7 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠶᠠᠰᠤ ᠴᠢᠨᠠᠷ ᠦᠷ᠎ᠡ ᠠᠰᠢᠭ ᠲᠠᠰᠤᠷᠠᠯᠲᠠ ᠥᠬᠡᠶ ᠳᠡᠭᠡᠭᠰᠢᠯᠡᠵᠦ᠂ ᠲᠤᠯᠭᠠᠭᠤᠷᠢᠯᠠᠬᠤ ᠨᠥᠬᠦᠴᠡᠯ ᠲᠠᠰᠤᠷᠠᠯᠲᠠ ᠥᠬᠡᠶ ᠰᠠᠶᠢᠵᠢᠷᠠᠵᠤ᠂ ᠴᠢᠨᠠᠷ ᠰᠠᠶᠢᠲᠠᠶ ᠬᠥᠭᠵᠢᠯᠲᠡ ᠶᠢᠨ ᠠᠯᠬᠤᠴᠠ ᠯᠠᠪᠳᠠᠭᠤᠨ ᠪᠠᠲᠤᠲᠠᠶ ᠪᠣᠯᠪᠠ᠃
ᠲᠠᠷᠢᠶᠠᠯᠠᠩ ᠮᠠᠯ ᠠᠵᠤ ᠠᠬᠤᠶ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠵᠦ᠂ ᠲᠠᠷᠢᠮᠠᠯ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠪᠡ
ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠲᠠᠷᠢᠶᠠᠯᠠᠩ ᠤᠢ ᠰᠢᠭᠤᠢ ᠮᠠᠯ ᠠᠵᠤ ᠠᠬᠤᠶ ᠵᠢᠭᠠᠰᠤᠨ ᠠᠵᠤ ᠠᠬᠤᠢ ᠶᠢᠨ ᠶᠡᠷᠦᠩᠬᠡᠶ ᠦᠶᠯᠡᠳᠬᠦᠨ ᠤ ᠥᠷᠲᠡᠭ 620.0 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 1.8% ᠪᠠᠷ ᠨᠡᠮᠡᠭᠳᠡᠪᠡ᠃ ᠲᠠᠷᠢᠮᠠᠯ ᠤᠨ ᠦᠢᠯᠡᠰ ᠤᠨ ᠲᠠᠯ᠎ᠠ ᠪᠠᠷ᠂ ᠲᠠᠷᠢᠮᠠᠯ ᠤᠨ ᠲᠠᠷᠢᠬᠤ ᠲᠠᠯᠠᠪᠠᠢ ᠯᠠᠪᠳᠠᠭᠤᠨ ᠢᠶᠠᠷ ᠨᠡᠮᠡᠭᠳᠡᠪᠡ᠃ ᠡᠭᠦᠨ ᠳᠤ ᠰᠢᠷ᠎ᠠ ᠪᠤᠷᠴᠠᠭ᠂ ᠤᠰᠤᠨ ᠲᠤᠲᠤᠷᠭ᠎ᠠ᠂ ᠬᠥᠬᠡ ᠳᠠᠷᠣᠰᠢ ᠶᠢᠨ ᠡᠷᠳᠡᠨᠢ ᠰᠢᠰᠢ᠂ ᠢᠳᠡᠰᠢᠨ ᠨᠣᠭᠤᠭ᠎ᠠ ᠶᠢᠨ ᠲᠠᠷᠢᠬᠤ ᠲᠠᠯᠠᠪᠠᠢ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠢᠳᠡᠰᠢᠨ ᠨᠣᠭᠤᠭ᠎ᠠ ᠶᠢᠨ ᠲᠠᠷᠢᠭᠰᠠᠨ ᠲᠠᠯᠠᠪᠡᠢ 14.1 ᠲᠦᠮᠡᠨ ᠾᠧᠺᠲ᠋ᠠᠷ ᠲᠤ ᠬᠦᠷᠴᠣ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠪᠡ᠃ ᠮᠠᠯ ᠠᠵᠤ ᠠᠬᠤᠢ ᠶᠢᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 92.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ
1.1% ᠪᠠᠷ ᠪᠠᠭᠤᠷᠠᠪᠠ᠃ ᠡᠭᠦᠨ ᠳᠤ ᠦᠬᠡᠷ ᠤᠨ ᠮᠢᠬᠠᠨ ᠤ ᠭᠠᠷᠤᠯᠲᠠ 15.4 ᠲᠦᠮᠡᠨ ᠲᠣᠨ ᠳᠤ ᠬᠦᠷᠴᠦ᠂ 3.4% ᠪᠠᠷ ᠨᠡᠮᠡᠭᠳᠡᠪᠡ︔ ᠬᠤᠨᠢᠨ ᠮᠢᠬᠠᠨ ᠤ ᠭᠠᠷᠤᠯᠲᠠ 39.2 ᠲᠦᠮᠡᠨ ᠲᠣᠨ ᠳᠤ ᠬᠦᠷᠴᠦ᠂ 3.5% ᠪᠠᠷ ᠨᠡᠮᠡᠭᠳᠡᠪᠡ︔ ᠭᠠᠭ᠋ᠠᠶ ᠶᠢᠨ ᠮᠢᠬᠠᠨ ᠤ ᠭᠠᠷᠤᠯᠲᠠ 30.4 ᠲᠦᠮᠡᠨ ᠲᠣᠨ ᠳᠤ ᠬᠦᠷᠴᠦ᠂ 9.5% ᠪᠠᠷ ᠪᠠᠭᠤᠷᠠᠪᠠ︔ ᠵᠢᠭᠦᠷᠲᠡᠨ ᠤ ᠮᠢᠬᠠᠨ ᠤ ᠭᠠᠷᠤᠯᠲᠠ 7.2 ᠲᠦᠮᠡᠨ ᠲᠣᠨ ᠳᠤ ᠬᠦᠷᠴᠦ᠂ 5.1% ᠪᠠᠷ ᠨᠡᠮᠡᠭᠳᠡᠪᠡ︔ ᠦᠨᠢᠶᠡᠨ ᠰᠦ ᠶᠢᠨ ᠭᠠᠷᠤᠯᠲᠠ 205.6 ᠲᠦᠮᠡᠨ ᠲᠣᠨ ᠳᠤ ᠬᠦᠷᠴᠦ᠂ 1.4% ᠪᠠᠷ ᠨᠡᠮᠡᠭᠳᠡᠪᠡ᠃
ᠠᠵᠤ ᠦᠶᠯᠡᠳᠪᠦᠷᠢ ᠶᠢᠨ ᠦᠶᠯᠡᠳᠪᠦᠷᠢᠯᠡᠯ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠵᠦ᠂ ᠰᠢᠨ᠎ᠡ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ
ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠨᠢᠬᠡᠳᠣᠭᠡᠷ ᠣᠯᠠᠷᠢᠯ ᠠᠴᠠ ᠪᠠᠨ 0.5 ᠵᠠᠭᠤᠨ ᠤᠨ ᠴᠡᠭ ᠲᠦᠷᠭᠡᠳᠴᠣ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.3 ᠵᠠᠭᠤᠨ ᠤ ᠴᠡᠭ ᠳᠡᠭᠡᠭᠰᠢᠯᠡᠪᠡ᠃ ᠣᠨᠴᠠᠯᠢᠭᠲᠤ ᠳᠠᠪᠠᠭᠤᠯᠢᠭ ᠠᠵᠤ ᠦᠶᠯᠡᠰ ᠠᠴᠠ ᠦᠵᠡᠪᠡᠯ᠂ ᠡᠨᠧᠷᠭᠢ ᠶᠢᠨ ᠠᠵᠤ ᠦᠶᠯᠡᠳᠪᠦᠷᠢ ᠶᠢᠨ ᠨᠡᠮᠡᠭᠳᠡᠯ ᠥᠷᠳᠡᠭ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠦ᠂ ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠶᠯᠡᠳᠪᠦᠷᠢ ᠶᠢᠨ ᠬᠢ 14.3% ᠪᠠᠷ ᠨᠡᠮᠡᠭᠳᠡᠵᠦ᠂ ᠬᠢᠮᠢ ᠶᠢᠨ ᠠᠵᠤ ᠦᠢᠯᠡᠳᠪᠤᠷᠢ ᠶᠢᠨ ᠬᠢ 4.0% ᠢᠶᠠᠷ ᠨᠡᠮᠡᠭᠳᠡᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠶᠯᠡᠰ ᠤᠨ ᠬᠢ 4.5% ᠪᠠᠷ ᠨᠡᠮᠡᠭᠳᠡᠵᠦ᠂ ᠲᠣᠨᠣᠭᠯᠠᠯ ᠦᠶᠯᠡᠳᠬᠦ ᠦᠶᠯᠡᠰ ᠤᠨ ᠬᠢ 13.3% ᠪᠠᠷ ᠨᠡᠮᠡᠭᠳᠡᠪᠡ᠃ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠦᠷᠭᠦᠯᠵᠢᠯᠡᠨ ᠠᠬᠢᠭᠤᠯᠪᠠ᠃ ᠣᠳᠣ ᠦᠶ᠎ᠡ ᠶᠢᠨ ᠨᠡᠬᠦᠷᠡᠰᠣ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.0% ᠢᠶᠠᠷ ᠨᠡᠮᠡᠭᠳᠡᠵᠦ᠂ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ 7.8% ᠪᠠᠷ ᠨᠡᠮᠡᠭᠳᠡᠪᠡ᠃ ᠦᠢᠯᠡᠳᠬᠦ ᠦᠢᠯᠡᠰ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠪᠠ᠃ ᠦᠶᠯᠡᠳᠬᠦ ᠦᠢᠯᠡᠰ ᠤᠨ ᠨᠡᠮᠡᠭᠳᠡᠯ ᠥᠷᠳᠡᠭ ᠠᠳᠠᠯᠢ ᠬᠤᠭᠤᠴᠠᠭᠠᠨ ᠤ ᠬᠢ ᠠᠴᠠ
8.9% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠬᠢ ᠠᠴᠠ 1.8 ᠵᠠᠭᠤᠨ ᠤ ᠴᠡᠭ ᠲᠦᠷᠭᠡᠨ ᠪᠤᠯᠵᠣ᠂ ᠠᠭᠤᠷᠬᠠᠶ ᠮᠠᠯᠲᠠᠬᠤ ᠦᠶᠯᠡᠰ ᠤᠨ ᠬᠢ ᠠᠴᠠ 3.6 ᠵᠠᠭᠤᠨ ᠤ ᠴᠡᠭ ᠲᠦᠷᠭᠡᠨ ᠪᠣᠯᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠬᠢ ᠠᠴᠠ 1.9 ᠵᠠᠭᠤᠨ ᠤ ᠴᠡᠭ ᠲᠦᠷᠭᠡᠨ ᠪᠣᠯᠵᠠᠶ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠠᠬᠢ ᠦᠶᠯᠡᠳᠬᠦ ᠦᠢᠯᠡᠰ ᠤᠨ ᠡᠵᠡᠯᠡᠬᠦ ᠬᠤᠪᠢ ᠶᠢᠨ ᠵᠢᠩ 37.1% ᠳᠤ ᠬᠦᠷᠪᠡ᠃ ᠳᠡᠭᠡᠳᠣ ᠮᠡᠷᠭᠡᠵᠢᠯ ᠤᠨ ᠦᠶᠯᠡᠳᠬᠦ ᠦᠢᠯᠡᠰ ᠤᠨ ᠨᠡᠮᠡᠭᠳᠡᠯ ᠥᠷᠳᠡᠭ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠬᠢ ᠠᠴᠠ 3.4 ᠵᠠᠭᠤᠨ ᠤ ᠴᠡᠭ ᠲᠦᠷᠭᠡᠨ ᠪᠣᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠶᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ 99.1% ᠳᠤ ᠬᠦᠷᠴᠣ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.1 ᠵᠠᠭᠤᠨ ᠤ ᠴᠡᠭ ᠳᠡᠭᠡᠭᠰᠢᠯᠡᠪᠡ᠃
ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠤᠨ ᠬᠢᠷᠢ ᠲᠦᠪᠰᠢᠨ ᠳᠡᠭᠡᠭᠰᠢᠯᠡᠪᠡ᠃ 1 — 5 ᠳ᠋ᠤᠭᠠᠷ ᠰᠠᠷ᠎ᠠ ᠳᠤ᠂ ᠪᠥᠬᠦ ᠣᠷᠣᠨ ᠤ 2697 ᠡᠷᠣᠭᠡ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠪᠥᠬᠦ ᠲᠤᠭ᠎ᠠ 585.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠨ᠂ 1 — 4 ᠳ᠋ᠦ᠋ᠭᠡᠷ ᠰᠠᠷ᠎ᠠ ᠶᠢᠨ ᠬᠢ ᠠᠴᠠ 2.1 ᠵᠠᠭᠤᠨ ᠤ ᠴᠡᠭ ᠳᠡᠭᠡᠭᠰᠢᠯᠡᠪᠡ᠃
ᠦᠶᠯᠡᠴᠢᠯᠡᠭᠡᠨ ᠤ ᠦᠶᠯᠡᠰ ᠲᠣᠭᠲᠠᠭᠤᠨ ᠢᠶᠠᠷ ᠨᠡᠮᠡᠭᠳᠡᠵᠦ᠂ ᠰᠢᠨ᠎ᠡ ᠪᠠᠷ ᠬᠥᠭᠵᠢᠭᠰᠡᠨ ᠦᠶᠯᠡᠴᠢᠯᠡᠭᠡᠨ ᠤ ᠦᠶᠯᠡᠰ ᠨᠡᠯᠢᠶᠡᠳ ᠲᠦᠷᠭᠡᠨ ᠬᠥᠭᠵᠢᠪᠡ
ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠤᠨ GDP ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 50.0% ᠳᠤ ᠬᠦᠷᠴᠦ᠂ GDP ᠶᠢᠨ ᠨᠡᠮᠡᠭᠳᠡᠯ ᠢ 2.7 ᠵᠠᠭᠤᠨ ᠤ ᠴᠡᠭ ᠳᠠᠶᠢᠴᠢᠯᠠᠪᠠ᠃ ᠬᠡᠷᠡᠭᠯᠡᠭᠡᠨ ᠤ ᠳᠡᠰ ᠳᠡᠪᠰᠢᠬᠦᠯᠬᠦ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠵᠠᠰᠠᠯ ᠴᠢᠮᠡᠭ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ
4.6% ᠪᠠᠷ ᠨᠡᠮᠡᠭᠳᠡᠵᠦ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ 4.1% ᠪᠠᠷ ᠨᠡᠮᠡᠭᠳᠡᠵᠦ᠂ ᠰᠣᠶᠣᠯ ᠠᠯᠪᠠᠨ ᠭᠡᠷ ᠤᠨ ᠬᠡᠷᠡᠭᠰᠡᠯ ᠤᠨ ᠲᠥᠷᠥᠯ 11.3 ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ
31.9% ᠪᠠᠷ ᠨᠡᠮᠡᠭᠳᠡᠵᠡᠶ᠃ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠬᠠᠨᠳᠣᠰᠢ ᠨᠡᠯᠢᠶᠡᠳ ᠰᠠᠶᠢᠨ ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠵᠢᠭᠤᠯᠴᠢᠯᠠᠭᠴᠢᠳ ᠢ ᠨᠡᠶᠢᠲᠡ 6711.2 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ 1473.9 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠰᠢᠨ᠎ᠡ ᠪᠠᠷ ᠬᠥᠭᠵᠢᠭᠰᠡᠨ ᠦᠶᠯᠡᠴᠢᠯᠡᠭᠡᠨ ᠤ ᠦᠶᠯᠡᠰ ᠨᠡᠯᠢᠶᠡᠳ ᠲᠦᠷᠭᠡᠨ ᠬᠥᠭᠵᠢᠪᠡ᠃ 1 — 5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠳᠣᠲᠣᠷ᠎ᠠ᠂ ᠢᠨᠲ᠋ᠧᠷ ᠰᠦᠯᠵᠢᠶᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠵᠦ᠂ ᠵᠦᠬᠡᠯᠡᠨ ᠲᠣᠨᠤᠭ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ 40.0% ᠢᠶᠠᠷ ᠨᠡᠮᠡᠭᠳᠡᠪᠡ᠃
ᠪᠡᠯᠡ ᠣᠷᠣᠭᠤᠯᠤᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠪᠦᠲᠦᠴᠡ ᠨᠢ ᠤᠯᠠᠮ ᠨᠢᠭᠡ ᠠᠯᠬᠤᠮ ᠰᠢᠯᠢᠳᠡᠭᠵᠢᠪᠡ
ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0.4% ᠪᠠᠷ ᠨᠡᠮᠡᠭᠳᠡᠪᠡ᠃ ᠡᠭᠦᠨ ᠳᠤ᠂ ᠦᠶᠯᠡᠳᠬᠦ ᠦᠢᠯᠡᠰ ᠤᠨ ᠪᠠᠯᠠ ᠣᠷᠣᠭᠤᠯᠤᠯᠲᠠ ᠪᠠ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 0.4% ᠪᠠ 0.5% ᠪᠠᠷ ᠨᠡᠮᠡᠭᠳᠡᠪᠡ᠃ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.2% ᠢᠶᠠᠷ ᠪᠠᠭᠤᠷᠠᠵᠤ᠂ ᠪᠠᠭᠤᠷᠠᠯᠲᠠ ᠶᠢᠨ ᠬᠤᠪᠢ ᠶᠢᠨ ᠵᠢᠩ ᠳᠤ ᠡᠵᠡᠯᠡᠬᠦ ᠬᠡᠮᠵᠢᠶ᠎ᠡ ᠨᠢ 1 — 5 ᠳ᠋ᠤᠭᠠᠷ ᠰᠠᠷ᠎ᠠ ᠶᠢᠨ ᠬᠢ ᠠᠴᠠ 6.9 ᠵᠠᠭᠤᠨ ᠤ ᠴᠡᠭ ᠪᠠᠭᠠᠰᠴᠤ᠂ ᠪᠦᠬᠦ ᠪᠡᠯᠡ ᠣᠷᠣᠭᠤᠯᠤᠯᠲᠠ ᠶᠢᠨ 50.5% ᠶᠢ ᠡᠵᠡᠯᠡᠪᠡ᠃ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 56.2% ᠪᠤᠯᠵᠤ᠂ ᠬᠤᠶᠠᠳᠤᠭᠠᠷ ᠠᠵᠤ ᠦᠢᠯᠡᠰ ᠤᠨ ᠬᠢ ᠠᠴᠠ 16.0 ᠵᠠᠭᠤᠨ ᠤ ᠴᠡᠭ ᠥᠨᠳᠥᠷ ᠪᠤᠯᠪᠠ᠃ ᠳᠡᠭᠡᠳᠣ ᠮᠡᠷᠭᠡᠵᠢᠯ ᠤᠨ ᠦᠶᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠬᠢ ᠠᠴᠠ 17.0 ᠵᠠᠭᠤᠨ ᠤᠨ ᠴᠡᠭ ᠲᠦᠷᠭᠡᠨ ᠪᠣᠯᠪᠠ︔ ᠡᠷᠡᠭᠦᠯ ᠮᠡᠨᠳᠦ ᠶᠢᠨ ᠦᠶᠯᠡᠴᠢᠯᠡᠭᠡᠨ ᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠬᠢ ᠠᠴᠠ 21.3 ᠵᠠᠭᠤᠨ ᠤ ᠴᠡᠭ ᠲᠦᠷᠭᠡᠨ ᠪᠣᠯᠵᠠᠶ᠃
ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠭᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 361.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 372.3 ᠳ᠋ᠦᠩᠰᠢᠭᠤᠷ ᠲᠥᠭᠦᠷᠢᠭ ᠲᠤ ᠬᠦᠷᠴᠣ᠂ 2.2% ᠢᠶᠠᠷ ᠨᠡᠮᠡᠭᠳᠡᠵᠡᠢ᠃
ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠪᠠᠭ᠎ᠠ ᠬᠡᠮᠵᠢᠶ᠎ᠡ ᠪᠠᠷ ᠥᠰᠴᠦ᠂ ᠠᠵᠤ ᠦᠶᠯᠡᠳᠪᠦᠷᠢ ᠶᠢᠨ ᠦᠶᠯᠡᠳᠪᠦᠷᠢᠯᠡᠭᠴᠢᠳ ᠤᠨ ᠦᠨ᠎ᠡ ᠲᠣᠭᠲᠠᠭᠤᠨ ᠪᠣᠯᠪᠠ
ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 2.0% ᠢᠶᠠᠷ ᠥᠰᠴᠦ᠂ ᠥᠰᠥᠯᠲᠡ ᠶᠢᠨ ᠬᠡᠮᠵᠢᠶ᠎ᠡ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 0.2 ᠵᠠᠭᠤᠨ ᠤ ᠴᠡᠭ ᠳᠣᠤᠷ᠎ᠠ ᠪᠣᠯᠪᠠ᠃ ᠡᠭᠦᠨ ᠳᠤ᠂ ᠬᠤᠲᠠ ᠶᠢᠨ ᠬᠢ
2.0% ᠢᠶᠠᠷ ᠥᠰᠴᠦ᠂ ᠮᠠᠯᠵᠢᠬᠤ ᠲᠠᠷᠢᠶᠠᠯᠠᠬᠤ ᠣᠷᠣᠨ ᠤ ᠬᠢ 2.2% ᠢᠶᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠨᠠᠶᠮᠠᠨ ᠶᠡᠭᠡ ᠲᠥᠷᠥᠯ ᠤᠨ ᠬᠡᠷᠡᠭᠯᠡᠭᠡᠨ ᠤ ᠦᠨ᠎ᠡ ᠬᠠᠩᠰᠢ ︽ᠳᠤᠯᠤᠭ᠎ᠠ ᠨᠢ ᠥᠰᠴᠦ ᠨᠢᠭᠡ ᠨᠢ ᠪᠠᠭᠤᠷᠠᠪᠠ︾᠃ ᠡᠭᠦᠨ ᠳᠤ᠂ ᠢᠳᠡᠭᠡᠨ ᠤ ᠵᠦᠶᠯ ᠠᠷᠢᠬᠢ ᠲᠠᠮᠠᠬᠢᠨ ᠤ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠨᠡᠯᠢᠶᠡᠳ ᠥᠨᠳᠥᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.5% ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭ᠎ᠠ ᠶᠢᠨ ᠬᠢ 0.4% ᠪᠠᠷ ᠪᠠᠭᠤᠷᠠᠵᠤ᠂ ᠪᠤᠰᠤᠳ ᠲᠥᠷᠥᠯ ᠤᠨ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠦᠨᠳᠦᠰᠦᠨ ᠳᠤ ᠪᠠᠨ ᠲᠣᠭᠳᠠᠭᠤᠨ ᠪᠠᠶᠢᠨ᠎ᠠ᠃
ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠠᠵᠤ ᠦᠶᠯᠡᠳᠪᠦᠷᠢ ᠶᠢᠨ ᠦᠶᠯᠡᠳᠪᠦᠷᠢᠯᠡᠭᠴᠢᠳ ᠤᠨ ᠦᠶᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 2.0% ᠢᠶᠠᠷ ᠥᠰᠴᠦ᠂ ᠥᠰᠥᠯᠲᠡ ᠶᠢᠨ ᠬᠡᠮᠵᠢᠶ᠎ᠡ ᠨᠢ ᠨᠢᠭᠡᠳᠣᠭᠡᠷ ᠤᠯᠠᠷᠢᠯ ᠤᠨ ᠬᠢ ᠠᠴᠠ 1.1 ᠵᠠᠭᠤᠨ ᠤ ᠴᠡᠭ ᠳᠡᠭᠡᠭᠰᠢᠯᠡᠵᠡᠶ᠃ ᠡᠭᠦᠨ ᠳᠤ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠶᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 10.6% ᠪᠠᠷ ᠥᠰᠴᠦ᠂ ᠥᠰᠥᠯᠲᠡ ᠶᠢᠨ ᠬᠡᠮᠵᠢᠶ᠎ᠡ ᠨᠢ ᠨᠢᠭᠡᠳᠣᠭᠡᠷ ᠤᠯᠠᠷᠢᠯ ᠤᠨ ᠬᠢ ᠠᠴᠠ 2.6 ᠵᠠᠭᠤᠨ ᠤ ᠴᠡᠭ ᠳᠡᠭᠡᠭᠰᠢᠯᠡᠵᠡᠶ᠃ ᠪᠥᠬᠦ ᠣᠷᠣᠨ ᠤ ᠠᠵᠤ ᠦᠶᠯᠡᠳᠪᠦᠷᠢ ᠶᠢᠨ ᠦᠶᠯᠡᠳᠪᠦᠷᠢᠯᠡᠭᠴᠢ ᠶᠢᠨ ᠬᠤᠳᠠᠯᠳᠣᠨ ᠠᠪᠬᠤ ᠦᠨ᠎ᠡ ᠠᠳᠠᠯᠢ ᠬᠤᠭᠤᠴᠠᠭᠠᠨ ᠤ ᠬᠢ ᠠᠴᠠ 0.6% ᠪᠠᠷ ᠥᠰᠴᠡᠶ᠃
ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠬᠥᠳᠡᠭᠡ ᠶᠢᠨ ᠣᠷᠣᠯᠭ᠎ᠠ ᠶᠢᠨ ᠬᠠᠷᠢᠴᠠᠯ ᠦᠷᠭᠦᠯᠵᠢᠯᠡᠨ ᠪᠠᠭᠠᠰᠴᠠᠶ
ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14548 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 20297 ᠲᠥᠭᠦᠷᠢᠭ ᠲᠤ ᠬᠦᠷᠴᠦ᠂ 6.7% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 6069 ᠲᠥᠭᠦᠷᠢᠭ ᠲᠤ ᠬᠦᠷᠴᠦ᠂ 8.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠭᠡᠳᠣᠭᠡᠷ ᠤᠯᠠᠷᠢᠯ ᠤᠨ ᠬᠢ ᠠᠴᠠ 0.3 ᠵᠠᠭᠤᠨ ᠤᠨ ᠴᠡᠭ ᠲᠦᠷᠭᠡᠳᠴᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠠᠴᠠ 2.2 ᠵᠠᠭᠤᠨ ᠤ ᠴᠡᠭ ᠲᠦᠷᠭᠡᠨ ᠪᠣᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠪᠠᠭᠠᠰᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯ ᠨᠢ 3.34 ᠪᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.07 ᠪᠠᠭᠤᠷᠠᠪᠠ᠃