ᠡᠵᠡᠨ ᠬᠤᠷᠤᠭ᠎ᠠ ᠬᠤᠰᠢᠭᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠢᠨ᠎ᠡ ᠡᠭᠦᠳᠦᠯᠳᠡ ᠲᠠᠢ ᠤᠬᠠᠭᠤᠯᠤᠨ ᠲᠠᠶᠢᠯᠪᠦᠷᠢᠯᠡᠵᠦ ᠪᠣᠢ
ᠨᠡᠶᠢᠲᠡᠯᠡᠭᠰᠡᠨ ᠴᠠᠭ᠄
2020/12/7
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠨᠡᠩ ᠠᠮᠢᠳᠤᠯᠢᠭ ᠬᠦᠨᠵᠡᠬᠡᠢ ᠤᠬᠠᠭᠤᠯᠤᠨ ᠲᠠᠶᠢᠯᠪᠦᠷᠢᠯᠡᠵᠤ᠂ ᠤᠨᠤᠯ ᠤᠨ ᠤᠬᠠᠭᠤᠯᠭ᠎ᠠ ᠶᠢ ᠡᠭᠦᠳᠦᠯᠲᠡ ᠲᠠᠢ ᠶᠠᠪᠤᠭᠳᠠᠭᠤᠯᠬᠤ ᠶᠢᠨ ᠲᠦᠯᠦᠭᠡ᠂ 11ᠰᠠᠷ᠎ᠠ ᠶᠢᠨ 27  ᠤ ᠡᠳᠦᠷ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ︽ᠤᠨᠤᠯ ᠤᠨ ᠤᠬᠠᠭᠤᠯᠭ᠎ᠠ ᠶᠢ ᠡᠵᠡᠨ ᠬᠤᠷᠤᠭ᠎ᠠ ᠬᠤᠰᠢᠭᠤᠨ ᠳᠤ ᠴᠤᠤᠷᠢᠶᠠᠳᠤᠭᠤᠯᠬᠤ︾ ᠤᠬᠠᠭᠤᠯᠤᠨ ᠲᠠᠶᠢᠯᠪᠦᠷᠢᠯᠡᠬᠤ ᠨᠡᠷᠡᠲᠤ ᠲᠡᠮᠳᠡᠭ ᠢ ᠡᠭᠦᠳᠴᠦ ᠫᠠᠶᠢᠰᠠ ᠡᠯᠬᠦᠬᠦ ᠠᠵᠢᠯᠯᠠᠭ᠎ᠠ ᠵᠢᠴᠢ ︽ᠤᠨᠤᠯ ᠤᠨ ᠤᠬᠠᠭᠤᠯᠭ᠎ᠠ ᠶᠢ ᠡᠵᠡᠨ ᠬᠤᠷᠤᠭ᠎ᠠ ᠬᠤᠰᠢᠭᠤᠨ ᠳᠤ ᠴᠤᠤᠷᠢᠶᠠᠳᠤᠭᠤᠯᠬᠤ  ︾ ᠤᠬᠠᠭᠤᠯᠤᠨ ᠲᠠᠶᠢᠯᠪᠦᠷᠢᠯᠠᠬᠤ ᠤᠷᠤᠯᠳᠤᠭᠠᠨ ᠤ ᠰᠢᠢᠳᠪᠦᠷᠢᠲᠤ ᠤᠷᠤᠯᠳᠤᠭᠠᠨ ᠢ ᠵᠤᠬᠢᠶᠠᠨ ᠪᠠᠶᠢᠭᠤᠯᠪᠠ᠃
     ᠰᠢᠢᠳᠪᠦᠷᠢᠲᠤ ᠤᠷᠤᠯᠳᠤᠭᠠᠨ ᠳᠤ᠂ 29 ᠤᠬᠠᠭᠤᠯᠤᠨ ᠲᠠᠶᠢᠯᠪᠤᠷᠢᠯᠠᠭᠴᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠦᠨᠡᠨ ᠬᠥᠮᠦᠨ ᠦᠨᠡᠨ ᠬᠡᠷᠡᠭ ᠪᠠ ᠦᠨᠡᠨ ᠰᠡᠳᠬᠢᠯᠭᠡ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠯᠢᠭᠡᠷ ᠪᠠ ᠡᠵᠡᠨ ᠬᠤᠷᠤᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠠᠶᠢᠲᠤᠷ ᠶᠠᠷᠢᠵᠤ᠂ ᠳᠦᠬᠦᠮ ᠣᠶᠢᠯᠠᠭᠠᠮᠵᠢᠲᠠᠢ ᠦᠭᠡ ᠶᠠᠷᠢᠶ᠎ᠠ᠂ ᠰᠦᠯᠵᠢᠶᠡᠨ ᠤ ᠦᠭᠡ᠂ ᠨᠤᠲᠤᠭ ᠤᠨ ᠦᠭᠡ ᠬᠡᠯᠡ ᠶᠢ ᠬᠡᠷᠡᠭᠯᠡᠵᠦ᠂ PPT᠂ ᠪᠢᠴᠢᠯ ᠸᠢᠳᠢᠣ᠋ ᠵᠡᠷᠭᠡ ᠣᠯᠠᠨ ᠵᠦᠢᠯ ᠤᠨ ᠬᠡᠯᠪᠡᠷᠢ ᠶᠢᠨ ᠣᠨᠣᠯ ᠤᠨ ᠪᠦᠲᠦᠭᠡᠭᠳᠡᠬᠦᠨ ᠢ ᠵᠣᠬᠢᠶᠠᠨ ᠪᠦᠳᠦᠭᠡᠬᠦ ᠪᠠᠷ ᠳᠠᠮᠵᠢᠭᠤᠯᠤᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢᠬᠢ ᠨᠠᠮ ᠪᠣᠯᠤᠨ ᠤᠯᠤᠰ ᠤᠨ ᠭᠡᠷᠡᠯ ᠰᠠᠴᠤᠷᠠᠩᠭᠤᠶ ᠲᠡᠦᠬᠡᠨ ᠥᠩᠭᠡᠷᠡᠯᠲᠡ᠂ ᠠᠭᠤᠤ ᠶᠡᠭᠡ ᠠᠮᠵᠢᠯᠲᠠ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠬᠦᠢᠴᠡᠳ ᠳᠡᠯᠭᠡᠨ ᠦᠵᠡᠭᠦᠯᠵᠦ᠂ ᠨᠠᠮ ᠤᠨ ᠬᠠᠮᠤᠭ ᠤᠨ ᠰᠢᠨ᠎ᠡ ᠣᠨᠣᠯ ᠤᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠤᠬᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠨᠠᠷᠢᠯᠢᠭ ᠲᠠᠶᠢᠯᠪᠦᠷᠢᠯᠠᠭᠰᠠᠨ ᠪᠠᠶᠢᠨ᠎ᠠ᠃
     ᠣᠶᠢᠯᠠᠭᠠᠭᠰᠠᠨ ᠢᠶᠠᠷ᠂ ᠲᠤᠰ ᠤᠳᠠᠭᠠᠨ ᠤ ︽ᠤᠨᠤᠯ ᠤᠨ ᠤᠬᠠᠭᠤᠯᠭ᠎ᠠ ᠶᠢ ᠡᠵᠡᠨ ᠬᠤᠷᠤᠭ᠎ᠠ ᠬᠤᠰᠢᠭᠤᠨ ᠳᠤ ᠴᠤᠤᠷᠢᠶᠠᠳᠤᠭᠤᠯᠬᠤ︾ ᠤᠬᠠᠭᠤᠯᠤᠨ ᠲᠠᠶᠢᠯᠪᠦᠷᠢᠯᠠᠬᠤ ᠤᠷᠤᠯᠳᠤᠭᠠᠨ ᠨᠢ 11 ᠰᠠᠷ᠎ᠠ ᠶᠢᠨ 16 ᠤ ᠡᠳᠦᠷ ᠠᠴᠠ ᠡᠬᠢᠯᠡᠨ ᠶᠠᠪᠤᠭᠳᠠᠵᠤ᠂  ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠣᠯᠠᠨ‌‍ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ 13 ᠬᠤᠪᠢᠶᠠᠷᠢ ᠤᠷᠤᠯᠳᠤᠭᠠᠨ ᠤ ᠲᠣᠭᠤᠷᠢᠭ ᠲᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡ 217 ᠤᠬᠠᠭᠤᠯᠤᠨ ᠲᠠᠶᠢᠯᠪᠤᠷᠢᠯᠠᠭᠴᠢ ᠤᠷᠤᠯᠳᠤᠭᠠᠨ ᠳᠤ ᠣᠷᠣᠯᠴᠠᠵᠤ᠂ ᠱᠠᠲᠤ ᠱᠠᠲᠤ ᠪᠠᠷ ᠤᠷᠤᠯᠳᠤᠨ ᠮᠦᠷᠦᠶᠢᠴᠡᠵᠦ᠂ ᠡᠴᠦᠰ ᠲᠡᠭᠡᠨ 29 ᠰᠢᠯᠢᠳᠡᠭ ᠤᠬᠠᠭᠤᠯᠤᠨ ᠲᠠᠶᠢᠯᠪᠤᠷᠢᠯᠠᠭᠴᠢ ᠰᠢᠢᠳᠪᠦᠷᠢᠲᠤ ᠤᠷᠤᠯᠳᠤᠭᠠᠨ ᠳᠤ  ᠴᠤᠯᠭᠤᠷᠠᠨ ᠤᠷᠤᠭᠰᠠᠨ ᠪᠠᠶᠢᠨ᠎ᠠ᠃  
     ᠲᠠᠷᠠᠭ᠎ᠠ ᠠᠯᠬᠤᠮ ᠳᠤ᠂ ︽ᠤᠨᠤᠯ ᠤᠨ ᠤᠬᠠᠭᠤᠯᠭ᠎ᠠ ᠶᠢ ᠡᠵᠡᠨ ᠬᠤᠷᠤᠭ᠎ᠠ ᠬᠤᠰᠢᠭᠤᠨ ᠳᠤ ᠴᠤᠤᠷᠢᠶᠠᠳᠤᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ︾ ᠨᠢ ᠠᠵᠤ ᠠᠬᠤᠶᠢᠯᠠᠯ᠂ ᠬᠥᠳᠡᠭᠡ ᠲᠣᠰᠬᠤᠨ᠂ ᠪᠠᠶᠢᠭᠤᠯᠭ᠎ᠠ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ᠂ ᠴᠡᠷᠢᠭ ᠤᠨ ᠬᠤᠸᠠᠷᠠᠨ ᠵᠡᠷᠭᠡ ᠭᠠᠵᠠᠷ ᠢᠶᠠᠷ ᠬᠦᠷᠴᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠪᠠᠰᠠ ᠺᠠᠳ᠋ᠷ ᠣᠯᠠᠨ ᠲᠦᠮᠡᠨ᠂ ᠰᠤᠷᠭᠠᠭᠤᠯᠢ ᠶᠢᠨ ᠪᠠᠭᠰᠢ ᠰᠤᠷᠤᠭᠴᠢᠳ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠵᠡᠷᠭᠡ ᠲᠠᠢ ᠬᠠᠮᠲᠤ ᠰᠤᠷᠤᠯᠴᠠᠨ᠂ ᠦᠢᠯᠡᠴᠢᠯᠡᠭᠡ ᠳᠤ ᠰᠠᠭᠤᠷᠢᠯᠠᠨ ᠠᠷᠠᠳ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠰᠠᠶᠢᠲᠤᠷ ᠶᠠᠷᠢᠵᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠰᠢᠨ᠎ᠡ ᠥᠷᠨᠢᠯᠲᠡ ᠶᠢ ᠪᠤᠢ ᠪᠣᠯᠭᠠᠵᠤ᠂ ᠦᠨᠳᠦᠰᠦᠨ ᠱᠠᠳᠤᠨ ᠤ ᠤᠬᠠᠭᠤᠯᠤᠨ ᠲᠠᠶᠢᠯᠪᠤᠷᠢᠯᠠᠬᠤ ᠠᠵᠢᠯ ᠤᠨ ᠡᠴᠦᠰ ᠤᠨ ᠨᠢᠭᠡ ᠺᠢᠯᠣᠮᠧᠲᠷ ᠢ ᠨᠡᠪᠳᠡᠷᠡᠬᠦᠯᠵᠦ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠬᠤ ᠶᠢ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠭᠠᠵᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠮᠦᠰ ᠤᠨ ᠰᠡᠳᠬᠢᠯ ᠢ ᠨᠢᠭᠲᠠᠷᠠᠭᠤᠯᠬᠤ᠂ ᠴᠡᠷᠢᠭ ᠤᠨ ᠵᠣᠷᠢᠭ ᠢ ᠬᠥᠪᠴᠢᠯᠡᠬᠦ᠂ ᠠᠵᠢᠯ ᠢᠶᠠᠨ ᠠᠬᠢᠭᠤᠯᠬᠤ ᠤᠳᠠᠭᠠᠨ ᠳᠠᠭᠠᠭᠠᠮᠠᠭᠠᠶ ᠬᠥᠳᠡᠯᠭᠡᠬᠦ ᠬᠦᠴᠦᠨ ᠪᠣᠯᠭᠠᠬᠤ ᠪᠠᠷ  ᠴᠢᠷᠮᠠᠶᠢᠵᠤ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map