|
|
ᠨᠡᠶᠢᠲᠡᠯᠡᠭᠰᠡᠨ ᠴᠠᠭ᠄
2020/12/2
|
|
ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠬᠤ᠂ ᠣᠨᠣᠪᠴᠢᠲᠠᠶ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠱᠠᠭᠠᠷᠳᠠᠯᠭ᠎ᠠ ᠪᠣᠯᠤᠨ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠦᠨᠳᠦᠰᠦᠯᠡᠨ᠂ ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠨ ᠲᠣᠭᠲᠠᠭᠠᠭᠰᠠᠨ ᠢᠶᠠᠷ᠄ 2020 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠤᠨ 0 ᠴᠠᠭ ᠠᠴᠠ ᠡᠬᠢᠯᠡᠨ᠂ ᠮᠠᠨᠵᠤᠤᠷ ᠬᠤᠲᠠ ᠶᠢᠨ ᠳ᠋ᠦᠩ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠦᠨᠳᠦᠷ ᠳᠡᠰ ᠤᠨ ᠠᠶᠤᠯ ᠲᠦᠭᠰᠢᠭᠦᠷᠢᠲᠡᠶ ᠭᠠᠵᠠᠷ ᠣᠷᠣᠨ ᠢᠶᠠᠷ ᠵᠠᠭᠠᠭᠯᠠᠨ ᠲᠣᠭᠲᠠᠭᠠᠭᠰᠠᠨ ᠤ ᠬᠠᠮᠲᠤ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠪᠣᠯᠪᠠ᠃ ᠮᠠᠨᠵᠤᠤᠷ ᠬᠤᠲᠠ ᠶᠢᠨ ᠪᠤᠰᠤᠳ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠳᠡᠰ ᠢ ᠬᠤᠪᠢᠷᠠᠭᠤᠯᠬᠤ ᠦᠭᠡᠢ᠃
ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|