|
ᠲᠢᠩᠬᠢᠮ ᠲᠤᠪᠴᠢᠶ᠎ᠠ ᠶᠢᠨ ᠳᠡᠰ ᠲᠤ ᠳᠡᠪᠰᠢᠬᠦᠯᠬᠦ ᠪᠠᠷ ᠪᠠᠶᠢᠭ᠎ᠠ ᠤᠳᠤᠷᠢᠳᠬᠤ ᠺᠠᠳ᠋ᠷ ᠢ ᠢᠯᠡ ᠨᠡᠶᠢᠲᠡᠯᠡᠬᠦ ᠲᠤᠬᠠᠢ ᠠᠯᠪᠠᠨ ᠵᠠᠷᠯᠠᠯ |
|
|
ᠨᠡᠶᠢᠲᠡᠯᠡᠭᠰᠡᠨ ᠴᠠᠭ᠄
2017/5/27
|
|
ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠤᠳᠤᠯᠤᠭᠠᠳ ᠲᠢᠩᠬᠢᠮ ᠲᠤᠪᠴᠢᠶ᠎ᠠ ᠶᠢᠨ ᠲᠡᠰ ᠲᠤ ᠲᠡᠪᠰᠢᠬᠦᠯᠬᠦ ᠪᠠᠷ ᠪᠠᠶᠢᠭ᠎ᠠ ᠤᠳᠤᠷᠢᠳᠬᠤ ᠺᠠᠳ᠋ᠷ ᠢ ᠢᠯᠡ ᠨᠡᠶᠢᠲᠡᠯᠡᠬᠦ ᠪᠠᠷ ᠲᠤᠭᠳᠠᠵᠠᠢ᠃ ᠨᠢᠬᠡ᠂ ᠢᠯᠡ ᠨᠡᠶᠢᠲᠡᠯᠡᠬᠦ ᠨᠡᠷᠡᠰ ᠰᠦᠨ ᠬᠤᠩ ᠮᠸᠢ᠂ ᠡᠮᠡᠭᠳᠡᠢ᠂ 1970 ᠤᠨ ᠤ 1 ᠳ᠋ᠤᠬᠡᠷ ᠰᠠᠷ᠎ᠠ ᠳᠤ ᠲᠦᠷᠦᠵᠡᠢ᠂ ᠮᠠᠨᠵᠤ ᠦᠨᠳᠦᠰᠦᠳᠡᠨ᠂ ᠥᠪᠦᠷ ᠮᠤᠩᠭᠤᠯ ᠤᠨ ᠶᠡᠭᠡ ᠰᠤᠷᠭᠠᠭᠤᠯᠢ ᠠᠴᠠ ᠲᠡᠭᠦᠰᠦᠭᠰᠡᠡ ᠰᠤᠷᠤᠯᠭ᠎ᠠ ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠤᠭᠤᠳᠤ ᠬᠤᠳᠠ ᠶᠢᠨ ᠨᠡᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠢᠨ ᠲᠤᠰᠢᠶᠠᠯ ᠲᠠᠢ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠬᠦᠯᠥᠨ ᠲᠤᠮᠢᠯᠠᠬᠤ ᠪᠠᠷ ᠪᠤᠢ᠃ ᠬᠤᠶᠠᠷ᠂ ᠢᠯᠡ ᠨᠡᠶᠢᠲᠡᠯᠡᠬᠦ ᠴᠠᠭ 2017 ᠤᠨ ᠤ 5 ᠳ᠋ᠤᠭᠠᠷ ᠰᠠᠷ᠎ᠠ ᠶᠢᠨ 24 ᠤ ᠡᠳᠤᠷ ᠠᠴᠠ 2017 ᠤᠨ ᠤ 5 ᠳ᠋ᠤᠭᠠᠷ ᠰᠠᠷ᠎ᠠ ᠶᠢᠨ 31 ᠤ ᠡᠳᠤᠷ ᠪᠤᠯᠳᠠᠯ᠎ᠠ᠃ ᠭᠤᠷᠪᠠ᠂ ᠬᠦᠯᠢᠶᠡᠨ ᠠᠪᠬᠤ ᠠᠷᠭ᠎ᠠ ᠨᠢᠬᠡᠴᠡ ᠪᠤᠯᠤᠨ ᠬᠤᠪᠢ ᠬᠦᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠬᠦᠯᠬᠦ᠂ ᠤᠳᠠᠰᠤᠳᠠᠬᠤ ᠵᠡᠷᠬᠡ ᠬᠡᠯᠪᠡᠷᠢ ᠪᠠᠷ ᠲᠡᠭᠡᠷᠡᠬᠢ ᠢᠯᠡ ᠪᠠᠷ ᠨᠡᠶᠢᠲᠡᠯᠡᠭᠰᠡᠨ ᠬᠦᠮᠥᠰ ᠤᠨ ᠬᠤᠯᠪᠤᠭᠳᠠᠯ ᠪᠦᠬᠦᠢ ᠪᠠᠶᠢᠳᠠᠯ ᠪᠤᠯᠤᠨ ᠠᠰᠠᠭᠤᠳᠠᠯ ᠢ ᠲᠤᠰᠬᠠᠵᠥ ᠪᠤᠯᠤᠨ᠎ᠠ᠃ ᠲᠤᠰᠬᠠᠭᠰᠠᠠ ᠠᠰᠠᠭᠤᠳᠠᠯ ᠢ ᠪᠠᠶᠢᠴᠠᠭᠠᠬᠤ ᠳᠤ ᠬᠡᠷᠡᠴᠢᠯᠡᠬᠦ ᠬᠦᠮᠥᠨ ᠵᠢᠴᠢ ᠪᠤᠰᠤᠳ ᠬᠤᠯᠪᠤᠭᠳᠠᠯ ᠪᠦᠬᠦᠢ ᠰᠦᠪᠡᠭᠴᠢ ᠬᠠᠩᠭᠠᠬᠤ ᠬᠡᠷᠡᠭᠳᠡᠢ᠃ ᠪᠢᠳᠡ ᠠᠰᠠᠭᠤᠳᠠᠯ ᠢ ᠲᠤᠰᠬᠠᠭᠰᠠᠤᠠ ᠵᠢᠴᠢ ᠲᠤᠰᠬᠠᠭᠰᠠᠠ ᠠᠰᠠᠭᠤᠳᠠᠯ ᠤᠨ ᠨᠢᠭᠤᠴᠠ ᠶᠢ ᠬᠠᠮᠠᠭᠠᠯᠠᠨ᠎ᠠ᠃ ᠨᠡᠶᠢᠲᠡ ᠳᠤ ᠵᠠᠷᠯᠠᠬᠤ ᠠᠯᠪᠠᠨ ᠭᠡᠷ ᠢ ᠦᠪᠤᠷ ᠮᠤᠩᠭᠤᠯ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ 401 ᠲᠠᠰᠤᠭ ᠲᠤ ᠳᠤᠬᠢᠷᠠᠭᠤᠯᠪᠠ᠃ ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠤᠨᠡᠬᠢ 9᠄ 00 — 12᠄ 00 ᠦᠳᠡ ᠶᠢᠨ ᠬᠤᠶᠢᠢᠨᠠᠬᠢ 13᠄ 30 — 17᠄ 00 ᠬᠦᠯᠢᠶᠡᠨ ᠠᠪᠬᠤ ᠤᠳᠠᠰᠤ᠄ ︵0471︶ 12380 ᠤᠨᠴᠠᠭᠠᠶᠢᠯᠠᠨ ᠵᠠᠷᠯᠠᠪᠠ
ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ 2017 ᠤᠨ ᠤ 5 ᠳ᠋ᠤᠭᠠᠷ ᠰᠠᠷ᠎ᠠ ᠶᠢᠨ 23 ᠤ ᠡᠳᠤᠷ
|
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|