ᠭᠠᠵᠠᠷ ᠴᠥᠮᠥᠷᠡᠬᠦ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2015/3/2

     ᠭᠠᠵᠠᠷ ᠴᠥᠮᠥᠷᠡᠬᠦ ᠭᠡᠳᠡᠭ ᠪᠤᠯ ᠭᠠᠵᠠᠷ ᠤᠨ ᠭᠠᠳᠠᠷᠭᠤ ᠶᠢᠨ ᠴᠢᠯᠠᠭᠤ ᠪᠤᠶᠤ ᠬᠥᠷᠥᠰᠥ ᠰᠢᠷᠤᠢ ᠨᠢ ᠪᠠᠶᠢᠭᠠᠯᠢ   ᠶᠢᠨ ᠥᠢᠯᠡᠳᠥᠯ ᠪᠤᠶᠤ ᠬᠥᠮᠥᠨ ᠲᠥᠷᠥᠯᠬᠢᠳᠡᠨ ᠤ ᠥᠢᠯᠡᠳᠴᠤ ᠬᠥᠳᠡᠯᠭᠡᠭᠰᠡᠨ ᠭᠠᠵᠠᠷ ᠲᠤᠤᠷᠠᠬᠢ ᠪᠠᠷᠢᠯᠭ᠎ᠠ ᠶᠢᠨ  ᠨᠥᠯᠥᠭᠡᠯᠡᠯ ᠢᠶᠠᠷ ᠴᠥᠮᠥᠷᠡᠵᠤ ᠤᠷᠤᠭᠰᠠᠨ ᠠᠴᠠ ᠪᠤᠯᠵᠤ ᠭᠠᠵᠠᠷ ᠤᠨ ᠭᠠᠳᠠᠷᠭᠤ ᠳᠤ ᠴᠥᠮᠥᠷᠡᠵᠤ ᠤᠷᠤᠭᠰᠠᠨ ᠨᠥᠭᠡ  ᠭᠠᠷᠬᠤ ᠥᠵᠡᠭᠳᠡᠯ ᠪᠤᠶᠤ ᠶᠠᠪᠤᠴᠠ ᠶᠢ ᠭᠡᠯᠡᠨ᠎ᠡ᠃        
     ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ        
     ○ ᠪᠠᠷᠢᠯᠭ᠎ᠠ ᠶᠢᠨ ᠤᠢᠢᠷ᠎ᠠ ᠬᠠᠪᠢ ᠪᠠᠷ ᠴᠥᠮᠥᠷᠡᠭᠰᠡᠨ ᠨᠥᠭᠡ ᠶᠢ ᠲᠡᠷᠦ᠋ᠢᠬᠠᠨ ᠪᠥᠭᠯᠡᠵᠤ᠂ ᠪᠠᠷᠢᠯᠭ᠎ᠠ ᠶᠢᠨ  ᠯᠠᠪᠳᠠᠭᠤᠨ ᠲᠤᠭᠳᠠᠭᠤᠨ ᠪᠠᠶᠢᠬᠤ ᠶᠢ ᠨᠥᠯᠥᠭᠡᠯᠡᠬᠦ ᠠᠴᠠ ᠰᠡᠷᠭᠡᠶᠢᠯᠡᠬᠦ ᠭᠡᠷᠡᠭᠳᠡᠢ᠃        
     ○ ᠪᠠᠷᠢᠯᠭ᠎ᠠ ᠶᠢᠨ ᠤᠢᠢᠷ᠎ᠠ ᠬᠠᠪᠢ ᠪᠠᠷ ᠭᠠᠷᠤᠭᠰᠠᠨ ᠭᠠᠵᠠᠷ ᠤᠨ ᠠᠩ ᠵᠠᠪᠰᠠᠷ ᠢ ᠲᠠᠷᠦ᠋ᠢᠬᠠᠨ ᠪᠥᠭᠯᠡᠵᠤ᠂  ᠤᠰᠤ ᠤᠷᠤᠰᠤᠨ ᠤᠷᠤᠬᠤ ᠠᠴᠠ  ᠰᠡᠷᠭᠡᠶᠢᠯᠡᠨ᠎ᠡ᠃        
     ○ ᠬᠥᠳᠡᠭᠡ ᠭᠠᠳᠠᠨ᠎ᠠ ᠶᠠᠪᠤᠬᠤ ᠪᠤᠶᠤ ᠮᠠᠯ ᠬᠠᠷᠢᠭᠤᠯᠬᠤ ᠳᠠᠭᠠᠨ ᠴᠥᠮᠥᠷᠡᠬᠦ ᠠᠶᠤᠯ ᠲᠠᠢ ᠭᠠᠵᠠᠷ ᠲᠤ ᠤᠴᠢᠵᠤ  ᠪᠤᠯᠬᠤ ᠥᠭᠡᠢ᠃        
    ᠲᠤᠰᠬᠠᠢ ᠮᠡᠷᠭᠡᠵᠢᠯᠳᠡᠨ ᠤ ᠰᠠᠨᠠᠭᠤᠯᠤᠮᠵᠢ        
     ◇ ᠭᠠᠵᠠᠷ ᠢ ᠨᠢ ᠮᠠᠯᠳᠠᠵᠤ ᠬᠥᠨᠳᠡᠶᠢᠯᠡᠭᠰᠡᠨ ᠤᠷᠤᠨ ᠳᠠᠬᠢ ᠰᠠᠭᠤᠭᠠᠯᠢ ᠠᠷᠠᠳ ᠭᠡᠷ ᠪᠠᠶᠢᠰᠢᠩ ᠤᠨ ᠢᠶᠠᠨ  ᠡᠮᠥᠨᠡᠬᠦᠷ ᠬᠤᠶᠢᠭᠤᠷᠬᠢ ᠭᠠᠵᠠᠷ ᠲᠤ ᠢᠯᠡᠷᠭᠡᠢ ᠬᠤᠪᠢᠷᠠᠯᠳᠠ ᠭᠠᠷᠬᠤ᠂ ᠠᠩ ᠵᠠᠪᠰᠠᠷ ᠭᠠᠷᠬᠤ ᠵᠡᠷᠭᠡ ᠥᠵᠡᠭᠳᠡᠯ ᠢ  ᠥᠷᠬᠦᠯᠵᠢ ᠠᠩᠬᠠᠷᠬᠤ ᠭᠡᠷᠡᠭᠳᠡᠢ᠃        
     ◇ ᠶᠡᠭᠡ ᠪᠤᠷᠤᠭᠠᠨ ᠤᠷᠤᠭᠰᠠᠨ ᠥᠶ᠎ᠡ ᠳᠤ ᠭᠠᠵᠠᠷ ᠲᠡᠭᠡᠷᠡᠬᠢ ᠤᠰᠤ ᠶᠡᠭᠡ ᠭᠡᠮᠵᠢᠶ᠎ᠡ ᠪᠠᠷ᠂ ᠮᠠᠰᠢ ᠲᠥᠷᠭᠡᠨ   ᠢᠶᠠᠷ ᠭᠠᠵᠠᠷ ᠲᠤ ᠰᠢᠮᠡᠳᠥᠨ ᠤᠷᠤᠵᠤ ᠪᠠᠶᠢᠬᠤ ᠡᠰᠡᠬᠦ ᠶᠢ  ᠠᠩᠬᠠᠷᠤᠭᠠᠷᠠᠢ᠃        
     ◇ ᠭᠠᠵᠠᠷ ᠤᠨ ᠭᠠᠳᠠᠷᠭᠤ ᠳᠤ ᠴᠠᠭᠠᠷᠢᠬ ᠭᠡᠯᠪᠡᠷᠢ ᠲᠠᠢ ᠠᠩ ᠵᠠᠪᠰᠠᠷ ᠭᠠᠷᠴᠤ ᠲᠠᠰᠤᠷᠠᠯᠳᠠ ᠥᠭᠡᠢ ᠶᠡᠭᠡᠰᠴᠤ᠂  ᠵᠠᠷᠢᠮ ᠭᠡᠰᠡᠭ ᠭᠠᠵᠠᠷ ᠲᠤᠨᠢ ᠬᠥᠳᠦ᠋ᠢᠬᠦ ᠪᠤᠶᠤ ᠬᠤᠳᠦ᠋ᠢᠵᠤ ᠪᠠᠶᠢᠪᠠᠯ᠂ ᠲᠠᠷᠦ᠋ᠢᠬᠠᠨ ᠵᠠᠶᠢᠯᠠᠬᠤ ᠶᠢᠨ ᠬᠠᠮᠳᠤ  ᠬᠤᠯᠪᠤᠭᠳᠠᠯ ᠪᠥᠬᠦᠢ ᠰᠠᠯᠠᠭ᠎ᠠ ᠮᠥᠴᠢᠷ ᠲᠤ ᠮᠡᠳᠡᠬᠦᠯᠬᠦ ᠭᠡᠷᠡᠭᠳᠡᠢ᠂ ᠬᠠᠷᠢᠨ ᠭᠡᠨᠡᠨ ᠪᠤᠳᠤᠯ ᠢᠶᠠᠷ ᠤᠤᠯ ᠭᠠᠵᠠᠷ ᠲᠠᠭᠠᠨ  ᠪᠤᠶᠤ ᠭᠡᠷ ᠤᠷᠤᠨ ᠳᠠᠭᠠᠨ ᠬᠤᠷᠭᠤᠳᠠᠵᠤ ᠪᠤᠯᠬᠤ ᠥᠭᠡᠢ᠃


ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map