|
ᠥᠪᠥᠷ ᠵᠠᠰᠠᠭ ᠲᠠᠷᠬᠠᠭᠠᠭᠰᠠᠨ ᠴᠠᠬᠢᠯᠭᠠᠨ ﹇2020﹈ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠬᠤᠯᠪᠤᠭᠳᠠᠯ ᠪᠦᠬᠦᠢ ᠠᠭᠤᠯᠭ᠎ᠠ ᠳᠤ ᠵᠠᠰᠠᠪᠤᠷᠢ | ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ |
|
|
ᠨᠡᠶᠢᠲᠡᠯᠡᠭᠰᠡᠨ ᠴᠠᠭ᠄
2020/10/14
|
|
ᠥᠪᠥᠷ ᠵᠠᠰᠠᠭ ᠥᠰᠦᠭ ﹇2020﹈ 85 ᠳ᠋ᠤᠭᠠᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ ᠤᠨ ᠲᠣᠭᠲᠠᠭᠠᠯ ᠵᠢᠴᠢ ᠮᠠᠨ ᠤ ᠣᠷᠣᠨ ᠤ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠬᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠭᠰᠠᠨ ᠠᠬᠢᠴᠠ ᠶᠢᠨ ᠪᠠᠶᠢᠳᠠᠯ ᠶᠤᠰᠤᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠳᠤᠯᠠᠭᠠᠨ ᠤ ᠠᠵᠦ ᠠᠬᠤᠶᠢᠯᠠᠯ ᠪᠤᠯᠤᠨ ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ ᠦᠢᠯᠡᠳᠪᠦᠷᠢᠯᠡᠯ ᠡᠵᠡᠩᠨᠡᠯᠳᠡ ᠨᠢ ᠬᠦᠴᠢᠷᠳᠡᠯᠳᠡᠢ ᠲᠤᠮᠳᠠ ᠵᠢᠵᠢᠭ ᠠᠵᠦ ᠠᠬᠤᠶᠢᠯᠠᠯ ᠤᠨ ᠡᠷᠡᠭᠦᠯ ᠢᠶᠠᠷ ᠬᠦᠭᠵᠢᠬᠦ ᠶᠢ ᠳᠡᠮᠵᠢᠬᠦ ᠲᠦᠷᠥ ᠶᠢᠨ ᠪᠤᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ︾ ︵ᠦᠪᠣᠷ ᠵᠠᠰᠠᠭ ᠳᠠᠷᠬᠠᠭᠠᠭᠰᠠᠨ ᠴᠠᠬᠢᠯᠭᠠᠨ〔2020〕1 ᠳ᠋ᠣᠭᠡᠷ ᠲᠣᠭᠠᠳᠣ ︶ ᠤᠨ ︽ᠭᠤᠷᠪᠠ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠦᠩᠭᠡᠷᠡᠭᠦᠯᠬᠦ ᠬᠡᠷᠡᠭᠲᠡᠢ︾ ᠭᠡᠬᠦ ᠬᠡᠰᠡᠭ ᠤᠨ ︽︵ᠠᠷᠪᠠᠨ ᠨᠢᠭᠡ︶ ᠠᠵᠤ ᠠᠬᠤᠶᠢᠯᠠᠯ ᠤᠨ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ︾ ᠳᠠᠬᠢ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠣᠯᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠦ ᠡᠵᠡᠩᠨᠡᠯᠳᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠤᠳ ᠤᠨ ᠴᠠᠬᠢᠯᠭᠠᠨ᠂ ᠬᠡᠢ᠂ ᠤᠰᠤ ᠬᠡᠷᠡᠭᠯᠡᠬᠦ ᠵᠡᠷᠭᠡ ᠳᠤ ︿ᠰᠦᠢᠳᠬᠡᠯ ᠥᠷᠢᠲᠦᠪᠡᠴᠤ ᠬᠠᠩᠭᠠᠯᠭ᠎ᠠ ᠲᠠᠰᠤᠷᠠᠬᠤ ᠦᠬᠡᠢ﹀ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠬᠠᠮᠢᠶ᠎ᠠ ᠪᠦᠬᠦᠢ ᠥᠷᠢᠲᠦᠭᠰᠡᠨ ᠰᠦᠢᠳᠬᠡᠯ ᠢᠶᠠᠨ ᠴᠠᠭ ᠲᠤᠬᠠᠶ ᠳᠤ ᠨᠢ ᠨᠥᠬᠦᠨ ᠲᠤᠰᠢᠶᠠᠬᠤ ᠳᠤ ᠬᠤᠭᠤᠴᠠᠭ᠎ᠠ ᠰᠠᠭᠠᠲᠠᠭᠠᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠶ︾ ᠭᠡᠰᠡᠨ ᠳᠤ ︽ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠰᠠᠯᠠᠭ᠎ᠠ ᠮᠥᠴᠢᠷ ᠤᠨ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠴᠢᠮ ᠱᠠᠭᠠᠷᠳᠠᠭᠳᠠᠵᠤ ᠪᠠᠶᠢᠭ᠎ᠠ ᠠᠮᠠᠪᠴᠢ᠂ ᠲᠤᠰᠠᠭᠠᠷᠯᠠᠬᠤ ᠬᠤᠪᠴᠠᠰᠤ᠂ ᠠᠷᠢᠭᠤᠳᠬᠠᠬᠤ ᠦᠢᠯᠡᠳᠬᠦᠨ ᠵᠡᠷᠭᠡ ᠡᠳ᠋ ᠪᠠᠷᠠᠭ᠎ᠠ ᠦᠢᠯᠡᠳᠪᠦᠷᠢᠯᠡᠬᠦ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠤᠳ ᠤᠨ ᠴᠠᠬᠢᠯᠭᠠᠨ᠂ ᠬᠡᠶ᠂ ᠤᠰᠤ ᠬᠡᠷᠡᠭᠯᠡᠬᠦ ᠵᠡᠷᠭᠡ ᠳᠤ ︿ᠰᠦᠢᠳᠬᠡᠯ ᠥᠷᠢᠲᠦᠪᠡᠴᠤ ᠬᠠᠩᠭᠠᠯᠭ᠎ᠠ ᠲᠠᠰᠤᠷᠠᠬᠤ ᠦᠬᠡᠢ﹀ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠬᠠᠮᠢᠶ᠎ᠠ ᠪᠥᠬᠦᠶ ᠥᠷᠢᠲᠦᠭᠰᠡᠨ ᠰᠦᠢᠳᠭᠡᠯ ᠢᠶᠠᠨ ᠴᠠᠭ ᠲᠤᠬᠠᠶ ᠳᠤ ᠨᠢ ᠨᠥᠬᠦᠨ ᠲᠤᠰᠢᠶᠠᠬᠤ ᠳᠤ ᠬᠤᠭᠤᠴᠠᠭ᠎ᠠ ᠰᠠᠭᠠᠲᠠᠭᠠᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠶ ︾ ᠭᠡᠵᠦ ᠵᠠᠰᠠᠪᠤᠷᠢ ᠣᠷᠤᠭᠤᠯᠪᠠ᠃
2020 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|