《ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ᠎ᠠ》ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020/12/7
     11 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠵᠣᠣ ᠰᠢᠶᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠤᠪᠴᠢᠶ᠎ᠠ ᠳᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠨᠠᠮ ᠤᠨ ᠭᠡᠰᠢᠭᠦᠨ ᠺᠠᠳ᠋ᠷ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠪᠠ᠃
     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠵᠤᠤ ᠰᠢᠶᠠ ᠥᠪᠡᠷ ᠤᠨ ᠰᠤᠷᠤᠯᠴᠠᠭᠰᠠᠨ ᠲᠥᠷᠥᠭᠳᠡᠯ ᠲᠠᠢ ᠪᠠᠨ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠨᠦᠬᠦᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠪᠥᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠰᠠᠨᠠᠭᠤᠯᠭ᠎ᠠ︾ ᠲᠠᠢ ᠨᠢᠭᠲᠠ ᠤᠶᠠᠯᠳᠤᠭᠤᠯᠤᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠲᠡᠤᠬᠡᠨ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠰᠠᠨᠠᠭᠤᠯᠭ᠎ᠠ︾ ᠶᠢ ᠲᠤᠭᠤᠷᠪᠢᠬᠤ ᠪᠠ ᠪᠠᠶᠢᠷᠢᠯᠠᠭᠤᠯᠬᠤ ᠶᠢ ᠪᠦᠬᠦ ᠲᠠᠯ᠎ᠠ ᠪᠠᠷ ᠲᠠᠨᠢᠯᠴᠠᠭᠤᠯᠵᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠣᠯᠳᠠᠯᠭ᠎ᠠ ᠲᠠᠢ ᠠᠭᠤᠯᠭ᠎ᠠ ᠶᠢ ᠪᠥᠬᠦ ᠲᠠᠯ᠎ᠠ ᠪᠠᠷ ᠲᠠᠶᠢᠯᠤᠮᠵᠢ ᠬᠢᠪᠠ᠃      ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢᠯᠡᠷᠬᠡᠶᠢᠯᠡᠭᠰᠡᠨ ᠨᠢ᠂ ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠠᠴᠠ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠤᠭᠳᠠᠯ ᠢ ᠭᠦᠢᠴᠡᠳ ᠲᠠᠨᠢᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠶ ᠡᠵᠡᠮᠰᠢᠵᠡᠶ᠃ ᠬᠤᠶᠢᠰᠢᠳᠠ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ  ᠨᠠᠶᠢᠳᠠᠪᠤᠷᠢᠵᠢᠭᠤᠯᠵᠤ᠂ ᠲᠥᠪ ᠰᠤᠷᠲᠠᠯ ᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠣᠳᠣᠬᠠᠨ ᠤ ᠪᠠ ᠬᠤᠶᠢᠰᠢᠳᠠ ᠶᠢᠨ ᠬᠤᠲᠠ ᠶᠢᠨ ᠬᠠᠮᠢᠶᠠᠷᠤᠯᠲᠠ ᠶᠢᠨ ᠴᠢᠬᠤᠯᠠ ᠠᠵᠢᠯ ᠤᠨ ᠤᠷᠤᠭᠰᠢᠲᠠᠶ ᠨᠠᠶᠢᠳᠠᠪᠤᠷᠢᠵᠢᠭᠤᠯᠤᠯᠲᠠ ᠪᠣᠯᠭᠠᠨ ᠬᠤᠪᠢᠷᠠᠭᠤᠯᠵᠤ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠪᠡ᠃
 
ᠢᠷᠡᠯᠲᠡ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map