
ᠰᠤᠷᠪᠤᠯᠵᠢᠯᠠᠭᠰᠠᠨ ᠴᠠᠭ᠄
2019 ᠣᠨ ᠤ 03 ᠳ᠋ᠤᠭᠠᠷ ᠰᠠᠷ᠎ᠠ ᠶᠢᠨ 27 ᠤ ᠡᠳᠦᠷ ᠤᠨ 15 ᠴᠠᠭ
ᠰᠤᠷᠪᠤᠯᠵᠢᠯᠠᠭ᠎ᠠ ᠬᠦᠯᠢᠶᠡᠭᠴᠢ᠄
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ︵ᠳᠡᠳ᠋ ᠲᠢᠩᠬᠢᠮ ᠤᠨ ᠳᠡᠰ︶ ᠵᠠᠩ ᠯᠢᠶᠠᠩ
ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄
ᠣᠶᠢᠷ᠎ᠠ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠠᠩ ᠯᠢᠶᠠᠩ ᠢ ᠤᠷᠢᠵᠤ᠂ ᠬᠢᠨᠠᠨ ᠪᠣᠳᠣᠬᠤ ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠬᠦ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ ᠲᠠᠶᠢᠯᠤᠮᠵᠢ ᠬᠢᠯᠭᠡᠪᠡ᠃
ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠠᠩ ᠯᠢᠶᠠᠩ ᠢ ᠤᠷᠢᠵᠤ᠂ ᠬᠢᠨᠠᠨ ᠪᠣᠳᠣᠬᠤ ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠬᠦ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ ᠲᠠᠶᠢᠯᠤᠮᠵᠢ ᠬᠢᠯᠭᠡᠬᠦ ᠪᠣᠯᠣᠯ᠎ᠠ᠃ ᠵᠠᠩ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃
ᠵᠠᠩ ᠯᠢᠶᠠᠩ᠄
ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠣᠯᠠᠨ ᠲᠠᠢ ᠰᠠᠨᠠᠯ ᠰᠣᠯᠢᠯᠴᠠᠵᠤ᠂ ᠬᠢᠨᠠᠨ ᠪᠣᠳᠣᠬᠤ ᠠᠵᠢᠯ ᠤᠨ ᠲᠤᠬᠠᠢ ᠬᠤᠪᠢᠶᠠᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃
ᠬᠥᠲᠥᠯᠥᠭᠴᠢ᠄
ᠮᠠᠰᠢ ᠣᠯᠠᠨ ᠰᠦᠯᠵᠢᠶᠡᠨ ᠤ ᠠᠨᠳᠠ ᠬᠢᠨᠠᠨ ᠪᠣᠳᠣᠬᠤ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠦᠵᠡᠭᠦᠯᠦᠭᠰᠡᠨ ᠦᠢᠯᠡᠳᠦᠯ ᠤᠨ ᠲᠤᠬᠠᠢ ᠲᠡᠳᠦᠢ ᠣᠶᠢᠯᠭᠠᠬᠤ ᠦᠭᠡᠢ ᠪᠠᠶᠢᠵᠤ ᠮᠡᠳᠡᠨ᠎ᠡ᠃ ᠲᠠ ᠣᠶᠢᠷ᠎ᠠ ᠶᠢᠨ ᠵᠢᠯ ᠤᠳ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠣᠯᠠᠨ ᠳᠤ ᠲᠠᠨᠢᠯᠴᠠᠭᠤᠯᠤᠭᠠᠳ ᠥᠭᠭᠦᠨ᠎ᠡ
ᠦᠦ︖
ᠵᠠᠩ ᠯᠢᠶᠠᠩ᠄
︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ ᠬᠢᠨᠠᠨ ᠪᠣᠳᠣᠬᠤ ᠵᠠᠬᠢᠷᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠲᠦᠷᠭᠡᠨ ᠢᠶᠠᠷ ᠠᠵᠢᠯᠯᠠᠭ᠎ᠠ ᠥᠷᠨᠢᠭᠦᠯᠦᠨ᠂ ᠨᠠᠷᠢᠨ ᠨᠢᠭᠲᠠ ᠲᠣᠬᠢᠷᠠᠭᠤᠯᠤᠯᠲᠠ ᠬᠢᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠪᠡ᠃ ᠨᠢᠭᠡ ᠳᠤ᠂ ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢ ᠪᠦᠷᠢᠨᠰᠢᠭᠦᠯᠦᠨ᠂ ᠪᠦᠬᠦ ᠣᠷᠣᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠨ ᠪᠣᠳᠣᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠷᠢᠶᠠᠨ ᠳᠤ ᠨᠢ ᠲᠤᠬᠠᠢ ᠶᠢᠨ ᠲᠠᠯᠠᠪᠤᠷ ᠤᠨ ᠬᠢᠨᠠᠨ ᠪᠣᠳᠣᠬᠤ ᠳᠤᠭᠤᠶᠢᠯᠠᠩ᠂ ᠪᠠᠶᠢᠴᠠᠭᠠᠯᠲᠠ ᠬᠢᠵᠦ ᠰᠢᠮᠳᠠᠭᠤᠯᠤᠨ ᠵᠢᠯᠣᠭᠤᠳᠬᠤ ᠳᠤᠭᠤᠶᠢᠯᠠᠩ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠳᠤᠭᠤᠶᠢᠯᠠᠩ ᠲᠣᠬᠢᠷᠠᠭᠤᠯᠤᠭᠰᠠᠨ ᠤ ᠬᠠᠮᠲᠤ᠂ ᠲᠢᠩᠬᠢᠮ ᠤᠨ ᠨᠢᠭᠡᠨ ᠳᠡᠳ᠋ ᠳᠠᠷᠤᠭ᠎ᠠ ᠪᠠᠷ ᠲᠤᠰ ᠵᠦᠢᠯ ᠤᠨ ᠠᠵᠢᠯ ᠢ ᠲᠤᠰᠬᠠᠶᠢᠯᠠᠨ ᠬᠠᠷᠢᠭᠤᠴᠠᠭᠤᠯᠪᠠ᠃ ᠬᠤᠶᠠᠷ ᠲᠤ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠦᠬᠦ ᠣᠷᠣᠨ ᠤ ᠬᠢᠨᠠᠨ ᠪᠣᠳᠣᠬᠤ ᠹᠷᠣᠨᠲ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠪᠣᠳᠣᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ︽ᠨᠢᠭᠡᠳᠦᠯᠲᠡᠢ ᠵᠣᠬᠢᠶᠠᠨ ᠪᠠᠶᠢᠭᠤᠯᠤᠯᠲᠠ ᠲᠠᠢ᠂ ᠬᠠᠷᠢᠭᠤᠴᠠᠯᠭ᠎ᠠ ᠲᠣᠳᠣᠷᠬᠠᠢ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠬᠦᠴᠦ ᠪᠠᠨ ᠬᠠᠮᠲᠤᠳᠬᠠᠨ ᠰᠢᠪᠲᠤᠯᠤᠯᠲᠠ ᠬᠢᠬᠦ ᠬᠠᠷᠢᠭᠤᠴᠠᠯᠭ᠎ᠠ ᠶᠢᠨ ᠰᠢᠰᠲ᠋ᠧᠮᠵᠢ︾ ᠶᠢ ᠪᠠᠶᠢᠭᠤᠯᠵᠤ᠂ ︽ᠲᠠᠪᠤ ᠶᠢ ᠨᠢᠭᠡᠳᠬᠡᠬᠦ︾ ᠵᠠᠭᠪᠤᠷ ᠶᠣᠰᠣᠭᠠᠷ᠂ ︽ᠳᠡᠭᠡᠳᠦ ᠱᠠᠲᠤ ᠨᠢ ᠳᠣᠣᠷᠠᠳᠤ ᠱᠠᠲᠤ ᠪᠠᠨ ᠬᠢᠨᠠᠬᠤ᠂ ᠰᠣᠯᠪᠢᠴᠠᠭᠤᠯᠤᠨ ᠬᠢᠨᠠᠬᠤ︾ ᠠᠷᠭ᠎ᠠ ᠬᠡᠯᠪᠡᠷᠢ ᠪᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠪᠦᠬᠦ ᠲᠠᠯ᠎ᠠ ᠪᠠᠷ ᠮᠥᠷᠳᠡᠵᠦ ᠬᠢᠨᠠᠯᠲᠠ ᠪᠣᠳᠣᠯᠲᠠ ᠬᠢᠪᠡ᠃ ᠭᠤᠷᠪᠠ ᠳᠤ᠂ ᠳᠦᠷᠢᠮ ᠢ ᠪᠦᠷᠢᠨᠰᠢᠭᠦᠯᠦᠨ᠂ ︽ᠶᠠᠳᠠᠭᠤ ᠶᠢ ᠲᠡᠳᠬᠦᠬᠦ ᠠᠵᠢᠯ ᠤᠨ ᠬᠢᠨᠠᠨ ᠪᠣᠳᠣᠬᠤ ᠲᠥᠰᠥᠯ︾᠂ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠲᠤᠬᠠᠢ ᠭᠤᠷᠪᠠᠨ ᠵᠢᠯ ᠤᠨ ᠠᠵᠢᠯᠯᠠᠭ᠎ᠠ ᠶᠢᠨ ᠬᠢᠨᠠᠨ ᠪᠣᠳᠣᠬᠤ ᠠᠵᠢᠯ ᠤᠨ ᠲᠥᠰᠥᠯ︾ ᠢ ᠲᠣᠭᠲᠠᠭᠠᠨ ᠨᠡᠶᠢᠲᠡᠯᠡᠵᠦ᠂ ︽ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢᠨ ᠬᠠᠤᠯᠢ ᠲᠣᠭᠲᠠᠭᠠᠯ ᠤᠨ ᠬᠤᠷᠢᠶᠠᠩᠭᠤᠢ︾ ᠪᠠ ︽ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠠᠯᠳᠠᠭᠳᠠᠯ ᠲᠠᠢ ᠨᠠᠷᠢᠨ ᠬᠠᠭᠤᠳᠠᠰᠤ︾ ᠶᠢ ᠨᠠᠶᠢᠷᠠᠭᠤᠯᠤᠨ ᠵᠣᠬᠢᠶᠠᠵᠤ᠂ ᠪᠦᠬᠦ ᠣᠷᠣᠨ ᠤ ᠬᠢᠨᠠᠨ ᠪᠣᠳᠣᠬᠤ ᠪᠠᠶᠢᠭᠤᠯᠭ᠎ᠠ ᠶᠢ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠪᠠᠶᠢᠭᠠᠳ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠥᠷᠨᠢᠭᠦᠯᠵᠦ᠂ 2020 ᠣᠨ ᠪᠣᠯᠬᠤ ᠳᠤ ᠪᠦᠬᠦ ᠣᠷᠣᠨ ᠤ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠠ ᠶᠠᠳᠠᠭᠤ ᠬᠦᠴᠢᠷᠳᠡᠯᠲᠡᠢ ᠬᠥᠮᠥᠨ ᠠᠮᠠ ᠪᠠᠶᠢᠬᠤ 29 ᠶᠠᠳᠠᠭᠤ ᠬᠦᠴᠢᠷᠳᠡᠯᠲᠡᠢ ᠪᠤᠰᠤ ᠬᠤᠰᠢᠭᠤ ᠰᠢᠶᠠᠨ ᠳᠤ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ ᠭᠡᠵᠦ ᠲᠣᠳᠣᠷᠬᠠᠶᠢᠯᠠᠪᠠ᠃
ᠬᠥᠲᠥᠯᠥᠭᠴᠢ᠄
ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠯᠲᠠ ᠪᠣᠳᠣᠯᠲᠠ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖
ᠵᠠᠩ ᠯᠢᠶᠠᠩ᠄
ᠶᠡᠷᠦᠩᠬᠡᠢ ᠪᠠᠶᠢᠳᠠᠯ ᠠᠴᠠ ᠠᠪᠴᠤ ᠦᠵᠡᠪᠡᠯ᠂ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠳᠤ ᠢᠯᠡᠳᠲᠡ ᠦᠷ᠎ᠡ ᠪᠦᠲᠦᠮᠵᠢ ᠣᠯᠵᠤ᠂ ᠨᠡᠯᠢᠶᠡᠳ ᠰᠠᠶᠢᠨ ᠬᠢᠨᠠᠯᠲᠠ ᠲᠠᠯᠪᠢᠵᠤ ᠪᠠᠲᠤᠯᠠᠬᠤ ᠦᠢᠯᠡᠳᠦᠯ ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ ᠬᠢᠨᠠᠨ ᠪᠣᠳᠣᠬᠤ ᠵᠠᠬᠢᠷᠭ᠎ᠠ ᠶᠢᠨ ᠭᠦᠢᠴᠡᠳ ᠨᠤᠲᠠᠯᠠᠯᠲᠠ ᠶᠢ ᠣᠯᠪᠠ᠃ 2016 ᠣᠨ ᠠᠴᠠ 2018 ᠣᠨ ᠤ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ᠂ ᠲᠢᠩᠬᠢᠮ ᠤᠨ ᠲᠤᠰ ᠱᠠᠲᠤ ᠪᠠ ᠠᠶᠢᠮᠠᠭ ᠬᠤᠲᠠ ᠬᠤᠰᠢᠭᠤ ᠰᠢᠶᠠᠨ ᠭᠤᠷᠪᠠᠨ ᠱᠠᠲᠤᠨ ᠤ ᠬᠢᠨᠠᠨ ᠪᠣᠳᠣᠬᠤ ᠡᠬᠢ ᠪᠠᠶᠠᠯᠢᠭ ᠢ ᠨᠡᠶᠢᠯᠡᠭᠦᠯᠦᠨ ᠨᠢᠭᠡᠳᠬᠡᠵᠦ᠂ 1000 ᠭᠠᠷᠤᠢ ᠬᠥᠮᠥᠨ ᠢ ᠰᠤᠭᠤᠴᠢᠨ ᠲᠣᠬᠢᠷᠠᠭᠤᠯᠵᠤ᠂ ︽ᠳᠡᠭᠡᠳᠦ ᠱᠠᠲᠤ ᠨᠢ ᠳᠣᠣᠷᠠᠳᠤ ᠱᠠᠲᠤ ᠪᠠᠨ ᠬᠢᠨᠠᠬᠤ︾ ᠵᠣᠬᠢᠶᠠᠨ ᠪᠠᠶᠢᠭᠤᠯᠬᠤ ᠬᠡᠯᠪᠡᠷᠢ ᠪᠠᠷ᠂ ︽ᠨᠢᠭᠡᠳᠦᠯᠲᠡᠢ ᠪᠠᠷ ᠲᠥᠯᠥᠪᠯᠡᠬᠦ᠂ ᠨᠢᠭᠡᠳᠦᠯᠲᠡᠢ ᠪᠠᠷ ᠲᠥᠰᠥᠯ ᠲᠣᠭᠲᠠᠭᠠᠬᠤ᠂ ᠨᠢᠭᠡᠳᠦᠯᠲᠡᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠢ ᠪᠠᠷ ᠢᠯᠭᠠᠨ ᠲᠣᠭᠲᠠᠭᠠᠵᠤ ᠰᠢᠢᠳᠪᠦᠷᠢᠯᠡᠬᠦ᠂ ᠨᠢᠭᠡᠳᠦᠯᠲᠡᠢ ᠪᠠᠷ ᠳᠠᠩᠰᠠᠯᠠᠨ ᠲᠡᠮᠳᠡᠭᠯᠡᠬᠦ︾ ᠬᠢᠨᠠᠨ ᠪᠣᠳᠣᠬᠤ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠨᠡᠶᠢᠲᠡ 120 ᠬᠤᠰᠢᠭᠤ ᠰᠢᠶᠠᠨ ᠳᠤ ᠮᠥᠷᠳᠡᠨ ᠬᠢᠨᠠᠯᠲᠠ ᠪᠣᠳᠣᠯᠲᠠ ᠬᠢᠵᠦ᠂ 3100 ᠭᠠᠷᠤᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠵᠣᠭᠤᠰ ᠬᠡᠷᠡᠭᠯᠡᠬᠦ ᠨᠢᠭᠡᠴᠢ ᠶᠢ ᠬᠢᠨᠠᠨ ᠪᠣᠳᠣᠵᠤ᠂ ᠶᠠᠳᠠᠭᠤ ᠶᠢ ᠲᠡᠳᠬᠦᠬᠦ 5200 ᠭᠠᠷᠤᠢ ᠲᠥᠷᠥᠯ ᠵᠦᠢᠯ ᠢ ᠤᠷᠲᠤᠳᠬᠠᠨ ᠬᠢᠨᠠᠨ ᠪᠣᠳᠣᠬᠤ ᠪᠠ ᠪᠠᠶᠢᠴᠠᠭᠠᠯᠲᠠ ᠬᠢᠵᠦ᠂ 1.3 ᠲᠦᠮᠡᠨ ᠡᠷᠦᠭᠡ ᠳᠤ ᠣᠷᠣᠵᠤ ᠪᠠᠶᠢᠴᠠᠭᠠᠯᠲᠠ ᠬᠢᠵᠦ᠂ ᠶᠠᠳᠠᠭᠤ ᠬᠦᠴᠢᠷᠲᠡᠢ 57 ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠪᠡᠯᠡ ᠮᠥᠩᠭᠦ ᠳᠤ ᠬᠢᠨᠠᠯᠲᠠ ᠪᠣᠳᠣᠯᠲᠠ ᠬᠢᠬᠦ ᠶᠢ ᠪᠦᠬᠦ ᠲᠠᠯ᠎ᠠ ᠪᠠᠷ ᠬᠠᠮᠤᠷᠤᠭᠤᠯᠪᠠ᠃ ᠡᠭᠦᠨ ᠤ ᠬᠠᠮᠲᠤ 14 ᠬᠤᠰᠢᠭᠤ ᠰᠢᠶᠠᠨ ᠤ ᠬᠢᠨᠠᠨ ᠪᠣᠳᠣᠵᠤ ᠴᠡᠭᠴᠡᠯᠡᠨ ᠥᠭᠡᠷᠡᠴᠢᠯᠡᠭᠰᠡᠨ ᠪᠠᠶᠢᠳᠠᠯ ᠳᠤ ︽ᠪᠤᠴᠠᠵᠤ ᠪᠠᠶᠢᠴᠠᠭᠠᠨ ᠦᠵᠡᠬᠦ︾ ᠰᠢᠮᠳᠠᠭᠤᠯᠤᠨ ᠪᠠᠶᠢᠴᠠᠭᠠᠯᠲᠠ ᠬᠢᠪᠡ᠃ ᠬᠢᠨᠠᠨ ᠪᠣᠳᠣᠬᠤ ᠪᠠᠷ ᠳᠠᠮᠵᠢᠭᠤᠯᠤᠨ ᠬᠡᠰᠡᠭ ᠭᠠᠵᠠᠷ ᠣᠷᠣᠨ᠂ ᠰᠠᠯᠠᠭ᠎ᠠ ᠮᠥᠴᠢᠷ ᠪᠠ ᠨᠢᠭᠡᠴᠢ ᠶᠢᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠨ ᠬᠠᠮᠢᠶᠠᠷᠴᠤ ᠬᠡᠷᠡᠭᠯᠡᠬᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠶᠢᠭᠤᠯᠤᠯᠲᠠ ᠬᠠᠮᠢᠶᠠᠷᠤᠯᠲᠠ ᠬᠢᠭᠡᠳ ᠠᠵᠢᠯ ᠤᠨ ᠦᠷ᠎ᠡ ᠪᠦᠲᠦᠮᠵᠢ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡ᠃ ᠢᠯᠡᠷᠡᠭᠦᠯᠦᠭᠰᠡᠨ ᠠᠰᠠᠭᠤᠳᠠᠯ ᠳᠤ᠂ ᠬᠢᠨᠠᠨ ᠪᠣᠳᠣᠬᠤ ᠲᠢᠩᠬᠢᠮ ᠠᠴᠠ ᠬᠠᠤᠯᠢ ᠲᠣᠭᠲᠠᠭᠠᠯ ᠶᠣᠰᠣᠭᠠᠷ ᠳᠥᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠪᠡ᠄ ᠨᠢᠭᠡ ᠳᠤ᠂ ᠡᠯ᠎ᠡ ᠭᠠᠵᠠᠷ ᠤᠨ ᠬᠢᠨ ᠢ ᠰᠢᠮᠳᠠᠭᠤᠯᠤᠨ ᠴᠠᠭ ᠲᠤᠬᠠᠢ ᠳᠤ ᠨᠢ ᠴᠡᠭᠴᠡᠯᠡᠨ ᠥᠭᠡᠷᠡᠴᠢᠯᠡᠵᠦ᠂ ᠵᠠᠷᠢᠮ ᠨᠢ ᠰᠠᠭᠤᠳᠬᠠᠨ ᠠᠪᠤᠭᠰᠠᠨ ᠰᠤᠯᠠ ᠪᠡᠯᠡ ᠮᠥᠩᠭᠦ ᠶᠢ ᠠᠯᠢ ᠲᠦᠷᠭᠡᠨ ᠢᠶᠠᠷ ᠰᠠᠯᠭᠠᠨ ᠥᠭᠴᠦ᠂ ᠵᠠᠷᠢᠮ ᠨᠢ ᠪᠡᠯᠡ ᠮᠥᠩᠭᠦ ᠶᠢᠨ ᠤᠤᠯ ᠤᠨ ᠠᠷᠭ᠎ᠠ ᠵᠠᠮ ᠳᠤ ᠡᠷᠭᠢᠭᠦᠯᠦᠨ ᠪᠤᠴᠠᠭᠠᠵᠤ᠂ ᠵᠠᠷᠢᠮ ᠨᠢ ᠴᠠᠭ ᠲᠤᠬᠠᠢ ᠳᠤ ᠨᠢ ᠤᠯᠤᠰ ᠤᠨ ᠬᠥᠮᠥᠷᠭᠡ ᠳᠤ ᠲᠤᠰᠢᠶᠠᠭᠰᠠᠨ ᠤ ᠬᠠᠮᠲᠤ ᠶᠠᠳᠠᠭᠤ ᠶᠢ ᠲᠡᠳᠬᠦᠬᠦ ᠲᠥᠷᠥᠯ ᠲᠥᠷᠥᠯ ᠳᠤ ᠲᠣᠬᠢᠷᠠᠭᠤᠯᠤᠨ ᠬᠡᠷᠡᠭᠯᠡᠵᠦ᠂ ᠵᠠᠷᠢᠮ ᠨᠢ ᠲᠥᠷᠥᠯ ᠵᠦᠢᠯ ᠤᠨ ᠬᠡᠷᠡᠭᠵᠢᠭᠦᠯᠬᠦ ᠠᠬᠢᠴᠠ ᠪᠠᠨ ᠲᠦᠷᠭᠡᠳᠬᠡᠨ᠂ ᠪᠡᠯᠡ ᠮᠥᠩᠭᠦ ᠶᠢ ᠴᠠᠭ ᠲᠤᠬᠠᠢ ᠳᠤ ᠨᠢ ᠭᠦᠢᠴᠡᠳ ᠣᠯᠭᠤᠬᠤ ᠶᠢ ᠠᠬᠢᠭᠤᠯᠵᠤ᠂ ᠦᠯᠡᠳᠡᠭᠡᠨ ᠬᠠᠳᠠᠭᠠᠯᠠᠵᠤ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠳᠠᠬᠢᠨ ᠭᠦᠢᠯᠭᠡᠭᠡᠨ ᠲᠠᠢ ᠪᠣᠯᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠵᠢᠴᠢ ᠲᠥᠷᠥᠯ ᠵᠦᠢᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠡᠢ᠃
ᠬᠤᠶᠠᠷ ᠲᠤ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠢᠳᠬᠡᠯ ᠣᠯᠭᠤᠪᠠ᠃ ᠭᠤᠷᠪᠠ ᠳᠤ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ ᠳᠦᠷᠢᠮ ᠰᠠᠬᠢᠯᠭ᠎ᠠ ᠶᠢ ᠵᠥᠷᠢᠴᠡᠭᠰᠡᠨ ᠣᠯᠠᠨ ᠬᠡᠷᠡᠭ ᠤᠨ ᠰᠦᠪᠡᠭᠴᠢ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠭᠰᠡᠨ ᠤ ᠬᠠᠮᠲᠤ ᠬᠡᠷᠡᠭ ᠪᠣᠯᠭᠠᠨ ᠪᠠᠶᠢᠴᠠᠭᠠᠨ ᠰᠢᠢᠳᠪᠦᠷᠢᠯᠡᠵᠦ᠂ ᠰᠦᠷ ᠦᠵᠡᠭᠦᠯᠬᠦ ᠦᠢᠯᠡᠳᠦᠯ ᠦᠵᠡᠭᠦᠯᠪᠡ᠃ ᠳᠥᠷᠪᠡ ᠳᠤ᠂ ᠬᠢᠨᠠᠨ ᠪᠣᠳᠣᠵᠤ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ᠂ ᠨᠡᠶᠢᠲᠡᠯᠢᠭ ᠴᠢᠨᠠᠷᠲᠠᠢ ᠠᠰᠠᠭᠤᠳᠠᠯ ᠳᠤ ᠴᠢᠭᠯᠡᠭᠦᠯᠦᠨ ᠪᠠᠶᠢᠭᠤᠯᠤᠯ ᠲᠣᠭᠲᠠᠴᠠ ᠪᠠ ᠳᠦᠷᠢᠮ ᠤᠨ ᠳᠡᠰ ᠳᠠᠪᠬᠤᠷᠭ᠎ᠠ ᠠᠴᠠ ᠰᠢᠯᠲᠠᠭᠠᠨ ᠢ ᠨᠢ ᠵᠠᠳᠠᠯᠵᠤ᠂ ᠴᠢᠭᠯᠡᠯᠲᠦ ᠴᠢᠨᠠᠷᠲᠠᠢ ᠪᠠᠷ ᠬᠢᠨᠠᠨ ᠪᠣᠳᠣᠬᠤ ᠰᠠᠨᠠᠯ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠢᠨ ᠤ ᠬᠡᠳᠦᠨ ᠠᠷᠪᠠᠨ ᠵᠦᠢᠯ ᠤᠨ ᠳᠦᠷᠢᠮ ᠪᠠ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢ ᠠᠬᠢᠭᠤᠯᠵᠠᠢ᠃
ᠬᠥᠲᠥᠯᠥᠭᠴᠢ᠄
ᠵᠠᠩ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠭ᠎ᠠ ᠪᠠᠷ ᠳᠠᠮᠵᠢᠭᠤᠯᠤᠨ᠂ ᠪᠢᠳᠡ ᠬᠢᠨᠠᠯᠲᠠ ᠪᠣᠳᠣᠯᠲᠠ ᠶᠢᠨ ᠶᠠᠳᠠᠭᠤ ᠶᠢ ᠲᠡᠳᠬᠦᠨ ᠰᠢᠪᠲᠤᠯᠤᠯᠲᠠ ᠬᠢᠬᠦ ᠳᠤᠮᠳᠠ ᠲᠣᠪᠣᠶᠢᠮ᠎ᠠ ᠦᠷ᠎ᠡ ᠪᠦᠲᠦᠮᠵᠢ ᠲᠠᠢ ᠪᠠᠷ ᠬᠠᠩᠭᠠᠨ ᠪᠠᠲᠤᠯᠠᠵᠤ ᠬᠢᠨᠠᠯᠲᠠ ᠲᠠᠯᠪᠢᠬᠤ ᠦᠢᠯᠡᠳᠦᠯ ᠦᠵᠡᠭᠦᠯᠦᠭᠰᠡᠨ ᠲᠤᠬᠠᠢ ᠣᠶᠢᠯᠠᠭᠠᠯᠲᠠ ᠲᠠᠢ ᠪᠣᠯᠪᠠ᠃ ᠭᠡᠲᠡᠯ᠎ᠡ ᠮᠠᠰᠢ ᠣᠯᠠᠨ ᠰᠦᠯᠵᠢᠶᠡᠨ ᠤ ᠠᠨᠳᠠ ᠮᠥᠨ ᠬᠦ ᠬᠢᠨᠠᠨ ᠪᠣᠳᠣᠵᠤ ᠬᠢᠨᠠᠯᠲᠠ ᠲᠠᠯᠪᠢᠬᠤ ᠠᠷᠭ᠎ᠠ ᠪᠠᠷᠢᠯ᠂ ᠠᠷᠭ᠎ᠠ ᠬᠡᠮᠵᠢᠶ᠎ᠡ ᠶᠢ ᠣᠶᠢᠯᠠᠭᠠᠬᠤ ᠦᠭᠡᠢ ᠪᠠᠶᠢᠵᠤ ᠮᠡᠳᠡᠨ᠎ᠡ᠂ ᠲᠠ ᠡᠨᠡ ᠲᠠᠯ᠎ᠠ ᠪᠠᠷ ᠪᠣᠳᠠᠲᠠᠢ ᠪᠠᠷ ᠲᠠᠨᠢᠯᠴᠠᠭᠤᠯᠤᠭᠠᠳ ᠥᠭᠭᠦᠨ᠎ᠡ
ᠦᠦ︖
ᠵᠠᠩ ᠯᠢᠶᠠᠩ᠄
ᠲᠡᠭᠡᠶ᠎ᠡ᠃ ᠬᠢᠨᠠᠨ ᠪᠣᠳᠣᠬᠤ ᠪᠣᠯ ᠶᠠᠪᠤᠴᠠ ᠪᠠ ᠠᠷᠭ᠎ᠠ ᠪᠠᠷᠢᠯ ᠪᠣᠯᠣᠨ᠎ᠠ︔ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢ ᠠᠬᠢᠭᠤᠯᠬᠤ ᠨᠢ ᠰᠠᠶ᠋ᠢ ᠬᠠᠷᠠᠯᠲᠠ ᠪᠠ ᠦᠷ᠎ᠡ ᠳ᠋ᠦᠩ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠲᠥᠪ ᠤᠨ ᠬᠢᠨᠠᠨ ᠪᠣᠳᠣᠬᠤ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠳᠡᠭᠡᠷ᠎ᠡ᠄ ᠬᠢᠨᠠᠨ ᠪᠣᠳᠣᠬᠤ ᠪᠣᠯ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠬᠢᠨᠠᠨ ᠪᠣᠳᠣᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠢᠨᠠᠨ ᠪᠣᠳᠣᠪᠠᠰᠤ ᠵᠣᠬᠢᠬᠤ ᠶᠢ ᠨᠢ ᠪᠦᠬᠦᠨ ᠢ ᠬᠢᠨᠠᠨ ᠪᠣᠳᠣᠵᠤ᠂ ᠬᠢᠨᠠᠯᠲᠠ ᠪᠣᠳᠣᠯᠲᠠ ᠪᠦᠬᠦᠨ ᠢ ᠴᠢᠩᠭ᠎ᠠ ᠬᠡᠷᠡᠭᠵᠢᠭᠦᠯᠦᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠭᠦᠢᠴᠡᠳᠬᠡᠵᠦ᠂ ᠲᠥᠪᠯᠡᠷᠡᠩᠭᠦᠢ ᠨᠢᠭᠡᠳᠦᠯᠲᠡᠢ᠂ ᠪᠦᠬᠦᠨ ᠢ ᠬᠠᠮᠤᠷᠤᠭᠰᠠᠨ᠂ ᠡᠷᠬᠡ ᠰᠦᠷ ᠲᠠᠢ ᠪᠥᠭᠡᠳ ᠪᠦᠲᠦᠮᠵᠢ ᠰᠠᠶᠢᠲᠠᠢ ᠬᠢᠨᠠᠨ ᠪᠣᠳᠣᠵᠤ ᠬᠢᠨᠠᠯᠲᠠ ᠲᠠᠯᠪᠢᠬᠤ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠳᠤᠮᠳᠠᠬᠢ ᠬᠢᠨᠠᠨ ᠪᠣᠳᠣᠬᠤ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠨᠴᠠᠭᠠᠶᠢᠯᠠᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠢᠨᠠᠨ ᠪᠣᠳᠣᠬᠤ ᠠᠵᠢᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠳᠡᠮᠵᠢᠨ ᠬᠠᠮᠵᠢᠯᠴᠠᠵᠤ᠂ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠤᠬᠠᠮᠰᠠᠷ ᠠᠴᠠ ᠪᠠᠨ ᠬᠦᠯᠢᠶᠡᠨ᠂ ᠬᠢᠨᠠᠯᠲᠠ ᠪᠣᠳᠣᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢᠶᠠᠨ ᠬᠢᠨᠠᠮᠠᠭᠠᠢ ᠴᠡᠭᠴᠡᠯᠡᠨ ᠥᠭᠡᠷᠡᠴᠢᠯᠡᠵᠦ᠂ ᠬᠢᠨᠠᠯᠲᠠ ᠪᠣᠳᠣᠯᠲᠠ ᠳᠤ ᠳᠤᠷᠠᠳᠤᠨ ᠭᠠᠷᠭᠠᠭᠰᠠᠨ ᠰᠠᠨᠠᠭᠤᠯᠭ᠎ᠠ ᠶᠢ ᠭᠦᠨᠵᠡᠭᠡᠢ ᠰᠤᠳᠤᠯᠬᠤ ᠪᠠ ᠬᠡᠷᠡᠭᠯᠡᠵᠦ᠂ ᠡᠯ᠎ᠡ ᠬᠦᠷᠢᠶ᠎ᠡ ᠴᠠᠷᠠᠭᠠᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠳᠦᠷᠢᠮ ᠭᠤᠷᠢᠮ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠬᠢᠨᠠᠯᠲᠠ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠠᠭᠠᠶᠢᠯᠠᠨ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠳᠤ᠂ ᠣᠯᠠᠨ ᠵᠦᠢᠯ ᠤᠨ ᠠᠷᠭ᠎ᠠ ᠪᠠᠷᠢᠯ ᠪᠠ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠥᠭᠡᠷᠡᠴᠢᠯᠡᠬᠦ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠠᠢ᠃
ᠨᠢᠭᠡ ᠳᠤ᠂ ᠬᠢᠨᠠᠯᠲᠠ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠳᠤ᠂ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ ᠠᠴᠠ ᠪᠠᠶᠢᠴᠠᠭᠠᠯᠲᠠ ᠬᠢᠬᠦ ᠶᠢᠨ ᠳᠠᠭᠠᠤ ᠴᠡᠭᠴᠡᠯᠡᠨ ᠥᠭᠡᠷᠡᠴᠢᠯᠡᠵᠦ᠂ ᠰᠠᠭᠤᠳᠬᠠᠨ ᠦᠯᠡᠳᠡᠭᠡᠭᠰᠡᠨ ᠰᠤᠯᠠ ᠪᠡᠯᠡ ᠮᠥᠩᠭᠦ ᠶᠢ ᠰᠠᠯᠭᠠᠨ ᠥᠭᠴᠦ᠂ ᠪᠡᠯᠡ ᠮᠥᠩᠭᠦ ᠶᠢᠨ ᠤᠤᠯ ᠤᠨ ᠠᠷᠭ᠎ᠠ ᠵᠠᠮ ᠳᠤ ᠡᠷᠭᠢᠭᠦᠯᠦᠨ ᠪᠤᠴᠠᠭᠠᠵᠤ᠂ ᠤᠯᠤᠰ ᠤᠨ ᠬᠥᠮᠥᠷᠭᠡ ᠳᠤ ᠲᠤᠰᠢᠶᠠᠵᠤ ᠳᠠᠬᠢᠨ ᠶᠠᠳᠠᠭᠤ ᠶᠢ ᠲᠡᠳᠬᠦᠬᠦ ᠲᠥᠷᠥᠯ ᠵᠦᠢᠯ ᠳᠤ ᠲᠣᠬᠢᠷᠠᠭᠤᠯᠤᠨ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃
ᠬᠤᠶᠠᠷ ᠲᠤ᠂ ᠳᠠᠷᠤᠢ ᠳᠤ ᠨᠢ ᠬᠡᠷᠡᠭᠵᠢᠭᠦᠯᠦᠨ ᠳᠠᠷᠤᠢ ᠳᠤ ᠨᠢ ᠥᠭᠡᠷᠡᠴᠢᠯᠡᠵᠦ ᠳᠡᠶᠢᠯᠬᠦ ᠦᠭᠡᠢ ᠪᠣᠯ᠂ ᠬᠢᠨᠠᠨ ᠪᠣᠳᠣᠬᠤ ᠲᠣᠭᠲᠠᠭᠠᠯ ᠭᠠᠷᠭᠠᠵᠤ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ᠂ ︽ᠪᠤᠴᠠᠵᠤ ᠪᠠᠶᠢᠴᠠᠭᠠᠨ ᠦᠵᠡᠬᠦ︾ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠪᠠᠶᠢᠭᠠᠳ ᠰᠢᠮᠳᠠᠭᠤᠯᠤᠨ ᠪᠠᠶᠢᠴᠠᠭᠠᠵᠠᠢ᠃
ᠭᠤᠷᠪᠠ ᠳᠤ᠂ ᠬᠢᠨᠠᠨ ᠪᠣᠳᠣᠬᠤ ᠶᠠᠪᠤᠴᠠ ᠳᠤ ᠢᠯᠡᠷᠡᠭᠦᠯᠦᠭᠰᠡᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠠᠰᠠᠭᠤᠳᠠᠯ ᠳᠤ᠂ ᠵᠠᠰᠠᠭ ᠤᠨ ᠣᠷᠳᠣᠨ ᠵᠢᠴᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠷᠢᠭᠤᠴᠠᠯᠭ᠎ᠠ ᠨᠡᠬᠡᠮᠵᠢᠯᠡᠪᠡ᠃
ᠳᠥᠷᠪᠡ ᠳᠤ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠳᠤ ᠬᠤᠯᠪᠣᠭᠳᠠᠭᠰᠠᠨ ᠢᠶᠠᠷ ᠰᠡᠵᠢᠯᠡᠭᠳᠡᠭᠰᠡᠨ ᠪᠣᠯ᠂ ᠰᠠᠬᠢᠯᠭ᠎ᠠ ᠪᠠᠲᠤ ᠪᠠᠶᠢᠴᠠᠭᠠᠵᠤ ᠬᠢᠨᠠᠨ ᠪᠠᠶᠢᠴᠠᠭᠠᠵᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠪᠡ᠃
ᠲᠠᠪᠤ ᠳᠤ᠂ ᠢᠯᠡᠷᠡᠭᠦᠯᠦᠭᠰᠡᠨ ᠨᠡᠶᠢᠲᠡᠴᠢ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠳᠤ᠂ ᠬᠢᠨᠠᠨ ᠪᠣᠳᠣᠬᠤ ᠰᠠᠨᠠᠭᠤᠯᠭ᠎ᠠ ᠳᠤᠷᠠᠳᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠠᠯᠳᠠᠭᠳᠠᠯ ᠳᠤᠲᠠᠭᠳᠠᠯ ᠢ ᠨᠢ ᠨᠥᠬᠦᠪᠦᠷᠢᠯᠡᠪᠡ᠃
ᠬᠥᠲᠥᠯᠥᠭᠴᠢ᠄
2019 ᠣᠨ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠡᠨᠡ ᠵᠢᠯ ᠤᠨ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢᠨ ᠠᠵᠢᠯ ᠳᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠢ︖
ᠵᠠᠩ ᠯᠢᠶᠠᠩ᠄
2019 ᠣᠨ ᠳᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠪᠠᠷ ᠠᠬᠢᠭᠤᠯᠬᠤ ᠲᠤᠬᠠᠢ ᠱᠠᠭᠠᠷᠳᠠᠯᠭ᠎ᠠ ᠶᠣᠰᠣᠭᠠᠷ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢᠨ ᠲᠣᠭᠤᠷᠢᠨ ᠳᠤ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠪᠯᠡᠷᠡᠯ ᠤᠨ ᠴᠡᠭ ᠢᠶᠠᠨ ᠠᠯᠳᠠᠬᠤ ᠦᠭᠡᠢ᠂ ᠭᠤᠣᠯᠳᠠᠯᠭ᠎ᠠ ᠪᠠᠨ ᠬᠤᠪᠢᠷᠠᠭᠤᠯᠬᠤ ᠦᠭᠡᠢ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠯᠲᠠ ᠪᠣᠳᠣᠯᠲᠠ ᠳᠤ ᠣᠷᠣᠭᠤᠯᠤᠨ ᠬᠠᠮᠲᠤ ᠳᠤ ᠨᠢ ᠥᠷᠨᠢᠭᠦᠯᠦᠨ᠎ᠡ᠃
ᠨᠢᠭᠡ ᠳᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠦᠷᠭᠦᠯᠵᠢᠯᠡᠨ ᠥᠷᠨᠢᠭᠦᠯᠦᠨ᠎ᠡ᠃ ᠶᠠᠳᠠᠭᠤ ᠶᠢ ᠲᠡᠳᠬᠦᠬᠦ ᠡᠲᠡᠭᠡᠳ ᠲᠤ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠨ ᠬᠠᠮᠢᠶᠠᠷᠴᠤ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ᠠᠴᠠ᠂ ᠮᠠᠯᠴᠢᠨ ᠲᠠᠷᠢᠶᠠᠴᠢᠨ ᠳᠤ ᠬᠤᠯᠪᠣᠭᠳᠠᠭᠰᠠᠨ ᠪᠡᠯᠡ ᠮᠥᠩᠭᠦ ᠶᠢ ᠨᠡᠶᠢᠯᠡᠭᠦᠯᠦᠨ ᠨᠢᠭᠡᠳᠬᠡᠵᠦ ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ᠳᠤ ᠬᠦᠷᠲᠡᠯ᠎ᠡ ᠬᠥᠨᠳᠡᠯᠡᠨ ᠴᠢᠭᠯᠡᠯ ᠢᠶᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠬᠤᠲᠠ ᠰᠢᠶᠠᠨ ᠤ ᠳᠡᠰ ᠤᠨ ᠵᠠᠰᠠᠭ ᠤᠨ ᠣᠷᠳᠣᠨ ᠠᠴᠠ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠴᠢ ᠲᠥᠷᠥᠯ ᠵᠦᠢᠯ ᠢ ᠬᠠᠮᠤᠷᠤᠭᠤᠯᠤᠭᠰᠠᠨ ᠮᠠᠯᠴᠢᠨ ᠲᠠᠷᠢᠶᠠᠴᠢᠨ ᠡᠷᠦᠬᠡ ᠳᠤ ᠬᠦᠷᠲᠡᠯ᠎ᠡ᠂ ᠭᠤᠯᠳᠤ ᠴᠢᠭᠯᠡᠯ ᠢᠶᠠᠷ ᠬᠠᠮᠤᠷᠤᠭᠤᠯᠬᠤ ᠶᠢ ᠪᠡᠶᠡᠯᠡᠭᠦᠯᠬᠦ ᠶᠢᠨ ᠬᠠᠮᠲᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠥᠷᠥᠯ ᠵᠦᠢᠯ ᠢ ᠬᠢᠨᠠᠨ ᠪᠣᠳᠣᠬᠤ ᠬᠡᠪᠴᠢᠶᠡᠨ ᠳᠤ ᠣᠷᠣᠭᠤᠯᠵᠤ ᠨᠢᠭᠡ ᠴᠣᠭᠴᠠᠵᠢᠭᠤᠯᠤᠨ ᠬᠢᠨᠠᠯᠲᠠ ᠪᠣᠳᠣᠯᠲᠠ ᠬᠢᠨ᠎ᠡ᠃ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠮᠠᠨ ᠤ ᠣᠷᠣᠨ ᠳᠤ ᠨᠡᠶᠢᠲᠡ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠠᠶᠢᠵᠤ᠂ 2016 ᠣᠨ ᠠᠴᠠ 2018 ᠣᠨ ᠪᠣᠯᠲᠠᠯ᠎ᠠ ᠮᠠᠨ ᠤ ᠲᠢᠩᠬᠢᠮ ᠠᠴᠠ ᠮᠥᠷᠳᠡᠨ ᠬᠢᠨᠠᠯᠲᠠ ᠪᠣᠳᠣᠯᠲᠠ ᠪᠠᠷ ᠳᠠᠮᠵᠢᠭᠤᠯᠤᠨ᠂ ︽ᠪᠤᠴᠠᠵᠤ ᠪᠠᠶᠢᠴᠠᠭᠠᠨ ᠦᠵᠡᠬᠦ︾ ᠰᠢᠮᠳᠠᠭᠤᠯᠤᠨ ᠪᠠᠶᠢᠴᠠᠭᠠᠯᠲᠠ ᠶᠢᠨ ᠬᠡᠯᠪᠡᠷᠢ ᠲᠠᠢ ᠤᠶᠠᠯᠳᠤᠭᠤᠯᠵᠤ ᠪᠠᠶᠢᠭᠠᠳ ᠨᠢᠭᠡᠨᠲᠡ ᠬᠤᠶᠠᠷ ᠡᠭᠡᠯᠵᠢ ᠶᠢᠨ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠪᠡ᠃ 2019 ᠣᠨ ᠳᠤ᠂ ᠪᠢᠳᠡ ᠭᠤᠷᠪᠠᠳᠤᠭᠠᠷ ᠡᠭᠡᠯᠵᠢ ᠶᠢᠨ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭ᠎ᠠ ᠦᠭᠡᠢ 20 ᠬᠤᠰᠢᠭᠤ ᠰᠢᠶᠠᠨ ᠳᠤ ᠲᠤᠰᠬᠠᠢ ᠵᠦᠢᠯ ᠤᠨ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠬᠢᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ 31 ᠬᠤᠰᠢᠭᠤ ᠰᠢᠶᠠᠨ ᠳᠤ ︽ᠪᠤᠴᠠᠵᠤ ᠪᠠᠶᠢᠴᠠᠭᠠᠨ ᠦᠵᠡᠬᠦ︾ ᠭᠤᠣᠯᠳᠠᠯᠭ᠎ᠠ ᠲᠠᠢ ᠪᠠᠷ ᠰᠤᠭᠤᠴᠢᠨ ᠬᠢᠨᠠᠬᠤ ᠠᠵᠢᠯᠯᠠᠭ᠎ᠠ ᠥᠷᠨᠢᠭᠦᠯᠦᠨ᠂ ᠶᠠᠳᠠᠭᠤ ᠬᠦᠴᠢᠷᠳᠡᠯᠲᠡᠢ ᠬᠥᠮᠥᠨ ᠠᠮᠠ ᠲᠠᠢ 29 ᠶᠠᠳᠠᠭᠤ ᠬᠦᠴᠢᠷᠳᠡᠯᠲᠡᠢ ᠪᠤᠰᠤ ᠬᠤᠰᠢᠭᠤ ᠰᠢᠶᠠᠨ ᠳᠤ ᠮᠥᠷᠳᠡᠨ ᠬᠢᠨᠠᠯᠲᠠ ᠪᠣᠳᠣᠯᠲᠠ ᠬᠢᠵᠦ᠂ 3 ᠬᠤᠰᠢᠭᠤ ᠰᠢᠶᠠᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠬᠢᠨᠠᠯᠲᠠ ᠪᠣᠳᠣᠯᠲᠠ ᠬᠢᠨ᠎ᠡ᠃ ᠡᠭᠦᠨ ᠤ ᠬᠠᠮᠲᠤ᠂ ᠪᠦᠬᠦ ᠣᠷᠣᠨ ᠤ ᠲᠠᠷᠢᠶᠠᠴᠢᠳ ᠲᠤ ᠠᠰᠢᠭ ᠬᠦᠷᠲᠡᠭᠡᠬᠦ ᠨᠡᠮᠡᠭᠦᠷᠢ ᠶᠢᠨ ︽ᠨᠢᠭᠡ ᠺᠠᠷᠲ ᠢᠶᠠᠷ ᠪᠦᠬᠦᠨ ᠢ ᠭᠦᠢᠴᠡᠳᠬᠡᠬᠦ︾ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠲᠤᠰᠬᠠᠢ ᠵᠦᠢᠯ ᠤᠨ ᠬᠢᠨᠠᠯᠲᠠ ᠪᠣᠳᠣᠯᠲᠠ ᠬᠢᠨ᠎ᠡ᠃ ᠣᠳᠣᠬᠠᠨ ᠳᠤ ︽ᠲᠠᠪᠤ ᠶᠢ ᠨᠢᠭᠡᠳᠬᠡᠬᠦ︾ ᠬᠤᠶᠠᠷ ᠲᠥᠷᠥᠯ ᠢ ᠶᠠᠭ ᠰᠠᠶᠢᠬᠠᠨ ᠬᠡᠷᠡᠭᠵᠢᠭᠦᠯᠵᠦ ᠪᠠᠶᠢᠨ᠎ᠠ᠃
ᠬᠤᠶᠠᠷ ᠲᠤ᠂ ᠬᠢᠨᠠᠨ ᠪᠣᠳᠣᠭᠰᠠᠨ ᠦᠷ᠎ᠡ ᠪᠦᠲᠦᠭᠡᠯ ᠢ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠬᠢᠨᠠᠨ ᠪᠣᠳᠣᠬᠤ ᠶᠠᠪᠤᠴᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠣᠨᠢᠯᠠᠨ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠢᠨᠠᠨ ᠪᠣᠳᠣᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ︽ᠡᠴᠦᠰ ᠲᠤ ᠨᠢ ᠲᠤᠯᠲᠠᠯ᠎ᠠ ᠰᠢᠮᠳᠠᠭᠤᠯᠤᠨ ᠪᠠᠶᠢᠴᠠᠭᠠᠵᠤ︾᠂ ᠬᠢᠨᠠᠨ ᠪᠣᠳᠣᠵᠤ ᠴᠡᠭᠴᠡᠯᠡᠨ ᠥᠭᠡᠷᠡᠴᠢᠯᠡᠬᠦ ᠨᠣᠷᠮ᠎ᠠ ᠶᠢ ᠦᠨᠡᠨ ᠬᠦ ᠳᠡᠭᠡᠭᠰᠢᠯᠡᠭᠦᠯᠦᠨ᠎ᠡ᠃ ᠬᠢᠨᠠᠨ ᠪᠣᠳᠣᠭᠰᠠᠨ ᠦᠷ᠎ᠡ ᠳ᠋ᠦᠩ ᠢ ᠨᠡᠶᠢᠭᠡᠮ ᠳᠤ ᠢᠯᠡ ᠪᠠᠷ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠳᠤ᠂ ᠳᠦᠷᠢᠮ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠴᠢᠩᠭ᠎ᠠ ᠰᠢᠢᠳᠬᠡᠵᠦ᠂ ᠰᠦᠷ ᠦᠢᠯᠡᠳᠦᠯ ᠦᠵᠡᠭᠦᠯᠬᠦ ᠬᠡᠷᠡᠭᠲᠡᠢ᠃
ᠭᠤᠷᠪᠠ ᠳᠤ᠂ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠪᠠ ᠬᠢᠨᠠᠨ ᠪᠣᠳᠣᠬᠤ ᠠᠷᠭ᠎ᠠ ᠠᠪᠴᠠᠯ ᠢᠶᠠᠨ ᠰᠠᠶᠢᠵᠢᠷᠠᠭᠤᠯᠤᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠪᠠᠷ ᠭᠤᠣᠯ ᠱᠤᠭᠤᠮ ᠪᠣᠯᠭᠠᠨ᠂ ᠶᠠᠳᠠᠭᠤ ᠶᠢ ᠲᠡᠳᠬᠦᠬᠦ ᠲᠥᠷᠥᠯ ᠵᠦᠢᠯ ᠲᠠᠢ ᠤᠶᠠᠯᠳᠤᠭᠤᠯᠵᠤ᠂ ᠬᠢᠨᠠᠨ ᠪᠣᠳᠣᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠂ ᠮᠡᠳᠡᠭᠡ ᠵᠠᠩᠭᠢᠵᠢᠯᠲᠠ ᠠᠴᠠ ᠡᠬᠢ ᠪᠠᠶᠠᠯᠢᠭ ᠠᠪᠴᠤ᠂ ᠲᠣᠮᠣ ᠳ᠋ᠠᠶᠢᠲ᠋ᠠ ᠪᠠᠷ ᠬᠢᠨᠠᠨ ᠪᠣᠳᠣᠬᠤ ᠠᠷᠭ᠎ᠠ ᠠᠪᠴᠠᠯ ᠢ ᠭᠦᠢᠴᠡᠳ ᠠᠰᠢᠭᠯᠠᠨ᠂ ᠢᠯᠡᠷᠡᠭᠦᠯᠦᠭᠰᠡᠨ ᠰᠡᠵᠢᠭᠲᠡᠢ ᠬᠡᠷᠡᠭ ᠢ ᠬᠠᠷᠢᠴᠠᠭᠤᠯᠤᠨ ᠵᠠᠳᠠᠯᠬᠤ ᠪᠠᠷ ᠳᠠᠮᠵᠢᠭᠤᠯᠵᠤ᠂ ᠬᠢᠨᠠᠨ ᠪᠣᠳᠣᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
ᠬᠥᠲᠥᠯᠥᠭᠴᠢ᠄
ᠰᠠᠶᠢᠨ ᠪᠣᠯᠣᠯ᠎ᠠ᠃ ᠴᠠᠭ ᠤᠨ ᠬᠠᠷᠠᠭ᠎ᠠ ᠠᠴᠠ ᠮᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠃ ᠵᠠᠩ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠲᠤᠩ ᠪᠠᠶᠠᠷᠯᠠᠯ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
ᠵᠠᠩ ᠯᠢᠶᠠᠩ᠄
ᠪᠠᠶᠠᠷᠲᠠᠢ︕