ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠣᠩᠭᠤᠯ ᠬᠡᠯᠡᠨ ᠤ ᠰᠦᠯᠵᠢᠶᠡᠨ ᠤ ᠪᠥᠬᠦ ᠬᠥᠮᠦᠰ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ
ᠨᠡᠶᠢᠲᠡᠯᠡᠭᠰᠡᠨ ᠴᠠᠭ᠄
2020/12/16
      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠤᠯ  ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠨᠡᠶᠢᠭᠡᠮ ᠵᠢᠷᠦᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ  ᠪᠠᠷ ᠪᠠᠶᠢᠭᠤᠯᠬᠤ ᠰᠢᠨ᠎ᠡ ᠠᠶᠠᠨ ᠡᠬᠢᠯᠡᠬᠦ ᠭᠡᠵᠦ ᠪᠠᠶᠢᠭ᠎ᠠ ᠴᠢᠬᠤᠯᠠ ᠲᠡᠥᠬᠡᠨ ᠴᠠᠭ ᠮᠦᠴᠡ ᠳᠤ ᠬᠤᠷᠠᠯᠳᠤᠭᠤᠯᠤᠭᠰᠠᠨ ᠨᠢᠭᠡᠨ ᠤᠳᠠᠭᠠᠨ ᠤ ᠲᠦᠢᠯ ᠤᠨ ᠴᠢᠬᠤᠯᠠ ᠬᠤᠷᠠᠯ ᠪᠤᠯᠤᠨ᠎ᠠ᠃ 12 ᠰᠠᠷ᠎ᠠ ᠶᠢᠨ 4 ᠤ ᠡᠳᠦᠷ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠣᠩᠭᠤᠯ ᠬᠡᠯᠡᠨ ᠤ ᠰᠦᠯᠵᠢᠶᠡᠨ ᠤ ᠪᠥᠬᠦ ᠬᠥᠮᠦᠰ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠦᠷᠨᠢᠭᠦᠯᠪᠡ᠃
     ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠣᠩᠭᠤᠯ ᠬᠡᠯᠡᠨ ᠤ ᠰᠦᠯᠵᠢᠶᠡᠨ ᠤ ᠬᠢᠨ ᠲᠤᠭᠤᠷᠢᠭ ᠤᠨ ᠵᠤᠬᠢᠶᠠᠨ ᠪᠠᠶᠢᠭᠤᠯᠤᠭᠰᠠᠨ ᠰᠤᠷᠤᠯᠴᠠᠯᠭ᠎ᠠ ᠳᠤ ᠤᠷᠤᠯᠴᠠᠨ ᠰᠤᠷᠤᠯᠴᠠᠬᠤ᠂ ᠤᠷᠴᠢᠭᠤᠯᠭ᠎ᠠ ᠶᠢᠨ ᠰᠠᠯᠠᠭᠠᠨ ᠤ ᠺᠠᠲᠡᠷ ᠠᠵᠢᠯᠲᠡᠳ ᠢᠶᠠᠨ ᠵᠤᠬᠢᠶᠠᠨ ᠪᠠᠶᠢᠭᠤᠯᠵᠦ ᠰᠤᠷᠤᠯᠴᠠᠬᠤ᠂ ᠰᠦᠯᠵᠢᠶᠡᠨ ᠳᠡᠭᠡᠷ᠎ᠡ ᠬᠠᠮᠲᠤ ᠪᠠᠷ ᠰᠤᠷᠥᠯᠴᠠᠬᠤ᠂ ᠰᠤᠨᠢᠨ ᠳᠡᠭᠡᠷ᠎ᠡ ᠠᠴᠠ ᠰᠤᠷᠤᠯᠴᠠᠬᠤ᠂ ᠬᠤᠪᠢ ᠬᠦᠮᠦᠨ ᠤ ᠦᠪᠡᠷ ᠤᠨ ᠰᠤᠷᠤᠯᠴᠠᠯᠭ᠎ᠠ ᠵᠡᠷᠭᠡ ᠤᠯᠠᠨ ᠠᠷᠪᠢᠨ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ᠃
     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠣᠩᠭᠤᠯ ᠬᠡᠯᠡᠨ ᠤ ᠰᠦᠯᠵᠢᠶᠡᠨ ᠤ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠢ ᠨᠠᠷᠢᠨ ᠬᠢᠨᠠᠮᠠᠭᠠᠢ ᠰᠤᠷᠤᠯᠴᠠᠭᠰᠠᠨ ᠢᠶᠠᠷ ᠪᠠᠷᠠᠬᠤ ᠦᠭᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠣᠩᠭᠤᠯ ᠰᠦᠯᠵᠢᠶ᠎ᠡ᠂ ᠸᠢᠴᠠᠲ ᠲᠠᠪᠴᠡᠩ ᠵᠡᠷᠭᠡ ᠳᠤ ᠬᠠᠮᠢᠶ᠎ᠠ ᠪᠦᠬᠦᠢ ᠠᠭᠤᠯᠭ᠎ᠠ ᠶᠢ ᠪᠦᠬᠦ ᠲᠠᠯ᠎ᠠ ᠪᠠᠷ ᠤᠬᠠᠭᠤᠯᠤᠨ ᠰᠤᠷᠲᠠᠯᠴᠢᠯᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map