|
2019 ᠣᠨ ᠳᠤ ᠥᠪᠥᠷ ᠮᠣᠩᠭᠤᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠰᠢᠨ᠎ᠡ ᠰᠢᠪᠲᠤᠯᠤᠯᠲᠠ ᠲᠠᠢ ᠪᠣᠯᠪᠠ |
|
|
ᠨᠡᠶᠢᠲᠡᠯᠡᠭᠰᠡᠨ ᠴᠠᠭ᠄
2020/1/6
|
|
ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ ᠪᠠᠷ᠄ 2019 ᠣᠨ ᠳᠤ᠂ ᠥᠪᠥᠷ ᠮᠣᠩᠭᠤᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠢ ᠭᠦᠶᠴᠡᠳᠬᠡᠭᠰᠡᠨ ᠪᠠᠶᠢᠳᠠᠯ ᠰᠠᠶᠢᠨ ᠪᠠᠶᠢᠵᠤ᠂ ᠡᠯ᠎ᠡ ᠵᠦᠶᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2000 ᠳ᠋ᠦᠩᠰᠢᠭᠤᠷ ᠲᠥᠭᠦᠷᠢᠭ ᠢ ᠳᠠᠪᠠᠵᠤ᠂ 2059.7 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 10.9% ᠪᠠᠷ ᠨᠡᠮᠡᠭᠳᠡᠪᠡ᠃ ᠡᠭᠦᠨ ᠤ ᠳᠣᠲᠣᠷ᠎ᠠ ᠭᠠᠶᠢᠯᠢ ᠲᠠᠲᠠᠪᠤᠷᠢ ᠶᠢᠨ ᠣᠷᠣᠯᠭ᠎ᠠ 1539.7 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 74.75% ᠪᠠᠶᠢᠵᠤ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠬᠤᠪᠢ ᠶᠢᠨ ᠵᠢᠩ ᠨᠢ ᠦᠷᠭᠦᠯᠵᠢᠯᠡᠨ ᠨᠡᠯᠢᠶᠡᠳ ᠥᠨᠳᠥᠷ ᠬᠢᠷᠢ ᠬᠡᠮᠵᠢᠶ᠎ᠡ ᠲᠠᠢ ᠪᠣᠯᠪᠠ᠃ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 5000 ᠳ᠋ᠦᠩᠰᠢᠭᠤᠷ ᠲᠥᠭᠦᠷᠢᠭ ᠢ ᠳᠠᠪᠠᠨ 5097.9 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 5.5% ᠪᠠᠷ ᠨᠡᠮᠡᠭᠳᠡᠵᠦ᠂ ᠴᠠᠯᠢᠩ ᠢ ᠪᠠᠲᠤᠯᠠᠬᠤ᠂ ᠠᠵᠢᠯᠯᠠᠭᠤᠯᠬᠤ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠱᠠᠭᠠᠷᠳᠠᠯᠭ᠎ᠠ ᠶᠢ ᠨᠡᠯᠢᠶᠡᠳ ᠰᠠᠶᠢᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠂ ᠨᠡᠶᠢᠭᠡᠮ ᠤᠨ ᠡᠯ᠎ᠡ ᠵᠦᠶᠯ ᠤᠨ ᠦᠢᠯᠡᠰ ᠤᠨ ᠬᠥᠭᠵᠢᠯᠲᠡ ᠳᠤ ᠳᠡᠮᠵᠢᠯᠭᠡ ᠦᠵᠡᠭᠦᠯᠪᠡ᠃ ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠠᠵᠢᠯ ᠳᠤᠮᠳᠠ ᠡᠳ᠋ ᠤᠨ ᠵᠠᠰᠠᠭ ᠤᠨ ᠰᠠᠭᠤᠷᠢ ᠪᠣᠯᠤᠨ ᠴᠢᠬᠤᠯᠠ ᠲᠤᠯᠭᠠᠭᠤᠷᠢᠯᠠᠬᠤ ᠦᠶᠯᠡᠳᠦᠯ ᠢ ᠭᠦᠶᠴᠡᠳ ᠪᠠᠳᠠᠷᠠᠭᠤᠯᠤᠨ᠂ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠵᠠᠷᠤᠯᠭ᠎ᠠ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠂ ︽ᠭᠤᠷᠪᠠ ᠶᠢ ᠪᠠᠲᠤᠯᠠᠬᠤ︾ ᠵᠡᠷᠭᠡ ᠲᠠᠯ᠎ᠠ ᠶᠢᠨ ᠭᠤᠤᠯᠳᠠᠯᠭ᠎ᠠ ᠲᠠᠢ ᠵᠠᠷᠤᠯᠭ᠎ᠠ ᠶᠢ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠶᠡᠷᠦᠩᠬᠡᠶ ᠳᠤ ᠪᠠᠨ ᠲᠣᠭᠲᠠᠭᠤᠨ ᠪᠠᠶᠢᠬᠤ᠂ ᠰᠠᠶᠢᠵᠢᠷᠠᠬᠤ ᠬᠠᠨᠳᠤᠰᠢ ᠪᠠᠨ ᠪᠠᠲᠤᠯᠠᠬᠤ ᠶᠢ ᠬᠦᠴᠦᠲᠡᠶ ᠲᠦᠯᠬᠢᠨ ᠠᠬᠢᠭᠤᠯᠪᠠ᠃ ᠨᠢᠭᠡ ᠳᠤ ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ 2019 ᠣᠨ ᠳᠤ ᠡᠳ᠋ ᠤᠨ ᠵᠠᠰᠠᠭ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠱᠢᠭᠰᠡᠨ ᠠᠴᠠ ᠰᠠᠶᠢᠨ ᠪᠠᠶᠢᠵᠤ᠂ ᠵᠢᠯ ᠤᠨ ᠡᠬᠢᠨ ᠤ ᠲᠥᠰᠦᠪ ᠢ 110.4% ᠪᠠᠷ ᠪᠡᠶᠡᠯᠡᠭᠦᠯᠵᠦ᠂ 194.7 ᠳ᠋ᠦᠩᠰᠢᠭᠤᠷ ᠲᠥᠭᠦᠷᠢᠭ ᠳᠠᠪᠠᠭᠤᠯᠤᠨ ᠬᠤᠷᠢᠶᠠᠪᠠ᠃ ᠬᠤᠶᠠᠷ ᠲᠤ ᠡᠳ᠋ ᠤᠨ ᠵᠠᠰᠠᠭ ᠤᠨ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠵᠦ᠂ ᠭᠤᠤᠯᠳᠠᠯᠭ᠎ᠠ ᠲᠠᠢ ᠬᠦᠷᠢᠶᠡᠨ ᠳᠠᠬᠢ ᠪᠡᠯᠡ ᠮᠥᠩᠭᠦᠨ ᠤ ᠬᠡᠷᠡᠭᠴᠡᠭᠡ ᠨᠡᠯᠢᠶᠡᠳ ᠰᠠᠶᠢᠨ ᠪᠠᠲᠤᠯᠠᠭ᠎ᠠ ᠲᠠᠢ ᠪᠣᠯᠪᠠ᠃ ᠲᠥᠪ ᠤᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠬᠠᠮᠲᠤ᠂ ᠡᠩ ᠤᠨ ᠴᠢᠨᠠᠷᠲᠠᠶ ᠵᠠᠷᠤᠯᠭ᠎ᠠ ᠪᠣᠯᠤᠨ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠶᠡᠬᠡᠪᠡᠷ ᠪᠠᠭᠠᠰᠬᠠᠵᠤ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠵᠡᠷᠭᠡ ᠭᠤᠤᠯᠳᠠᠯᠭ᠎ᠠ ᠲᠠᠢ ᠬᠦᠷᠢᠶᠡᠨ ᠤ ᠵᠠᠷᠤᠯᠭ᠎ᠠ ᠶᠢ ᠨᠡᠯᠢᠶᠡᠳ ᠰᠠᠶᠢᠨ ᠪᠠᠲᠤᠯᠠᠵᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠳᠤ 139.79 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠠᠷᠤᠯᠭ᠎ᠠ ᠳᠤ 152.9 ᠳ᠋ᠦᠩᠰᠢᠭᠤᠷ ᠲᠥᠭᠦᠷᠢᠭ ᠵᠠᠷᠤᠴᠠᠭᠤᠯᠪᠠ︔ ᠰᠤᠷᠭᠠᠨ ᠬᠥᠮᠦᠵᠢᠯ ᠤᠨ ᠵᠠᠷᠤᠯᠭ᠎ᠠ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ ᠲᠤᠰ ᠲᠤᠰ 6.3%᠂ 29.3%᠂ 9.2%᠂ 6.1% ᠨᠡᠮᠡᠭᠳᠡᠪᠡ︔ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠪᠥᠭᠡᠳ ᠡᠮᠬᠢ ᠵᠢᠷᠤᠮ ᠲᠠᠢ ᠰᠡᠷᠭᠡᠶᠢᠯᠡᠨ ᠠᠷᠢᠯᠭᠠᠵᠤ᠂ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠭᠤᠷᠪᠠ ᠳᠤ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠡᠳ᠋ ᠤᠨ ᠬᠦᠴᠦᠨ ᠪᠠᠴᠢᠮ ᠪᠠᠶᠢᠭ᠎ᠠ ᠪᠠᠶᠢᠳᠠᠯ ᠳᠣᠤᠷ᠎ᠠ᠂ ︽ᠡᠳ᠋ ᠤᠨ ᠵᠠᠰᠠᠭ +︾ ᠰᠢᠷᠢᠰ ᠬᠠᠮ ᠠᠷᠭ᠎ᠠ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠢᠯᠠᠨ ᠳᠠᠪᠠᠭ᠋ᠤ ᠬᠥᠭᠵᠢᠯᠲᠡ ᠶᠢᠨ ᠰᠠᠭᠤᠷᠢ ᠮᠥᠩᠭᠦ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠶᠢᠨ ᠢᠳᠡᠪᠬᠢ ᠦᠶᠯᠡᠳᠦᠯ ᠢ ᠪᠠᠳᠠᠷᠠᠭᠤᠯᠵᠤ᠂ ᠨᠡᠶᠢᠲᠡ 257.38 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠵᠤ ᠠᠬᠤᠶᠢᠯᠠᠯ ᠤᠨ ᠭᠦᠢᠯᠭᠡᠭᠡᠨ ᠤ ᠬᠦᠴᠢᠷᠳᠡᠯ ᠢ ᠬᠦᠴᠦᠲᠡᠶ ᠰᠢᠶᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠪᠡ︔ PPP ᠱᠠᠩᠨᠠᠯ ᠪᠠ ᠨᠥᠬᠦᠪᠥᠷᠢ ᠶᠢᠨ ᠪᠠᠯᠠ ᠮᠥᠩᠭᠦ᠂ ᠴᠡᠪᠡᠷ ᠰᠠᠭᠤᠷᠢ ᠮᠥᠩᠭᠦᠨ ᠤ ᠵᠢᠭᠡᠯᠡᠯᠭᠡ ᠪᠠ ᠭᠠᠳᠠᠭᠠᠳᠤ ᠵᠢᠭᠡᠯᠡᠯᠭᠡ ᠶᠢ ᠨᠢᠭᠡᠳᠦᠯᠲᠡᠶ ᠲᠥᠯᠥᠪᠯᠡᠨ ᠣᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ︔ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢ ᠵᠢᠷᠤᠮᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ 20 ᠲᠥᠷᠥᠯ ᠵᠦᠶᠯ ᠬᠡᠷᠡᠭᠵᠢᠭᠦᠯᠬᠦ ᠱᠠᠲᠤᠨ ᠳᠤ ᠣᠷᠣᠭᠤᠯᠵᠤ᠂ 222 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠳᠠᠶᠢᠴᠢᠯᠠᠪᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|