ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠨᠠᠮ ᠤᠨ ᠣᠨᠣᠯ ᠲᠥᠷᠥ ᠶᠢᠨ ᠪᠣᠳᠣᠯᠭ᠎ᠠ ᠶᠢ ᠺᠠᠳ᠋ᠷ ᠣᠯᠠᠨ | ᠲᠦᠮᠡᠨ ᠤ ᠳᠤᠮᠳᠠ ᠦᠨᠳᠦᠰᠦᠯᠡᠭᠦᠯᠬᠦ ᠶᠢᠨ ᠲᠦᠯᠦᠭᠡ᠂ ᠮᠠᠨ ᠤ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ | ᠵᠠᠯᠭᠠᠭ᠎ᠠ ᠪᠠᠷ ᠰᠢᠶᠠᠩ ᠪᠠᠯᠭᠠᠰᠤ᠂ ᠪᠠᠶᠢᠭᠤᠯᠭ᠎ᠠ᠂ ᠬᠥᠳᠡᠭᠡ ᠲᠣᠰᠬᠤᠨ ᠳᠤ ᠬᠦᠷᠴᠦ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | | | | | 11 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠤᠰᠢᠭᠤᠨ ᠤ | ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤᠨ ᠤ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠶᠢᠨ ᠪᠠᠭᠰᠢ ᠵᠤᠤ ᠰᠢᠶᠠ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ ᠤᠬᠠᠭᠤᠯᠤᠨ | ᠲᠠᠶᠢᠯᠪᠤᠷᠢᠯᠠᠬᠤ ᠬᠤᠷᠠᠯ ᠳᠡᠭᠡᠷ᠎ᠡ᠂ ᠵᠣᠣ ᠰᠢᠶᠠ ᠶᠡᠷᠦᠩᠬᠡᠶ ᠱᠦᠵᠢ ᠰᠢ ᠶᠢᠨ ᠫᠢᠩ ᠨᠦᠬᠦᠷ ᠤᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ | ᠪᠣᠯᠤᠨ ᠬᠢᠨᠠᠨ ᠶᠠᠷᠢᠯᠴᠠᠵᠤ ᠪᠠᠲᠤᠯᠠᠭᠰᠠᠨ ︽ᠰᠠᠨᠠᠭᠤᠯᠭ᠎ᠠ︾ ᠲᠠᠢ ᠨᠢᠭᠲᠠ ᠤᠶᠠᠯᠳᠤᠭᠤᠯᠤᠨ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠲᠣᠪᠴᠢ ᠲᠠᠨᠢᠯᠴᠠᠭᠤᠯᠭ᠎ᠠ᠂ | ︽ᠰᠠᠨᠠᠭᠤᠯᠭ᠎ᠠ︾ ᠶᠢ ᠲᠤᠭᠤᠷᠪᠢᠬᠤ ᠪᠠ ᠪᠠᠶᠢᠷᠢᠰᠢᠭᠤᠯᠵᠤ᠂ ᠭᠦᠨᠵᠡᠭᠡᠶ ᠠᠮᠢᠳᠤᠯᠢᠭ ᠲᠠᠶᠢᠯᠪᠤᠷᠢᠯᠠᠯᠲᠠ ᠬᠢᠵᠡᠶ᠃ | ᠬᠤᠷᠠᠯ ᠳᠤ ᠣᠷᠣᠯᠴᠠᠭᠰᠠᠳ᠄ ᠬᠤᠶᠢᠰᠢᠳᠠ ᠰᠤᠷᠤᠯᠴᠠᠨ ᠣᠶᠢᠯᠠᠭᠠᠬᠤ ᠭᠠᠷᠳᠠᠬᠤ ᠴᠡᠭ ᠪᠠ ᠬᠡᠮᠵᠢᠴᠡ ᠶᠢ | ᠣᠨᠣᠪᠴᠢᠲᠠᠶ ᠡᠷᠢᠵᠦ ᠤᠯᠵᠤ᠂ ᠦᠨᠡᠨ ᠬᠦ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶ ᠬᠢᠬᠦ ᠶᠢ ᠪᠡᠶᠡᠯᠡᠭᠦᠯᠵᠦ᠂ | ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠨ᠎ᠡ | ᠭᠡᠪᠡ᠃ |