ᠦᠢᠷ᠎ᠠ ᠶᠢᠨ ᠡᠳᠤᠷ᠂ ᠬᠤᠸ᠋ᠨ ᠷᠦᠨ ᠰᠢᠤᠸᠠᠢ ᠬᠤᠸᠠ ᠫᠢᠸᠣ᠋ ᠠᠷᠢᠬᠢ ︵ᠬᠢᠩᠭᠠᠨ︶ ᠶᠢᠨ ᠬᠢᠵᠠᠭᠠᠷᠳᠦ ᠺᠤᠮᠫᠠᠨᠢ ᠶᠢᠨ | ᠬᠤᠷᠠᠯ ᠤᠨ ᠭᠡᠷ ᠲᠤ ᠬᠦᠷ ᠬᠦᠭᠵᠢᠶᠡᠨ ᠢᠶᠠᠷ ᠪᠢᠯᠬᠠᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠢᠩᠭᠠᠨ ᠠᠶᠢᠮᠠᠭ ᠤᠨ | ᠪᠦᠯᠬᠦᠮ ᠤᠨ ᠭᠡᠰᠢᠬᠦᠳ ᠦᠷᠭᠡᠨ ᠤᠯᠠᠨ ᠠᠵᠢᠯᠳᠠᠨ ᠳᠤ ᠲᠤᠰᠬᠠᠢ ᠰᠡᠳᠦᠪᠳᠦ ᠵᠢᠯᠤᠭᠤᠳᠤᠯᠭ᠎ᠠ ᠬᠢᠨ᠎ᠡ᠃ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠠᠵᠦ ᠠᠬᠤᠢ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠲᠡᠳ᠋ ᠡᠷᠬᠢᠯᠡᠭᠴᠢ᠂ ᠲᠡᠳ᠋ | ᠫᠷᠤᠹᠧᠰᠰᠤᠷ ᠰᠦᠨ ᠢᠤᠢ ᠯᠢᠶᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ | ᠪᠦᠬᠦᠳᠡ ᠬᠤᠷᠠᠯ ᠬᠤᠷᠠᠯᠳᠤᠭᠰᠠᠨ ᠠᠬᠤᠢ ᠪᠠᠶᠢᠳᠠᠯ ᠵᠢᠴᠢ ᠴᠢᠬᠤᠯᠠ ᠦᠷ᠎ᠠ ᠪᠦᠳᠦᠮᠵᠢ᠂ 2035 ᠤᠨ ᠤ ᠠᠯᠤᠰ ᠤᠨ | ᠬᠠᠷᠠᠯᠳᠠ ᠪᠠ ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠬᠦᠯᠭᠡ ᠶᠢᠨ ᠬᠤᠭᠤᠴᠠᠭᠠᠨ ᠤ ᠮᠠᠨ ᠤ ᠤᠯᠤᠰ ᠤᠨ | ᠬᠦᠭᠵᠢᠯᠳᠡ ᠶᠢᠨ ᠵᠢᠯᠤᠭᠤᠳᠬᠤ ᠴᠢᠭᠯᠡᠯᠳᠡ᠂ ᠭᠤᠤᠯ ᠬᠠᠷᠠᠯᠳᠠ᠂ ᠰᠢᠨ᠎ᠡ ᠬᠦᠭᠵᠢᠯᠳᠡ ᠶᠢᠨ ᠤᠢᠢᠯᠠᠭᠠᠭᠳᠠᠬᠤᠨ ᠢ | ᠲᠤᠭᠤᠰᠢᠯᠠᠭᠤᠯᠵᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠯᠳᠠ | ᠬᠢᠭᠰᠡᠨ ᠪᠠᠶᠢᠨ᠎ᠠ᠃ | ᠤᠢᠢᠯᠠᠭᠠᠯᠳᠠ ᠪᠠᠷ᠂ ᠬᠤᠸᠠ ᠷᠦᠨ ᠰᠢᠤᠸᠠᠢ ᠬᠤᠸᠠ ᠫᠢᠸᠣ᠋ ᠠᠷᠢᠬᠢ ︵ᠬᠢᠩᠭᠠᠨ︶ ᠶᠢᠨ ᠬᠢᠵᠠᠭᠠᠷᠳᠦ ᠺᠤᠮᠫᠠᠨᠢ | ᠦᠩᠭᠡᠷᠡᠭᠰᠠᠨ ᠵᠢᠯ ᠠᠴᠠ ᠡᠬᠢᠯᠡᠨ ᠦᠢᠯᠡᠳᠪᠦᠷᠢᠯᠡᠯ ᠤᠨ ᠤᠷ᠎ᠠ ᠮᠡᠷᠭᠡᠵᠢᠯ ᠢ ᠲᠠᠰᠤᠷᠠᠯᠳᠠ ᠦᠭᠡᠢ ᠰᠤᠳᠤᠯᠬᠤ ᠪᠠ ᠲᠤᠨᠤᠭ | ᠲᠦᠬᠦᠭᠡᠷᠦᠮᠵᠢ ᠪᠠᠨ ᠰᠢᠨᠡᠳᠭᠡᠨ ᠲᠡᠰ ᠲᠡᠪᠰᠢᠬᠦᠯᠬᠦ ᠪᠠᠷ ᠲᠠᠮᠵᠢᠨ ᠲᠤᠳᠤᠷᠭ᠎ᠠ ᠨᠡᠷᠡᠬᠦ ᠮᠡᠷᠭᠡᠵᠢᠯ ᠢ ᠪᠡᠶ᠎ᠡ ᠪᠠᠨ ᠲᠠᠭᠠᠭᠠᠨ | ᠰᠤᠳᠤᠯᠤᠨ ᠨᠡᠭᠡᠭᠡᠵᠦ᠂ ᠠᠯᠢ ᠤᠯᠠᠨ ᠰᠢᠷᠢᠰ ᠲᠤᠳᠤᠷᠭ᠎ᠠ ᠶᠢᠨ ᠠᠷᠢᠬᠢ ᠶᠢᠨ ᠪᠦᠳᠦᠭᠡᠭᠳᠡᠬᠦᠨ ᠢ ᠵᠠᠬ᠎ᠠ ᠲᠡᠯᠭᠡᠬᠦᠷ ᠲᠤ | ᠭᠠᠷᠭᠠᠭᠰᠠᠨ ᠠᠴᠠ ᠦᠷᠭᠡᠨ ᠤᠯᠠᠨ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃ | ᠬᠤᠸᠠ ᠷᠦᠨ ᠰᠢᠤᠸᠠᠢ ᠬᠤᠸᠠ ᠫᠢᠸᠣ᠋ ᠠᠷᠢᠬᠢ ︵ᠬᠢᠩᠭᠠᠨ︶ ᠶᠢᠨ ᠬᠢᠵᠠᠭᠠᠷᠳᠦ ᠺᠤᠮᠫᠠᠨᠢ ᠶᠢᠨ ᠲᠡᠳ᠋ ᠶᠡᠷᠦᠩᠭᠡᠢ | ᠲᠠᠭᠠᠭᠠᠮᠠᠯ ᠯᠸᠦ ᠬᠤᠢ ᠢᠯᠡᠷᠭᠡᠶᠢᠯᠡᠭᠰᠠᠨ ᠨᠢ᠄ ︽ᠮᠠᠨ ᠤ ᠠᠵᠦ ᠠᠬᠤᠢᠢᠯᠠᠯ ᠤᠯᠤᠰ ᠤᠨ ︿ᠠᠷᠪᠠᠨ ᠲᠦᠷᠪᠡᠳᠦᠭᠡᠷ ᠲᠠᠪᠤᠨ | ᠵᠢᠯ﹀ ᠤᠨ ᠲᠦᠯᠦᠪᠵᠢᠬᠦᠯᠭᠡ ᠶᠢᠨ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠤᠳᠤᠬᠢ ᠠᠵᠦ ᠠᠬᠤᠢᠢᠯᠠᠯ ᠤᠨ | ᠦᠢᠯᠡᠳᠪᠦᠷᠢᠯᠡᠯ ᠤᠨ ᠬᠡᠪᠴᠢᠶ᠎ᠡ ᠶᠢᠨ ᠰᠠᠭᠤᠷᠢᠨ ᠲᠡᠭᠡᠷ᠎ᠠ ᠢᠷᠡᠬᠦ ᠲᠠᠪᠤᠨ ᠵᠢᠯ ᠳᠤ ᠨᠢᠭᠡ ᠲᠠᠬᠢᠨ ᠨᠡᠮᠡᠭᠳᠡᠬᠦᠯᠬᠦ ᠪᠠᠷ | ᠲᠦᠯᠦᠪᠯᠡᠵᠦ᠂ 2025 ᠤᠨ ᠪᠤᠯᠬᠤ ᠳᠤ ᠠᠵᠦ ᠠᠬᠤᠢᠢᠯᠠᠯ ᠤᠨ ᠠᠵᠦ ᠠᠬᠤᠢ ᠶᠢᠨ ᠦᠢᠯᠡᠳᠪᠦᠷᠢᠯᠡᠯ ᠤᠨ ᠦᠷᠳᠡᠭ ᠢ 2 | ᠳ᠋ᠦᠩᠰᠢᠭᠤᠷ ᠲᠦᠭᠦᠷᠢᠭ ᠬᠦᠷᠭᠡᠬᠦ ᠪᠠᠷ ᠴᠢᠷᠮᠠᠶᠢᠨ᠎ᠡ︾ ᠭᠡᠵᠦ ᠬᠡᠯᠡᠵᠦ ᠪᠠᠶᠢᠯ᠎ᠠ᠃ |