ᠮᠠᠨ ᠤ ᠠᠶᠢᠮᠠᠭ ᠤᠨ 34 ᠳ᠋ᠤᠭᠡᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠠᠢ
ᠨᠡᠶᠢᠲᠡᠯᠡᠭᠰᠡᠨ ᠴᠠᠭ᠄
2020/12/7
      ᠣᠶᠢᠷ᠎ᠠ ᠶᠢᠨ ᠡᠳᠦᠷ᠂ ᠮᠠᠨ ᠤ ᠠᠶᠢᠮᠠᠭ ᠤᠨ 34 ᠳ᠋ᠤᠭᠡᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠭᠤᠰᠢᠯᠠᠭᠤᠯᠤᠭᠰᠠᠨ ᠮᠦᠷᠳᠡᠬᠡᠨ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠭᠦᠨᠵᠡᠭᠡᠢ ᠰᠤᠯᠢᠯᠴᠠᠵᠠᠢ᠃       ᠣᠯᠠᠨ ᠢᠶᠠᠷ ᠢᠶᠠᠨ᠄ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠴᠢᠭᠯᠡᠯᠲᠡ᠂ ᠬᠠᠷᠠᠯᠲᠠ ᠡᠭᠦᠷᠭᠡ ᠪᠠ ᠪᠠᠶᠢᠯᠳᠤᠬᠤ ᠪᠣᠳᠣᠯᠭ᠎ᠠ ᠶᠢᠨ ᠠᠷᠭ᠎ᠠ ᠪᠠᠷᠢᠯ ᠢ ᠲᠣᠳᠣᠷᠬᠠᠶᠢᠯᠠᠨ ᠦᠭᠴᠠᠢ᠃ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ︿ᠬᠤᠶᠠᠷ ᠢ ᠬᠠᠮᠠᠭᠠᠯᠠᠬᠤ﹀ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠨᠡᠩ ᠡᠷᠡᠰ ᠪᠠᠲᠤ ᠪᠡᠶᠡᠯᠡᠭᠦᠯᠤᠨ᠂ ᠪᠣᠳᠠᠲᠦ ᠪᠠᠶᠢᠳᠠᠯ ᠲᠠᠢ ᠪᠠᠨ ᠤᠶᠠᠯᠳᠤᠭᠤᠯᠤᠨ ᠪᠠᠷᠢᠮᠵᠢᠶᠠᠯᠠᠨ ᠬᠠᠷᠭᠤᠭᠤᠯᠤᠨ᠂ ᠪᠦᠬᠦ ᠠᠶᠢᠮᠠᠭ ᠤᠨ ᠡᠯ᠎ᠡ ᠲᠥᠷᠥᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠳᠠᠰᠤᠷᠠᠯᠳᠠ ᠦᠭᠡᠢ ᠴᠢᠩᠭᠠᠷᠠᠭᠤᠯᠤᠨ᠎ᠠ︾ ᠭᠡᠵᠦ ᠢᠯᠡᠷᠬᠡᠶᠢᠯᠡᠵᠦ ᠪᠠᠶᠢᠯ᠎ᠠ᠃       ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ ᠣᠯᠤᠭᠰᠠᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠬᠥᠮᠦᠰ ᠢ ᠵᠣᠷᠢᠭᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠢᠷᠡᠭᠡᠳᠦᠶ ᠪᠠ 2035 ᠣᠨ ᠤ ᠠᠯᠤᠰ ᠤᠨ ᠬᠠᠷᠠᠯᠲᠠ ᠬᠥᠮᠦᠰ ᠢ ᠤᠷᠮᠠᠰᠢᠭᠤᠯᠤᠨ᠎ᠠ᠃ ᠰᠤᠷᠤᠯᠴᠠᠭᠴᠢ ᠠᠴᠠ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠶᠠᠷᠢᠯᠴᠠᠭ᠎ᠠ ᠦᠷᠨᠢᠭᠦᠯᠦᠨ᠂ ᠤᠯᠠᠨ ᠢᠶᠠᠷ ᠢᠶᠠᠨ᠄ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠤᠨ ᠪᠦᠬᠦ ᠶᠠᠪᠤᠴᠠ ᠳᠤ ᠳᠤᠭᠤᠰᠢᠯᠠᠭᠤᠯᠤᠨ᠂ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠣᠯᠬᠤ ᠳᠤ ᠬᠤᠪᠢ ᠨᠡᠮᠡᠷᠢ ᠦᠵᠡᠭᠦᠯᠦᠨ᠎ᠠ︾ ᠭᠡᠵᠦ ᠢᠯᠡᠷᠬᠡᠶᠢᠯᠡᠵᠦ ᠪᠠᠶᠢᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map