|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠡᠷᠭᠡ ᠤᠨᠤᠭ᠎ᠠ ᠨᠡᠪᠲᠡᠷᠡᠬᠦ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠲᠣᠬᠢᠷᠠᠭᠤᠯᠬᠤ ᠭᠡᠷᠡᠴᠢᠯᠡᠯᠲᠡ ᠰᠣᠨᠣᠰᠬᠤ ᠬᠤᠷᠠᠯ ᠬᠤᠷᠠᠯᠳᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠵᠠᠷ |
|
|
ᠨᠡᠶᠢᠲᠡᠯᠡᠭᠰᠡᠨ ᠴᠠᠭ᠄
2019/10/14
|
|
︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠪᠣᠯᠤᠨ ︽ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠲᠤᠬᠠᠶ ᠭᠡᠷᠡᠴᠢᠯᠡᠯᠲᠡ ᠰᠣᠨᠣᠰᠬᠤ ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠵᠠᠷᠯᠢᠭ 21 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ 2019 ᠣᠨ ᠤ 11 ᠳ᠋ᠦ᠋ᠭᠡᠷ ᠰᠠᠷ᠎ᠠ ᠶᠢᠨ ᠳᠤᠮᠳᠠᠴᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠡᠷᠭᠡ ᠤᠨᠤᠭ᠎ᠠ ᠨᠡᠪᠲᠡᠷᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠬᠢᠷᠠᠭᠤᠯᠬᠤ ᠭᠡᠷᠡᠴᠢᠯᠡᠯᠲᠡ ᠰᠣᠨᠣᠰᠬᠤ ᠬᠤᠷᠠᠯ ᠬᠤᠷᠠᠯᠳᠤᠭᠤᠯᠬᠤ ᠪᠠᠷ ᠲᠥᠯᠥᠪᠯᠡᠵᠦ ᠪᠣᠢ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠵᠠᠷᠯᠠᠪᠠ᠄ ᠨᠢᠭᠡ᠂ ᠬᠤᠷᠠᠯ ᠳᠤ ᠣᠷᠤᠯᠴᠠᠬᠤ ᠬᠦᠮᠦᠰ ᠤᠨ ᠪᠦᠷᠢᠯᠳᠦᠯ ᠭᠡᠷᠡᠴᠢᠯᠡᠯᠲᠡ ᠰᠣᠨᠣᠰᠬᠤ ᠬᠤᠷᠠᠯ ᠤᠨ ᠲᠥᠯᠥᠭᠡᠯᠡᠭᠴᠢ ᠨᠡᠶᠢᠲᠡ 24 ᠬᠥᠮᠦᠨ᠂ ᠡᠭᠦᠨ ᠳᠤ᠄ ᠰᠦᠢᠳᠬᠡᠯ ᠬᠤᠷᠢᠶᠠᠬᠤ ᠵᠠᠰᠠᠮᠠᠯ ᠵᠠᠮ ᠢ ᠬᠡᠷᠡᠭᠯᠡᠬᠦ ᠨᠢᠭᠡᠴᠢ ᠪᠤᠶᠤ ᠬᠤᠪᠢ ᠬᠥᠮᠦᠨ ᠤ ᠲᠥᠯᠥᠭᠡᠯᠡᠭᠴᠢ 10 ᠬᠥᠮᠦᠨ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢᠨ ᠲᠥᠯᠥᠭᠡᠯᠡᠭᠴᠢ 8 ᠬᠥᠮᠦᠨ᠂ ᠲᠤᠰᠬᠠᠶ ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢ 2 ᠬᠥᠮᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 2 ᠬᠥᠮᠦᠨ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠤ ᠲᠥᠯᠥᠭᠡᠯᠡᠭᠴᠢ 2 ᠬᠥᠮᠦᠨ ᠪᠣᠯᠣᠨ᠎ᠠ︔ ᠬᠤᠶᠠᠷ᠂ ᠬᠤᠷᠠᠯ ᠳᠤ ᠣᠷᠤᠯᠴᠠᠬᠤ ᠲᠥᠯᠥᠭᠡᠯᠡᠭᠴᠢ ᠶᠢ ᠰᠣᠩᠭᠤᠬᠤ ᠠᠷᠭ᠎ᠠ ᠮᠠᠶ᠋ᠢᠭ ︵ᠨᠢᠭᠡ︶ ᠭᠡᠷᠡᠴᠢᠯᠡᠯᠲᠡ ᠰᠣᠨᠣᠰᠬᠤ ᠬᠤᠷᠠᠯ ᠤᠨ ᠲᠥᠯᠥᠭᠡᠯᠡᠭᠴᠢ ᠶᠢ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠠᠷᠭ᠎ᠠ ᠪᠠᠷ ᠰᠣᠩᠭᠤᠨ᠎ᠠ᠂ ᠨᠡᠷ᠎ᠡ ᠮᠡᠳᠡᠭᠦᠯᠦᠭᠴᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ 1. ᠪᠦᠬᠦᠯᠢ 18 ᠨᠠᠰᠤ ᠬᠦᠷᠦᠭᠰᠡᠨ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ︔ 2. ᠴᠢᠬᠤᠯᠠ ᠪᠦᠬᠦᠢ ᠬᠤᠪᠢ ᠬᠥᠮᠦᠨ ᠤ ᠮᠡᠳᠡᠭᠡ ᠵᠠᠩᠭᠢ ︵ᠣᠪᠣᠭ ᠨᠡᠷ᠎ᠡ᠂ ᠬᠦᠢᠰᠦ᠂ ᠪᠡᠶ᠎ᠡ ᠬᠢᠷᠢ ᠭᠡᠮ ᠠᠵᠢᠯ ᠮᠡᠷᠭᠡᠵᠢᠯ ᠵᠡᠷᠭᠡ ᠪᠠᠭᠲᠠᠨ᠎ᠠ︶ ᠶᠢ ᠢᠯᠡ ᠪᠣᠯᠭᠠᠬᠤ ᠶᠢ ᠵᠥᠪᠰᠢᠶᠡᠷᠡᠬᠦ︔ 3. ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠵᠠᠳᠠᠯᠬᠤ ᠪᠠ ᠦᠭᠡ ᠬᠡᠯᠡ ᠦᠰᠦᠭ ᠪᠢᠴᠢᠭ ᠢᠶᠠᠷ ᠢᠯᠡᠳᠬᠡᠬᠦ ᠵᠣᠬᠢᠬᠤ ᠬᠡᠮᠵᠢᠶᠡᠨ ᠤ ᠴᠢᠳᠠᠪᠤᠷᠢ ᠲᠠᠢ ᠪᠠᠶᠢᠬᠤ︔ 4. ᠰᠠᠨᠠᠯ ᠢᠶᠠᠨ ᠪᠤᠰᠤᠳᠴᠢ ᠪᠠᠷ ᠢᠯᠡᠳᠬᠡᠵᠦ ᠴᠢᠳᠠᠬᠤ ᠪᠥᠭᠡᠳ ᠬᠤᠷᠠᠯ ᠤᠨ ᠪᠦᠬᠦ ᠶᠠᠪᠤᠴᠠ ᠳᠤ ᠲᠣᠭᠲᠠᠭᠰᠠᠨ ᠴᠠᠭ ᠲᠤ ᠪᠠᠨ ᠣᠷᠣᠯᠴᠠᠵᠤ ᠴᠢᠳᠠᠬᠤ︔ 5. ᠭᠡᠷᠡᠴᠢᠯᠡᠯᠲᠡ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠠ ᠠᠩᠬᠠᠷᠬᠤ ᠵᠦᠢᠯᠡᠰ ᠢ ᠵᠢᠷᠤᠮᠯᠠᠨ ᠰᠠᠬᠢᠵᠦ ᠴᠢᠳᠠᠬᠤ᠃ ︵ᠬᠤᠶᠠᠷ︶ ᠰᠦᠢᠳᠬᠡᠯ ᠬᠤᠷᠢᠶᠠᠬᠤ ᠵᠠᠰᠠᠮᠠᠯ ᠵᠠᠮ ᠢ ᠬᠡᠷᠡᠭᠯᠡᠬᠦ ᠨᠢᠭᠡᠴᠢ ᠪᠤᠶᠤ ᠬᠤᠪᠢ ᠬᠥᠮᠦᠨ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠡᠨ ᠡᠷᠳᠡᠮᠲᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠡᠷᠭᠡ ᠣᠷᠣᠯᠴᠠᠭᠴᠢ ᠶᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠨᠠᠶᠢᠳᠠᠨ ᠲᠠᠨᠢᠯᠴᠠᠭᠤᠯᠬᠤ ᠪᠤᠶᠤ ᠣᠷᠢᠨ ᠵᠠᠯᠠᠨ᠎ᠠ᠃ ︵ᠭᠤᠷᠪᠠ︶ ᠲᠣᠰ ᠤᠳᠠᠭᠠᠨ ᠤ ᠭᠡᠷᠡᠴᠢᠯᠡᠯᠲᠡ ᠰᠣᠨᠣᠰᠬᠤ ᠬᠤᠷᠠᠯ ᠳᠤ ᠰᠤᠯᠠ ᠰᠣᠨᠣᠰᠬᠤ ᠰᠠᠭᠤᠳᠠᠯ ᠪᠠ ᠰᠤᠷᠪᠤᠯᠵᠢᠯᠠᠭᠴᠢ ᠶᠢᠨ ᠰᠠᠭᠤᠳᠠᠯ ᠲᠣᠬᠢᠷᠠᠭᠤᠯᠪᠠ᠂ ᠡᠭᠦᠨ ᠳᠤ ᠰᠤᠯᠠ ᠰᠣᠨᠣᠰᠤᠭᠴᠢᠳ 8 ᠨᠡᠷᠡᠰ᠂ ᠵᠠᠭᠤᠴᠢᠯᠠᠭᠤᠷ ᠤᠨ ᠰᠤᠷᠪᠤᠯᠵᠢᠯᠠᠭᠴᠢ 6 ᠨᠡᠷᠡᠰ᠃ ︽ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠶᠢᠨ ᠲᠤᠬᠠᠶ ᠭᠡᠷᠡᠴᠢᠯᠡᠯᠲᠡ ᠰᠣᠨᠣᠰᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠰᠤᠯᠠ ᠰᠣᠨᠣᠰᠤᠭᠴᠢᠳ ᠬᠤᠷᠠᠯ ᠳᠡᠭᠡᠷ᠎ᠡ ᠶᠠᠷᠢᠶ᠎ᠠ ᠲᠠᠯᠪᠢᠬᠤ ᠦᠭᠡᠢ᠂ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠶᠢ ᠵᠢᠷᠤᠮᠯᠠᠬᠤ ᠬᠡᠷᠡᠭᠲᠡᠶ᠃ ᠰᠤᠯᠠ ᠰᠣᠨᠣᠰᠤᠭᠴᠢᠳ ᠬᠡᠷᠪᠡ ᠰᠠᠨᠠᠯ ᠪᠠ ᠰᠠᠨᠠᠭᠤᠯᠭ᠎ᠠ ᠪᠠᠶᠢᠪᠠᠯ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠳᠡᠵᠦ ᠪᠣᠯᠤᠨ᠎ᠠ᠃ ᠭᠤᠷᠪᠠ᠂ ᠨᠡᠷ᠎ᠡ ᠮᠡᠳᠡᠭᠦᠯᠬᠦ ᠠᠷᠭ᠎ᠠ ᠣᠷᠤᠯᠴᠠᠬᠤ ᠰᠠᠨᠠᠭ᠎ᠠ ᠲᠠᠢ ᠬᠦᠮᠦᠰ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ᠥᠪᠡᠷ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠵᠢᠴᠢ ᠬᠠᠭᠤᠯᠪᠤᠷᠢ ᠪᠠᠨ ᠠᠪᠴᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠭᠠᠵᠠᠷ ᠲᠤ ᠬᠦᠷᠴᠦ ᠨᠡᠷ᠎ᠡ ᠮᠡᠳᠡᠭᠦᠯᠬᠦ ᠬᠡᠷᠡᠭᠲᠡᠶ᠃ ᠬᠠᠷᠢᠯᠴᠠᠬᠤ ᠬᠥᠮᠦᠨ᠄ ᠯᠢᠦ ᠰᠢᠶᠤᠤ ᠮᠢᠩ ᠮᠧᠨ ᠳ᠋ᠧ ᠹᠦ᠋ ᠬᠠᠷᠢᠯᠴᠠᠬᠤ ᠤᠲᠠᠰᠤ᠄ 0471 — 6659092 ᠹᠠᠺᠰ᠄ 0471 — 6659471 ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ B ᠨᠣᠮᠧᠷ ᠠᠰᠠᠷ ᠤᠨ 702 ᠥᠷᠥᠭᠡ 2019 ᠣᠨ ᠤ 10 ᠳ᠋ᠤᠭᠠᠷ ᠰᠠᠷ᠎ᠠ ᠶᠢᠨ 12 ᠤᠨ ᠡᠳᠦᠷ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|