︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ᠎ᠠ︾ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠸᠠᠩ ᠴᠢ ᠬᠠᠢ ᠪᠠᠯᠭᠠᠰᠤᠨ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020/12/7
    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠳ᠋ᠤᠸᠠᠨ ᠰᠢᠶᠤᠤ ᠢᠦᠢ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠦᠭᠦᠳᠡ ᠬᠤᠷᠠᠯ ᠤᠨ ᠬᠤᠷᠠᠯ ᠤᠨ ᠵᠥᠪᠯᠡᠬᠦ ᠵᠦᠢᠯ᠂ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠪᠠ ᠪᠠᠶᠢᠷᠢᠰᠢᠭᠤᠯᠬᠤ᠂ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠦᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠵᠡᠷᠭᠡ ᠭᠤᠷᠪᠠᠨ ᠲᠠᠯ᠎ᠠ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠪᠠ ᠭᠦᠨᠵᠡᠭᠡᠢ ᠲᠠᠶᠢᠯᠤᠮᠵᠢ ᠬᠢᠪᠡ᠃
    ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠬᠤᠸᠠᠩ ᠴᠢ ᠬᠠᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶᠠ ᡁᠢ ᠭᠠᠩ᠂ ︽ᠥᠨᠥᠳᠦᠷ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠪᠠᠯᠭᠠᠰᠤᠨ ᠳᠤ ᠢᠷᠡᠵᠦ ᠤᠬᠠᠭᠤᠯᠤᠨ ᠲᠠᠶᠢᠯᠪᠤᠷᠢᠯᠠᠪᠠ᠃ ᠬᠡᠰᠡᠭ ᠪᠠᠭᠰᠢ ᠶᠢᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠤ ᠪᠠᠷᠠᠭᠰᠠᠨ ᠤ ᠳᠠᠷᠠᠭ᠎ᠠ᠂ ᠬᠤᠶᠢᠰᠢᠳᠠ ᠶᠢᠨ ᠲᠠᠪᠤᠨ ᠵᠢᠯ ᠴᠢᠨᠠᠭᠰᠢᠯᠠᠪᠠᠯ ᠠᠷᠪᠠᠨ ᠲᠠᠪᠤᠨ ᠵᠢᠯ ᠤᠨ ᠪᠡᠶ᠎ᠡ ᠳᠡᠭᠡᠷᠡᠬᠢ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠪᠢᠳᠡ ᠭᠦᠨᠵᠡᠭᠡᠶ ᠣᠶᠢᠯᠠᠭᠠᠵᠤ ᠮᠡᠳᠡᠭᠰᠡᠨ ᠪᠥᠭᠡᠳ ᠲᠠᠷᠠᠭᠠᠴᠢ ᠶᠢᠨ ᠠᠯᠬᠤᠮ ᠳᠤ ᠪᠢᠳᠡ ᠪᠦᠬᠦ ᠪᠠᠯᠭᠠᠰᠤᠨ ᠤ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠠᠳ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠭᠤᠷ ᠠᠮᠢᠰᠬᠤᠯ ᠳᠤ ᠢᠳᠡᠪᠬᠢᠲᠡᠶ ᠣᠷᠤᠯᠴᠠᠵᠤ᠂ ᠮᠠᠨ ᠤ ᠬᠤᠶᠢᠰᠢᠳᠠ ᠶᠢᠨ ᠠᠵᠢᠯ ᠢᠶᠠᠨ ᠰᠠᠶᠢᠲᠤᠷ ᠬᠢᠵᠦ᠂ ᠰᠠᠶᠢᠲᠤᠷ ᠰᠠᠭᠤᠷᠢ ᠲᠠᠯᠪᠢᠵᠤ᠂ ᠳᠠᠷᠠᠭ᠎ᠠ ᠠᠯᠬᠤᠮ ᠤᠨ ᠠᠵᠢᠯ ᠤᠨ ᠳᠤᠮᠳᠠ᠂ ᠪᠢᠳᠡ ᠪᠣᠳᠠᠲᠤ ᠪᠠᠶᠢᠳᠠᠯ ᠳᠤ ᠰᠠᠭᠤᠷᠢᠯᠠᠵᠤ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠤ ᠠᠭᠤᠰᠬᠠᠨ ᠣᠷᠣᠭᠤᠯᠵᠤ᠂ ᠵᠠᠪᠠᠯ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠸᠠᠩ ᠴᠢ ᠬᠠᠢ ᠪᠠᠯᠭᠠᠰᠤ ᠶᠢ ᠰᠠᠶᠢᠲᠤᠷ ᠪᠠᠶᠢᠭᠤᠯᠤᠨ᠎ᠠ︾ ᠭᠡᠪᠡ᠃     ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠰᠠ ᠰᠠᠶᠢᠬᠠᠨ ᠲᠣᠰᠬᠤᠨ ᠤ ᠠᠷᠠᠳ ᠤᠨ ᠵᠥᠪᠯᠡᠯ ᠳᠤ ᠬᠦᠷᠴᠦ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠤᠬᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ ᠬᠥᠭᠵᠢᠯᠲᠡ ᠶᠢᠨ ᠠᠩᠬ᠎ᠠ ᠠᠯᠬᠤᠮ ᠤᠨ ᠰᠡᠳᠬᠢᠴᠡ ᠪᠠ ᠭᠤᠣᠯᠳᠠᠯᠭ᠎ᠠ ᠶᠢ ᠲᠣᠳᠣᠷᠬᠠᠶᠢᠯᠠᠨ ᠥᠭᠦᠯᠡᠵᠦ᠂ ᠡᠭᠦᠨ ᠤ ᠬᠠᠮᠲᠤ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠶᠠᠷᠢᠯᠴᠠᠨ ᠰᠣᠯᠢᠯᠴᠠᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ ᠣᠶᠢᠯᠠᠭᠠᠯᠲᠠ ᠡᠵᠡᠮᠳᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃
 
ᠢᠷᠡᠯᠲᠡ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map