ᠤᠲᠤᠭ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2020/12/16
     ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 12 ᠰᠠᠷ᠎ᠠ ᠶᠢᠨ 2 ᠤᠨ ᠡᠳᠦᠷ᠂ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠪᠡ᠂ ᠬᠤᠷᠠᠯ ᠢ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ ᠯᠢᠦ ᡁᠢ ᠯᠢᠶᠠᠩ ᠡᠷᠬᠢᠯᠡᠵᠡᠢ᠃      ᠬᠤᠷᠠᠯ ᠳᠡᠭᠡᠷ᠎ᠡ᠂ ᠯᠢᠦ ᡁᠢ ᠯᠢᠶᠠᠩ ︽ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠡᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠡᠯᠲᠡ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ︾᠂ ︽ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠪᠠᠶᠢᠭᠤᠯᠤᠯ ᠪᠣᠯᠤᠨ ᠵᠠᠰᠠᠯᠲᠠ ᠶᠢᠨ ᠰᠢᠰᠲ᠋ᠧᠮ ᠤᠨ ᠢᠯᠡᠳᠲᠡ ᠳᠠᠪᠠᠭᠤᠯᠢᠭ ᠢ ᠭᠦᠨᠵᠡᠭᠡᠶ ᠤᠶᠢᠯᠠᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠤᠨ ᠢᠲᠡᠭᠡᠯ ᠢ ᠪᠠᠲᠤᠳᠬᠠᠬᠤ︾᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠪᠠᠶᠢᠳᠠᠯ ᠪᠣᠯᠤᠨ ᠴᠢᠬᠤᠯᠠ ᠶᠡᠭᠡ ᠠᠴᠢ ᠬᠤᠯᠪᠣᠭᠳᠠᠯ︾᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠲᠣᠭᠲᠠᠭᠠᠯ ᠤᠨ ᠦᠨᠳᠦᠰᠦᠨ ᠪᠣᠷᠣ ᠲᠥᠯᠥᠪ︾᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠲᠣᠭᠲᠠᠭᠠᠯ︾ ᠤᠨ ᠭᠤᠤᠯ ᠠᠭᠤᠯᠭ᠎ᠠ ᠵᠡᠷᠭᠡ ᠶᠢ ᠰᠤᠷᠤᠯᠴᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠳᠤ ᠰᠢᠰᠲ᠋ᠧᠮ ᠲᠠᠢ ᠲᠣᠳᠣᠷᠬᠠᠶᠢᠯᠠᠯᠲᠠ ᠪᠠ ᠲᠠᠶᠢᠯᠤᠮᠵᠢ ᠬᠢᠪᠡ᠃
 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map