| | | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ | ᠡᠬᠢᠯᠡᠬᠦ ᠭᠡᠵᠦ ᠪᠠᠶᠢᠭ᠎ᠠ ᠴᠢᠬᠤᠯᠠ ᠲᠡᠦᠬᠡᠨ ᠴᠠᠭ ᠮᠥᠴᠡ ᠳᠤ ᠬᠤᠷᠠᠯᠳᠤᠭᠤᠯᠤᠭᠰᠠᠨ ᠨᠢᠭᠡᠨ ᠤᠳᠠᠭᠠᠨ ᠤ ᠲᠤᠶᠢᠯ ᠤᠨ | ᠴᠢᠬᠤᠯᠠ ᠬᠤᠷᠠᠯ ᠪᠣᠯᠣᠨ᠎ᠠ᠃ 11 ᠰᠠᠷ᠎ᠠ ᠠᠴᠠ 12 ᠰᠠᠷ᠎ᠠ ᠶᠢᠨ ᠬᠤᠭᠤᠷᠣᠨᠳᠣ᠂ ᠪᠠᠶᠠᠨᠨᠠᠭᠤᠷ ᠬᠤᠲᠠ ᠶᠢᠨ ᠵᠠᠰᠠᠭ ᠤᠨ | ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯᠯᠠᠭ᠎ᠠ ᠥᠷᠨᠢᠭᠦᠯᠪᠡ᠃ | | | | | | | | | | | ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠬᠢᠨ ᠬᠤᠲᠠ᠂ ᠬᠤᠰᠢᠭᠤ᠂ | ᠰᠢᠶᠠᠨ᠂ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠰᠤᠷᠤᠯᠴᠠᠯᠭ᠎ᠠ ᠳᠤ ᠣᠷᠣᠯᠴᠠᠨ ᠰᠤᠷᠤᠯᠴᠠᠬᠤ᠂ ᠣᠷᠴᠢᠭᠤᠯᠭ᠎ᠠ ᠶᠢᠨ | ᠰᠠᠯᠠᠭᠠᠨ ᠤ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ ᠰᠤᠷᠤᠯᠴᠠᠬᠤ᠂ ᠰᠦᠯᠵᠢᠶᠡᠨ ᠳᠡᠭᠡᠷ᠎ᠡ ᠬᠠᠮᠲᠤ ᠪᠠᠷ ᠰᠤᠷᠤᠯᠴᠠᠬᠤ᠂ | ᠰᠣᠨᠢᠨ ᠳᠡᠭᠡᠷ᠎ᠡ ᠠᠴᠠ ᠰᠤᠷᠤᠯᠴᠠᠬᠤ᠂ ᠬᠤᠪᠢ ᠬᠥᠮᠦᠨ ᠤ ᠥᠪᠡᠷ ᠤᠨ ᠰᠤᠷᠤᠯᠴᠠᠯᠭ᠎ᠠ ᠵᠡᠷᠭᠡ ᠣᠯᠠᠨ ᠠᠷᠪᠢᠨ ᠬᠡᠯᠪᠡᠷᠢ ᠪᠠᠷ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠭᠰᠠᠨ ᠪᠠᠶᠢᠨ᠎ᠠ᠃ | | | | | | | | | | ᠪᠦᠬᠦ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠤᠨ ᠬᠢᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠢ ᠨᠠᠷᠢᠨ ᠬᠢᠨᠠᠮᠠᠭᠠᠢ ᠰᠤᠷᠤᠯᠴᠠᠭᠰᠠᠨ ᠢᠶᠠᠷ ᠪᠠᠷᠠᠬᠤ ᠦᠭᠡᠢ | ᠵᠠᠰᠠᠭ ᠤᠨ ᠣᠷᠳᠣᠨ ᠤ ᠮᠣᠩᠭᠤᠯ ᠰᠦᠯᠵᠢᠶ᠎ᠡ᠂ ᠸᠢᠴᠠᠲ ᠲᠠᠪᠴᠠᠩ ᠵᠡᠷᠭᠡ ᠳᠤ ᠬᠠᠮᠢᠶ᠎ᠠ ᠪᠦᠬᠦᠢ ᠠᠭᠤᠯᠭ᠎ᠠ ᠶᠢ ᠪᠦᠬᠦ | ᠲᠠᠯ᠎ᠠ ᠪᠠᠷ ᠤᠬᠠᠭᠤᠯᠤᠨ ᠰᠤᠷᠲᠠᠯᠴᠢᠯᠠᠪᠠ᠃ |