ᠮᠠᠨ ᠤ ᠠᠶᠢᠮᠠᠭ ᠤᠨ ᠬᠠᠨᠭ᠍ᠭᠠᠨ ᠪᠤᠷᠤᠯᠠᠭᠤᠯᠬᠤ ᠰᠢᠰᠲ᠋ᠧᠮ ᠤᠨ ᠬᠢᠨ ᠨᠠᠮ ᠤᠨ ᠠᠷᠪᠠ ᠶᠢᠰᠥᠳᠥᠭᠡᠷ ᠬᠤᠭᠤᠴᠠᠭᠠᠨ ᠤ ᠲᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠵᠤ ᠪᠤᠢ
ᠨᠡᠶᠢᠲᠡᠯᠡᠭᠰᠡᠨ ᠴᠠᠭ᠄
2020/12/7
     ᠤᠢᠢᠷ᠎ᠠ ᠳᠤ᠂ ᠮᠠᠨ ᠤ ᠠᠶᠢᠮᠠᠭ ᠤᠨ ᠬᠠᠨᠭ᠍ᠭᠠᠨ ᠪᠤᠷᠤᠯᠠᠭᠤᠯᠬᠤ ᠰᠢᠰᠲ᠋ᠧᠮ ᠤᠨ ᠬᠢᠨ ᠲᠤᠰᠬᠠᠢ ᠰᠡᠳᠥᠪᠳᠥ ᠰᠤᠷᠤᠯᠴᠠᠯᠭ᠎ᠠ ᠶᠢᠨ ᠠᠵᠢᠯᠯᠠᠭ᠎ᠠ ᠦᠷᠨᠢᠬᠦᠯᠥᠨ᠂ ᠨᠠᠮ ᠤᠨ ᠠᠷᠪᠠ ᠶᠢᠰᠥᠳᠥᠭᠡᠷ ᠬᠤᠭᠤᠴᠠᠭᠠᠨ ᠤ ᠲᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠵᠤ ᠪᠤᠢ᠃      ᠪᠦᠬᠦᠳᠡ ᠬᠤᠷᠠᠯ ᠠᠴᠠ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠵᠤ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠥᠨ᠎ᠠ᠃ ︽ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠳᠠᠷᠢᠶᠠᠴᠢᠨ︾ ᠤ ᠠᠰᠠᠭᠤᠳᠠᠯ ᠢ ᠰᠠᠶᠢᠳᠥᠷ ᠰᠢᠢᠳᠪᠤᠷᠢᠯᠡᠬᠦ ᠶᠠᠪᠤᠳᠠᠯ ᠢ ᠪᠦᠬᠦ ᠨᠠᠮ ᠤᠨ ᠠᠵᠢᠯ ᠤᠨ ᠴᠢᠬᠤᠯᠠ ᠠᠴᠠ ᠴᠢᠬᠤᠯᠠ ᠠᠵᠢᠯ ᠪᠤᠯᠭᠠᠨ ᠠᠳᠬᠤᠬᠤ ᠶᠢ ᠪᠠᠷᠢᠮᠳᠠᠯᠠᠵᠤ᠂ ᠳᠤᠮᠳᠠᠳᠥ ᠤᠯᠤᠰ ᠤᠨ ᠤᠨᠴᠠᠯᠢᠭ ᠲᠠᠢ ᠨᠡᠶᠢᠭᠡᠮ ᠵᠢᠷᠥᠮ ᠤᠨ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠵᠠᠮ ᠢᠶᠠᠷ ᠵᠠᠮᠨᠠᠵᠤ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠳᠠᠯ᠎ᠠ ᠪᠠᠷ ᠬᠡᠷᠡᠭᠵᠢᠬᠦᠯᠵᠤ᠂ ᠠᠵᠤ ᠥᠢᠯᠡᠳᠪᠤᠷᠢ ᠪᠠᠷ ᠳᠠᠷᠢᠶᠠᠯᠠᠩ ᠢ ᠨᠦᠬᠦᠪᠤᠷᠢᠯᠡᠬᠦ᠂ ᠬᠤᠳᠠ ᠪᠠᠷ ᠬᠦᠳᠡᠭᠡ ᠲᠤᠰᠬᠤᠨ ᠢ ᠳᠠᠶᠢᠴᠢᠯᠠᠬᠤ ᠶᠢ ᠴᠢᠩᠭᠠᠳᠬᠠᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠭᠡᠳᠭᠡᠨ᠎ᠡ ᠭᠡᠵᠤ ᠳᠤᠷᠠᠳᠤᠭᠰᠠᠨ ᠪᠠᠶᠢᠨ᠎ᠠ᠃      ᠮᠠᠨ ᠤ ᠠᠶᠢᠮᠠᠭ ᠤᠨ ᠬᠠᠨᠭ᠍ᠭᠠᠨ ᠪᠤᠷᠤᠯᠠᠭᠤᠯᠬᠤ ᠰᠢᠰᠲ᠋ᠧᠮ ᠤᠨ ᠬᠢᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠠᠶᠢᠮᠠᠭ ᠤᠨ ᠬᠠᠨᠭ᠍ᠭᠠᠨ ᠪᠤᠷᠤᠯᠠᠭᠤᠯᠬᠤ ᠠᠵᠢᠯ ᠤᠨ ᠪᠤᠳᠠᠳᠥ ᠪᠠᠶᠢᠳᠠᠯ ᠲᠠᠢ ᠪᠠᠨ ᠤᠶᠠᠯᠳᠤᠭᠤᠯᠥᠨ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠬᠠᠨᠭ᠍ᠭᠠᠨ ᠪᠤᠷᠤᠯᠠᠭᠤᠯᠬᠤ ᠠᠵᠢᠯ ᠤᠨ ᠳᠤᠬᠠᠢ ᠪᠠᠶᠢᠷᠢᠯᠠᠭᠤᠯᠤᠯᠳᠠ ᠶᠢ ᠬᠦᠨᠵᠡᠬᠡᠢ ᠤᠢᠢᠯᠠᠭᠠᠨ ᠡᠵᠡᠮᠳᠡᠬᠦ ᠶᠢ ᠱᠠᠭᠠᠷᠳᠠᠭᠰᠠᠨ ᠪᠠᠶᠢᠨ᠎ᠠ᠃ ︽ᠠᠷᠪᠠᠨ ᠲᠦᠷᠪᠡᠳᠥᠭᠡᠷ ᠳᠠᠪᠤᠨ ᠵᠢᠯ︾ ᠤᠨ ᠬᠦᠭᠵᠢᠯᠳᠡ ᠶᠢᠨ ᠲᠦᠯᠥᠪᠯᠡᠭᠡ ᠶᠢᠨ ᠳᠤᠭᠤᠷᠢᠨ ᠳᠤ ︽ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠪᠦᠬᠦ ᠳᠠᠯ᠎ᠠ ᠪᠠᠷ ᠲᠦᠯᠬᠢᠨ ᠠᠬᠢᠭᠤᠯᠬᠤ︾ ︽ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠦᠷ᠎ᠡ ᠪᠦᠳᠥᠮᠵᠢ ᠪᠤᠯᠤᠨ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠵᠤᠯᠭᠠᠭᠤᠯᠬᠤ︾ ᠵᠡᠷᠭᠡ ᠠᠵᠢᠯ ᠢ ᠴᠢᠩᠭ᠎ᠠ ᠠᠳᠬᠤᠵᠤ᠂ ᠪᠦᠬᠦ ᠠᠶᠢᠮᠠᠭ ᠤᠨ ᠬᠠᠨᠭ᠍ᠭᠠᠨ ᠪᠤᠷᠤᠯᠠᠭᠤᠯᠬᠤ ᠰᠢᠰᠲ᠋ᠧᠮ ᠤᠨ ︽ᠠᠷᠪᠠᠨ ᠲᠦᠷᠪᠡᠳᠥᠭᠡᠷ ᠳᠠᠪᠤᠨ ᠵᠢᠯ︾ ᠤᠨ ᠬᠦᠭᠵᠢᠯᠳᠡ ᠶᠢᠨ ᠲᠦᠯᠥᠪᠵᠢᠬᠦᠯᠭᠡ ᠶᠢ ᠳᠤᠭᠳᠠᠭᠠᠨ᠂ ᠦᠨᠳᠥᠰᠥᠨ ᠱᠠᠳᠥᠨ ᠤ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠳᠠᠪᠠᠭᠤᠯᠢᠭ ᠲᠤ ᠲᠦᠰᠢᠭᠯᠡᠨ᠂ ︽ᠶᠠᠳᠠᠭᠤ ᠶᠢ ᠳᠡᠳᠬᠦᠬᠦ 832︾ ᠳᠠᠪᠴᠠᠩ ᠢ ᠬᠥᠢᠴᠡᠳ ᠠᠰᠢᠭᠯᠠᠨ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠨᠡᠩ ᠰᠢᠨ᠎ᠡ ᠬᠢᠳᠡᠯ᠂ ᠨᠡᠩ ᠰᠢᠨ᠎ᠡ ᠬᠢᠷᠢ ᠪᠦᠳᠥᠮᠵᠢ ᠭᠠᠷᠭᠠᠬᠤ ᠪᠠᠷ ᠴᠢᠷᠮᠠᠶᠢᠵᠤ ᠪᠤᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map