|
ᠡᠮᠦᠨ᠎ᠡ ᠭᠤᠷᠪᠠᠨ ᠤᠯᠠᠷᠢᠯ ᠳᠤ ᠮᠠᠨ ᠤ ᠣᠷᠣᠨ ᠤ ᠠᠵᠤ ᠠᠬᠤᠢ ᠲᠣᠭᠲᠠᠭᠤᠨ ᠢᠶᠠᠷ ᠬᠥᠭᠵᠢᠪᠡ |
|
|
ᠨᠡᠶᠢᠲᠡᠯᠡᠭᠰᠡᠨ ᠴᠠᠭ᠄
2020/10/21
|
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 10 ᠰᠠᠷ᠎ᠠ ᠶᠢᠨ 20 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 2020 ᠣᠨ ᠤ ᠡᠮᠦᠨ᠎ᠡ ᠭᠤᠷᠪᠠᠨ ᠤᠯᠠᠷᠢᠯ ᠳᠤ᠂ ᠪᠦᠬᠦ ᠣᠷᠣᠨ ᠤ ᠠᠵᠤ ᠠᠬᠤᠢ ᠲᠣᠭᠲᠠᠭᠤᠨ ᠢᠶᠠᠷ ᠰᠡᠷᠭᠦᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠲᠤᠯᠠᠬᠤ︾ ᠦᠷ᠎ᠡ ᠪᠦᠲᠦᠮᠵᠢ ᠢᠯᠡᠷᠬᠡᠢ ᠪᠠᠶᠢᠨ᠎ᠠ ᠭᠡᠵᠡᠢ᠃ 2020 ᠣᠨ ᠤ ᠡᠮᠦᠨ᠎ᠡ ᠭᠤᠷᠪᠠᠨ ᠤᠯᠠᠷᠢᠯ ᠳᠤ᠂ ᠮᠠᠨ ᠤ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 12320.0 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠵᠤ᠂ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 740.3 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠨ᠂ ᠬᠤᠶᠠᠳᠣᠭᠠᠷ ᠠᠵᠤ ᠦᠢᠯᠡᠰ ᠤᠨ ᠨᠡᠮᠡᠭᠳᠡᠯ ᠥᠷᠲᠡᠭ 5152.6 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 6427.2 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 3.0% ᠢᠶᠠᠷ ᠪᠠᠭᠤᠷᠠᠵᠠᠢ᠃
|
|
|
|
ᠢᠷᠡᠯᠲᠡ᠄
ᠥᠪᠥᠷ ᠮᠣᠩᠭᠤᠯ ᠤᠨ ᠮᠣᠩᠭᠤᠯ ᠣᠳᠣᠨ ᠲᠧᠯᠸᠢᠰ
|