|
ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ ᠨᠡᠭᠡᠭᠡᠯᠲᠡ ᠬᠢᠵᠦ ᠰᠢᠨ᠎ᠡ ᠶᠢ ᠡᠭᠦᠳᠦᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠶ᠎ᠡ |
|
|
ᠨᠡᠶᠢᠲᠡᠯᠡᠭᠰᠡᠨ ᠴᠠᠭ᠄
2019/1/10
|
|

ᠰᠤᠷᠪᠤᠯᠵᠢᠯᠠᠭᠰᠠᠨ ᠴᠠᠭ᠄ 2018 ᠣᠨ ᠤ 12 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ︽ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠬᠦ ᠳᠣᠲᠣᠨᠣ ᠬᠦᠰᠡᠯ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ ᠶᠢ ᠤᠷᠢᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠠᠷᠢᠨ ᠨᠢᠮᠪᠠᠢ ᠪᠠᠷ ᠰᠠᠶᠢᠲᠤᠷ ᠬᠢᠬᠦ ᠲᠤᠬᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠃ ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ
ᠬᠥᠲᠥᠯᠥᠭᠴᠢ᠄ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ︽ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠬᠦ ᠳᠣᠲᠣᠨᠣ ᠬᠦᠰᠡᠯ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠠᠷᠢᠨ ᠨᠢᠮᠪᠠᠢ ᠪᠠᠷ ᠰᠠᠶᠢᠲᠤᠷ ᠬᠢᠬᠦ ᠲᠤᠬᠠᠢ ᠰᠠᠨᠠᠯ ᠰᠣᠯᠢᠯᠴᠠᠭᠤᠯᠬᠤ ᠪᠠᠷ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ ᠶᠢ ᠤᠷᠢᠨ ᠠᠪᠴᠢᠷᠠᠪᠠ᠃ ᠴᠢ ᠡᠷᠬᠢᠯᠡᠭᠴᠢ ᠰᠠᠶᠢᠨ ᠪᠠᠶᠢᠨ᠎ᠠ ᠦᠦ︖ ᠴᠢ ᠶᠢᠨ ᠢᠦᠢ᠄ ᠬᠥᠲᠥᠯᠥᠭᠴᠢ ᠰᠠᠶᠢᠨ ᠪᠠᠶᠢᠨ᠎ᠠ ᠦᠦ︖ ᠬᠥᠲᠥᠯᠥᠭᠴᠢ᠄ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠳᠤ᠂ ᠦᠨᠳᠦᠰᠦᠨ ᠵᠦᠢᠯ ᠨᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠬᠤ ᠪᠠ ᠲᠡᠭᠦᠯᠳᠡᠷᠵᠢᠭᠦᠯᠬᠦ ᠳᠤ ᠪᠠᠶᠢᠳᠠᠭ ᠭᠡᠵᠦ ᠴᠢᠬᠤᠯᠠᠴᠢᠯᠠᠪᠠ᠃ ᠲᠡᠭᠡᠪᠡᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠶᠢᠰᠢᠳᠠ ᠶᠢᠨ ᠠᠵᠢᠯ ᠳᠤ ᠪᠠᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠬᠡᠷᠬᠢᠨ ᠪᠠᠷᠢᠮᠲᠠᠯᠠᠬᠤ ᠪᠠ ᠲᠡᠭᠦᠯᠳᠡᠷᠵᠢᠭᠦᠯᠬᠦ ᠪᠣᠢ︖ ᠴᠢ ᠶᠢᠨ ᠢᠦᠢ᠄ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠣᠶᠢᠯᠠᠭᠠᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠤᠶᠠᠷ ᠲᠤ᠂ ᠦᠨᠳᠦᠰᠦᠲᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠪᠠ ᠰᠠᠶᠢᠲᠤᠷ ᠬᠡᠷᠡᠭᠵᠢᠭᠦᠯᠦᠨ᠎ᠡ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠵᠢᠯᠴᠠᠵᠤ ᠴᠥᠭᠡᠨ ᠲᠣᠭᠠᠲᠤ ᠦᠨᠳᠦᠰᠦᠲᠡᠨ ᠤ ᠺᠠᠳ᠋ᠷ ᠴᠢᠳᠠᠪᠤᠷᠢᠲᠠᠨ ᠪᠠ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ ᠳᠥᠷᠪᠡ ᠳᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠬᠦ ᠶᠢ ᠥᠷᠨᠢᠭᠦᠯᠵᠦ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠭᠠᠳᠠᠭᠤᠷᠴᠢᠯᠠᠯ ᠤᠨ ᠴᠢᠨᠠᠷᠲᠠᠢ ᠦᠭᠡ ᠶᠠᠷᠢᠶ᠎ᠠ ᠦᠢᠯᠡ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠵᠠᠰᠠᠨ ᠵᠠᠯᠠᠷᠠᠭᠤᠯᠤᠨ᠎ᠠ᠃ ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠦᠨᠳᠦᠰᠦᠲᠡᠨ ᠤ ᠬᠡᠷᠡᠭ ᠶᠠᠪᠤᠳᠠᠯ ᠳᠤ ᠬᠠᠤᠯᠢ ᠶᠣᠰᠣᠭᠠᠷ ᠵᠠᠰᠠᠯᠲᠠ ᠬᠢᠬᠦ ᠴᠢᠳᠠᠪᠤᠷᠢ ᠶᠢᠨ ᠪᠠᠶᠢᠭᠤᠯᠤᠯᠲᠠ ᠪᠠᠨ ᠬᠡᠷᠬᠢᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠣᠢ︖ ᠴᠢ ᠶᠢᠨ ᠢᠦᠢ᠄ ᠨᠢᠭᠡ ᠳᠤ᠂ ᠦᠨᠳᠦᠰᠦᠨ ᠬᠠᠤᠯᠢ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠰᠤᠷᠤᠯᠴᠠᠯᠭ᠎ᠠ ᠶᠢ ᠴᠢᠩᠭᠠᠳᠬᠠᠨ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠯᠲᠠ ᠬᠢᠵᠦ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠰᠠᠨᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠯᠲᠠ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠶᠠᠷ ᠲᠤ᠂ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠪᠦᠷᠢᠨᠰᠢᠭᠦᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠠᠯᠤ ᠶᠢᠨ ᠢᠳᠡᠭᠡᠨ ᠤ ᠳᠦᠷᠢᠮ︾ ᠵᠡᠷᠭᠡ ᠣᠷᠣᠨ ᠨᠤᠲᠤᠭ ᠤᠨ ᠬᠠᠤᠯᠢ ᠲᠣᠭᠲᠠᠭᠠᠯ ᠢ ᠲᠣᠭᠲᠠᠭᠠᠬᠤ ᠶᠢ ᠢᠳᠡᠪᠬᠢᠲᠡᠢ ᠠᠬᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠤᠨ ᠲᠥᠬᠦᠷ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠣᠭᠲᠠᠭᠠᠨ ᠨᠡᠶᠢᠲᠡᠯᠡᠬᠦ ᠶᠢ ᠢᠳᠡᠪᠬᠢᠲᠡᠢ ᠠᠬᠢᠭᠤᠯᠵᠤ᠂ ᠡᠯ᠎ᠡ ᠭᠠᠵᠠᠷ ᠤᠨ ᠬᠢᠨ ᠤ ᠦᠨᠳᠦᠰᠦᠲᠡᠨ ᠤ ᠪᠦᠯᠬᠦᠮᠳᠡᠯ ᠢ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳᠦᠷᠢᠮ᠂ ᠣᠷᠣᠨ ᠨᠤᠲᠤᠭ ᠤᠨ ᠲᠣᠭᠲᠠᠭᠠᠯ ᠳᠦᠷᠢᠮ ᠳᠤ ᠪᠠᠨ ᠣᠷᠣᠭᠤᠯᠬᠤ ᠶᠢ ᠢᠳᠡᠪᠬᠢᠲᠡᠢ ᠠᠬᠢᠭᠤᠯᠤᠨ᠎ᠠ᠃ ᠭᠤᠷᠪᠠ ᠳᠤ᠂ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠂ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠠᠰᠢᠭ ᠲᠤᠰᠠ ᠶᠢᠨ ᠭᠤᠮᠣᠳᠠᠯ ᠲᠣᠭᠠᠴᠢᠯᠲᠠ ᠪᠠᠨ ᠬᠠᠤᠯᠢ ᠶᠣᠰᠣᠭᠠᠷ ᠢᠯᠡᠳᠬᠡᠬᠦ ᠠᠷᠭ᠎ᠠ ᠵᠠᠮ ᠢ ᠰᠢᠯᠤᠭᠤᠬᠠᠨ ᠨᠡᠪᠲᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠳᠥᠷᠪᠡ ᠳᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠮᠥᠷᠭᠦᠯᠳᠦᠭᠡᠨ ᠢ ᠵᠢᠭᠰᠠᠭᠠᠨ ᠪᠠᠶᠢᠴᠠᠭᠠᠵᠤ ᠨᠠᠮᠳᠠᠭᠠᠬᠤ ᠠᠵᠢᠯ ᠢ ᠴᠢᠩᠭᠠᠳᠬᠠᠨ᠂ ᠦᠨᠳᠦᠰᠦᠲᠡᠨ ᠤ ᠬᠠᠷᠢᠴᠠᠭ᠎ᠠ ᠶᠢ ᠬᠢᠨᠠᠨ ᠰᠢᠨᠵᠢᠵᠦ ᠦᠨᠡᠯᠡᠨ ᠵᠢᠱᠢᠬᠦ ᠶᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠠᠰᠠᠭᠤᠳᠠᠯ ᠢ ᠬᠠᠤᠯᠢ ᠶᠣᠰᠣᠭᠠᠷ ᠵᠣᠬᠢᠰᠲᠠᠢ ᠰᠢᠢᠳᠪᠦᠷᠢᠯᠡᠨ᠎ᠡ᠃ ᠬᠥᠲᠥᠯᠥᠭᠴᠢ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢᠨ ᠰᠠᠭᠤᠷᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠣᠶᠣᠨ ᠰᠠᠨᠠᠭᠠᠨ ᠤ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠬᠤ ᠳᠤ ᠪᠠᠶᠢᠳᠠᠭ ᠭᠡᠵᠡᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠶᠢᠰᠢᠳᠠ ᠶᠢᠨ ᠠᠵᠢᠯ ᠳᠤ ᠪᠠᠨ ᠡᠨᠡ ᠬᠦ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠢ︖ ᠴᠢ ᠶᠢᠨ ᠢᠦᠢ᠄ ᠨᠢᠭᠡ ᠳᠤ᠂ ᠣᠯᠠᠨ ᠵᠦᠢᠯ ᠤᠨ ᠬᠡᠯᠪᠡᠷᠢ ᠪᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠥᠵᠢᠯ ᠢ ᠴᠢᠩᠭᠠᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ᠂ ᠪᠠᠶᠠᠷ ᠳᠤᠷᠠᠰᠬᠠᠯ ᠤᠨ ᠡᠳᠦᠷ ᠤᠨ ᠠᠵᠢᠯᠯᠠᠭᠠᠨ ᠵᠡᠷᠭᠡ ᠠᠴᠢᠶᠠᠯᠠᠭᠴᠢ ᠶᠢᠨ ᠲᠠᠪᠴᠠᠩ ᠢᠶᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠥᠵᠢᠯ ᠢ ᠭᠦᠨᠵᠡᠭᠡᠢ ᠥᠷᠨᠢᠭᠦᠯᠵᠦ᠂ ᠤᠬᠠᠭᠤᠯᠭ᠎ᠠ ᠬᠥᠮᠥᠵᠢᠯ ᠤᠨ ᠴᠢᠭᠯᠡᠯᠲᠦ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨ ᠬᠦ ᠴᠢᠩᠭᠠᠷᠠᠭᠤᠯᠤᠨ᠎ᠠ᠃ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠠᠮᠵᠢᠯᠠᠯᠲᠤ ᠵᠠᠭᠤᠴᠢᠯᠠᠭᠤᠷ ᠤᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠰᠢᠨ᠎ᠡ ᠵᠠᠭᠤᠴᠢᠯᠠᠭᠤᠷ ᠢ ᠢᠳᠡᠪᠬᠢᠲᠡᠢ ᠳᠡᠯᠭᠡᠷᠡᠭᠦᠯᠬᠦ ᠪᠠ ᠠᠰᠢᠭᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠥᠵᠢᠯ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠠᠬᠢᠭᠤᠯᠤᠨ᠎ᠠ᠃ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ ᠨᠥᠬᠦᠷᠰᠡᠭ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠤᠯᠤᠰ ᠤᠨ ᠬᠦᠰᠡᠯ ᠵᠡᠭᠦᠳᠦ ᠶᠢ ᠬᠠᠮᠲᠤ ᠪᠠᠷ ᠴᠣᠭᠴᠠᠯᠠᠶ᠎ᠠ︾ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠨᠢᠭᠡᠳᠴᠦ ᠴᠢᠷᠮᠠᠶᠢᠨ ᠲᠡᠮᠡᠴᠡᠶ᠎ᠡ︾ ︽ᠭᠠᠷ ᠭᠠᠷ ᠢᠶᠠᠨ ᠬᠤᠯᠪᠣᠯᠴᠠᠨ︾ ︽ᠰᠡᠳᠬᠢᠯ ᠢᠶᠠᠨ ᠨᠢᠭᠡᠳᠬᠡᠶ᠎ᠡ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠭᠤᠣᠯ ᠰᠡᠳᠦᠪᠲᠦ ᠬᠥᠮᠥᠵᠢᠯ ᠢ ᠥᠷᠭᠡᠨ ᠳᠡᠯᠭᠡᠷ ᠥᠷᠨᠢᠭᠦᠯᠦᠨ᠎ᠡ᠃ ᠬᠤᠶᠠᠷ ᠲᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠥᠮᠥᠵᠢᠭᠦᠯᠦᠨ ᠦᠢᠯᠡᠳᠦᠯᠭᠡᠵᠢᠭᠦᠯᠬᠦ ᠬᠢᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠣᠷᠭᠠᠨᠢᠭ ᠢᠶᠠᠷ ᠨᠢᠭᠡᠳᠦᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠣᠯᠠᠨ ᠲᠦᠮᠡᠨᠴᠢ ᠴᠢᠨᠠᠷᠲᠠᠢ ᠣᠶᠣᠨ ᠤ ᠪᠣᠯᠪᠠᠰᠤᠨ ᠤ ᠡᠭᠦᠳᠦᠨ ᠪᠠᠶᠢᠭᠤᠯᠬᠤ ᠠᠵᠢᠯᠯᠠᠭᠠᠨ ᠳᠤ ᠠᠭᠤᠰᠤᠯᠴᠠᠭᠤᠯᠤᠨ᠎ᠠ᠃ ᠡᠨᠡ ᠵᠢᠯ ᠤᠨ ᠠᠵᠢᠯᠯᠠᠭᠠᠨ ᠤ ᠰᠠᠷ᠎ᠠ ᠶᠢᠨ ᠬᠤᠭᠤᠴᠠᠭᠠᠨ ᠳᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠦᠨ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠶᠢᠰᠢᠳᠠ ᠶᠢᠨ ᠵᠢᠯ ᠪᠦᠷᠢ ᠶᠢᠨ ᠠᠵᠢᠯᠯᠠᠭᠠᠨ ᠤ ᠰᠠᠷ᠎ᠠ ᠳᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠦᠨ᠎ᠡ᠃ ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠮᠥᠵᠢᠯ ᠤᠨ ᠰᠠᠭᠤᠷᠢᠨ ᠭᠠᠵᠠᠷ ᠤᠨ ᠦᠢᠯᠡᠳᠦᠯ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠵᠢᠱᠢᠶ᠎ᠡ ᠶᠢ ᠰᠠᠶᠢᠲᠤᠷ ᠶᠠᠷᠢᠭᠤᠯᠤᠨ᠂ ᠲᠣᠭᠤᠷᠢᠨ ᠦᠵᠡᠭᠴᠢ ᠨᠢᠭᠡᠪᠦᠷᠢ ᠳᠤ ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨᠵᠡᠭᠡᠢ ᠬᠥᠮᠥᠵᠢᠯ ᠢ ᠬᠦᠷᠲᠡᠭᠡᠨ᠎ᠡ᠃ ᠬᠥᠲᠥᠯᠥᠭᠴᠢ᠄ ᠨᠢᠳᠤᠨᠤᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠤᠷ ᠤᠨ ᠬᠤᠷᠠᠯ ᠢ ᠥᠪᠥᠷ ᠮᠣᠩᠭᠤᠯ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠲᠤᠬᠠᠢ ᠶᠢᠨ ᠲᠠᠯᠠᠪᠤᠷ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠡᠬᠢᠯᠡᠯᠲᠡ ᠶᠢᠨ ᠴᠡᠭ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠪᠥᠭᠡᠳ ᠦᠷᠭᠦᠯᠵᠢᠯᠡᠨ ᠠᠬᠢᠭᠤᠯᠬᠤ ᠪᠣᠢ︖ ᠴᠢ ᠶᠢᠨ ᠢᠦᠢ᠄ ᠨᠢᠭᠡ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠡᠯ᠎ᠡ ᠱᠠᠲᠤᠨ ᠤ ᠬᠢᠨ ᠤ ᠨᠠᠮ ᠤᠨ ᠬᠤᠷᠢᠶ᠎ᠠ ᠠᠴᠠ ᠤᠳᠤᠷᠢᠳᠤᠭᠰᠠᠨ᠂ ᠵᠠᠰᠠᠭ ᠤᠨ ᠣᠷᠳᠣᠨ ᠠᠴᠠ ᠬᠠᠷᠢᠭᠤᠴᠠᠭᠰᠠᠨ᠂ ᠨᠡᠶᠢᠭᠡᠮ ᠠᠴᠠ ᠬᠠᠮᠵᠢᠯᠴᠠᠭᠰᠠᠨ᠂ ᠣᠯᠠᠨ ᠲᠦᠮᠡᠨ ᠢᠶᠠᠷ ᠢᠶᠠᠨ ᠣᠷᠣᠯᠴᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠤᠨ᠎ᠠ᠃ ᠮᠠᠨ ᠤ ᠣᠷᠣᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢᠨ ᠰᠢᠯᠭᠠᠨ ᠦᠨᠡᠯᠡᠵᠦ ᠰᠢᠯᠭᠠᠨ ᠬᠢᠨᠠᠬᠤ ᠪᠠᠷᠢᠮᠵᠢᠶ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠢᠯᠭᠠᠷᠠᠭᠤᠯᠤᠨ ᠬᠥᠬᠢᠭᠦᠯᠵᠦ ᠰᠢᠯᠭᠠᠨ ᠬᠤᠷᠢᠶᠠᠵᠤ ᠠᠪᠬᠤ ᠵᠡᠷᠭᠡ ᠠᠵᠢᠯ ᠤᠨ ᠴᠤᠪᠤᠷᠠᠯ ᠢ ᠵᠢᠷᠤᠮᠵᠢᠭᠤᠯᠤᠨ᠎ᠠ᠃ ᠬᠤᠶᠠᠷ ᠲᠤ᠂ ᠭᠤᠣᠯᠳᠠᠯᠭ᠎ᠠ ᠶᠢ ᠲᠣᠪᠣᠶᠢᠯᠭᠠᠵᠤ᠂ ᠦᠨᠳᠦᠰᠦᠨ ᠱᠠᠲᠤ ᠶᠢ ᠠᠳᠬᠤᠨ᠂ ᠰᠠᠭᠤᠷᠢ ᠶᠢ ᠪᠠᠲᠤᠳᠬᠠᠬᠤ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠢᠶᠠᠩ ᠪᠠᠯᠭᠠᠰᠤ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠤ ᠣᠷᠣᠭᠤᠯᠬᠤ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠡᠭᠦᠳᠦᠨ ᠪᠠᠶᠢᠭᠤᠯᠬᠤ ᠠᠵᠢᠯ ᠤᠨ ᠨᠥᠯᠥᠭᠡ ᠦᠢᠯᠡᠳᠦᠯ ᠢ ᠥᠷᠭᠡᠳᠬᠡᠨ᠂ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠵᠦ᠂ ᠰᠢᠨ᠎ᠡ ᠶᠢ ᠡᠭᠦᠳᠦᠨ ᠬᠥᠭᠵᠢᠭᠦᠯᠬᠦ ᠲᠡᠶᠢᠰᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠢ ᠲᠣᠰᠬᠤᠨ ᠤ ᠪᠠᠭ᠂ ᠠᠩᠭᠢ ᠶᠢᠨ ᠪᠠᠭ᠂ ᠣᠨ ᠠᠩᠭᠢ ᠵᠡᠷᠭᠡ ᠦᠨᠳᠦᠰᠦᠨ ᠱᠠᠲᠤᠨ ᠳᠤ ᠬᠦᠷᠲᠡᠯ᠎ᠡ ᠳᠣᠷᠣᠭᠰᠢᠯᠠᠭᠤᠯᠵᠤ᠂ ᠨᠡᠶᠢᠭᠡᠮ ᠠᠵᠤ ᠠᠬᠤᠢ ᠶᠢᠨ ᠰᠢᠨ᠎ᠡ ᠵᠣᠬᠢᠶᠠᠨ ᠪᠠᠶᠢᠭᠤᠯᠤᠯᠲᠠ ᠳᠤ ᠬᠦᠷᠲᠡᠯ᠎ᠡ ᠥᠷᠭᠡᠳᠬᠡᠬᠦ ᠬᠡᠷᠡᠭᠲᠡᠢ᠃ ᠦᠨᠳᠦᠰᠦᠨ ᠱᠠᠲᠤᠨ ᠳᠤ ᠨᠡᠶᠢᠲᠡᠯᠢᠭ ᠥᠯᠢᠭᠡᠷ ᠵᠢᠱᠢᠶ᠎ᠡ ᠶᠢ ᠬᠥᠮᠥᠵᠢᠭᠦᠯᠦᠨ ᠪᠣᠶᠢᠵᠢᠭᠤᠯᠬᠤ ᠪᠠ ᠰᠣᠩᠭᠤᠨ ᠪᠣᠢ ᠪᠣᠯᠭᠠᠬᠤ ᠶᠢ ᠴᠢᠬᠤᠯᠠᠴᠢᠯᠠᠨ᠎ᠠ᠃ ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠬᠠᠷᠢᠯᠴᠠᠨ ᠲᠣᠭᠤᠷᠢᠨ ᠦᠵᠡᠵᠦ ᠬᠠᠷᠢᠯᠴᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠤᠷ ᠭᠠᠵᠠᠷ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠡᠭᠦᠳᠦᠨ ᠪᠠᠶᠢᠭᠤᠯᠬᠤ ᠠᠵᠢᠯ ᠤᠨ ᠨᠡᠶᠢᠲᠡᠯᠢᠭ ᠦᠢᠯᠡ ᠶᠠᠪᠤᠳᠠᠯ ᠢ ᠤᠬᠠᠭᠤᠯᠬᠤ ᠪᠠ ᠲᠡᠷᠢᠭᠦᠨ ᠤ ᠲᠤᠷᠰᠢᠯᠭ᠎ᠠ ᠶᠢ ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠡ᠃ ᠬᠥᠲᠥᠯᠥᠭᠴᠢ᠄ ︽ᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠬᠦ︾ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠡᠨᠡ ᠬᠦ ᠠᠵᠢᠯ ᠢ ᠬᠡᠷᠬᠢᠨ ᠰᠠᠶᠢᠲᠤᠷ ᠬᠢᠬᠦ ᠪᠣᠢ︖ ᠴᠢ ᠶᠢᠨ ᠢᠦᠢ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ᠂ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠬᠤᠲᠠ ᠶᠢᠨ ᠪᠦᠯᠦᠭᠯᠡᠯ ᠢᠶᠠᠷ ᠭᠤᠣᠯ ᠴᠣᠭᠴᠠ ᠪᠣᠯᠭᠠᠵᠤ ᠲᠣᠮᠣ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢ ᠵᠣᠬᠢᠴᠠᠩᠭᠤᠢ ᠪᠠᠷ ᠬᠥᠭᠵᠢᠭᠦᠯᠬᠦ ᠬᠤᠲᠠ ᠬᠥᠳᠡᠭᠡ ᠶᠢᠨ ᠪᠠᠶᠢᠷᠢᠯᠠᠭᠤᠯᠤᠯᠲᠠ ᠶᠢ ᠪᠠᠶᠢᠭᠤᠯᠵᠤ᠂ ᠲᠠᠷᠢᠶᠠᠯᠠᠩ ᠤᠨ ᠨᠡᠭᠦᠳᠡᠯ ᠬᠥᠮᠥᠨ ᠠᠮᠠ ᠶᠢᠨ ᠬᠤᠲᠠᠴᠢᠯᠠᠯᠲᠠ ᠶᠢ ᠲᠦᠷᠭᠡᠳᠬᠡᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠨᠡ ᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ ᠶᠢ ᠬᠤᠲᠠ᠂ ᠬᠤᠲᠠ ᠪᠠᠯᠭᠠᠰᠤ ᠲᠡᠶᠢᠰᠢ ᠵᠦᠢ ᠵᠣᠬᠢᠰᠲᠠᠢ ᠪᠠᠷ ᠨᠡᠭᠦᠯᠭᠡᠨ ᠰᠢᠯᠵᠢᠭᠦᠯᠬᠦ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠬᠦ ᠨᠢ ᠵᠠᠶᠢᠯᠠᠰᠢ ᠦᠭᠡᠢ᠃ ᠡᠭᠦᠨ ᠳᠤ᠂ ᠪᠢᠳᠡ ᠡᠷᠬᠡᠪᠰᠢ ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠨᠢᠭᠡ ᠳᠤ᠂ ᠨᠢᠭᠡᠳᠦᠯᠲᠡᠢ ᠲᠥᠯᠥᠪᠵᠢᠭᠦᠯᠵᠦ ᠤᠬᠠᠭᠠᠯᠠᠨ ᠲᠥᠯᠥᠪᠯᠡᠬᠦ ᠶᠢ ᠴᠢᠬᠤᠯᠠᠴᠢᠯᠠᠵᠤ᠂ ᠬᠤᠲᠠ ᠶᠢᠨ ᠦᠨᠳᠦᠰᠦᠲᠡᠨ ᠤ ᠠᠵᠢᠯ ᠬᠢᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠣᠷᠭᠠᠨᠢᠭ ᠢᠶᠠᠷ ᠤᠶᠠᠯᠳᠤᠭᠤᠯᠤᠨ᠂ ᠬᠤᠲᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠲᠠᠢ ᠣᠷᠭᠠᠨᠢᠭ ᠢᠶᠠᠷ ᠤᠶᠠᠯᠳᠤᠭᠤᠯᠵᠤ᠂ ᠬᠤᠲᠠ ᠬᠥᠳᠡᠭᠡ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠠᠬᠢᠴᠠ ᠶᠢ ᠠᠬᠢᠭᠤᠯᠬᠤ ᠶᠠᠪᠤᠴᠠ ᠳᠤ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠤᠭᠰᠠᠨ᠂ ᠣᠯᠠᠨ ᠰᠠᠯᠠᠭ᠎ᠠ ᠮᠥᠴᠢᠷ ᠤᠳ ᠴᠤᠭ ᠢᠶᠠᠷ ᠠᠳᠬᠤᠨ ᠬᠠᠮᠲᠤ ᠪᠠᠷ ᠬᠠᠮᠢᠶᠠᠷᠴᠤ᠂ ᠬᠠᠮᠲᠤ ᠪᠠᠷ ᠣᠷᠣᠯᠴᠠᠨ᠂ ᠬᠠᠮᠲᠤ ᠪᠠᠷ ᠠᠬᠢᠭᠤᠯᠤᠭᠰᠠᠨ ᠬᠤᠲᠠ ᠶᠢᠨ ᠦᠨᠳᠦᠰᠦᠲᠡᠨ ᠤ ᠠᠵᠢᠯ ᠤᠨ ᠪᠠᠶᠢᠷᠢᠯᠠᠭᠤᠯᠤᠯᠲᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠶᠠᠷ ᠲᠤ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠬᠤᠲᠠ ᠶᠢᠨ ᠦᠨᠳᠦᠰᠦᠲᠡᠨ ᠤ ᠠᠵᠢᠯ ᠢ ᠥᠷᠨᠢᠭᠦᠯᠬᠦ ᠶᠢ ᠭᠦᠨᠵᠡᠭᠡᠢ ᠠᠬᠢᠭᠤᠯᠵᠤ᠂ ᠬᠤᠲᠠ ᠶᠢᠨ ᠦᠨᠳᠦᠰᠦᠲᠡᠨ ᠤ ᠠᠵᠢᠯ ᠤᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠬᠢᠨᠠᠮᠠᠭᠠᠢ ᠳ᠋ᠦᠩᠨᠡᠵᠦ᠂ ᠨᠡᠶᠢᠲᠡᠯᠢᠭ ᠵᠢᠱᠢᠶ᠎ᠡ ᠶᠢ ᠰᠣᠩᠭᠤᠨ ᠬᠥᠮᠥᠵᠢᠭᠦᠯᠬᠦ ᠶᠢ ᠴᠢᠬᠤᠯᠠᠴᠢᠯᠠᠨ ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠡ᠃ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠤᠨ᠂ ᠬᠤᠲᠠ ᠬᠥᠳᠡᠭᠡ ᠶᠢᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠶᠢ ᠳᠡᠮᠵᠢᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠭᠤᠷᠪᠠ ᠳᠤ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠳᠤ ᠦᠢᠯᠡᠴᠢᠯᠡᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠣᠯᠠᠨ ᠨᠡᠶᠢᠲᠡ ᠶᠢᠨ ᠡᠯ᠎ᠡ ᠵᠦᠢᠯ ᠤᠨ ᠦᠨᠳᠦᠰᠦᠨ ᠦᠢᠯᠡᠴᠢᠯᠡᠭᠡ ᠶᠢ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠳᠤ ᠪᠦᠬᠦ ᠲᠠᠯ᠎ᠠ ᠪᠠᠷ ᠬᠠᠮᠤᠷᠤᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠣᠨᠴᠠ ᠬᠦᠴᠢᠷᠲᠡᠢ ᠣᠯᠠᠨ ᠲᠦᠮᠡᠨ ᠳᠤ ᠵᠦᠢ ᠵᠣᠬᠢᠰᠲᠠᠢ ᠬᠡᠯᠪᠡᠶᠢᠯᠲᠡ ᠬᠠᠷᠠᠭᠠᠯᠵᠠᠯ ᠣᠯᠭᠤᠵᠤ᠂ ᠨᠡᠭᠦᠯᠭᠡᠨ ᠰᠢᠯᠵᠢᠭᠦᠯᠵᠦ ᠬᠤᠲᠠ ᠳᠤ ᠣᠷᠣᠭᠤᠯᠤᠭᠰᠠᠨ ᠪᠠ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠣᠯᠠᠨ ᠲᠦᠮᠡᠨ ᠤ ᠠᠵᠢᠯ ᠣᠯᠬᠤ᠂ ᠠᠳᠠᠯ ᠦᠢᠯᠡᠰ ᠴᠣᠭᠴᠠᠯᠠᠬᠤ᠂ ᠭᠡᠷ ᠣᠷᠣᠨ ᠢᠶᠠᠨ ᠲᠥᠪᠬᠢᠨᠡᠭᠦᠯᠬᠦ᠂ ᠦᠷ᠎ᠡ ᠬᠡᠦᠬᠡᠳ ᠢᠶᠠᠨ ᠪᠢᠴᠢᠭ ᠦᠵᠡᠭᠦᠯᠬᠦ᠂ ᠡᠪᠡᠳᠴᠢᠨ ᠢᠶᠠᠨ ᠦᠵᠡᠭᠦᠯᠵᠦ ᠡᠮᠴᠢᠯᠡᠭᠡ ᠬᠢᠬᠦ ᠵᠡᠷᠭᠡ ᠪᠣᠳᠠᠲᠠᠢ ᠠᠰᠠᠭᠤᠳᠠᠯ ᠤᠨ ᠲᠠᠯ᠎ᠠ ᠪᠠᠷ ᠨᠡᠩ ᠣᠯᠠᠨ ᠬᠠᠯᠠᠮᠵᠢᠯᠠᠯ ᠪᠠ ᠬᠠᠷᠠᠭᠠᠯᠵᠠᠯ ᠦᠵᠡᠭᠦᠯᠦᠨ᠎ᠡ᠃ ᠬᠠᠤᠯᠢ ᠪᠠᠷ ᠵᠠᠰᠠᠬᠤ ᠰᠡᠳᠬᠢᠬᠦᠢ ᠶᠢ ᠪᠠᠷᠢᠮᠲᠠᠯᠠᠨ᠂ ᠡᠯ᠎ᠡ ᠦᠨᠳᠦᠰᠦᠲᠡᠨ ᠤ ᠣᠯᠠᠨ ᠲᠦᠮᠡᠨ ᠢ ᠬᠥᠮᠥᠵᠢᠭᠦᠯᠬᠦ ᠪᠠ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢ ᠰᠤᠷᠴᠤ᠂ ᠬᠠᠤᠯᠢ ᠴᠠᠭᠠᠵᠠ ᠶᠢ ᠬᠦᠨᠳᠦᠳᠬᠡᠨ᠂ ᠬᠠᠤᠯᠢ ᠴᠠᠭᠠᠵᠠ ᠶᠢ ᠰᠠᠬᠢᠵᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠬᠠᠮᠠᠭᠠᠯᠠᠨ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ᠂ ︽ᠬᠠᠮᠲᠤ ᠪᠠᠷ ᠣᠷᠣᠰᠢᠨ ᠬᠠᠮᠲᠤ ᠪᠠᠷ ᠬᠥᠭᠵᠢᠵᠦ᠂ ᠬᠠᠮᠲᠤ ᠪᠠᠷ ᠪᠠᠶᠢᠭᠤᠯᠤᠨ ᠬᠠᠮᠲᠤ ᠳᠤ ᠪᠠᠨ ᠬᠦᠷᠲᠡᠬᠦ︾ ᠶᠢ ᠪᠡᠶᠡᠯᠡᠭᠦᠯᠦᠨ᠎ᠡ᠃ ᠬᠥᠲᠥᠯᠥᠭᠴᠢ᠄ ᠶᠡᠷᠦᠩᠬᠡᠢ ᠱᠦᠵᠢ ᠰᠢ ᠶᠢᠨ ᠫᠢᠩ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠨᠢᠭᠡ ᠦᠨᠳᠦᠰᠦᠲᠡᠨ ᠢ ᠴᠤ ᠬᠤᠴᠣᠷᠤᠭᠤᠯᠵᠤ ᠪᠣᠯᠬᠤ ᠦᠭᠡᠢ ᠭᠡᠵᠦ ᠴᠢᠬᠤᠯᠠᠴᠢᠯᠠᠪᠠ᠃ ᠮᠠᠨ ᠤ ᠣᠷᠣᠨ ᠤ ᠬᠡᠰᠡᠭ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠤ ᠣᠷᠣᠨ ᠪᠠᠶᠢᠷᠢ ᠨᠢ ᠠᠯᠤᠰ ᠪᠤᠶᠢᠳᠠ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠨᠡᠯᠢᠶᠡᠳ ᠮᠠᠭᠤ᠂ ᠠᠵᠤ ᠠᠬᠤᠢ ᠨᠡᠶᠢᠭᠡᠮ ᠤᠨ ᠬᠥᠭᠵᠢᠯᠲᠡ ᠨᠢ ᠬᠠᠷᠢᠴᠠᠩᠭᠤᠢ ᠬᠤᠴᠣᠷᠴᠤ ᠪᠠᠶᠢᠬᠤ ᠠᠴᠠ ᠪᠣᠯᠵᠤ᠂ ᠵᠠᠷᠢᠮ ᠣᠯᠠᠨ ᠲᠦᠮᠡᠨ ᠶᠠᠳᠠᠭᠤ ᠬᠦᠴᠢᠷᠲᠡᠢ ᠪᠠᠶᠢᠳᠠᠯ ᠠᠴᠠ ᠠᠩᠭᠢᠵᠢᠷᠠᠵᠤ ᠴᠢᠳᠠᠭ᠎ᠠ ᠦᠭᠡᠢ ᠪᠠᠶᠢᠨ᠎ᠠ᠃ ᠡᠨᠡ ᠪᠣᠯ ᠮᠥᠨ ᠴᠤ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠶᠢᠨ ᠭᠤᠣᠯᠳᠠᠯᠭ᠎ᠠ ᠪᠠ ᠬᠦᠴᠢᠷᠳᠡᠯ ᠪᠣᠯᠣᠨ᠎ᠠ᠃ ᠲᠡᠭᠡᠪᠡᠯ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠬᠡᠷᠬᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠨ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠬᠤ ᠳᠤ ᠬᠦᠴᠦᠨ ᠪᠦᠬᠦᠢ ᠳᠡᠮᠵᠢᠯᠭᠡ ᠬᠠᠩᠭᠠᠬᠤ ᠪᠣᠢ︖ ᠴᠢ ᠶᠢᠨ ᠢᠦᠢ᠄ ᠨᠢᠭᠡ ᠳᠤ᠂ ᠪᠠᠶᠢᠴᠠᠭᠠᠨ ᠰᠤᠳᠤᠯᠬᠤ ᠶᠢ ᠭᠦᠨᠵᠡᠭᠡᠢ ᠥᠷᠨᠢᠭᠦᠯᠦᠨ᠂ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠤ ᠶᠠᠳᠠᠭᠤ ᠬᠤᠴᠣᠷᠤᠩᠭᠤᠢ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠨ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ ᠦᠨᠳᠦᠰᠦᠯᠡᠯ ᠬᠠᠩᠭᠠᠬᠤ ᠬᠡᠷᠡᠭᠲᠡᠢ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ ᠠᠵᠢᠯᠯᠠᠭ᠎ᠠ ᠶᠢᠨ ᠭᠤᠷᠪᠠᠨ ᠵᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠳᠠᠩᠰᠠ ᠺᠠᠷᠲ ᠲᠠᠢ ᠶᠠᠳᠠᠭᠤ ᠬᠦᠴᠢᠷᠲᠡᠢ ᠬᠥᠮᠥᠨ ᠠᠮᠠ ᠳᠤ ᠠᠩᠬᠠᠷᠤᠭᠤᠯᠤᠨ ᠲᠥᠪᠯᠡᠷᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠶᠠᠳᠠᠭᠤ ᠬᠦᠴᠢᠷᠲᠡᠢ ᠭᠠᠵᠠᠷ ᠣᠷᠣᠨ ᠳᠠᠬᠢ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠶᠢ ᠪᠦᠬᠦ ᠬᠦᠴᠦᠨ ᠢᠶᠠᠷ ᠳᠡᠮᠵᠢᠬᠦ ᠬᠡᠷᠡᠭᠲᠡᠢ᠃ ᠭᠤᠷᠪᠠ ᠳᠤ᠂ ᠤᠯᠤᠰ ᠤᠨ ︽︿13 · 5﹀ ᠶᠢᠨ ᠦᠨᠳᠦᠰᠦᠲᠡᠨ ᠤ ᠣᠷᠣᠨ ᠪᠠ ᠬᠥᠮᠥᠨ ᠠᠮᠠ ᠨᠢ ᠬᠠᠷᠢᠴᠠᠩᠭᠤᠢ ᠴᠥᠭᠡᠨ ᠦᠨᠳᠦᠰᠦᠲᠡᠨ ᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ︾ ᠪᠠ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠴᠢᠨᠡᠭᠡᠯᠢᠭᠵᠢᠭᠦᠯᠬᠦ ᠠᠵᠢᠯᠯᠠᠭ᠎ᠠ ᠶᠢᠨ ︿13 · 5﹀ ᠶᠢᠨ ᠲᠥᠯᠥᠪᠵᠢᠭᠦᠯᠭᠡ︾ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠵᠥᠷᠢᠶᠡᠴᠢᠯᠡᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠯᠢ ᠬᠢᠵᠠᠭᠠᠷ ᠣᠷᠣᠨ᠂ ᠬᠥᠮᠥᠨ ᠠᠮᠠ ᠨᠢ ᠬᠠᠷᠢᠴᠠᠩᠭᠤᠢ ᠴᠥᠭᠡᠨ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠢ ᠭᠤᠣᠯᠳᠠᠯᠭ᠎ᠠ ᠲᠠᠢ ᠪᠠᠷ ᠳᠡᠮᠵᠢᠨ ᠰᠠᠭᠤᠷᠢ ᠪᠡᠯᠡᠳᠬᠡᠵᠡᠢ ᠶᠢᠨ ᠪᠠᠶᠢᠭᠤᠯᠤᠯᠲᠠ ᠶᠢ ᠨᠢ ᠴᠢᠩᠭᠠᠳᠬᠠᠵᠤ᠂ ᠳᠠᠪᠠᠭᠤᠯᠢᠭ ᠥᠪᠡᠷᠮᠢᠴᠡ ᠠᠵᠤ ᠦᠢᠯᠡᠰ ᠢ ᠬᠥᠮᠥᠵᠢᠭᠦᠯᠦᠨ ᠪᠣᠶᠢᠵᠢᠭᠤᠯᠵᠤ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠢ᠃ ᠳᠥᠷᠪᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠨᠥᠬᠦᠴᠡᠯ ᠲᠠᠢ ᠭᠠᠵᠠᠷ ᠣᠷᠣᠨ ᠤ ᠬᠢᠨ ᠤ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠬᠤ ᠶᠢ ᠳᠡᠮᠵᠢᠬᠦ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠴᠢᠩᠭᠠᠳᠬᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠠᠷᠠᠳ ᠤᠨ ᠠᠷᠠᠯᠵᠢᠶ᠎ᠠ ᠠᠷᠠᠳ ᠤᠨ ᠪᠦᠲᠦᠭᠡᠭᠳᠡᠬᠦᠨ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠨᠴᠠᠭᠠᠢ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠬᠥᠲᠥᠯᠥᠭᠴᠢ᠄ ᠴᠢ ᠡᠷᠬᠢᠯᠡᠭᠴᠢ ᠶᠢᠨ ᠮᠠᠨ ᠤ ᠪᠤᠯᠤᠩ ᠳᠤ ᠮᠣᠷᠢᠯᠠᠨ ᠰᠠᠭᠠᠲᠠᠭᠰᠠᠨ ᠳᠤ ᠳᠠᠬᠢᠨᠲᠠ ᠪᠠᠶᠠᠷᠯᠠᠵᠤ ᠪᠠᠶᠢᠨ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ ᠪᠠᠶᠢᠨ᠎ᠠ᠃ ᠮᠠᠨ ᠤ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|