠨ 600 ᠲᠠᠭᠢᠨ ᠤ ᠰᠢᠩᠭᠡᠨ᠂ 70% ᠶᠢᠨ ᠮᠧᠲ᠋ᠢᠯᠳᠦ ᠲᠦᠸᠧ ᠪᠦ᠋ ᠶᠢᠨ ︵甲基托布津︶ ᠡᠮ ᠤᠨ 1000 ᠲᠠᠭᠢᠨ ᠤ ᠰᠢᠩᠭᠡᠨ ᠢ ᠰᠦᠷᠴᠢᠨ᠎ᠠ᠃
19. ᠪᠤᠷᠤ ᠴᠠᠷᠭᠠᠰᠤᠨ ᠤ ᠬᠤᠷᠤᠬᠠᠢ ᠶᠢᠨ ᠭᠦᠨᠦᠭᠡᠯ ᠢ ᠭᠡᠷᠭᠢᠨ ᠰᠡᠷᠭᠡᠶᠢᠯᠡᠭᠦ ᠪᠤᠢ︖
︵1︶ ᠪᠤᠷᠤ ᠴᠠᠷᠭᠠᠰᠤ ᠶᠢᠨ ᠪᠠᠭᠠᠷᠠᠩ ᠬᠤᠷᠤᠬᠠᠢ ᠶᠢᠨ ᠭᠦᠨᠦᠭᠡᠯ ᠢ ᠰᠡᠷᠭᠡᠶᠢᠯᠡᠨ ᠵᠠᠰᠠᠬᠤ᠄
① ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠨ ᠵᠠᠰᠠᠬᠤ᠄ ᠬᠤᠷᠤᠬᠠᠢ ᠶᠢᠨ ᠭᠦᠨᠦᠭᠡᠯ ᠶᠡᠭᠡᠳᠡ ᠡᠭᠦᠰᠦᠭᠰᠡᠨ ᠦᠶ᠎ᠠ ᠳᠤ ᠲᠠᠷᠦ᠋ᠢᠬᠠᠨ ᠤᠷᠢᠳᠴᠢᠯᠠᠨ ᠬᠠᠳᠤᠵᠤ ᠬᠤᠷᠢᠶᠠᠨ᠎ᠠ︔ ᠪᠠᠭᠠᠷᠠᠩ ᠬᠤᠷᠤᠬᠠᠢ ᠶᠢ ᠡᠰᠡᠷᠭᠦᠴᠡᠭᠦ ᠪᠤᠷᠤ ᠴᠠᠷᠭᠠᠰᠤᠨ ᠤ ᠰᠤᠷᠲ ᠢ ᠰᠤᠩᠭᠤᠨ᠎ᠠ᠃
② ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ 50% ᠶᠢᠨ ᠺᠠᠩ ᠶᠠ ᠸᠧᠢ ︵抗蚜威︶ ᠡᠮ ᠢ ᠮᠤ᠋ ᠪᠦᠷᠢ 10~18g ᠭᠡᠷᠡᠭᠯᠡᠨ᠂ 30~50L ᠤᠰᠤ ᠨᠠᠮᠡᠵᠤ᠂ 45% ᠶᠢᠨ ᠦᠨᠳᠤᠷ ᠪᠦᠳᠦᠮᠵᠢᠳᠤ ᠯᠤ᠋ ᠴᠢᠩ ᠵᠢᠤᠢ ᡁᠢ ︵氯氰菊酯︶ ᠲᠤᠰᠤᠨ ᠡᠮ ᠢ ᠮᠤ᠋ ᠪᠦᠷᠢ 30mL ᠤᠨ ᠬᠤᠪᠢ ᠪᠠᠷ ᠰᠦᠷᠴᠢᠨ᠎ᠠ᠃
︵2︶ ᠪᠤᠷᠤ ᠴᠠᠷᠭᠠᠰᠤᠨ ᠤ ᠵᠢᠮ᠎ᠡ ᠬᠤᠷᠤᠬᠠᠢ ᠶᠢ ᠰᠡᠷᠭᠡᠶᠢᠯᠡᠨ ᠵᠠᠰᠠᠬᠤ᠄
① ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠨ ᠵᠠᠰᠠᠬᠤ᠄ ᠨᠤᠭᠤᠭᠠᠷᠠᠬᠤ ᠠᠴᠠ ᠨᠢ ᠡᠮᠦᠨ᠎ᠠ ᠡᠰᠢ ᠭᠤᠤᠷᠰᠤ ᠶᠢ ᠨᠢ ᠰᠢᠳᠠᠭᠠᠨ᠎ᠠ︔ ᠬᠤᠷᠤᠬᠠᠢ ᠶᠢᠨ ᠭᠦᠨᠦᠭᠡᠯ ᠭᠦᠨᠳᠤ ᠪᠤᠯᠬᠤ ᠠᠴᠠ ᠡᠮᠦᠨ᠎ᠠ ᠲᠠᠷᠦ᠋ᠢᠬᠠᠨ ᠬᠠᠳᠤᠵᠤ ᠬᠤᠷᠢᠶᠠᠨ᠎ᠠ᠃
② ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ 4.5% ᠶᠢᠨ ᠦᠨᠳᠤᠷ ᠪᠦᠳᠦᠮᠵᠢᠳᠤ ᠯᠤ᠋ ᠴᠢᠩ ᠵᠢᠤᠢ ᡁᠢ ︵氯氰菊酯︶ ᠲᠤᠰᠤᠨ ᠡᠮ ᠤᠨ 1000 ᠲᠠᠭᠢᠨ ᠤ ᠰᠢᠩᠭᠡᠨ ᠢ ᠰᠦᠷᠴᠢᠨ᠎ᠠ᠃
︵3︶ ᠭᠦᠷᠡᠩ ᠴᠠᠷᠭᠠᠰᠤ ᠶᠢᠨ ᠰᠢᠷᠤᠢ ᠶᠢᠨ ᠵᠢᠵᠢᠭ ᠭᠦᠷᠢ ᠶᠢᠨ ᠭᠦᠨᠦᠭᠡᠯ ᠢ ᠰᠡᠷᠭᠡᠶᠢᠯᠡᠨ ᠵᠠᠰᠠᠬᠤ᠄
① ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠨ ᠵᠠᠰᠠᠬᠤ᠄ ᠰᠤᠯᠠ ᠡᠪᠡᠰᠤ ᠶᠢ ᠨᠢ ᠠᠷᠢᠯᠭᠠᠨ᠎ᠠ᠃ ᠰᠢᠷᠤᠢ ᠶᠢᠨ ᠵᠢᠵᠢᠭ ᠭᠦᠷᠢ ᠡᠭᠦᠰᠦᠭᠰᠡᠨ ᠠᠴᠠ ᠬᠤᠶᠢᠰᠢ ᠲᠠᠷᠦ᠋ᠢᠬᠠᠨ ᠤᠰᠤᠯᠠᠪᠠᠯ᠂ ᠵᠤᠭᠢᠬᠤ ᠰᠡᠷᠭᠡᠶᠢᠯᠡᠯᠳᠡ ᠶᠢᠨ ᠦᠷ᠎ᠡ ᠪᠦᠳᠦᠮᠵᠢ ᠤᠯᠵᠤ ᠪᠤᠯᠤᠨ᠎ᠠ᠃
② ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ ᠬᠤᠤᠷᠳᠤ ᠡᠯᠡᠰᠤ ᠤᠷᠤᠭᠤᠯᠤᠨ᠎ᠠ᠃ 50% ᠤᠨ ᠰᠢᠨ ᠯᠢᠤ ᠯᠢᠨ ᠡᠮ ᠢ ᠮᠤ᠋ ᠪᠦᠷᠢ 50mL ᠶᠢᠨ ᠬᠤᠪᠢ ᠪᠠᠷ ᠲᠤᠭᠢᠳᠡᠢ ᠤᠰᠤ ᠨᠠᠮᠠᠵᠤ᠂ 125~175kg ᠨᠠᠷᠢᠨ ᠰᠢᠷᠤᠢ ᠲᠠᠢ ᠬᠤᠯᠢᠵᠤ ᠪᠠᠭᠰᠤᠷᠤᠨ ᠵᠤᠷᠠᠭ᠎ᠠ ᠶᠢ ᠲᠠᠭᠠᠭᠤᠯᠤᠨ ᠨᠢᠯᠬ᠎ᠠ ᠴᠢᠭᠢ ᠶᠢᠨ ᠰᠠᠭᠤᠷᠢ ᠶᠢᠨ ᠭᠡᠰᠡᠭ ᠲᠤᠨᠢ ᠰᠠᠴᠤᠨ᠎ᠠ᠃ 50% ᠶᠢᠨ ᠰᠢᠨ ᠯᠢᠤ ᠯᠢᠨ ︵辛硫磷︶ ᠡᠮ ᠤᠨ 1000 ᠲᠠᠭᠢᠨ ᠤ ᠰᠢᠩᠭᠡᠨ ᠢ ᠨᠢᠯᠬ᠎ᠠ ᠴᠢᠭᠢ ᠶᠢᠨ ᠦᠨᠳᠤᠰᠤᠨ ᠳᠤᠨᠢ ᠰᠠᠴᠤᠪᠠᠯ ᠮᠠᠰᠢ ᠰᠠᠶᠢᠨ ᠦᠷ᠎ᠠ ᠪᠦᠳᠦᠮᠵᠢ ᠤᠯᠤᠨ᠎ᠠ᠃ ᠬᠤᠤᠷᠳᠤ ᠦᠭᠶᠦᠭᠡ ᠶᠢ ᠭᠡᠷᠡᠭᠯᠡᠭᠦ᠄ 50% ᠶᠢᠨ ᠰᠢᠨ ᠯᠢᠤ ᠯᠢᠨ ︵辛硫磷︶ ᠡᠮ ᠢ ᠮᠤ᠋ ᠪᠦᠷᠢ 50mL ᠤᠨ ᠬᠤᠪᠢ ᠪᠠᠷ ᠭᠦᠪᠤᠩ ᠤᠨ ᠦᠷ᠎ᠡ ᠶᠢᠨ ᠪᠠᠵᠢᠮᠠᠭ 5kg ᠬᠤᠯᠢᠵᠤ ᠬᠤᠤᠷᠳᠤ ᠦᠭᠶᠤᠭᠡ ᠪᠤᠯᠭᠠᠭᠠᠳ ᠲᠠᠯᠠᠩ ᠪᠤᠶᠤ ᠵᠤᠷᠠᠭ᠎ᠠ ᠶᠢ ᠲᠠᠭᠠᠭᠤᠯᠤᠨ ᠰᠠᠴᠤᠨ᠎ᠠ᠃
︵4︶ ᠪᠤᠷᠤ ᠴᠠᠷᠭᠠᠰᠤ ᠶᠢᠨ ᠤᠮᠠᠷᠠᠳᠤ ᠶᠢᠨ ᠯᠠᠭᠤ ᠶᠢᠨ ᠭᠦᠨᠦᠭᠡᠯ ᠢ ᠰᠡᠷᠭᠡᠶᠢᠯᠡᠨ ᠵᠠᠰᠠᠬᠤ᠄
① ᠲᠠᠷᠢᠶᠠᠯᠠᠩ ᠤᠨ ᠠᠷᠭ᠎ᠠ ᠪᠠᠷ ᠰᠡᠷᠭᠡᠶᠢᠯᠡᠨ ᠵᠠᠰᠠᠬᠤ᠄ ᠲᠠᠷᠢᠵᠤ ᠤᠷᠭᠤᠭᠤᠯᠬᠤ ᠮᠡᠷᠭᠡᠵᠢᠯ ᠤᠨ ᠠᠷᠭ᠎ᠠ ᠭᠡᠮᠵᠢᠶ᠎ᠠ ᠶᠢ ᠠᠪᠴᠤ᠂ ᠯᠠᠭᠤ ᠶᠢᠨ ᠠᠮᠢᠳᠤᠷᠠᠨ ᠲᠦᠯᠵᠢᠭᠦ ᠤᠷᠴᠢᠨ ᠲᠤᠭᠤᠷᠢᠨ ᠢ ᠨᠢ ᠦᠭᠡᠷᠡᠴᠢᠯᠡᠨ᠎ᠡ᠃ ᠲᠠᠷᠦ᠋ᠢᠬᠠᠨ ᠤᠰᠤᠯᠠᠯᠳᠠ ᠭᠢᠵᠤ ᠤᠰᠠᠳᠬᠠᠨ᠎ᠠ᠃
② ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ᠄ 50% ᠶᠢᠨ ᠰᠢᠨ ᠯᠢᠤ ᠯᠢᠨ ︵辛硫磷︶ ᠡᠮ ᠢ ᠯᠠᠭᠤ ᠶᠢᠨ ᠢᠳᠡᠭᠦ ᠲᠤᠷᠠᠳᠠᠢ ᠰᠢᠭᠦᠰᠤᠳᠤ ᠰᠤᠷᠭᠤᠭ ᠨᠤᠭᠤᠭ᠎ᠠ᠂ ᠦᠨᠳᠤᠰᠤ᠂ ᠡᠰᠢ ᠪᠤᠶᠤ ᠬᠠᠭᠤᠷᠤᠠᠠᠰᠠᠨ ᠪᠤᠭᠤᠳᠠᠢ ᠶᠢᠨ ᠠᠭ᠎ᠠ᠂ ᠪᠤᠷᠴᠠᠭ ᠤᠨ ᠪᠠᠵᠢᠮᠠᠭ ᠵᠡᠷᠭᠡ ᠲᠠᠢ ᠬᠤᠯᠢᠵᠤ᠂ ᠬᠤᠤᠷᠳᠤ ᠦᠭᠶᠦᠭᠡ ᠪᠤᠶᠤ ᠬᠤᠤᠷᠳᠤ ᠡᠮ ᠪᠤᠯᠭᠠᠨ ᠲᠠᠯᠪᠢᠨ᠎ᠠ᠃
20. ᠪᠤᠷᠤ ᠴᠠᠷᠭᠠᠰᠤ ᠶᠢ ᠬᠠᠳᠤᠵᠤ ᠬᠤᠷᠢᠶᠠᠬᠤ ᠳᠤ ᠶᠠᠮᠠᠷ ᠮᠡᠷᠭᠡᠵᠢᠯ ᠢ ᠡᠵᠡᠮᠰᠢᠭᠦ ᠴᠢᠬᠤᠯᠠ ᠲᠠᠢ ᠪᠤᠢ︖
ᠪᠤᠷᠤ ᠴᠠᠷᠭᠠᠰᠤ ᠶᠢ ᠬᠠᠳᠤᠵᠤ ᠬᠤᠷᠢᠶᠠᠬᠤ ᠨᠢ ᠪᠤᠷᠤ ᠴᠠᠷᠭᠠᠰᠤ ᠶᠢᠨ ᠬᠠᠳᠠᠭᠠᠠᠠᠰᠠᠨ ᠡᠪᠡᠰᠤᠨ ᠤ ᠴᠢᠨᠠᠷ ᠲᠤ ᠮᠠᠰᠢ ᠶᠡᠭᠡ ᠨᠦᠯᠦᠭᠡ ᠲᠠᠢ ᠪᠠᠶᠢᠳᠠᠭ᠃ ᠮᠦᠨ ᠴᠦ ᠪᠤᠷᠤ ᠴᠠᠷᠭᠠᠰᠤ ᠶᠢ ᠡᠳ᠋ᠰᠢᠭᠦᠯᠭᠦ ᠶᠢᠨ ᠲᠠᠷᠢᠭᠦᠨ ᠠᠯᠬᠤᠮ ᠪᠤᠯᠤᠨ᠎ᠠ᠃ ᠪᠤᠷᠤ ᠴᠠᠷᠭᠠᠰᠤ ᠶᠢ ᠴᠢᠨᠠᠷ ᠰᠠᠶᠢᠳᠠᠢ ᠦᠨ᠎ᠠ ᠰᠠᠶᠢᠳᠠᠢ ᠬᠤᠳᠠᠯᠳᠤᠨ ᠠᠪᠬᠤ ᠪᠠᠷᠢᠮᠵᠢᠶ᠎ᠠ ᠶᠢ ᠭᠡᠷᠡᠭᠵᠢᠭᠦᠯᠦᠭᠰᠡᠨ ᠠᠴᠠ ᠬᠤᠶᠢᠰᠢ᠂ ᠬᠤᠷᠢᠶᠠᠯᠳᠠ ᠨᠢ ᠰᠢᠨᠵᠢᠯᠡᠭᠦ ᠤᠬᠠᠭᠠᠠᠴᠢ ᠪᠠᠶᠢᠬᠤ ᠡᠰᠡᠭᠦ ᠨᠢ ᠲᠠᠷᠢᠶᠠᠴᠢᠳ ᠤᠨ ᠠᠰᠢᠭ ᠤᠷᠤᠯᠭ᠎ᠠ ᠶᠢ ᠰᠢᠭᠤᠳ ᠨᠦᠯᠦᠭᠡᠯᠡᠭᠦ ᠪᠤᠯᠵᠠᠢ᠃
︵1︶ ᠪᠤᠷᠤ ᠴᠠᠷᠭᠠᠰᠤ ᠶᠢ ᠬᠠᠳᠤᠬᠤ ᠳᠠᠭᠠᠨ ᠴᠤᠮᠤᠷᠯᠢᠠᠠᠵᠢᠬᠤ ᠠᠴᠠ ᠠᠪᠤᠭᠠᠳ ᠴᠡᠴᠡᠭ ᠲᠡᠯᠭᠡᠷᠡᠭᠦ ᠬᠤᠭᠤᠴᠠᠭᠠᠨ ᠳᠤᠨᠢ ᠬᠠᠳᠤᠬᠤ ᠭᠡᠷᠡᠭᠳᠡᠢ᠃ ᠡᠭᠦᠨ ᠳᠤ ᠴᠤᠮᠤᠷᠯᠢᠠᠠᠵᠢᠬᠤ ᠦᠶ᠎ᠠ ᠳᠤᠨᠢ ᠬᠠᠳᠤᠠᠠᠰᠠᠨ ᠭᠦᠷᠡᠩ ᠴᠠᠷᠭᠠᠰᠤ ᠨᠢ ᠮᠠᠰᠢ ᠴᠢᠨᠠᠷᠯᠢᠭ ᠪᠠᠶᠢᠳᠠᠭ ᠲᠤᠯᠠ ᠴᠤᠮᠤᠷᠯᠢᠠᠠᠵᠢᠬᠤ ᠦᠶ᠎ᠠ ᠳᠤᠨᠢ ᠬᠠᠳᠤᠬᠤ ᠶᠢ ᠰᠠᠨᠠᠭᠤᠯᠤᠶ᠎ᠠ᠃
︵2︶ ᠪᠤᠷᠤ ᠴᠠᠷᠭᠠᠰᠤ ᠶᠢᠨ ᠡᠭᠦᠯᠳᠡᠷ ᠨᠢ ᠠᠳᠠᠯᠢ ᠦᠭᠡᠢ᠂ ᠤᠰᠤ ᠪᠤᠷᠳᠤᠭᠤᠷ ᠤᠨ ᠨᠦᠭᠦᠴᠡᠯ ᠠᠳᠠᠯᠢ ᠦᠭᠡᠢ ᠠᠴᠠ ᠬᠠᠳᠤᠬᠤ ᠤᠳᠠᠭ᠎ᠠ ᠲᠤᠭ᠎ᠠ ᠨᠢ ᠠᠳᠠᠯᠢ ᠦᠭᠡᠢ᠂ ᠤᠨᠠᠯᠳᠠ ᠨᠢ ᠠᠳᠠᠯᠢ ᠦᠭᠡᠢ ᠠᠴᠠ ᠪᠤᠯᠤᠭᠠᠳ ᠬᠠᠳᠤᠬᠤ ᠲᠤᠭ᠎ᠠ ᠨᠢ ᠴᠤ ᠠᠳᠠᠯᠢ ᠦᠭᠡᠢ ᠪᠠᠶᠢᠳᠠᠭ᠃ ᠶᠠᠷᠦᠩᠭᠡᠢ ᠳᠡᠭᠡᠨ ᠬᠠᠪᠤᠷ ᠲᠠᠷᠢᠠᠠᠰᠠᠨ ᠪᠤᠷᠤ ᠴᠠᠷᠭᠠᠰᠤ ᠶᠢ ᠲᠤᠬᠠᠢ ᠶᠢᠨ ᠵᠢᠯ ᠳᠤᠨᠢ ᠬᠤᠶᠠᠷ ᠤᠳᠠᠭ᠎ᠠ ᠬᠠᠳᠤᠵᠤ᠂ ᠵᠤᠨ ᠲᠠᠷᠢᠠᠠᠰᠠᠨ ᠪᠤᠷᠤ ᠴᠠᠷᠭᠠᠰᠤ ᠶᠢ ᠲᠤᠬᠠᠢ ᠶᠢᠨ ᠵᠢᠯ ᠳᠤᠨᠢ ᠨᠢᠭᠡ ᠤᠳᠠᠭ᠎ᠠ ᠬᠠᠳᠤᠵᠤ᠂ ᠨᠠᠮᠤᠷ ᠲᠠᠷᠢᠠᠠᠰᠠᠨ ᠪᠤᠷᠤ ᠴᠠᠷᠭᠠᠰᠤ ᠶᠢ ᠲᠤᠬᠠᠢ ᠶᠢᠨ ᠵᠢᠯ ᠳᠤᠨᠢ ᠬᠠᠳᠤᠬᠤ ᠦᠭᠡᠢ ᠪᠠᠶᠢᠪᠠᠯ ᠵᠤᠭᠢᠨ᠎ᠠ᠃ ᠬᠤᠶᠠᠳᠤᠭᠠᠷ ᠵᠢᠯ ᠠᠴᠠ ᠨᠢ ᠡᠭᠢᠯᠡᠨ᠂ ᠭᠡᠷᠪᠡ ᠬᠠᠮᠢᠶᠠᠷᠤᠯᠳᠠ ᠨᠢ ᠰᠢᠨᠵᠢᠯᠡᠭᠦ ᠤᠬᠠᠭᠠᠠᠴᠢ ᠪᠠᠶᠢᠪᠠᠯ ᠵᠢᠯ ᠪᠦᠷᠢ 3~5 ᠦᠶ᠎ᠠ ᠬᠠᠳᠤᠵᠤ᠂ 25~30 ᠬᠤᠨᠤᠭ ᠪᠤᠯᠬᠤ ᠪᠦᠷᠢ ᠨᠢᠭᠡ ᠤᠳᠠᠭ᠎ᠠ ᠬᠠᠳᠤᠵᠤ᠂ ᠠᠩᠬᠠᠨ ᠤ ᠬᠠᠳᠤᠯᠳᠠ ᠪᠠᠨ 5 ᠳ᠋ᠤᠭᠠᠷ ᠰᠠᠷ᠎ᠠ ᠶᠢᠨ ᠲᠤᠮᠳᠠᠴᠢ ᠪᠠᠷ ᠬᠠᠳᠤᠪᠠᠯ ᠲᠤᠭᠢᠷᠠᠮᠵᠢᠳᠡᠢ᠃ ᠬᠠᠳᠤᠬᠤ ᠶᠢ ᠬᠤᠶᠢᠰᠢᠯᠠᠭᠤᠯᠪᠠᠯ ᠪᠤᠷᠤ ᠴᠠᠷᠭᠠᠰᠤᠨ ᠤ ᠬᠠᠳ᠋ᠬᠠᠰᠠᠨ ᠡᠪᠡᠰᠤ ᠶᠢᠨ ᠴᠢᠨᠠᠷ ᠢ ᠨᠢ ᠪᠠᠭᠤᠷᠠᠭᠤᠯᠤᠨ᠎ᠠ᠃ ᠪᠤᠷᠤ ᠴᠠᠷᠭᠠᠰᠤ ᠶᠢ ᠬᠠᠮᠤᠭ ᠤᠨ ᠰᠡᠭᠦᠯᠴᠢ ᠶᠢᠨ ᠤᠳᠠᠭ᠎ᠠ ᠬᠠᠳᠤᠬᠤ ᠪᠠᠨ ᠡᠪᠤᠯ ᠤᠨ ᠠᠭᠤᠷ ᠠᠴᠠ 25~30 ᠡᠳᠤᠷ ᠤᠨ ᠡᠮᠦᠨ᠎ᠠ ᠲᠠᠭᠤᠰᠬᠠᠬᠤ ᠭᠡᠷᠡᠭᠳᠡᠢ᠃ ᠡᠰᠡ ᠲᠠᠶᠢᠮᠤ ᠪᠤᠯ ᠪᠤᠷᠤ ᠴᠠᠷᠭᠠᠰᠤ ᠶᠢᠨ ᠡᠪᠤᠯᠵᠢᠯ ᠪᠤᠯᠤᠨ ᠲᠠᠷᠠᠭ᠎ᠠ ᠵᠢᠯ ᠤᠨ ᠨᠤᠭᠤᠭᠠᠷᠠᠯᠳᠠ ᠶᠢ ᠨᠢ ᠨᠦᠯᠦᠭᠡᠯᠡᠨ᠎ᠡ᠃
︵3︶ ᠪᠤᠷᠤ ᠴᠠᠷᠭᠠᠰᠤ ᠶᠢᠨ ᠭᠤᠤᠷᠰᠤ ᠶᠤᠵᠤᠭᠤᠷ ᠢ ᠭᠡᠳᠦᠢ ᠦᠨᠳᠤᠷ ᠦᠯᠡᠳᠡᠭᠡᠭᠦ ᠲᠠᠯ᠎ᠠ ᠪᠠᠷ ᠭᠡᠳᠦᠷᠭᠡᠢ ᠦᠨᠳᠤᠷ ᠦᠯᠡᠳᠡᠭᠡᠪᠡᠯ ᠲᠤᠬᠠᠢ ᠶᠢᠨ ᠵᠢᠯ ᠤᠨ ᠤᠨᠠᠯᠳᠠ ᠶᠢ ᠨᠦᠯᠦᠭᠡᠯᠡᠨ᠎ᠡ᠃ ᠮᠦᠨ ᠴᠦ ᠲᠠᠷᠠᠭ᠎ᠠ ᠵᠢᠯ ᠤᠨ ᠨᠤᠭᠤᠭᠠᠷᠠᠯᠳᠠ ᠳᠤ ᠠᠰᠢᠭ ᠦᠭᠡᠢ᠂ ᠭᠡᠳᠡᠯ᠎ᠡ ᠭᠡᠳᠦᠷᠭᠡᠢ ᠪᠤᠭᠤᠨᠢ ᠦᠯᠡᠳᠡᠭᠡᠪᠡᠯ ᠪᠤᠷᠤ ᠴᠠᠷᠭᠠᠰᠤ ᠶᠢᠨ ᠡᠪᠤᠯᠵᠢᠯ ᠢ ᠨᠦᠯᠦᠭᠡᠯᠡᠨ᠎ᠡ᠃ ᠡᠶᠢᠮᠤ ᠠᠴᠠ ᠮᠠᠰᠢᠨ ᠢᠶᠠᠷ ᠬᠠᠳᠤᠬᠤ ᠳᠠᠭᠠᠨ 5~7cm ᠦᠨᠳᠤᠷ ᠦᠯᠡᠳᠡᠭᠡᠪᠡᠯ ᠪᠤᠯᠴᠢᠬᠠᠨ᠎ᠠ᠃
︵4︶ ᠪᠤᠷᠤ ᠴᠠᠷᠭᠠᠰᠤ ᠶᠢ ᠬᠠᠳᠤᠬᠤ ᠶᠠᠪᠤᠴᠠ ᠳᠠᠭᠠᠨ ᠲᠤᠤᠷᠠᠭᠢ ᠲᠦᠷᠪᠡᠨ ᠵᠦᠢᠯ ᠢ ᠠᠩᠬᠠᠷᠬᠤ ᠭᠡᠷᠡᠭᠳᠡᠢ᠃
① ᠤᠬᠤᠷᠬᠠᠨ ᠴᠠᠭ ᠢᠶᠠᠷ ᠬᠠᠳᠠᠭᠠᠬᠤ ᠭᠡᠷᠡᠭᠳᠡᠢ᠃ ② ᠬᠠᠳᠠᠭᠠᠠᠠᠰᠠᠨ ᠰᠡᠭᠦᠯᠴᠢ ᠶᠢᠨ ᠬᠤᠭᠤᠴᠠᠭᠠᠨ ᠳᠤ ᠪᠤᠷᠤ ᠴᠠᠷᠭᠠᠰᠤ ᠶᠢᠨ ᠡᠯ᠎ᠠ ᠭᠡᠰᠡᠭ ᠤᠨ ᠤᠰᠤᠨ ᠤ ᠠᠭᠤᠯᠤᠭᠳᠠᠴᠨ ᠶᠢ ᠠᠯᠢ ᠴᠢᠳᠠᠬᠤ ᠪᠠᠷ ᠵᠢᠭᠳᠡᠭᠡᠨ ᠪᠠᠶᠢᠯᠭᠠᠬᠤ ᠭᠡᠷᠡᠭᠳᠡᠢ᠃ ③ ᠡᠪᠡᠰᠤ ᠤᠷᠪᠠᠭᠤᠯᠬᠤ᠂ ᠬᠠᠮᠤᠬᠤ᠂ ᠤᠪᠤᠭᠠᠯᠠᠬᠤ᠂ ᠪᠤᠭᠤᠵᠢᠯᠠᠬᠤ ᠳᠠᠭᠠᠨ ᠪᠤᠷᠤ ᠴᠠᠷᠭᠠᠰᠤ ᠶᠢ ᠤᠶᠠᠨ ᠵᠦᠭᠡᠯᠡᠨ᠂ ᠨᠠᠪᠴᠢ ᠨᠢ ᠤᠨᠠᠬᠤ ᠦᠭᠡᠢ᠂ ᠠᠮᠠᠷᠬᠠᠨ ᠨᠤᠭᠤᠷᠠᠵᠤ ᠬᠤᠭᠤᠷᠠᠬᠤ ᠦᠭᠡᠢ ᠦᠶ᠎ᠠ ᠳᠤᠨᠢ ᠭᠦᠢᠴᠡᠳᠭᠡᠭᠦ ᠭᠡᠷᠡᠭᠳᠡᠢ᠃ ᠤᠰᠤᠨ ᠤ ᠠᠭᠤᠯᠤᠭᠳᠠᠴᠨ ᠨᠢ 17%~20% ᠪᠠᠶᠢᠬᠤ ᠶᠢᠨ ᠦᠶᠡᠰ ᠲᠤᠨᠢ ᠪᠤᠭᠤᠵᠢᠯᠠᠵᠤ ᠪᠤᠯᠤᠨ᠎ᠠ᠃ ④ ᠪᠤᠷᠤᠭᠠᠨ᠂ ᠰᠢᠭᠦᠳᠡᠷᠢ ᠳᠤ ᠨᠤᠷᠬᠤ ᠪᠠ ᠨᠠᠷᠠᠨ ᠳᠤ ᠰᠢᠷᠦᠭᠦᠨ ᠰᠢᠷᠬᠠᠳᠠᠬᠤ ᠠᠴᠠ ᠰᠡᠷᠭᠡᠶᠢᠯᠡᠭᠦ ᠭᠡᠷᠡᠭᠳᠡᠢ᠃