11 ᠰᠠᠷ᠎ᠠ ᠶᠢᠨ 27 ᠤ ᠡᠳᠦᠷ᠂ ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ | ᠪᠦᠬᠦ ᠠᠵᠢᠯᠲᠠᠨ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠭᠦᠨᠵᠡᠭᠡᠢ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | | | | | ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭᠠᠨ ᠤ ᠬᠦᠲᠦᠯᠪᠦᠷᠢ ︾ ᠶᠢ ᠰᠤᠷᠤᠯᠴᠠᠪᠠ᠃ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ᠂ ︽ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 | ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠨᠠᠭᠤᠯᠭ᠎ᠠ︾ ᠶᠢ ᠬᠢᠨᠠᠨ ᠶᠠᠷᠢᠯᠴᠠᠵᠤ ᠪᠠᠲᠤᠯᠠᠪᠠ᠃ 2035 ᠤᠨ ᠪᠣᠯᠬᠤ ᠳᠤ ᠪᠡᠶᠡᠯᠡᠭᠦᠯᠬᠦ 9 ᠲᠠᠯ᠎ᠠ ᠶᠢᠨ ᠠᠯᠤᠰ | ᠬᠡᠲᠦ ᠶᠢᠨ ᠬᠠᠷᠠᠯᠲᠠ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ 6 ᠲᠠᠯ᠎ᠠ ᠶᠢᠨ ᠭᠤᠤᠯ ᠬᠠᠷᠠᠯᠲᠠ ᠶᠢ ᠳᠤᠷᠠᠳᠤᠨ ᠭᠠᠷᠭᠠᠵᠤ᠂ ᠲᠡᠮᠡᠴᠡᠬᠦ ᠬᠠᠷᠠᠯᠲᠠ ᠶᠢ | ᠪᠡᠶᠡᠯᠡᠭᠦᠯᠬᠦ 12 ᠲᠠᠯ᠎ᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠪᠠ᠃ ᠪᠦᠬᠦ ᠨᠠᠮ ᠤᠨ ᠭᠡᠰᠢᠭᠦᠨ ᠺᠠᠳ᠋ᠷ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠪᠡᠶ᠎ᠡ ᠪᠠᠨ ᠵᠡᠪᠰᠡᠭᠯᠡᠬᠦ︾᠂ ︽ᠪᠣᠳᠠᠲᠤ ᠴᠣᠭᠴᠠ ᠶᠢᠨ ᠠᠵᠤ ᠠᠬᠤᠶ︾᠂ ︽ᠰᠢᠨ᠎ᠡ | ᠬᠥᠭᠵᠢᠯᠲᠡ ᠶᠢᠨ ᠪᠠᠶᠢᠷᠢᠰᠢᠯ︾᠂ ︽ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ | ᠰᠢᠨ᠎ᠡ ᠪᠠᠶᠢᠭᠤᠯᠤᠯ︾᠂ ︽ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ︾ ᠵᠡᠷᠭᠡ ᠵᠠᠩᠭᠢᠯᠠᠭ᠎ᠠ ᠶᠢᠨ | ᠦᠭᠡ ᠶᠢᠨ ᠲᠣᠭᠤᠷᠢᠨ ᠳᠤ ᠵᠢᠨᠢᠩ ᠲᠣᠭᠤᠷᠢᠭ ᠤᠨ ᠪᠣᠳᠠᠲᠠᠢ ᠠᠵᠢᠯ ᠲᠠᠢ ᠤᠶᠠᠯᠳᠤᠭᠤᠯᠤᠨ ᠭᠦᠨᠵᠡᠭᠡᠢ ᠰᠤᠷᠤᠯᠴᠠᠨ | ᠶᠠᠷᠢᠯᠴᠠᠪᠠ᠃ | |