ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020/12/7
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ᠂ 11 ᠰᠠᠷ᠎ᠠ ᠶᠢᠨ 27 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠸᠠᠩ ᠦ᠋ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃
     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠸᠠᠩ ᠡᠤ ᠶᠡᠷᠦᠩᠬᠡᠶ ᠱᠦᠵᠢ ᠰᠢ ᠶᠢᠨ ᠫᠢᠩ ᠨᠦᠬᠦᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠪᠥᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠰᠠᠨᠠᠭᠤᠯᠭ᠎ᠠ︾ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠳᠥᠷᠪᠡᠨ ᠲᠠᠯ᠎ᠠ ᠠᠴᠠ ᠰᠢᠰᠲ᠋ᠧᠮ ᠲᠠᠢ ᠲᠠᠶᠢᠯᠪᠤᠷᠢᠯᠠᠯᠲᠠ ᠬᠢᠵᠦ ᠤᠬᠠᠭᠤᠯᠤᠨ ᠲᠠᠶᠢᠯᠪᠤᠷᠢᠯᠠᠪᠠ᠃ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠴᠢᠬᠤᠯᠠ ᠠᠴᠢ ᠬᠤᠯᠪᠣᠭᠳᠠᠯ᠂ ᠠᠰᠢᠭᠲᠠᠶ ᠨᠦᠬᠦᠴᠡᠯ᠂ ᠴᠢᠬᠤᠯᠠ ᠣᠨᠴᠠᠯᠢᠭ ᠢ ᠭᠦᠨᠵᠡᠭᠡᠶ ᠲᠤᠳᠤᠷᠬᠠᠶᠢᠯᠠᠵᠤ᠂ 2035 ᠣᠨ ᠤ ᠠᠯᠤᠰ ᠤᠨ ᠬᠠᠷᠠᠯᠲᠠ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠮᠠᠨ ᠤ ᠤᠯᠤᠰ ᠤᠨ ᠬᠥᠭᠵᠢᠯᠲᠡ ᠶᠢᠨ ᠵᠢᠯᠣᠭᠤᠳᠬᠤ ᠴᠢᠭᠯᠡᠯᠲᠡ᠂ ᠭᠤᠤᠯ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠠ ᠴᠢᠬᠤᠯᠠ ᠬᠦᠴᠦᠯᠡᠬᠦ ᠴᠡᠭ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢᠨ ᠬᠠᠮᠲᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠤᠯᠠᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠳᠤ ᠬᠠᠷᠢᠭᠤᠯᠲᠠ ᠥᠭᠪᠡ᠃      ᠤᠬᠠᠭᠤᠯᠤᠨ ᠲᠠᠶᠢᠯᠪᠤᠷᠢᠯᠠᠬᠤ ᠬᠤᠷᠠᠯ ᠨᠢ ᠬᠤᠷᠠᠯ ᠳᠤ ᠣᠷᠣᠯᠴᠠᠭᠰᠠᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠵᠤ᠂ ᠣᠯᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ  ᠨᠢᠭᠡᠳᠬᠡᠪᠡ᠃                                        
 
ᠢᠷᠡᠯᠲᠡ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map