ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ﹀ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ︾ ᠭᠤᠣᠯ ᠰᠡᠳᠦᠪᠲᠦ ᠨᠠᠮ ᠤᠨ ᠰᠤᠷᠤᠯᠴᠠᠯᠭ᠎ᠠ ᠶᠢᠨ ᠬᠦᠳᠡᠯᠬᠡᠬᠡᠨ ᠢ ᠵᠤᠬᠢᠶᠠᠨ ᠪᠠᠶᠢᠭᠤᠯᠤᠨ ᠦᠷᠨᠢᠬᠦᠯᠵᠦ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ  ᠢᠶᠠᠨ ᠴᠢᠩᠭᠠᠳᠬᠠᠪᠠ
ᠨᠡᠶᠢᠲᠡᠯᠡᠭᠰᠡᠨ ᠴᠠᠭ᠄
2020/12/7
    12 ᠳ᠋ᠤᠭᠠᠷ ᠰᠠᠷ᠎ᠠ ᠶᠢᠨ 2 ᠤ ᠡᠳᠦᠷ ᠤᠨ ᠦᠳᠡ ᠶᠢᠨ ᠬᠤᠶᠢᠨ᠎ᠠ᠂  ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ﹀ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ︾ ᠭᠡᠬᠦ ᠭᠤᠣᠯ ᠰᠡᠳᠦᠪᠲᠦ ᠨᠠᠮ ᠤᠨ ᠰᠤᠷᠤᠯᠴᠠᠯᠭ᠎ᠠ ᠶᠢᠨ ᠬᠦᠳᠡᠯᠬᠡᠬᠡᠨ ᠢ ᠵᠤᠬᠢᠶᠠᠨ ᠪᠠᠶᠢᠭᠤᠯᠤᠨ ᠦᠷᠨᠢᠬᠦᠯᠵᠦ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢᠶᠠᠨ ᠤᠯᠠᠮ ᠨᠢᠬᠡ ᠠᠯᠬᠤᠮ ᠴᠢᠩᠭᠠᠳᠬᠠᠪᠠ᠃ ᠵᠠᠰᠠᠭ ᠤᠨ ᠤᠷᠳᠤᠨ ᠤ ᠮᠤᠩᠭᠤᠯ ᠰᠦᠯᠵᠢᠶᠡᠨ ᠤ ᠬᠠᠷᠢᠭᠤᠴᠠᠯᠭᠠᠳᠠᠨ᠂ ᠦᠪᠦᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠠᠴᠠ ᠭᠠᠷᠳᠠᠨ ᠤᠷᠴᠢᠭᠤᠯᠵᠦ ᠡᠮᠬᠢᠳᠬᠡᠭᠰᠡᠨ ︽ᠬᠤᠷᠠᠯ ᠤᠨ ᠲᠤᠰᠬᠠᠢ ᠪᠤᠯᠤᠩ︾   ᠳᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢᠨ ᠠᠭᠤᠯᠭ᠎ᠠ ᠶᠢ ᠲᠠᠭᠠᠭᠤᠯᠤᠨ ᠰᠤᠷᠤᠯᠴᠠᠵᠦ᠂ ᠪᠠᠰᠠ ᠬᠤᠷᠠᠯ ᠤᠨ ᠠᠬᠤᠢ ᠲᠠᠯᠠᠪᠠᠢ ᠶᠢᠨ ᠲᠤᠰᠬᠠᠢ ᠹᠢᠯᠢᠮ ᠦᠵᠡᠵᠦ᠂ ᠬᠠᠮᠤᠭ ᠡᠴᠦᠰ ᠲᠤ ᠬᠤᠪᠢᠳᠠᠨ ᠬᠠᠮᠢᠶᠠᠷᠴᠦ ᠪᠠᠶᠢᠭ᠎ᠠ ᠳᠡᠳ᠋ ᠲᠤᠪᠴᠢᠶᠠᠨ ᠲᠠᠷᠤᠭ᠎ᠠ ᠼᠠᠢ ᠰᠢᠨ ᠶᠧ ᠨᠦᠬᠦᠷ ᠲᠤᠰ ᠤᠳᠠᠭᠠᠨ ᠤ ᠰᠤᠷᠤᠯᠴᠠᠯᠭ᠎ᠠ ᠶᠢᠨ ᠬᠦᠳᠡᠯᠬᠡᠬᠡᠨ ᠳᠤ ᠳ᠋ᠦᠩᠨᠡᠯᠳᠡ ᠬᠢᠪᠡ᠃
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠤᠬᠡᠨ ᠠᠭᠤᠯᠵᠠᠷ ᠴᠡᠭ ᠳᠡᠭᠡᠷ᠎ᠡ ᠬᠤᠷᠠᠯᠳᠤᠭᠰᠠᠨ ᠨᠢᠭᠡ ᠤᠳᠠᠭᠠᠨ ᠤ ᠪᠦᠬᠦ ᠲᠠᠯ᠎ᠠ ᠶᠢᠨ ᠴᠢᠨᠠᠷᠲᠠᠶ᠂ ᠲᠡᠤᠬᠡᠲᠦ ᠠᠴᠢ ᠬᠤᠯᠪᠣᠭᠳᠠᠯ ᠲᠠᠢ ᠴᠢᠬᠤᠯᠠ ᠬᠤᠷᠠᠯ ᠪᠠᠶᠢᠵᠤ᠂ ᠪᠦᠬᠦ ᠨᠠᠮ ᠤᠨ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠪᠦᠬᠦ ᠲᠠᠯ᠎ᠠ ᠪᠠᠷ ᠡᠵᠡᠮᠳᠡᠨ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ ᠬᠠᠩᠭᠠᠵᠠᠶ᠃  
     ᠲᠤᠰ ᠤᠳᠠᠭᠠᠨ ᠤ ᠰᠤᠷᠤᠯᠴᠠᠯᠭ᠎ᠠ ᠶᠢᠨ ᠬᠦᠳᠡᠯᠭᠡᠭᠡᠨ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ᠂ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠥᠪᠵᠢᠭᠦᠯᠭᠡ ᠪᠣᠯᠤᠨ ᠮᠠᠨ ᠤ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠲᠠᠢ ᠠᠭᠤᠰᠤᠯᠴᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠡᠨ ᠬᠦ ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠶᠢᠨ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠦᠨᠳᠦᠰᠦᠲᠡᠨ ᠤ  ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠬᠡᠵᠦ ᠰᠦᠯᠵᠢᠶᠡᠨ ᠤ ᠠᠵᠢᠯᠳᠠᠳ ᠢᠳᠡᠬᠡᠯ ᠨᠢᠬᠡᠳᠠᠢ ᠵᠤᠷᠢᠭ ᠢᠶᠠᠨ ᠢᠯᠡᠳᠬᠡᠭᠰᠡᠨ ᠪᠠᠶᠢᠨ᠎ᠠ᠃
 
ᠢᠷᠡᠯᠲᠡ᠄ ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map