ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020/12/7
     11 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤᠨ ᠤ ᠠᠬᠠᠮᠠᠳ ᠺᠠᠳ᠋ᠷ ᠤᠨ ᠲᠣᠪᠴᠢᠶ᠎ᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠭᠧᠨ ᠰᠢᠶᠠᠩ ︽ᠰᠢᠨ᠎ᠡ ᠴᠠᠭ ᠦᠶ᠎ᠡ ᠳᠤ ᠣᠷᠣᠵᠤ ᠰᠢᠨ᠎ᠡ ᠠᠮᠢᠳᠤᠷᠠᠯ ᠢᠶᠠᠨ ᠴᠤᠭᠴᠠᠯᠠᠶ᠎ᠠ︾ ᠭᠡᠬᠦ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃
     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠯᠢ ᠭᠧᠨ ᠰᠢᠶᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠭᠤᠤᠯ ᠦᠷ᠎ᠡ ᠪᠦᠲᠦᠭᠡᠯ ᠢ ᠭᠦᠨᠵᠡᠭᠡᠶ ᠲᠠᠶᠢᠯᠪᠤᠷᠢᠯᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠣᠯᠤᠭᠰᠠᠨ ᠲᠡᠤᠬᠡᠲᠦ ᠴᠢᠨᠠᠷᠲᠠᠶ ᠠᠮᠵᠢᠯᠲᠠ ᠪᠣᠯᠤᠨ ᠲᠡᠤᠬᠡᠲᠦ ᠴᠢᠨᠠᠷᠲᠠᠶ ᠬᠤᠪᠢᠰᠤᠯᠲᠠ ᠶᠢ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠵᠡᠶ᠃ ᠪᠠᠶᠢᠯᠳᠤᠬᠤ ᠪᠣᠳᠣᠯᠭ᠎ᠠ ᠶᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢᠨ ᠠᠭᠤᠯᠤᠭᠳᠠᠬᠤᠨ ᠤ ᠬᠤᠪᠢᠷᠠᠯᠲᠠ᠂ ᠭᠤᠣᠯ ᠣᠨᠴᠠᠯᠢᠭ ᠵᠢᠴᠢ ᠲᠡᠭᠦᠨ ᠤ ᠠᠯᠤᠰ ᠬᠡᠲᠦ ᠶᠢᠨ ᠨᠥᠯᠥᠭᠡ ᠶᠢ ᠭᠦᠨᠵᠡᠭᠡᠶ ᠵᠠᠳᠠᠯᠵᠤ᠂ ᠰᠢᠨ᠎ᠡ ᠬᠥᠭᠵᠢᠯᠲᠡ ᠶᠢᠨ ᠱᠠᠲᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠣᠨᠣᠯ ᠤᠨ ᠯᠣᠭᠢᠭ ᠪᠠ ᠦᠢᠯᠡᠳᠦᠯᠭᠡ ᠶᠢᠨ ᠯᠣᠭᠢᠭ ᠢ ᠨᠠᠷᠢᠨ ᠲᠠᠶᠢᠯᠪᠤᠷᠢᠯᠠᠵᠤ᠂ ᠮᠠᠨ ᠤ ᠤᠯᠤᠰ ᠤᠨ 2035 ᠣᠨ ᠤ ᠠᠯᠤᠰ ᠤᠨ ᠬᠠᠷᠠᠯᠲᠠ ᠪᠣᠯᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢᠨ ᠵᠢᠯᠣᠭᠤᠳᠬᠤ ᠴᠢᠭᠯᠡᠯᠲᠡ᠂ ᠭᠤᠤᠯ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠡᠶ᠃      ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠳᠠᠷᠠᠭ᠎ᠠ᠂ ᠬᠤᠷᠠᠯ ᠳᠤ ᠣᠷᠣᠯᠴᠠᠭᠰᠠᠳ ᠣᠳᠣᠬᠠᠨ ᠤ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠦᠷᠭᠦᠯᠵᠢᠯᠡᠨ ᠨᠠᠷᠢᠨ ᠬᠢᠨᠠᠮᠠᠭᠠᠶ ᠰᠤᠷᠤᠯᠴᠠᠵᠤ᠂ ᠠᠵᠢᠯ ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠲᠥᠪ ᠬᠤᠷᠢᠶᠠᠨ ᠤ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠪᠠ ᠠᠮᠢᠳᠤᠷᠠᠯ ᠳᠤ ᠠᠭᠤᠰᠤᠯᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ ᠵᠣᠯᠭᠠᠭᠤᠯᠬᠤ ᠶᠢᠨ ᠲᠥᠯᠥᠭᠡ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ  ᠨᠠᠮᠠᠷᠢ ᠦᠵᠡᠭᠦᠯᠦᠨ᠎ᠡ ᠭᠡᠪᠡ᠃
 
ᠢᠷᠡᠯᠲᠡ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map