ᠦᠬᠠᠢ ᠬᠤᠲᠠ ᠶᠢᠨ ᠮᠣᠩᠭᠤᠯ ᠬᠡᠯᠡᠨ ᠤ ᠵᠠᠰᠠᠭ ᠤᠨ ᠰᠦᠯᠵᠢᠶᠡᠨ ᠤ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ  ᠲᠥᠪ ᠬᠤᠷᠢᠶᠠᠨ ᠤ ᠲᠠᠪᠤᠳᠤᠭᠠᠷ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2020/12/8
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ  ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠪᠤᠯ ᠮᠠᠨ ᠤ ᠨᠠᠮ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠲᠠᠯ᠎ᠠ ᠪᠠᠷ ᠰᠢᠢᠳᠪᠦᠷᠢᠯᠡᠭᠴᠢ ᠴᠢᠨᠠᠷᠲᠠᠢ ᠠᠮᠵᠢᠯᠲᠠ ᠤᠯᠤᠭᠰᠠᠨ᠂ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠢ ᠤᠳᠠᠯ ᠦᠭᠡᠢ ᠡᠬᠢᠯᠡᠭᠦᠯᠬᠦ ᠴᠢᠬᠤᠯᠠ ᠲᠡᠦᠭᠡᠳᠦ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠮᠠᠨ ᠤ ᠤᠯᠤᠰ ᠤᠳᠠᠯ ᠦᠭᠡᠢ ᠰᠢᠨ᠎ᠠ ᠬᠦᠭᠵᠢᠯᠳᠠ ᠶᠢᠨ ᠱᠠᠳᠤᠨ ᠳᠤ ᠤᠷᠤᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠴᠠᠭ ᠮᠦᠴᠡ ᠳᠤ ᠬᠤᠷᠠᠯᠳᠤᠭᠰᠠᠨ ᠨᠢᠭᠡ ᠤᠳᠠᠭᠠᠨ ᠤ ᠪᠦᠬᠦ ᠲᠠᠯ᠎ᠠ ᠶᠢᠨ ᠴᠢᠨᠠᠷᠳᠠᠢ᠂ ᠲᠡᠦᠭᠡᠳᠦ ᠴᠢᠨᠠᠷᠳᠠᠢ ᠠᠴᠢ ᠬᠤᠯᠪᠤᠭᠳᠠᠯ ᠪᠦᠬᠦᠢ ᠬᠤᠷᠠᠯ ᠪᠤᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠤᠱᠯᠠᠭᠤᠯᠬᠤ ᠪᠤᠯ ᠤᠳᠤᠬᠠᠨ ᠤ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠬᠦᠷᠭᠡ ᠮᠦᠨ᠃ 12 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠲᠠ ᠶᠢᠨ ᠮᠣᠩᠭᠤᠯ ᠬᠡᠯᠡᠨ ᠤ ᠵᠠᠰᠠᠭ ᠤᠨ ᠰᠦᠯᠵᠢᠶᠡᠨ ᠤ ᠪᠥᠬᠦ ᠠᠵᠢᠯᠲᠠᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ  ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠲᠠᠶᠢᠯᠤᠮᠵᠢ ᠶᠢᠨ ᠬᠤᠷᠠᠯ ᠳᠤ ᠣᠷᠤᠯᠴᠠᠭᠰᠠᠨ ᠪᠠᠶᠢᠨ᠎ᠠ᠃
     ᠲᠤᠰ ᠲᠠᠶᠢᠯᠤᠮᠵᠢ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ  ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠲᠤᠬᠠᠢ ᠣᠶᠢᠯᠠᠭᠠᠯᠲᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠬᠤᠭᠤᠴᠠᠭ᠎ᠠ ᠵᠢᠴᠢ ᠬᠤᠷᠠᠯᠳᠤᠭᠰᠠᠨ ᠭᠠᠵᠠᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ  ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠭᠤᠣᠯ ᠵᠥᠪᠯᠡᠬᠦ ᠵᠦᠢᠯ ᠵᠢᠴᠢ ᠬᠤᠷᠠᠯ ᠳᠤ ᠣᠷᠤᠯᠴᠠᠭᠰᠠᠳ᠂ ︽ᠠᠷᠪᠠᠨ ᠲᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠴᠢᠬᠤᠯᠠ ᠴᠢᠨᠠᠷ᠂ ︽ᠠᠷᠪᠠᠨ ᠲᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠬᠤᠯᠪᠤᠭᠳᠠᠬᠤ ᠡᠯ᠎ᠡ ᠲᠠᠯ᠎ᠠ ᠪᠠ ︽ᠠᠷᠪᠠᠨ ᠲᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠨᠠᠶᠢᠷᠠᠭᠤᠯᠤᠨ ᠵᠣᠬᠢᠶᠠᠭᠰᠠᠨ ᠶᠠᠪᠤᠴᠠ ᠵᠡᠷᠭᠡ ᠲᠠᠪᠤᠨ ᠲᠠᠯ᠎ᠠ ᠠᠴᠠ ᠨᠠᠷᠢᠨ ᠲᠠᠶᠢᠯᠪᠤᠷᠢ ᠬᠢᠵᠡᠢ᠃
     ᠮᠠᠨ ᠤ ᠬᠤᠲᠠ ᠶᠢᠨ ᠮᠤᠩᠭᠤᠯ ᠰᠦᠯᠵᠢᠶᠡᠨ ᠤ ᠬᠢᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ  ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠭᠰᠠᠨ ᠢᠶᠠᠷ ᠪᠠᠷᠠᠬᠤ ᠦᠭᠡᠢ ᠪᠥᠬᠦ ᠲᠠᠯ᠎ᠠ ᠪᠠᠷ ᠰᠤᠷᠲᠠᠯ ᠤᠬᠠᠭᠤᠯᠭ᠎ᠠ ᠬᠢᠵᠦ᠂ ᠦᠵᠡᠯ ᠰᠠᠨᠠᠭᠠᠨ ᠤ ᠪᠠᠨ ᠵᠢᠯᠤᠭᠤᠳᠤᠮᠵᠢ ᠪᠣᠯᠭᠠᠭᠰᠠᠨ ᠪᠠᠶᠢᠨ᠎ᠠ᠃
 
ᠢᠷᠡᠯᠲᠡ᠄ ᠦᠬᠠᠢ ᠬᠤᠲᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
Baidu
map