ᠲᠦᠩᠯᠢᠶᠣᠣ ᠬᠤᠲᠠ ᠶᠢᠨ ︽8090 ᠵᠠᠯᠠᠭᠤ ᠳ᠋ᠣᠺᠲ᠋ᠣᠷ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠣᠯᠠᠨ ᠤ ᠬᠦᠷᠢᠶᠡᠯᠡᠯ ᠢ ᠣᠯᠵᠤ ᠪᠠᠶᠢᠨ᠎ᠠ
ᠨᠡᠶᠢᠲᠡᠯᠡᠭᠰᠡᠨ ᠴᠠᠭ᠄
2020/12/21
      ᠊᠊᠊᠊᠊᠊᠊᠊᠊᠊ ᠦᠨᠳᠦᠰᠦᠨ ᠱᠠᠲᠤᠨ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭ᠎ᠠ ᠶᠢᠨ ᠲᠥᠪ ᠬᠤᠷᠢᠶ᠎ᠡ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠨ᠎ᠠ      ᠨᠠᠮ ᠤᠨ ᠠᠷᠪᠠ ᠶᠢᠰᠦᠳᠦᠭᠡᠷ ᠬᠤᠭᠤᠴᠠᠭ᠎ᠠ ᠶᠢᠨ ᠲᠥᠪ ᠬᠤᠷᠢᠶ᠎ᠡ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠵᠤ ᠤᠬᠠᠭᠤᠯᠤᠨ ᠲᠣᠣᠱᠯᠠᠭᠤᠯᠵᠣ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠡ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠶᠢᠨ ᠲᠤᠰᠡᠳᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠣᠯᠤᠨ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠦᠢᠷ᠎ᠡ ᠳᠤ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠡᠪᠯᠡᠯ ᠤᠨ ᠬᠤᠷᠢᠶ᠎ᠠ ᠬᠠᠮᠲᠤ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ︽8090 ᠵᠠᠯᠠᠭᠤ ᠳ᠋ᠣᠺᠲ᠋ᠣᠷ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠢ ᠵᠣᠬᠢᠶᠠᠨ ᠪᠠᠶᠢᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭ᠎ᠠ ᠶᠢᠨ ᠲᠥᠪ ᠬᠤᠷᠢᠶ᠎ᠡ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠣᠣᠱᠯᠠᠭᠤᠯᠵᠣ ︽ᠵᠠᠯᠠᠭᠤᠴᠤᠳ ᠶᠠᠷᠢᠵᠤ ᠵᠠᠯᠠᠭᠤᠴᠤᠳ ᠰᠣᠨᠣᠰᠬᠤ︾ ᠲᠥᠪᠯᠡᠷᠡᠩᠭᠦᠶ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠤᠢᠢᠷ᠎ᠡ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠷᠴᠢᠨ ᠲᠣᠭᠤᠷᠢᠭ ᠤᠨ ᠬᠤᠷᠴᠢᠨ ᠵᠡᠭᠡᠯᠢ ᠭᠤᠳᠤᠮᠵᠢ᠂ ᠬᠤᠷᠴᠢᠨ ᠲᠤᠷᠰᠢᠯᠲᠠ ᠶᠢᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠺᠠᠳ᠋ᠷ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠭᠡᠰᠢᠭᠦᠨ ᠤ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠠᠵᠢᠯ ᠳᠤ ᠪᠠᠶᠢᠭ᠎ᠠ ᠪᠠᠭᠰᠢ᠂ ᠰᠤᠷᠤᠭᠴᠢᠳ ᠲᠤ ᠨᠠᠮ ᠤᠨ ᠠᠷᠪᠠ ᠶᠢᠰᠦᠳᠦᠭᠡᠷ ᠬᠤᠭᠤᠴᠠᠭ᠎ᠠ ᠶᠢᠨ ᠲᠥᠪ ᠬᠤᠷᠢᠶ᠎ᠡ ᠶᠢᠨ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠬᠤᠷᠴᠢᠨ ᠵᠡᠭᠡᠯᠢ ᠭᠤᠳᠤᠮᠵᠢ ᠪᠤᠯᠤᠨ ᠬᠤᠷᠴᠢᠨ ᠲᠤᠷᠰᠢᠯᠲᠠ ᠶᠢᠨ ᠦᠨᠳᠤᠷ ᠵᠡᠷᠬᠡ ᠶᠢᠨ ᠳᠤᠮᠳᠠᠳᠤ ᠰᠤᠷᠭᠠᠭᠤᠯᠢ ᠳᠤ᠂ ︽8090 ᠵᠠᠯᠠᠭᠤ ᠳ᠋ᠣᠺᠲ᠋ᠣᠷ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠤᠨ ᠪᠦᠷᠢᠯᠳᠦᠬᠦᠨ᠂ ᠢᠦᠢ ᠯᠢᠶᠠᠩ ᠫᠦ᠋ ᠪᠠᠯᠭᠠᠰᠤᠨ ᠤ ᠡᠪᠯᠡᠯ ᠤᠨ ᠬᠤᠷᠢᠶ᠎ᠠ ᠶᠢᠨ ᠱᠦᠵᠢ ᠶᠣᠣ ᠶᠤᠸᠠᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠡ ᠶᠢᠨ ᠲᠠᠪᠤᠳᠤᠭᠠᠷ ᠪᠦᠬᠦᠳᠠ ᠬᠤᠷᠠᠯ ᠬᠤᠷᠠᠯᠳᠤᠭᠰᠠᠨ ᠠᠬᠤᠢ ᠪᠠᠶᠢᠳᠠᠯ᠂ ᠭᠤᠣᠯ ᠦᠷ᠎ᠡ ᠪᠦᠲᠦᠭᠡᠯ ᠪᠠ ᠴᠢᠬᠤᠯᠠ ᠶᠡᠭᠡ ᠠᠴᠢ ᠬᠤᠯᠪᠣᠭᠳᠠᠯ ᠵᠢᠴᠢ ︽ᠠᠷᠪᠡᠨ ᠳᠥᠷᠪᠡᠳᠤᠬᠡᠷ ᠳᠡᠪᠤᠨ ᠵᠢᠯ︾ ᠤᠨ ᠲᠥᠯᠥᠪᠵᠢᠭᠦᠯᠭᠡ ᠶᠢᠨ ᠰᠢᠨ᠎ᠡ ᠠᠶᠠᠨ᠂ 2035 ᠣᠨ ᠤ ᠠᠯᠤᠰ ᠤᠨ ᠬᠠᠷᠠᠯᠲᠠ ᠵᠡᠷᠭᠡ ᠲᠠᠯ᠎ᠠ ᠠᠴᠠ ᠤᠬᠠᠭᠤᠯᠤᠨ ᠲᠠᠶᠢᠯᠪᠤᠷᠢᠯᠠᠵᠤ᠂ ᠤᠯᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠪᠡ᠃      ᠬᠤᠷᠴᠢᠨ ᠵᠡᠭᠡᠯᠢ ᠭᠤᠳᠤᠮᠵᠢ ᠶᠢᠨ ᠲᠡᠮᠦᠷ ᠵᠠᠮ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠯᠢ ᠶᠠᠩ ᠤᠬᠠᠭᠤᠯᠤᠨ ᠲᠠᠶᠢᠯᠪᠤᠷᠢᠯᠠᠬᠰᠠᠨ ᠨᠢ ᠤᠯᠠᠨ ᠢ ᠬᠠᠪᠰᠤᠷᠤᠨ ᠨᠠᠮ ᠤᠨ ᠠᠷᠪᠠ ᠶᠢᠰᠦᠳᠦᠭᠡᠷ ᠬᠤᠭᠤᠴᠠᠭ᠎ᠠ ᠶᠢᠨ ᠲᠥᠪ ᠬᠤᠷᠢᠶ᠎ᠡ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠵᠥᠪ ᠣᠨᠣᠴᠡᠲᠠᠶ ᠣᠶᠢᠯᠠᠭᠠᠭᠤᠯᠪᠠ᠃ ᠬᠤᠶᠢᠰᠢᠳᠠ ᠪᠢᠳᠡ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠤᠨ᠎ᠠ ᠬᠡᠪᠡ᠃      ᠬᠤᠷᠴᠢᠨ ᠲᠤᠷᠰᠢᠯᠲᠠ ᠶᠢᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠱᠤᠤ ᠮᠢᠩ᠄ ︽ᠨᠠᠮ ᠤᠨ ᠠᠷᠪᠠ ᠶᠢᠰᠦᠳᠦᠭᠡᠷ ᠬᠤᠭᠤᠴᠠᠭ᠎ᠠ ᠶᠢᠨ ᠲᠥᠪ ᠬᠤᠷᠢᠶ᠎ᠡ ᠶᠢᠨ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ ᠣᠶᠢᠯᠠᠭᠠᠡ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠶ ᠪᠠᠷ ᠡᠭᠦᠷᠭᠡᠯᠡᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠮᠢᠳᠤᠷᠠᠬᠤᠶ ᠶᠢᠨ ᠬᠠᠷᠠᠯᠲᠠ ᠶᠢ ᠪᠤᠢ ᠪᠣᠯᠭᠠᠵᠤ᠂ ᠠᠯᠤᠰ ᠬᠡᠳᠦ ᠶᠢᠨ ᠬᠦᠰᠡᠯᠡᠩ ᠢ ᠪᠡᠶᠡᠯᠡᠭᠦᠯᠵᠦ᠂ ᠨᠠᠮ ᠤᠨ ᠲᠥᠯᠥᠭᠡ ᠬᠥᠮᠦᠨ ᠬᠥᠮᠦᠵᠢᠭᠦᠯᠵᠦ ᠤᠯᠤᠰ ᠣᠷᠣᠨ ᠤ ᠪᠠᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠮᠠᠷᠲᠠᠬᠤ ᠦᠭᠡᠢ︾ ᠬᠡᠨ᠎ᠡ᠃      ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠰᠤᠷᠤᠭᠴᠢᠳ ᠴᠤ ᠥᠪᠡᠷ ᠤᠨ ᠬᠦᠰᠡᠯ ᠵᠣᠷᠢᠯᠲᠠ ᠪᠠᠨ ᠡᠬᠡ ᠣᠷᠣᠨ ᠤ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠵᠤ᠂ ᠤᠯᠤᠰ ᠤᠷᠤᠨ᠂ ᠨᠡᠶᠢᠭᠡᠮ ᠨᠡᠶᠢᠳᠡ ᠶᠢᠨ ᠬᠡᠷᠡᠭᠰᠡᠬᠦ ᠮᠡᠳᠡᠯᠭᠡ ᠪᠤᠯᠤᠨ ᠮᠡᠷᠭᠡᠰᠢᠯ ᠢ ᠡᠵᠡᠮᠰᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠲᠤᠯᠭᠠᠭᠤᠷᠢ ᠬᠦᠴᠦᠨ ᠪᠤᠯᠤᠨ᠎ᠠ ᠬᠡᠵᠡᠬᠡᠪᠡ᠃
 
ᠢᠷᠡᠯᠲᠡ᠄ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map