ᠨᠢᠩᠴᠧᠩ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2020 ᠣᠨ ᠤ ᠠᠷᠪᠠᠨ ᠭᠤᠷᠪᠠᠳᠤᠭᠠᠷ ᠤᠳᠠᠭᠠᠨ ᠤ ︵ᠦᠷᠬᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠪᠣᠯᠣᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/7
    ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 12 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2020 ᠣᠨ ᠤ ᠠᠷᠪᠠᠨ ᠭᠤᠷᠪᠠᠳᠤᠭᠠᠷ ᠤᠳᠠᠭᠠᠨ ᠤ ︵ᠦᠷᠬᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠰᠤᠷᠤᠯᠴᠠᠯᠭ᠎ᠠ ᠶᠢᠨ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠤᠷᠢᠵᠤ ᠮᠠᠨ ᠤ ᠰᠢᠶᠠᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠤᠪ ᠢᠶᠠᠷ ᠤᠬᠠᠭᠤᠯᠤᠨ ᠲᠠᠶᠢᠯᠪᠤᠷᠢᠯᠠᠭᠤᠯᠪᠠ᠃
   ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠶ ᠴᠢᠨ ᠵᠢᠴᠢ ᠰᠢᠶᠠᠨ ᠤ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ  ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   ᠰᠤᠷᠤᠯᠴᠠᠯᠭ᠎ᠠ ᠶᠢᠨ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠰᠢᠶᠠᠨ ᠤ ᠵᠠᠰᠠᠭ ᠤᠨ ᠤᠷᠳᠤᠨ ᠤ ᠳᠡᠳ᠋ ᠳᠠᠷᠤᠭ᠎ᠠ ᠯᠢ ᠵᠢᠶᠠᠩ ᠯᠢᠨ ᠡᠷᠬᠢᠯᠡᠪᠡ᠃
  ᠬᠤᠷᠠᠯ ᠳᠡᠭᠡᠷ᠎ᠡ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠢ ᠶᠠᠨ ᠴᠢᠦ ᠳᠡᠳ᠋ ᠫᠷᠤᠹᠧᠰᠰᠤᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ᠂ ᠲᠥᠯᠥᠪᠵᠢᠭᠦᠯᠭᠡ᠂ ᠰᠠᠨᠠᠭᠤᠯᠭ᠎ᠠ ᠶᠢᠨ ᠭᠤᠣᠯ ᠠᠭᠤᠯᠭ᠎ᠠ ᠶᠢ ᠪᠦᠬᠦ ᠲᠠᠯ᠎ᠠ ᠪᠠᠷ ᠡᠵᠡᠮᠳᠡᠬᠦ᠂ ᠲᠥᠯᠥᠪᠵᠢᠭᠦᠯᠭᠡ᠂ ᠰᠠᠨᠠᠭᠤᠯᠭ᠎ᠠ ᠶᠢᠨ ᠭᠤᠤᠯ ᠠᠭᠤᠯᠭ᠎ᠠ ᠶᠢ ᠭᠦᠨᠵᠡᠭᠡᠶ ᠣᠶᠢᠯᠠᠭᠠᠬᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ︾ ᠳᠥᠷᠪᠡᠨ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠪᠠ ᠲᠠᠶᠢᠯᠤᠮᠵᠢ ᠬᠢᠪᠠ᠃ ᠮᠡᠳᠡᠭᠦᠯᠦᠯᠲᠡ ᠶᠢᠨ ᠭᠤᠤᠯ ᠰᠡᠳᠦᠪ ᠨᠢ ᠢᠯᠡ ᠲᠣᠳᠣ᠂ ᠠᠭᠤᠯᠬᠤᠨ ᠨᠢ ᠪᠠᠶᠠᠯᠢᠭ᠂ ᠡᠮᠬᠢ ᠵᠢᠷᠤᠮ ᠨᠢ ᠲᠤᠳᠤᠷᠬᠠᠢ᠂ ᠠᠮᠢᠳᠤᠯᠢᠭ ᠳᠦᠷᠰᠦᠯᠢᠭ᠂ ᠣᠨᠣᠯ ᠤᠨ ᠴᠢᠨᠠᠷ ᠪᠣᠯᠤᠨ ᠵᠢᠭᠠᠨ ᠵᠢᠯᠤᠭᠤᠳᠬᠤ ᠴᠢᠨᠠᠷ ᠢᠶᠠᠷ ᠴᠢᠩᠭ᠎ᠠ ᠪᠠᠶᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠭᠠᠨ ᠣᠨᠣᠪᠴᠢᠲᠠᠶ ᠡᠵᠡᠮᠰᠢᠬᠦ ᠳᠤ ᠴᠢᠭᠯᠡᠯ ᠢ ᠵᠢᠭᠠᠨ ᠥᠭᠪᠡ᠃
   ᠬᠤᠷᠠᠯ ᠠᠴᠠ᠂ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠲᠠᠢ ᠤᠶᠠᠯᠳᠤᠭᠤᠯᠤᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠪᠥᠬᠦᠳᠡ ᠬᠤᠷᠠᠯ ᠤᠨ ᠭᠦᠨᠵᠡᠭᠡᠶ ᠠᠭᠤᠯᠤᠭᠳᠠᠬᠤᠨ ᠪᠠ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠬᠦ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠭᠤᠣᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠪᠦᠬᠦ ᠲᠠᠯ᠎ᠠ ᠪᠠᠷ ᠣᠶᠢᠯᠠᠭᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠠᠵᠢᠯ ᠢᠶᠠᠨ ᠰᠠᠶᠢᠲᠤᠷ ᠬᠢᠬᠦ ᠲᠠᠢ ᠤᠶᠠᠯᠳᠤᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢ ᠰᠠᠶᠢᠲᠤᠷ ᠲᠥᠰᠦᠪᠯᠡᠵᠦ᠂ ᠨᠠᠮ ᠪᠠᠶᠢᠭᠤᠯᠤᠬᠳᠠᠬᠰᠠᠨ 100 ᠵᠢᠯ ᠤᠨ ᠤᠢ ᠳᠤ ᠰᠢᠯᠢᠳᠡᠭ ᠪᠦᠳᠦᠮᠵᠢ ᠲᠤᠰᠢᠶᠠᠬᠤ ᠪᠠᠷ ᠴᠢᠷᠮᠠᠶᠢᠬᠤ ᠬᠡᠷᠩᠲᠠᠢ ᠭᠡᠵᠦ ᠴᠢᠬᠤᠯᠠᠴᠢᠯᠠᠪᠠ᠃
 
ᠢᠷᠡᠯᠲᠡ᠄ ᠨᠢᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map