︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2015/3/31

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                      

                                   204 ᠳ᠋ᠤᠭᠡᠷ ᠲᠤᠭᠠᠳᠤ

      ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2014 ᠣᠨ ᠤ 11 ᠳ᠋ᠤᠭᠡᠷ ᠰᠠᠷ᠎ᠠ ᠶᠢᠨ 7 ᠤ ᠡᠳᠦᠷ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠤᠴᠢᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2014 ᠣᠨ ᠤ 12 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠵᠦ ᠬᠡᠷᠡᠭᠵᠢᠭᠦᠯᠥᠨ᠎ᠡ᠃                                

                                    ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ     ᠪᠠᠭᠠᠲᠤᠷ
                                      2014 ᠣᠨ ᠤ 11 ᠳ᠋ᠤᠭᠡᠷ ᠰᠠᠷ᠎ᠠ ᠶᠢᠨ 18 ᠤ ᠡᠳᠦᠷ

     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ︾ ᠳᠤ ᠳᠣᠣᠷᠠᠬᠢ ᠮᠡᠲᠦ ᠵᠠᠰᠠᠪᠤᠷᠢ ᠣᠷᠤᠭᠤᠯᠬᠤ ᠪᠠᠷ ᠲᠣᠭᠲᠠᠪᠠ᠄
     ᠨᠢᠭᠡ᠂ ᠨᠠᠢᠮᠠᠳᠤᠭᠠᠷ ᠵᠦᠢᠯ ᠤᠨ ᠨᠢᠭᠡᠳᠦᠭᠡᠷ ᠵᠣᠷᠪᠣᠰ ᠲᠤ᠄ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠣᠬᠢᠷᠠᠬᠤ ᠭᠠᠶᠢᠯᠢ ᠶᠢᠨ ᠨᠤᠷᠮ᠎ᠠ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠬᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠣᠬᠢᠷᠠᠬᠤ ᠭᠠᠶᠢᠯᠢ ᠶᠢᠨ ᠨᠤᠷᠮ᠎ᠠ ᠶᠢᠨ ᠰᠠᠭᠤᠷᠢᠨ ᠳᠡᠭᠡᠷ᠎ᠡ 50% ᠪᠠᠷ ᠳᠡᠭᠡᠭᠰᠢᠯᠡᠭᠦᠯᠦᠨ᠎ᠡ ᠭᠡᠵᠦ ᠵᠠᠰᠠᠪᠤᠷᠢ ᠣᠷᠣᠭᠤᠯᠪᠠ᠃
     ᠬᠤᠶᠠᠷ᠂ ᠠᠷᠪᠠᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠲᠤ᠄ ᠣᠢ ᠰᠢᠭᠤᠢ ᠶᠢᠨ ᠭᠠᠵᠠᠷ᠂ ᠪᠡᠯᠴᠢᠭᠡᠷ ᠤᠨ ᠭᠠᠵᠠᠷ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠳᠤ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠭᠠᠳᠠᠷᠭᠤ ᠵᠢᠴᠢ ᠵᠢᠭᠠᠰᠤᠨ ᠠᠵᠤ ᠠᠬᠤᠢ ᠶᠢᠨ ᠤᠰᠤᠨ ᠤ ᠲᠠᠩ ᠵᠡᠷᠭᠡ ᠪᠤᠰᠤᠳ ᠲᠠᠷᠢᠶᠠᠨ ᠭᠠᠵᠠᠷ ᠲᠤ ᠭᠡᠷ ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠬᠦ ᠳᠤ᠂ ᠲᠤᠰ ᠠᠷᠭ᠎ᠠ ᠶᠢᠨ ᠲᠣᠭᠲᠠᠭᠠᠯ ᠲᠠᠢ ᠬᠠᠷᠢᠴᠠᠭᠤᠯᠵᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠵᠤ᠂ ᠲᠣᠬᠢᠷᠠᠬᠤ ᠭᠠᠶᠢᠯᠢ ᠶᠢᠨ ᠨᠤᠷᠮ᠎ᠠ ᠨᠢ ᠲᠤᠬᠠᠢ ᠶᠢᠨ ᠭᠠᠵᠠᠷ ᠤᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠪᠠᠷᠢᠮᠵᠢᠶ᠎ᠠ ᠲᠠᠢ ᠠᠳᠠᠯᠢ ᠪᠣᠯᠭᠠᠬᠤ ᠬᠡᠷᠡᠭᠲᠡᠢ ᠭᠡᠵᠦ ᠵᠠᠰᠠᠪᠤᠷᠢ ᠣᠷᠣᠭᠤᠯᠪᠠ᠃
     ᠲᠤᠰ ᠲᠣᠭᠲᠠᠭᠠᠯ ᠢ 2014 ᠣᠨ ᠤ 12 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠵᠦ ᠬᠡᠷᠡᠭᠵᠢᠭᠦᠯᠥᠨ᠎ᠡ᠃
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ︾ ᠨᠢ ᠲᠤᠰ ᠲᠣᠭᠲᠠᠭᠠᠯ ᠢ ᠦᠨᠳᠦᠰᠦᠯᠡᠵᠦ ᠵᠣᠬᠢᠬᠤ ᠵᠠᠰᠠᠪᠤᠷᠢ ᠣᠷᠣᠭᠤᠯᠵᠤ᠂ ᠰᠢᠨ᠎ᠡ ᠪᠠᠷ ᠨᠡᠶᠢᠲᠡᠯᠡᠪᠡ᠃

                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ

                   ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ

     ︵2008 ᠣᠨ ᠤ 5 ᠳ᠋ᠤᠭᠠᠷ ᠰᠠᠷ᠎ᠠ ᠶᠢᠨ 30 ᠤ ᠡᠳᠦᠷ ᠤᠨ ᠨᠡᠶᠢᠲᠡᠯᠡᠭᠰᠡᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 158 ᠳ᠋ᠤᠭᠠᠷ ᠲᠣᠭᠠᠲᠤ ᠪᠠᠷ ᠨᠡᠶᠢᠲᠡᠯᠡᠪᠡ᠃ 2014 ᠣᠨ ᠤ 11 ᠳ᠋ᠤᠭᠡᠷ ᠰᠠᠷ᠎ᠠ ᠶᠢᠨ 18 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠵᠦ ᠵᠠᠰᠠᠪᠤᠷᠢ ᠣᠷᠣᠭᠤᠯᠪᠠ︶

     ᠨᠢᠭᠡᠳᠦᠭᠡᠷ ᠵᠦᠢᠯ   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
     ᠬᠤᠶᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠲᠠᠷᠢᠶᠠᠨ ᠭᠠᠵᠠᠷ ᠪᠣᠯ ᠲᠠᠷᠢᠮᠠᠯ ᠤᠨ ᠵᠦᠢᠯ ᠢ ᠲᠠᠷᠢᠬᠤ ᠳᠤ ᠬᠡᠷᠡᠭᠯᠡᠬᠦ ᠭᠠᠵᠠᠷ ᠰᠢᠷᠤᠢ ᠶᠢ ᠵᠢᠭᠠᠵᠤ ᠪᠤᠢ᠃
     ᠭᠤᠷᠪᠠᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠲᠣᠲᠤᠷ᠎ᠠ ᠲᠠᠷᠢᠶᠠᠨ ᠭᠠᠵᠠᠷ ᠡᠵᠡᠯᠡᠨ ᠭᠡᠷ ᠪᠠᠷᠢᠬᠤ ᠪᠤᠶᠤ ᠲᠠᠷᠢᠶᠠᠯᠠᠩ ᠶᠢᠨ ᠪᠤᠰᠤ ᠪᠦᠲᠦᠭᠡᠨ ᠪᠠᠶᠢᠭᠤᠯᠤᠯᠲᠠ ᠬᠢᠬᠦ ᠨᠢᠭᠡᠴᠡ ᠪᠤᠶᠤ ᠬᠤᠪᠢ ᠬᠦᠮᠦᠨ ᠪᠣᠯ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠭᠠᠶᠢᠯᠢ ᠲᠤᠰᠢᠶᠠᠭᠴᠢ ᠪᠣᠯᠣᠨ᠎ᠠ᠃
     ᠡᠮᠦᠨᠡᠬᠢ ᠵᠤᠷᠪᠤᠰ ᠲᠤ ᠬᠡᠯᠡᠵᠤ ᠪᠠᠶᠢᠭ᠎ᠠ ᠨᠢᠭᠡᠴᠡ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠠᠮᠲᠤ ᠶᠢᠨ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢᠴᠠᠭᠠᠲᠤ ᠳᠦᠷᠢᠮ ᠤᠨ ᠠᠵᠤ ᠠᠬᠤᠶᠢᠯᠠᠯ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠭᠰᠠᠨ ᠠᠵᠤ ᠠᠬᠤᠶᠢᠯᠠᠯ᠂ ᠭᠠᠳᠠᠭᠠᠳᠤ ᠶᠢᠨ ᠠᠵᠤ ᠠᠬᠤᠶᠢᠯᠠᠯ ᠵᠢᠴᠢ ᠪᠤᠰᠤᠳ ᠠᠵᠤ ᠠᠬᠤᠶᠢᠯᠠᠯ ᠪᠣᠯᠣᠨ ᠠᠵᠤ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠲᠥᠷᠥ ᠶᠢᠨ ᠪᠠᠶᠢᠭᠤᠯᠭ᠎ᠠ᠂ ᠴᠡᠷᠢᠭ ᠠᠩᠭᠢ ᠵᠢᠴᠢ ᠪᠤᠰᠤᠳ ᠨᠢᠭᠡᠴᠡ ᠪᠠᠭᠲᠠᠨ᠎ᠠ︔ ᠬᠤᠪᠢ ᠬᠥᠮᠥᠨ ᠭᠡᠳᠡᠭ ᠲᠤ ᠬᠤᠪᠢᠨ ᠤ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠪᠤᠰᠤᠳ ᠬᠤᠪᠢ ᠬᠥᠮᠥᠨ ᠪᠠᠭᠲᠠᠨ᠎ᠠ᠃
     ᠳᠥᠷᠪᠡᠳᠦᠭᠡᠷ ᠵᠦᠢᠯ   ᠲᠠᠷᠢᠶᠠᠨ ᠭᠠᠵᠠᠷ ᠡᠵᠡᠯᠡᠨ ᠬᠡᠷᠡᠭᠯᠡᠬᠦ ᠪᠠᠷ ᠭᠤᠶᠤᠴᠢᠯᠠᠭᠠᠳ ᠵᠥᠪᠰᠢᠶᠡᠷᠡᠭᠳᠡᠭᠰᠡᠨ ᠭᠠᠶᠢᠯᠢ ᠲᠤᠰᠢᠶᠠᠭᠴᠢ᠂ ᠲᠠᠷᠢᠶᠠᠨ ᠭᠠᠵᠠᠷ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠤᠷᠢᠶᠠᠯ ᠤᠨ ᠳᠣᠲᠣᠷ᠎ᠠ ᠲᠣᠳᠣᠷᠬᠠᠶᠢᠯᠠᠭᠰᠠᠨ ᠪᠦᠲᠦᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠭᠴᠢ ᠪᠠᠷ ᠦᠵᠡᠨ᠎ᠡ︔ ᠲᠠᠷᠢᠶᠠᠨ ᠭᠠᠵᠠᠷ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠤᠷᠢᠶᠠᠯ ᠤᠨ ᠲᠣᠲᠣᠷ᠎ᠠ ᠪᠦᠲᠦᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠭᠴᠢ ᠶᠢ ᠨᠢ ᠲᠣᠲᠣᠷᠬᠠᠶᠢᠯᠠᠭᠰᠠᠨ ᠦᠭᠡᠢ ᠪᠣᠯ᠂ ᠭᠠᠶᠢᠯᠢ ᠲᠤᠰᠢᠶᠠᠭᠴᠢ ᠶᠢ ᠭᠠᠵᠠᠷ ᠬᠡᠷᠡᠭᠯᠡᠬᠦ ᠶᠢᠨ ᠭᠤᠶᠤᠴᠢᠯᠠᠭᠴᠢ ᠪᠠᠷ ᠦᠵᠡᠨ᠎ᠡ᠃
     ᠵᠥᠪᠰᠢᠶᠡᠷᠡᠭᠦᠯᠦᠭᠡᠳᠦᠢ ᠪᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠭᠠᠶᠢᠯᠢ ᠲᠤᠰᠢᠶᠠᠭᠴᠢ ᠶᠢ ᠪᠣᠳᠠᠳᠠᠢ ᠭᠠᠵᠠᠷ ᠬᠡᠷᠡᠭᠯᠡᠭᠴᠢ ᠪᠠᠷ ᠦᠵᠡᠨ᠎ᠡ᠃
     ᠲᠠᠪᠤᠳᠤᠭᠠᠷ ᠵᠦᠢᠯ    ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ ᠭᠠᠶᠢᠯᠢ ᠲᠤᠰᠢᠶᠠᠭᠴᠢ ᠶᠢᠨ ᠪᠤᠲᠠᠲᠠᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠪᠠᠷ ᠭᠠᠶᠢᠯᠢ ᠪᠣᠳᠣᠬᠤ ᠦᠨᠳᠦᠰᠦᠯᠡᠯ ᠪᠣᠯᠭᠠᠵᠤ᠂ ᠲᠣᠭᠲᠠᠭᠠᠭᠰᠠᠨ ᠲᠣᠬᠢᠷᠠᠬᠤ ᠭᠠᠶᠢᠯᠢ ᠶᠢᠨ ᠨᠤᠷᠮ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠲᠠᠲᠠᠪᠤᠷᠢᠯᠠᠨ᠎ᠠ᠃
ᠡᠮᠦᠨᠡᠬᠢ ᠵᠤᠷᠪᠤᠰ ᠲᠤ ᠬᠡᠯᠡᠵᠤ ᠪᠠᠶᠢᠭ᠎ᠠ ᠪᠤᠲᠠᠲᠠᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠳᠤ᠂ ᠵᠥᠪᠰᠢᠶᠡᠷᠡᠭᠦᠯᠦᠭᠡᠳ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠪᠣᠯᠣᠨ ᠵᠥᠪᠰᠢᠶᠡᠷᠡᠭᠦᠯᠦᠭᠡᠳᠦᠢ ᠪᠠᠷ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠪᠠᠭᠲᠠᠨ᠎ᠠ᠃
     ᠵᠢᠷᠭᠤᠳᠤᠭᠠᠷ ᠵᠦᠢᠯ   ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠤᠮᠳᠠᠴᠢ ᠭᠠᠶᠢᠯᠢ ᠶᠢᠨ ᠨᠤᠷᠮ᠎ᠠ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢ ᠳᠣᠣᠷᠠᠬᠢ ᠮᠡᠲᠦ ᠬᠢᠨᠠᠨ ᠲᠣᠭᠲᠠᠭᠠᠪᠠ᠄
     ︵ᠨᠢᠭᠡ︶ ᠬᠥᠬᠡᠬᠤᠲᠠ᠂ ᠪᠣᠭᠤᠲᠣ ᠬᠤᠲᠠ᠂ ᠣᠷᠳᠣᠰ ᠬᠤᠲᠠ᠂ ᠦᠬᠠᠢ ᠬᠤᠲᠠ ᠶᠢᠨ ᠳᠤᠮᠳᠠᠴᠢ ᠭᠠᠶᠢᠯᠢ ᠶᠢᠨ ᠨᠤᠷᠮ᠎ᠠ ᠨᠢ ᠲᠡᠭᠰᠢ ᠳᠥᠷᠪᠡᠯᠵᠢᠨ ᠮᠧᠲᠷ ᠪᠦᠷᠢ ᠳᠤ 36 ᠲᠥᠭᠦᠷᠢᠭ ᠪᠣᠯᠣᠨ᠎ᠠ᠃ ᠡᠭᠦᠨ ᠳᠤ᠂ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 50 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠰᠡᠨ ᠴᠤ 2 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 40 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 2 ᠮᠦ ᠠᠴᠠ ᠬᠡᠲᠦᠷᠡᠭᠰᠡᠨ ᠴᠤ 3 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 30 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 3 ᠮᠦ ᠠᠴᠠ ᠬᠡᠲᠦᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 25 ᠲᠥᠭᠦᠷᠢᠭ ᠪᠣᠯᠣᠨ᠎ᠠ︔
     ︵ᠬᠤᠶᠠᠷ︶ ᠬᠥᠯᠥᠨ ᠪᠤᠶᠢᠷ ᠬᠤᠲᠠ ︵ᠮᠠᠨᠵᠤᠤᠷ ᠬᠤᠳᠠ ᠪᠠᠭᠲᠠᠨ᠎ᠠ︶᠂ ᠲᠦᠩᠯᠢᠶᠣᠣ ᠬᠤᠲᠠ᠂ ᠤᠯᠠᠭᠠᠠᠬᠠᠳᠠ ᠬᠤᠲᠠ᠂ ᠤᠯᠠᠭᠠᠨᠴᠠᠪ ᠬᠤᠲᠠ ᠪᠣᠯᠣᠨ ᠪᠠᠶᠠᠨᠨᠠᠭᠤᠷ ᠬᠤᠲᠠ ᠶᠢᠨ ᠳᠤᠮᠳᠠᠴᠢ ᠭᠠᠶᠢᠯᠢ ᠶᠢᠨ ᠨᠤᠷᠮ᠎ᠠ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 31 ᠲᠥᠭᠦᠷᠢᠭ ᠪᠣᠯᠣᠨ᠎ᠠ᠃ ᠡᠭᠦᠨ ᠳᠤ᠂ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 45 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠰᠡᠨ ᠴᠤ 2 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 35 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 2 ᠮᠦ ᠠᠴᠠ ᠬᠡᠲᠦᠷᠡᠭᠰᠡᠨ ᠴᠤ 3 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 25 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 3 ᠮᠦ ᠠᠴᠠ ᠬᠡᠲᠦᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 20 ᠲᠥᠭᠦᠷᠢᠭ ᠪᠣᠯᠣᠨ᠎ᠠ︔
     ︵ᠭᠤᠷᠪᠠ︶ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ ︵ᠡᠷᠢᠶᠡᠨ ᠬᠤᠲᠠ ᠪᠠᠭᠲᠠᠨ᠎ᠠ︶᠂ ᠠᠯᠠᠱᠠ ᠠᠶᠢᠮᠠᠭ ᠤᠨ ᠳᠤᠮᠳᠠᠴᠢ ᠭᠠᠶᠢᠯᠢ ᠶᠢᠨ ᠨᠤᠷᠮ᠎ᠠ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 26 ᠲᠥᠭᠦᠷᠢᠭ ᠪᠣᠯᠣᠨ᠎ᠠ᠃ ᠡᠭᠦᠨ ᠳᠤ᠂ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 40 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠰᠡᠨ ᠴᠤ 2 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 30 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 2 ᠮᠦ ᠠᠴᠠ ᠬᠡᠲᠦᠷᠡᠭᠰᠡᠨ ᠴᠤ 3 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 20 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 3 ᠮᠦ ᠠᠴᠠ ᠬᠡᠲᠦᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 15 ᠲᠥᠭᠦᠷᠢᠭ ᠪᠣᠯᠣᠨ᠎ᠠ︔
     ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠳᠣᠷᠣᠭᠰᠢᠬᠢ ᠵᠠᠰᠠᠭ ᠵᠠᠬᠢᠷᠭᠠᠨ ᠤ ᠣᠷᠣᠨ ᠨᠢ ᠲᠣᠬᠢᠷᠠᠬᠤ ᠭᠠᠶᠢᠯᠢ ᠶᠢᠨ ᠨᠤᠷᠮ᠎ᠠ ᠶᠢ ᠬᠢᠨᠠᠨ ᠲᠣᠭᠲᠠᠭᠠᠬᠤ ᠦᠭᠡᠢ᠃
     ᠳᠣᠯᠣᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠣᠷᠣᠨ ᠤ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢᠨ ᠪᠤᠲᠠᠲᠠᠢ ᠬᠡᠷᠡᠭᠵᠢᠭᠦᠯᠬᠦ ᠲᠥᠰᠥᠯ ᠢ ᠬᠠᠷᠢᠭᠤᠴᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ︔ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠢ ᠪᠤᠯᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠵᠦ ᠲᠣᠬᠢᠷᠠᠬᠤ ᠭᠠᠶᠢᠯᠢ ᠶᠢᠨ ᠨᠤᠷᠮ᠎ᠠ ᠳᠤ ᠵᠠᠰᠠᠪᠤᠷᠢ ᠣᠷᠤᠭᠤᠯᠬᠤ ᠴᠢᠬᠤᠯᠠ ᠲᠠᠢ ᠪᠣᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠪᠤᠷᠢ ᠣᠷᠤᠭᠤᠯᠬᠤ ᠰᠠᠨᠠᠯ ᠢᠶᠠᠨ ᠳᠤᠷᠠᠳᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃
     ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠢᠩᠬᠢᠨᠢ ᠪᠠᠷ ᠨᠡᠶᠢᠲᠡᠯᠡᠭᠰᠡᠨ ᠳᠡᠭᠡᠷ᠎ᠡ ᠨᠢᠭᠡ ᠣᠨ ᠤ ᠲᠠᠷᠢᠶᠠᠨ ᠭᠠᠵᠠᠷ ᠪᠣᠯᠣᠨ ᠬᠥᠮᠥᠨ ᠠᠮᠠ ᠶᠢᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠵᠤ ᠪᠣᠳᠣᠨ᠎ᠠ᠃
     ᠨᠠᠢᠮᠠᠳᠤᠭᠠᠷ ᠵᠦᠢᠯ    ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠣᠬᠢᠷᠠᠬᠤ ᠭᠠᠶᠢᠯᠢ ᠶᠢᠨ ᠨᠤᠷᠮ᠎ᠠ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢᠨ ᠰᠠᠭᠤᠷᠢᠨ ᠳᠡᠭᠡᠷ᠎ᠡ 50% ᠪᠠᠷ ᠳᠡᠭᠡᠭᠰᠢᠯᠡᠭᠦᠯᠦᠨ᠎ᠡ᠃
     ᠦᠨᠳᠦᠰᠦᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ᠂ ᠲᠣᠬᠢᠷᠠᠬᠤ ᠭᠠᠶᠢᠯᠢ ᠶᠢᠨ ᠨᠤᠷᠮ᠎ᠠ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠵᠢᠴᠢ ᠲᠣᠰ ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢᠨ ᠰᠠᠭᠤᠷᠢᠨ ᠳᠡᠭᠡᠷ᠎ᠡ 50% ᠪᠠᠷ ᠳᠡᠭᠡᠭᠰᠢᠯᠡᠭᠦᠯᠦᠨ᠎ᠡ᠃
     ᠶᠢᠰᠦᠳᠦᠭᠡᠷ ᠵᠦᠢᠯ    ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠠᠷᠢᠭᠤᠴᠠᠨ ᠲᠠᠲᠠᠪᠤᠷᠢᠯᠠᠨ᠎ᠠ᠃
     ᠲᠠᠷᠢᠶᠠᠨ ᠭᠠᠵᠠᠷ ᠡᠵᠡᠯᠡᠨ ᠬᠡᠷᠡᠭᠯᠡᠬᠦ ᠵᠥᠪᠰᠢᠶᠡᠷᠡᠯ ᠢ ᠣᠯᠣᠭᠰᠠᠨ ᠨᠢᠭᠡᠴᠡ ᠪᠤᠶᠤ ᠬᠤᠪᠢ ᠬᠥᠮᠥᠨ ᠨᠢ᠂ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ 30 ᠡᠳᠦᠷ ᠤᠨ ᠳᠣᠲᠤᠷ᠎ᠠ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠪᠠᠨ ᠲᠤᠰᠢᠶᠠᠬᠤ ᠬᠡᠷᠡᠭᠲᠡᠢ︔ ᠵᠥᠪᠰᠢᠶᠡᠷᠡᠬᠦ ᠠᠴᠠ ᠡᠮᠦᠨ᠎ᠡ ᠲᠠᠷᠢᠶᠠᠨ ᠭᠠᠵᠠᠷ ᠢ ᠪᠤᠲᠠᠲᠠᠢ ᠡᠵᠡᠯᠡᠨ ᠬᠡᠷᠡᠭᠯᠡᠭᠰᠡᠨ ᠪᠣᠯ᠂ ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠡᠵᠡᠯᠡᠨ ᠬᠡᠷᠡᠭᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠣᠲᠤᠷ᠎ᠠ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠭᠠᠶᠢᠯᠢ ᠪᠠᠨ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠬᠡᠷᠡᠭᠲᠡᠢ᠃
     ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠴᠡ ᠪᠤᠶᠤ ᠬᠤᠪᠢ ᠬᠥᠮᠥᠨ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠭᠠᠷᠳᠠᠮ ᠢᠶᠠᠨ ᠭᠦᠢᠴᠡᠳᠬᠡᠯᠭᠡᠬᠦ ᠪᠠᠷ ᠮᠡᠳᠡᠭᠳᠡᠬᠦ ᠦᠶ᠎ᠡ ᠳᠤ᠂ ᠲᠠᠷᠢᠶᠠᠨ ᠭᠠᠵᠠᠷ ᠤᠨ ᠬᠠᠷᠢᠶᠠᠯᠠᠭᠳᠠᠬᠤ ᠭᠠᠵᠠᠷ ᠤᠨ ᠠᠳᠠᠯᠢ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠠᠮᠲᠤ ᠳᠤᠨᠢ ᠮᠡᠳᠡᠭᠳᠡᠬᠦ ᠬᠡᠷᠡᠭᠲᠡᠢ᠃ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠤᠰᠢᠶᠠᠭᠰᠠᠨ ᠪᠠᠷᠢᠮᠲᠠ ᠪᠤᠶᠤ ᠭᠠᠶᠢᠯᠢ ᠬᠡᠯᠲᠦᠷᠢᠭᠦᠯᠦᠭᠰᠡᠨ ᠪᠠᠷᠢᠮᠲᠠ ᠪᠣᠯᠣᠨ ᠪᠣᠰᠣᠳ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢᠶᠠᠷ ᠨᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠣᠯᠭᠤᠨ᠎ᠠ᠃
     ᠠᠷᠪᠠᠳᠤᠭᠠᠷ ᠵᠦᠢᠯ    ᠵᠦᠪᠰᠢᠶᠡᠷᠡᠭᠦᠯᠦᠭᠰᠡᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠭᠠᠶᠢᠯᠢ ᠲᠤᠰᠢᠶᠠᠬᠤ ᠡᠭᠦᠷᠭᠡ ᠲᠠᠢ ᠪᠣᠯᠣᠭᠰᠠᠨ ᠴᠠᠭ ᠢ ᠭᠠᠶᠢᠯᠢ ᠲᠤᠰᠢᠶᠠᠭᠴᠢ ᠨᠢ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠠᠷᠢᠶᠠᠨ ᠭᠠᠵᠠᠷ ᠡᠵᠡᠯᠡᠨ ᠬᠡᠷᠡᠭᠯᠡᠬᠦ ᠭᠠᠷᠳᠠᠮ ᠭᠦᠢᠴᠡᠳᠬᠡᠬᠦ ᠮᠡᠳᠡᠭᠳᠡᠯ ᠢ ᠭᠠᠷᠳᠠᠭᠰᠠᠨ ᠲᠡᠷᠡ ᠡᠳᠦᠷ ᠢᠶᠠᠷ ᠲᠣᠭᠲᠠᠭᠠᠨ᠎ᠠ︔ ᠵᠥᠪᠰᠢᠶᠡᠷᠡᠭᠦᠯᠦᠭᠡᠳᠦᠢ ᠪᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠭᠠᠶᠢᠯᠢ ᠲᠤᠰᠢᠶᠠᠬᠤ ᠡᠭᠦᠷᠭᠡ ᠲᠠᠢ ᠪᠣᠯᠣᠭᠰᠠᠨ ᠴᠠᠭ ᠢᠶᠠᠷ ᠲᠣᠭᠲᠠᠭᠠᠨ᠎ᠠ᠃ ᠲᠠᠷᠢᠶᠠᠨ ᠭᠠᠵᠠᠷ ᠪᠤᠲᠠᠲᠠᠢ ᠡᠵᠡᠯᠡᠨ ᠬᠡᠷᠡᠭᠯᠡᠭᠰᠡᠨ ᠲᠡᠷᠡ ᠡᠳᠦᠷ ᠢᠶᠠᠷ ᠲᠣᠭᠲᠠᠭᠠᠨ᠎ᠠ᠃
     ᠠᠷᠪᠠᠨ ᠨᠢᠭᠡᠳᠦᠭᠡᠷ ᠵᠦᠢᠯ    ᠭᠠᠶᠢᠯᠢ ᠲᠤᠰᠢᠶᠠᠭᠴᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠭᠰᠡᠨ ᠪᠣᠯ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠤᠰᠢᠶᠠᠬᠤ ᠬᠡᠷᠡᠭᠲᠡᠢ᠃ ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠢ ᠲᠦᠷ ᠬᠡᠷᠡᠭᠯᠡᠬᠦ ᠪᠠᠷ ᠵᠥᠪᠰᠢᠶᠡᠷᠡᠭᠦᠯᠦᠭᠰᠡᠨ ᠬᠤᠭᠤᠴᠠᠭ᠎ᠠ ᠲᠣᠲᠤᠷ᠎ᠠ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠤᠤᠯ ᠪᠠᠶᠢᠳᠠᠯ ᠢ ᠰᠡᠷᠭᠦᠭᠡᠭᠰᠡᠨ ᠪᠣᠯ᠂ ᠨᠢᠭᠡᠨᠲᠡ ᠲᠤᠰᠢᠶᠠᠭᠰᠠᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠢ᠃
     ᠪᠣᠬᠢᠷᠳᠤᠭᠰᠠᠨ᠂ ᠰᠢᠷᠤᠢ ᠠᠪᠤᠭᠰᠠᠨ᠂ ᠠᠭᠤᠷᠬᠠᠢ ᠮᠠᠯᠲᠠᠭᠠᠳ ᠨᠤᠷᠠᠭᠰᠠᠨ ᠵᠡᠷᠭᠡ ᠰᠢᠯᠲᠠᠭᠠᠨ ᠠᠴᠠ ᠪᠣᠯᠵᠤ ᠲᠠᠷᠢᠶᠠᠨ ᠭᠠᠵᠠᠷ ᠡᠪᠳᠡᠭᠳᠡᠭᠰᠡᠨ ᠪᠣᠯ᠂ ᠲᠠᠷᠢᠶᠠᠨ ᠭᠠᠵᠠᠷ ᠢ ᠲᠦᠷ ᠡᠵᠡᠯᠡᠨ ᠬᠡᠷᠡᠭᠯᠡᠭᠰᠡᠨ ᠪᠠᠶᠢᠳᠠᠯ ᠲᠠᠢ ᠬᠠᠷᠢᠴᠠᠭᠤᠯᠵᠤ᠂ ᠡᠪᠳᠡᠭᠰᠡᠨ ᠨᠢᠭᠡᠴᠡ ᠪᠤᠶᠤ ᠬᠤᠪᠢ ᠬᠥᠮᠥᠨ ᠨᠢ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠤᠰᠢᠶᠠᠬᠤ ᠬᠡᠷᠡᠭᠲᠡᠢ᠃ 2 ᠵᠢᠯ ᠥᠩᠭᠡᠷᠡᠲᠡᠯ᠎ᠡ ᠲᠠᠷᠢᠶᠠᠨ ᠭᠠᠵᠠᠷ ᠤᠨ ᠤᠤᠯ ᠪᠠᠶᠢᠳᠠᠯ ᠢ ᠰᠡᠷᠭᠦᠭᠡᠭᠰᠡᠨ ᠦᠭᠡᠢ ᠪᠣᠯ᠂ ᠲᠠᠲᠠᠪᠤᠷᠢᠯᠠᠭᠰᠠᠨ ᠭᠠᠶᠢᠯᠢ ᠶᠢᠨ ᠮᠥᠩᠭᠦ ᠶᠢ ᠨᠢ ᠪᠤᠴᠠᠭᠠᠬᠤ ᠦᠭᠡᠢ᠃
     ᠠᠷᠪᠠᠨ ᠬᠤᠶᠠᠳᠤᠭᠠᠷ ᠵᠦᠢᠯ    ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠵᠥᠪᠰᠢᠶᠡᠷᠡᠯ ᠢᠶᠠᠷ ᠳᠠᠮᠵᠢᠵᠤ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠲᠣᠭᠲᠠᠭᠠᠭᠰᠠᠨ ᠪᠠᠷᠢᠮᠵᠢᠶ᠎ᠠ ᠶᠢᠨ ᠶᠣᠰᠣᠭᠠᠷ ᠲᠠᠷᠢᠶᠠᠨ ᠭᠠᠵᠠᠷ ᠡᠵᠡᠯᠡᠨ ᠬᠡᠷᠡᠭᠯᠡᠵᠦ ᠥᠪᠡᠷᠲᠡᠭᠡᠨ ᠬᠡᠷᠡᠭᠯᠡᠬᠦ ᠰᠢᠨ᠎ᠡ ᠣᠷᠣᠨ ᠰᠠᠭᠤᠴᠠ ᠪᠠᠶᠢᠭᠤᠯᠬᠤ ᠪᠠᠷ ᠵᠦᠪᠰᠢᠶᠡᠷᠡᠭᠦᠯᠦᠭᠰᠡᠨ ᠪᠣᠯ᠂ ᠲᠤᠬᠠᠢ ᠶᠢᠨ ᠭᠠᠵᠠᠷ ᠤᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠶᠣᠰᠣᠭᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ ᠬᠠᠭᠠᠰ ᠢᠶᠠᠷ ᠪᠠᠭᠤᠷᠠᠭᠤᠯᠵᠤ ᠲᠠᠲᠠᠪᠤᠷᠢᠯᠠᠨ᠎ᠠ᠃
     ᠬᠦᠳᠡᠭᠡ ᠲᠣᠰᠬᠤᠨ ᠤ ᠰᠠᠭᠤᠭᠠᠯᠢ ᠠᠷᠠᠳ ᠨᠡᠭᠦᠬᠦ ᠪᠠᠷ ᠵᠥᠪᠰᠢᠶᠡᠷᠡᠭᠦᠯᠦᠭᠡᠳ᠂ ᠤᠤᠯ ᠤᠨ ᠰᠠᠭᠤᠴᠠ ᠶᠢᠨ ᠭᠠᠵᠠᠷ ᠢᠶᠠᠨ ᠲᠠᠷᠢᠶᠠᠨ ᠭᠠᠵᠠᠷ ᠢᠶᠠᠷ ᠰᠡᠷᠭᠦᠭᠡᠭᠰᠡᠨ ᠪᠣᠯ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠨᠢ ᠤᠤᠯ ᠭᠡᠷ ᠤᠨ ᠰᠠᠭᠤᠴᠠ ᠶᠢᠨ ᠬᠢᠨᠢ ᠲᠠᠯᠠᠪᠠᠢ ᠠᠴᠠ ᠬᠡᠲᠦᠷᠡᠭᠰᠡᠨ ᠦᠭᠡᠢ ᠪᠣᠯ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠬᠤ ᠦᠭᠡᠢ︔ ᠤᠤᠯ ᠰᠠᠭᠤᠴᠠ ᠶᠢᠨ ᠲᠠᠯᠠᠪᠠᠢ ᠠᠴᠠ ᠬᠡᠲᠦᠷᠡᠭᠰᠡᠨ ᠪᠣᠯ᠂ ᠬᠡᠲᠦᠷᠡᠭᠰᠡᠨ ᠬᠡᠰᠡᠭ ᠠᠴᠠ ᠨᠢ ᠲᠤᠬᠠᠢ ᠶᠢᠨ ᠭᠠᠵᠠᠷ ᠤᠨ ᠲᠣᠬᠢᠷᠠᠬᠤ ᠭᠠᠶᠢᠯᠢ ᠶᠢᠨ ᠨᠤᠷᠮ᠎ᠠ ᠶᠣᠰᠣᠭᠠᠷ ᠬᠠᠭᠠᠰ ᠢᠶᠠᠷ ᠪᠠᠭᠤᠷᠠᠭᠤᠯᠵᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠨ᠎ᠠ᠃
     ᠠᠷᠪᠠᠨ ᠭᠤᠷᠪᠠᠳᠤᠭᠠᠷ ᠵᠦᠢᠯ   ᠮᠠᠯᠵᠢᠬᠤ ᠲᠠᠷᠢᠶᠠᠯᠠᠬᠤ ᠣᠷᠣᠨ ᠤ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠵᠡᠮᠳᠡᠭ ᠴᠡᠷᠢᠭ᠂ ᠥᠨᠥᠴᠢᠨ ᠪᠡᠯᠪᠡᠰᠦᠨ ᠵᠢᠴᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠬᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠣᠷᠣᠨ ᠪᠣᠯᠣᠨ ᠬᠢᠯᠢ ᠬᠢᠵᠠᠭᠠᠷ ᠶᠠᠳᠠᠭᠤ ᠬᠦᠴᠢᠷᠳᠡᠯᠲᠡᠢ ᠠᠭᠤᠯᠠᠷᠬᠠᠭ ᠣᠷᠣᠨ ᠤ ᠠᠮᠢᠳᠤᠷᠠᠯ ᠨᠢ ᠬᠦᠴᠢᠷᠳᠡᠯᠲᠡᠢ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ᠂ ᠲᠣᠭᠲᠠᠭᠠᠭᠰᠠᠨ ᠭᠠᠵᠠᠷ ᠬᠡᠷᠡᠭᠯᠡᠬᠦ ᠪᠠᠷᠢᠮᠵᠢᠶ᠎ᠠ ᠶᠢᠨ ᠲᠣᠲᠣᠷ᠎ᠠ ᠰᠢᠨ᠎ᠡ ᠪᠠᠷ ᠣᠷᠣᠨ ᠰᠠᠭᠤᠴᠠ ᠪᠠᠶᠢᠭᠤᠯᠤᠭᠠᠳ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠤᠰᠢᠶᠠᠬᠤ ᠳᠤ ᠦᠨᠡᠨ ᠬᠦ ᠬᠦᠴᠢᠷᠳᠡᠯᠲᠡᠢ ᠪᠣᠯ᠂ ᠰᠠᠭᠤᠭ᠎ᠠ ᠭᠠᠵᠠᠷ ᠢᠶᠠᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠣᠨ᠎ᠠ᠃
     ᠠᠷᠪᠠᠨ ᠳᠥᠷᠪᠡᠳᠦᠭᠡᠷ ᠵᠦᠢᠯ    ᠴᠡᠷᠢᠭ ᠤᠨ ᠶᠠᠪᠤᠳᠠᠯ ᠤᠨ ᠪᠡᠯᠡᠳᠬᠡᠮᠵᠢ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠰᠤᠲᠠᠶᠢᠴᠣᠳ ᠢ ᠠᠰᠠᠷᠠᠬᠤ ᠬᠦᠷᠢᠶᠡᠯᠡᠩ᠂ ᠡᠮᠨᠡᠯᠭᠡ ᠶᠢᠨ ᠬᠤᠷᠢᠶ᠎ᠠ ᠨᠤᠭᠤᠳ ᠲᠠᠷᠢᠶᠠᠨ ᠭᠠᠵᠠᠷ ᠡᠵᠡᠯᠡᠨ ᠬᠡᠷᠡᠭᠯᠡᠬᠦ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠬᠤ ᠦᠭᠡᠢ︔ ᠲᠡᠮᠦᠷ ᠵᠠᠮ ᠤᠨ ᠱᠤᠭᠤᠮ᠂ ᠵᠠᠰᠠᠮᠠᠯ ᠵᠠᠮ ᠤᠨ ᠱᠤᠭᠤᠮ᠂ ᠨᠢᠰᠬᠡᠯ ᠤᠨ ᠪᠠᠭᠤᠳᠠᠯ ᠤᠨ ᠭᠦᠶᠦᠯᠲᠡ ᠶᠢᠨ ᠵᠠᠮ᠂ ᠨᠢᠰᠬᠡᠯ ᠵᠣᠭᠰᠣᠬᠤ ᠲᠠᠪᠴᠠᠩ᠂ ᠭᠠᠷᠠᠮ᠂ ᠠᠶᠠᠯᠠᠯ ᠤᠨ ᠵᠠᠮ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠲᠡᠭᠰᠢ ᠳᠥᠷᠪᠡᠯᠵᠢᠨ ᠮᠧᠲᠷ ᠪᠦᠷᠢ ᠳᠤ 2 ᠲᠥᠭᠦᠷᠢᠭ ᠤᠨ ᠭᠠᠶᠢᠯᠢ ᠶᠢᠨ ᠨᠤᠷᠮ᠎ᠠ ᠪᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠬᠠᠰᠤᠵᠤ ᠲᠠᠲᠠᠪᠤᠷᠢᠯᠠᠨ᠎ᠠ᠃
     ᠡᠮᠦᠨᠡᠬᠢ ᠵᠤᠷᠪᠤᠰ ᠤᠨ ᠶᠣᠰᠣᠭᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠭᠰᠠᠨ ᠤ ᠳᠠᠷᠠᠭ᠎ᠠ᠂ ᠭᠠᠶᠢᠯᠢ ᠲᠤᠰᠢᠶᠠᠭᠴᠢ ᠠᠴᠠ ᠤᠤᠯ ᠤᠨ ᠡᠵᠡᠯᠡᠨ ᠬᠡᠷᠡᠭᠯᠡᠵᠦ ᠪᠠᠶᠢᠭ᠎ᠠ ᠭᠠᠵᠠᠷ ᠤᠨ ᠬᠡᠷᠡᠭᠯᠡᠮᠵᠢ ᠶᠢ ᠬᠤᠪᠢᠷᠠᠭᠤᠯᠤᠭᠠᠳ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠬᠤ ᠪᠠᠶᠢᠳᠠᠯ ᠳᠤ ᠬᠠᠷᠢᠶᠠᠯᠠᠭᠳᠠᠬᠤ ᠪᠠᠨ ᠪᠣᠯᠢᠭᠰᠠᠨ ᠪᠣᠯ ᠬᠡᠷᠡᠭᠯᠡᠮᠵᠢ ᠶᠢ ᠬᠤᠪᠢᠷᠠᠭᠤᠯᠤᠭᠰᠠᠨ ᠡᠳᠦᠷ ᠠᠴᠠ ᠡᠬᠢᠯᠡᠨ 30 ᠡᠳᠦᠷ ᠤᠨ ᠲᠣᠲᠣᠷ᠎ᠠ ᠲᠤᠬᠠᠢ ᠶᠢᠨ ᠭᠠᠵᠠᠷ ᠤᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠶᠣᠰᠣᠭᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠨᠥᠬᠦᠪᠦᠷᠢᠯᠡᠨ ᠲᠤᠰᠢᠶᠠᠬᠤ ᠬᠡᠷᠡᠭᠲᠡᠢ᠃
     ᠠᠷᠪᠠᠨ ᠲᠠᠪᠤᠳᠤᠭᠠᠷ ᠵᠦᠢᠯ   ᠤᠢ ᠰᠢᠭᠤᠢ ᠶᠢᠨ ᠭᠠᠵᠠᠷ᠂ ᠪᠡᠯᠴᠢᠭᠡᠷ ᠤᠨ ᠭᠠᠵᠠᠷ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠳᠤ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠭᠠᠳᠠᠷᠭᠤ ᠵᠢᠴᠢ ᠵᠢᠭᠠᠰᠤᠨ ᠠᠵᠤ ᠠᠬᠤᠢ ᠶᠢᠨ ᠤᠰᠤᠨ ᠤ ᠲᠠᠩ ᠵᠡᠷᠭᠡ ᠪᠤᠰᠤᠳ ᠲᠠᠷᠢᠶᠠᠨ ᠭᠠᠵᠠᠷ ᠲᠤ ᠭᠡᠷ ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠬᠦ ᠳᠤ᠂ ᠲᠤᠰ ᠠᠷᠭ᠎ᠠ ᠶᠢᠨ ᠲᠣᠭᠲᠠᠭᠠᠯ ᠲᠠᠢ ᠬᠠᠷᠢᠴᠠᠭᠤᠯᠵᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠵᠤ᠂ ᠲᠣᠬᠢᠷᠠᠬᠤ ᠭᠠᠶᠢᠯᠢ ᠶᠢᠨ ᠨᠤᠷᠮ᠎ᠠ ᠨᠢ ᠲᠤᠬᠠᠢ ᠶᠢᠨ ᠭᠠᠵᠠᠷ ᠤᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠪᠠᠷᠢᠮᠵᠢᠶ᠎ᠠ ᠲᠠᠢ ᠠᠳᠠᠯᠢ ᠪᠣᠯᠭᠠᠬᠤ ᠬᠡᠷᠡᠭᠲᠡᠢ᠃
     ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠦᠢᠯᠡᠳᠪᠦᠷᠢᠯᠡᠯ ᠤᠨ ᠪᠡᠯᠡᠳᠬᠡᠮᠵᠢ ᠪᠠᠶᠢᠭᠤᠯᠬᠤ ᠳᠤ ᠡᠮᠦᠨᠡᠬᠢ ᠵᠤᠷᠪᠤᠰ ᠲᠤ ᠲᠣᠭᠲᠠᠭᠠᠭᠰᠠᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠬᠤ ᠦᠭᠡᠢ᠃
     ᠠᠷᠪᠠᠨ ᠵᠢᠷᠭᠤᠳᠤᠭᠠᠷ ᠵᠦᠢᠯ    ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠪᠤᠶᠤ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ ᠪᠣᠯ᠂ ᠲᠠᠷᠢᠶᠠᠨ ᠭᠠᠵᠠᠷ ᠪᠤᠶᠤ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠷᠢᠶᠠᠯᠠᠭᠳᠠᠬᠤ ᠭᠠᠵᠠᠷ ᠲᠤ ᠭᠤᠶᠤᠴᠢᠯᠠᠨ ᠮᠡᠳᠡᠭᠦᠯᠵᠦ ᠭᠠᠶᠢᠯᠢ ᠲᠤᠰᠢᠶᠠᠬᠤ ᠬᠡᠷᠡᠭᠲᠡᠢ᠃
     ᠠᠷᠪᠠᠨ ᠳᠣᠯᠣᠳᠤᠭᠠᠷ ᠵᠦᠢᠯ    ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠲᠠᠲᠠᠪᠤᠷᠢᠯᠠᠬᠤ ᠬᠠᠮᠢᠶᠠᠷᠤᠯᠲᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ ᠶᠢᠨ ᠬᠡᠷᠡᠭᠵᠢᠭᠦᠯᠬᠦ ᠨᠠᠷᠢᠨ ᠳᠦᠷᠢᠮ︾ ᠪᠠ ᠲᠤᠰ ᠠᠷᠭ᠎ᠠ ᠶᠢᠨ ᠬᠠᠮᠢᠶ᠎ᠠ ᠪᠦᠬᠦᠢ ᠲᠤᠭᠲᠠᠭᠠᠯ ᠶᠣᠰᠣᠭᠠᠷ ᠬᠡᠷᠡᠭᠵᠢᠭᠦᠯᠦᠨ᠎ᠡ᠃
     ᠠᠷᠪᠠᠨ ᠨᠠᠢᠮᠠᠳᠤᠭᠠᠷ ᠵᠦᠢᠯ    ᠲᠤᠰ ᠲᠣᠭᠲᠠᠭᠠᠯ ᠢ 2008 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠥᠨ᠎ᠡ᠃ 1996 ᠣᠨ ᠤ 8 ᠳ᠋ᠤᠭᠠᠷ ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 73 ᠳ᠋ᠤᠭᠠᠷ ᠲᠣᠭᠠᠲᠤ︶ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map