|
ᠮᠠᠨ ᠤ ᠣᠷᠣᠨ ︽ᠮᠣᠷᠢᠨ ᠨᠢᠷᠤᠭᠤᠨ ᠳᠡᠭᠡᠷᠡᠬᠢ ᠥᠪᠥᠷ ᠮᠣᠩᠭᠤᠯ︾ ᠠᠳᠤᠭᠤᠨ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠭᠠᠷᠭᠠᠪᠠ |
|
|
ᠨᠡᠶᠢᠲᠡᠯᠡᠭᠰᠡᠨ ᠴᠠᠭ᠄
2019/6/14
|
|
6 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠭᠰᠡᠨ ︽ᠬᠦᠯᠦᠭ ᠤᠨ ᠨᠢᠷᠣᠭᠤᠨ ᠳᠤ ᠮᠣᠷᠳᠠᠵᠣ ᠦᠪᠣᠷ ᠮᠣᠩᠭᠤᠯ ᠢᠶᠠᠷ ᠵᠢᠭᠤᠯᠴᠢᠯᠠᠬᠤ︾ ᠥᠪᠥᠷ ᠮᠣᠩᠭᠤᠯ ᠤᠨ ᠠᠳᠤᠭᠤᠨ ᠰᠣᠶᠣᠯ ᠵᠢᠭᠤᠯᠴᠢᠯᠠᠯ ᠤᠨ ᠨᠠᠷᠠᠳᠬᠦᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠦᠬᠡᠬᠤᠳᠠ ᠳᠤ ᠶᠠᠪᠤᠭᠳᠠᠵᠤ᠂ ᠬᠤᠷᠠᠯ ᠳᠡᠭᠡᠷ᠎ᠡ 2019 ᠣᠨ ᠤ ︽ᠬᠦᠯᠦᠭ ᠤᠨ ᠨᠢᠷᠣᠭᠤᠨ ᠳᠤ ᠮᠣᠷᠳᠠᠵᠣ ᠦᠪᠣᠷ ᠮᠣᠩᠭᠤᠯ ᠢᠶᠠᠷ ᠵᠢᠭᠤᠯᠴᠢᠯᠠᠬᠤ︾ ᠠᠷᠪᠠᠨ ᠶᠡᠭᠡ ᠭᠤᠤᠯ ᠰᠡᠳᠦᠪᠲᠦ ᠨᠠᠷᠠᠳᠬᠦᠨ ᠢ ᠨᠡᠶᠢᠲᠡᠯᠡᠪᠡ᠃ ︽ᠬᠦᠯᠦᠭ ᠤᠨ ᠨᠢᠷᠣᠭᠤᠨ ᠳᠤ ᠮᠣᠷᠳᠠᠵᠣ ᠦᠪᠣᠷ ᠮᠣᠩᠭᠤᠯ ᠢᠶᠠᠷ ᠵᠢᠭᠤᠯᠴᠢᠯᠠᠬᠤ︾ ᠠᠷᠪᠠᠨ ᠶᠡᠭᠡ ᠭᠤᠤᠯ ᠰᠡᠳᠦᠪᠲᠦ ᠨᠠᠷᠠᠳᠬᠦᠨ ᠪᠣᠯ ᠵᠢᠩᠴᠢᠳ ᠮᠠᠶ᠋ᠢᠭ ᠤᠨ ᠵᠢᠭᠤᠯᠴᠢᠯᠠᠯ ᠤᠨ ᠪᠡᠶᠡᠴᠢ ᠣᠶᠢᠯᠠᠭᠠᠯᠳᠠ ᠶᠢᠨ ᠬᠡᠯᠪᠡᠷᠢ ᠪᠠᠷ ᠳᠠᠮᠵᠢᠨ᠂ ᠮᠣᠷᠢ ᠪᠠᠷ ᠠᠴᠢᠶᠠᠯᠠᠪᠣᠷᠢ ᠪᠣᠯᠭᠠᠵᠣ᠂ ᠥᠪᠥᠷ ᠮᠣᠩᠭᠤᠯ ᠤᠨ ᠣᠯᠠᠨ ᠡᠰᠢᠲᠦ ᠲᠡᠦᠬᠡ ᠰᠣᠶᠣᠯ ᠵᠢᠴᠢ ᠪᠠᠶᠢᠭᠠᠯᠢᠯᠢᠭ ᠠᠮᠢ ᠠᠬᠤᠶ ᠶᠢᠨ ᠮᠠᠯᠴᠢᠨ ᠠᠶᠢᠯ ᠡᠷᠦᠬᠡ᠂ ᠬᠤᠷᠢᠮ ᠨᠠᠶᠢᠷ᠂ ᠳᠠᠭᠤᠤ ᠬᠥᠭᠵᠢᠮ ᠵᠡᠷᠭᠡ ᠦᠨᠳᠦᠰᠦᠲᠡᠨ ᠤ ᠣᠨᠴᠠᠯᠢᠭ ᠪᠦᠬᠦᠢ ᠠᠮᠢᠳᠤᠷᠠᠯ ᠤᠨ ᠠᠷᠭ᠎ᠠ ᠬᠡᠯᠪᠡᠷᠢ ᠶᠢ ᠠᠭᠤᠰᠣᠯᠴᠠᠭᠤᠯᠣᠨ ᠬᠤᠯᠪᠣᠵᠣ᠂ ᠵᠢᠭᠤᠯᠴᠢᠯᠠᠭᠴᠢᠳ ᠢ ᠪᠡᠶᠡᠳᠡᠨ ᠣᠷᠣᠯᠴᠠᠭᠤᠯᠣᠨ᠎ᠠ᠃ ᠡᠨᠡ ᠬᠦ ᠠᠷᠪᠠᠨ ᠶᠡᠭᠡ ᠭᠤᠤᠯ ᠰᠡᠳᠦᠪᠲᠦ ᠨᠠᠷᠠᠳᠬᠦᠨ ᠪᠣᠯ᠄ ᠮᠣᠷᠢᠨ ᠨᠢᠷᠤᠭᠤᠨ ᠳᠡᠭᠡᠷᠡᠬᠢ ᠥᠪᠥᠷ ᠮᠣᠩᠭᠤᠯ · ᠬᠥᠯᠥᠨ ᠪᠤᠶᠢᠷ ᠤᠨ ᠨᠡᠭᠦᠳᠡᠯ ᠮᠠᠯᠵᠢᠯ ᠤᠨ ᠰᠣᠯᠢᠭᠳᠠᠯ ᠤᠨ ᠬᠦᠨᠵᠡᠬᠡᠢ ᠬᠠᠶᠢᠯᠳᠠ ᠵᠠᠮ᠂ ᠣᠯᠠᠭᠠᠨᠪᠣᠳᠣᠩ ᠤᠨ ᠨᠢᠭᠤᠴᠠᠭᠠᠢ ᠣᠷᠴᠢᠨ ᠢ ᠬᠠᠶᠢᠨ ᠰᠦᠪᠡᠭᠴᠢᠯᠡᠬᠦ ᠠᠶᠠᠯᠠᠯ᠂ ᠬᠦᠬᠡᠬᠤᠳᠠ ᠶᠢᠨ ᠮᠣᠷᠢᠨ ᠮᠡᠷᠭᠡᠵᠢᠯ ᠤᠨ ᠦᠵᠡᠭᠦᠯᠦᠯᠭᠡ ᠶᠢᠨ ᠤᠷᠤᠯᠳᠤᠭᠠᠨ ᠤ ᠪᠡᠶᠡᠴᠢ ᠣᠶᠢᠯᠠᠭᠠᠯᠳᠠ ᠶᠢᠨ ᠠᠶᠠᠯᠠᠯ᠂ ᠳᠤᠮᠳᠠᠳᠤ ᠤᠯᠤᠰ ᠤᠨ ᠠᠳᠣᠭᠤᠳᠣ ᠨᠣᠳᠤᠭ ᠰᠢᠯᠢ ᠶᠢᠨ ᠭᠤᠣᠯ ᠤᠨ ᠲᠠᠯ᠎ᠠ ᠨᠤᠲᠤᠭ ᠢᠶᠠᠷ ᠵᠢᠭᠤᠯᠴᠢᠯᠠᠨ ᠰᠡᠬᠦᠳᠡᠷᠯᠡᠬᠦ ᠪᠡᠶᠡᠴᠢ ᠣᠶᠢᠯᠠᠭᠠᠯᠳᠠ ᠶᠢᠨ ᠠᠶᠠᠯᠠᠯ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠠᠳᠤᠭᠤᠨ ᠵᠠᠮ ᠤᠨ ᠰᠣᠶᠣᠯ ᠤᠨ ᠪᠡᠶᠡᠴᠢ ᠣᠶᠢᠯᠠᠭᠠᠯᠳᠠ ᠶᠢᠨ ᠠᠶᠠᠯᠠᠯ᠂ ᠲᠦᠩᠯᠢᠶᠣᠤ ᠬᠢᠩᠭᠠᠨ ᠤ ᠠᠳᠤᠭᠤᠨ ᠰᠣᠶᠣᠯ ᠢ ᠰᠤᠳᠤᠯᠤᠨ ᠰᠤᠷᠤᠯᠴᠠᠬᠤ ᠠᠶᠠᠯᠠᠯ᠂ ᠤᠯᠠᠭᠠᠨᠴᠠᠪ ᠤᠨ ᠤᠤᠭᠠᠯ ᠰᠤᠶᠤᠯ ᠤᠨ ᠪᠡᠶᠡᠴᠢ ᠣᠶᠢᠯᠠᠭᠠᠯᠳᠠ ᠶᠢᠨ ᠠᠶᠠᠯᠠᠯ᠂ ᠬᠥᠯᠥᠨ ᠪᠤᠶᠢᠷ ᠤᠨ ᠮᠣᠩᠭᠤᠯ ᠤᠨ ᠭᠠᠷᠤᠯ ᠤᠭᠰᠠᠭᠠᠨ ᠤ ᠰᠣᠶᠣᠯ ᠢ ᠬᠠᠶᠢᠨ ᠰᠦᠪᠡᠭᠴᠢᠯᠡᠬᠦ ᠠᠶᠠᠯᠠᠯ᠂ ᠣᠷᠳᠣᠰ ᠤᠨ ᠠᠳᠣᠭᠤᠨ ᠰᠣᠶᠣᠯ ᠢ ᠮᠦᠷᠳᠡᠨ ᠰᠣᠷᠣᠯᠴᠠᠬᠤ ᠭᠡᠷ ᠪᠦᠯᠢ ᠶᠢᠨ ᠠᠶᠠᠯᠠᠯ᠂ ᠬᠦᠬᠡᠬᠤᠳᠠ ᠣᠷᠳᠣᠰ ᠤᠨ ᠪᠣᠳᠠᠰ ᠤᠨ ᠪᠣᠰᠤ ᠰᠤᠶᠤᠯ ᠤᠨ ᠦᠪ ᠤᠨ ᠬᠠᠶᠢᠨ ᠰᠢᠨᠵᠢᠯᠡᠬᠦ ᠠᠶᠠᠯᠠᠯ ᠵᠡᠷᠭᠡ ᠪᠣᠯᠤᠨ᠎ᠠ᠃ ︽ᠡᠨᠡ ᠪᠣᠯ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠮᠢ ᠠᠬᠤᠢ ᠶᠢ ᠣᠷᠢᠳ ᠢᠶᠠᠷ ᠪᠣᠳᠣᠯᠬᠢᠯᠠᠵᠣ ᠪᠣᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃︾ ᠭᠡᠵᠦ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠾᠧ ᡁᠢ ᠯᠢᠶᠠᠩ ᠬᠡᠯᠡᠪᠡ᠃ ᠮᠠᠨ ᠤ ᠣᠷᠣᠨ ᠳᠤ ᠠᠳᠤᠭᠤᠨ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠬᠦ ᠥᠪᠡᠷᠮᠢᠴᠡ ᠳᠠᠪᠠᠭᠤᠯᠢᠭ ᠲᠠᠢ ᠪᠠᠶᠢᠳᠠᠭ᠃ ᠡᠬᠦᠨ ᠳᠤ᠂ ᠠᠳᠣᠭᠤᠨ ᠰᠣᠶᠣᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠣ᠂ ᠳᠤᠮᠳᠠᠳᠤ ᠤᠯᠤᠰ ᠤᠨ ᠠᠳᠣᠭᠤᠨ ᠰᠣᠶᠣᠯ ᠤᠨ ᠪᠦᠬᠦ ᠦᠵᠡᠮᠵᠢ ᠶᠢᠨ ᠮᠠᠶ᠋ᠢᠭ ᠤᠨ ᠲᠣᠭᠯᠠᠯᠲᠠ ︽ᠮᠢᠩᠭᠠᠨ ᠣᠨ ᠤ ᠮᠣᠷᠢᠨ ᠤ ᠮᠠᠭᠲᠠᠭᠠᠯ︾᠂ ᠲᠡᠤᠬᠡᠨ ᠮᠣᠷᠢᠨ ᠮᠡᠷᠭᠡᠵᠢᠯ ᠤᠨ ᠪᠣᠳᠠᠲᠤ ᠦᠵᠡᠭᠳᠡᠯᠲᠦ ᠵᠦᠴᠦᠭᠡ ︽ᠭᠤᠪᠢ ᠶᠢᠨ ᠡᠮᠦᠨᠡᠬᠢ ᠳᠣᠮᠤᠭ︾᠂ ᠪᠠᠷᠭᠤ ᠮᠣᠩᠭᠤᠯ ᠠᠶᠢᠮᠠᠭ ᠤᠨ ︽ᠮᠣᠷᠢᠨ ᠪᠥᠵᠢᠭ︾ ᠮᠣᠷᠢᠨ ᠮᠡᠷᠭᠡᠵᠢᠯ ᠤᠨ ᠲᠣᠭᠯᠠᠯᠲᠠ᠂ ᠪᠣᠳᠠᠲᠤ ᠦᠵᠡᠭᠳᠡᠯᠲᠦ ᠵᠦᠴᠦᠭᠡ ︽ᠮᠣᠩᠭᠤᠯ ᠮᠣᠷᠢ︾ ᠵᠡᠷᠭᠡ ᠲᠣᠮᠣ ᠬᠡᠯᠪᠡᠷᠢ ᠶᠢᠨ ᠠᠳᠣᠭᠤᠨ ᠰᠣᠶᠣᠯ ᠤᠨ ᠲᠣᠭᠯᠠᠯᠲᠠ ᠨᠢ ᠥᠪᠥᠷ ᠮᠣᠩᠭᠤᠯ ᠳᠤ ᠵᠠᠯᠭᠠᠭ᠎ᠠ ᠪᠠᠷ ᠶᠠᠪᠤᠭᠳᠠᠪᠠ᠃ ᠪᠠᠰᠠ᠂ ᠠᠳᠤᠭᠤᠨ ᠤ ᠭᠤᠣᠯ ᠰᠡᠳᠦᠪᠲᠦ ᠵᠢᠭᠤᠯᠴᠢᠯᠠᠯ ᠤᠨ ᠨᠠᠷᠠᠳᠬᠦᠨ ᠤ ᠣᠨᠴᠠᠯᠢᠭ ᠢᠯᠡᠷᠬᠡᠢ ᠪᠠᠶᠢᠵᠤ᠂ ᠠᠳᠤᠭᠤᠨ ᠰᠣᠶᠣᠯ ᠤᠨ ᠪᠠᠶᠠᠷ ᠳᠤᠷᠠᠰᠬᠠᠯ ᠤᠨ ᠤᠷᠤᠯᠳᠤᠭᠠᠨ ᠲᠠᠰᠤᠷᠠᠯᠲᠠ ᠦᠭᠡᠢ ᠤᠨᠳᠣᠷᠣᠨ ᠭᠠᠷᠴᠤ ᠪᠠᠶᠢᠨ᠎ᠠ᠃ ᠡᠳᠡᠭᠡᠷ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠪᠠᠷ ᠭᠤᠣᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠨᠢ ᠤᠳᠬ᠎ᠠ ᠭᠦᠨᠵᠡᠭᠡᠢ᠂ ᠤᠷᠠᠯᠢᠭ ᠲᠡᠭᠦᠯᠳᠡᠷ᠂ ᠵᠣᠬᠢᠶᠠᠮᠵᠢ ᠨᠠᠷᠢᠯᠢᠭ ᠪᠦᠬᠦᠢ ᠲᠠᠯ᠎ᠠ ᠨᠤᠲᠤᠭ ᠤᠨ ᠤᠷᠠᠯᠢᠭ ᠤᠨ ᠪᠦᠲᠦᠭᠡᠯ ᠪᠣᠯᠤᠨ ᠦᠨᠳᠦᠰᠦᠲᠡᠨ ᠤ ᠰᠣᠶᠣᠯ ᠤᠨ ᠰᠣᠳᠣᠨ ᠪᠦᠲᠦᠭᠡᠯ ᠪᠤᠯᠵᠤ᠂ ᠵᠢᠭᠤᠯᠴᠢᠯᠠᠭᠴᠢᠳ ᠲᠤ ᠡᠯᠪᠡᠭ ᠪᠠᠶᠠᠯᠢᠭ ᠣᠶᠣᠨ ᠰᠠᠨᠠᠭᠠᠨ ᠤ ᠬᠦᠷᠲᠡᠬᠡᠯ ᠬᠠᠩᠭᠠᠵᠤ ᠪᠠᠶᠢᠨ᠎ᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|