|
ᠬᠥᠨᠳᠤ ᠨᠤᠴᠢᠳᠠᠢ ᠴᠥᠮ᠎ᠡ ᠶᠢᠨ ᠡ᠊ᠨᠳᠡᠯ ᠢ ᠦᠢᠯᠠᠭᠠᠵᠤ ᠮᠡᠳᠡᠵᠤ ᠪᠤᠯᠤᠨ᠎ᠠ |
|
|
ᠨᠡᠶᠢᠲᠡᠯᠡᠭᠰᠡᠨ ᠴᠠᠭ᠄
2015/3/2
|
|
ᠴᠥᠮ᠎ᠡ ᠶᠢᠨ ᠤᠷᠪᠠᠯ ᠤᠨ ᠵᠤᠤᠬ᠎ᠠ᠂ ᠴᠥᠮ᠎ᠡ ᠶᠢᠨ ᠴᠠᠬᠢᠯᠭᠠᠨ ᠥᠷᠳᠡᠭᠡ ᠨᠢ ᠭᠡᠷᠪᠡ ᠡ᠊ᠨᠳᠡᠯ ᠡᠬᠦᠰᠪᠡᠯ᠂ ᠶᠡᠭᠡ ᠭᠡᠮᠵᠢᠶᠡᠨ ᠤ ᠰᠠᠴᠤᠷᠠᠭ ᠪᠤᠳᠠᠰ ᠢ ᠠᠭᠠᠷ ᠲᠤ ᠲᠠᠷᠬᠠᠭᠠᠵᠤ᠂ ᠶᠡᠭᠡ ᠭᠡᠮᠵᠢᠶᠡᠨ ᠤ ᠰᠠᠴᠤᠷᠠᠭ ᠥᠨᠡᠰᠤ ᠲᠤᠭᠤᠰᠤ ᠶᠢ ᠪᠤᠢ ᠪᠤᠯᠭᠠᠳᠠᠭ᠃ ᠲᠡᠷᠡ ᠨᠢ ᠬᠥᠮᠥᠨ ᠤ ᠪᠡᠶ᠎ᠡ ᠳᠤ ᠰᠢᠭᠤᠳ ᠲᠤᠰᠳᠠᠭ ᠪᠥᠭᠡᠳ ᠪᠠᠰᠠ ᠠᠮᠢᠰᠬᠤᠬᠤ᠂ ᠠᠷᠠᠰᠤ ᠬᠥᠷᠥᠰᠤ ᠪᠤᠬᠢᠷᠳᠤᠬᠤ᠂ ᠢᠳᠡᠵᠤ ᠤᠤᠭᠤᠬᠤ ᠵᠡᠷᠭᠡ ᠪᠠᠷ ᠲᠡᠮᠵᠢᠨ ᠬᠥᠮᠥᠨ ᠤ ᠪᠡᠶ᠎ᠡ ᠳᠤ ᠨᠡᠪᠴᠢᠳᠡᠭ᠃ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ ●ᠷᠠᠳᠢᠤ᠋ ᠨᠡᠪᠳᠡᠷᠡᠬᠦᠯᠭᠡ᠂ ᠲᠧᠯᠸᠢᠰ ᠵᠡᠷᠭᠡ ᠪᠠᠷ ᠲᠡᠮᠵᠢᠨ ᠴᠥᠮ᠎ᠠ ᠶᠢᠨ ᠴᠠᠬᠢᠯᠭᠠᠨ ᠥᠢᠯᠡᠳᠪᠥᠷᠢ ᠪᠤᠶᠤ ᠴᠥᠮ᠎ᠡ ᠶᠢᠨ ᠤᠷᠪᠠᠯ ᠤᠨ ᠵᠤᠤᠬ᠎ᠠ ᠨᠢ ᠴᠥᠮ᠎ᠠ ᠶᠢᠨ ᠡ᠊ᠨᠳᠡᠯ ᠡᠬᠦᠰᠥᠭᠰᠡᠨ ᠢ ᠤᠯᠵᠤ ᠮᠡᠳᠡᠪᠡᠯ᠂ ᠠᠯᠢ ᠴᠢᠳᠠᠬᠤ ᠪᠠᠷ ᠭᠡᠷ ᠠᠴᠠ ᠪᠠᠨ ᠭᠠᠷᠬᠤ ᠥᠭᠡᠢ ᠪᠠᠶᠢᠵᠤ᠂ ᠡᠬᠦᠳᠡ ᠴᠤᠩᠬᠤ ᠪᠠ ᠪᠤᠢ ᠪᠥᠬᠦᠢ ᠰᠠᠯᠬᠢ ᠨᠡᠪᠳᠡᠷᠡᠬᠦ ᠰᠢᠰᠲ᠋ᠧᠮ ᠢ ᠶᠠᠭ ᠲᠠᠭ ᠲᠡᠷᠤᠬᠤ ᠭᠡᠷᠡᠭᠳᠡᠢ᠃ ᠭᠡᠷᠪᠡ ᠥᠷᠥᠭᠡ ᠭᠡᠷ ᠠᠴᠠ ᠪᠠᠨ ᠭᠠᠳᠠᠨ᠎ᠠ ᠪᠠᠶᠢᠪᠠᠯ ᠭᠠᠷ ᠤᠨ ᠠᠯᠴᠢᠭᠤᠷ᠂ ᠠᠮᠠᠪᠴᠢ᠂ ᠡᠷᠡᠬᠦᠯ ᠬᠠᠮᠠᠭᠠᠯᠠᠯ ᠤᠨ ᠴᠠᠭᠠᠰᠤ ᠠᠯᠴᠢᠭᠤᠷ ᠪᠤᠶᠤ ᠪᠤᠰᠤᠳ ᠵᠥᠢᠯ ᠢᠶᠠᠷ ᠠᠮᠠ ᠬᠠᠮᠠᠷ ᠢᠶᠠᠨ ᠲᠡᠷᠤᠵᠤ᠂ ᠰᠠᠯᠬᠢ ᠥᠭᠡᠳᠡ ᠵᠠᠶᠢᠯᠠᠵᠤ᠂ ᠠᠮᠤᠷ ᠲᠥᠪᠰᠢᠨ ᠭᠠᠵᠠᠷ ᠢ ᠰᠤᠩᠭᠤᠨ ᠪᠡᠶ᠎ᠡ ᠲᠠᠯᠳᠠᠯᠠᠬᠤ ᠭᠡᠷᠡᠭᠳᠡᠢ᠃ ●ᠬᠤᠪᠴᠠᠰᠤ ᠬᠤᠨᠠᠷ ᠪᠠ ᠠᠷᠠᠰᠤ ᠬᠥᠷᠥᠰᠤ ᠴᠢᠨᠢ ᠪᠤᠬᠢᠷᠳᠤᠭᠰᠠᠨ ᠪᠤᠶᠤ ᠪᠤᠷᠬᠢᠷᠳᠤᠵᠤ ᠮᠡᠳᠡᠬᠦ ᠥᠶᠡᠰ᠂ ᠭᠠᠳᠠᠷ ᠬᠤᠪᠴᠠᠰᠤ ᠪᠠᠨ ᠲᠠᠶᠢᠯᠬᠤ ᠶᠢᠨ ᠲᠠᠭᠠᠤ᠂ ᠭᠠᠷ᠂ ᠨᠢᠭᠤᠷ᠂ ᠲᠤᠯᠤᠭᠠᠢ ᠪᠠᠨ ᠰᠠᠶᠢᠳᠤᠷ ᠤᠬᠢᠶᠠᠨ᠎ᠠ᠃ ●ᠪᠤᠬᠢᠷᠳᠤᠯ ᠤᠨ ᠤᠷᠤᠨ ᠠᠴᠠ ᠵᠠᠶᠢᠯᠠᠭᠰᠠᠨ ᠤ ᠰᠡᠬᠦᠯᠡᠷ᠂ ᠪᠤᠬᠢᠷᠳᠤᠭᠰᠠᠨ ᠬᠤᠪᠴᠠᠰᠤ ᠬᠤᠨᠠᠷ ᠢᠶᠠᠨ ᠲᠥᠪᠯᠡᠷᠡᠬᠦᠯᠥᠨ ᠰᠢᠳᠠᠭᠠᠬᠤ ᠪᠠ ᠪᠤᠯᠠᠬᠤ ᠶᠢ ᠠᠩᠬᠠᠷᠤᠯ ᠳᠤ ᠠᠪᠤᠨ᠎ᠠ᠃ ᠲᠤᠰᠬᠠᠢ ᠮᠡᠷᠭᠡᠵᠢᠯᠳᠡᠨ ᠤ ᠰᠠᠨᠠᠭᠤᠯᠤᠮᠵᠢ ◇ᠴᠥᠮ᠎ᠡ ᠶᠢᠨ ᠡ᠊ᠨᠳᠡᠯ ᠡᠬᠦᠰᠥᠭᠰᠡᠨ ᠥᠶᠡᠰ᠂ ᠬᠠᠮᠢᠶ᠎ᠠ ᠪᠥᠬᠦᠢ ᠰᠠᠯᠠᠭ᠎ᠠ ᠮᠥᠴᠢᠷ ᠪᠤᠶᠤ ᠲᠤᠰᠬᠠᠢ ᠠᠵᠢᠯᠳᠠᠨ ᠤ ᠵᠢᠯᠤᠭᠤᠳᠤᠯᠭ᠎ᠠ ᠶᠢ ᠰᠤᠨᠤᠰᠴᠤ᠂ ᠱᠠᠯᠠᠪᠬᠠᠨ ᠠᠷᠭ᠎ᠠ ᠭᠡᠮᠵᠢᠶ᠎ᠡ ᠠᠪᠴᠤ᠂ ᠰᠠᠴᠤᠷᠠᠭ ᠪᠤᠳᠠᠰ ᠢ ᠰᠢᠩᠭᠡᠭᠡᠨ ᠠᠪᠬᠤ ᠠᠴᠠ ᠰᠡᠷᠭᠡᠶᠢᠯᠡᠨ᠎ᠡ᠃ ◇ᠲᠡᠷᠦ᠋ᠢᠬᠠᠨ ᠤᠢᠢᠷ᠎ᠠ ᠬᠠᠪᠢ ᠶᠢᠨ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠪᠠᠷᠢᠯᠭ᠎ᠠ ᠳᠤ ᠨᠢᠭᠤᠭᠳᠠᠪᠡᠯ ᠰᠠᠶᠢᠨ ᠃ |
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|