|
ᠪᠥᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ |
|
|
ᠨᠡᠶᠢᠲᠡᠯᠡᠭᠰᠡᠨ ᠴᠠᠭ᠄
2020/2/20
|
|
ᠥᠪᠥᠷ ᠵᠠᠰᠠᠭ ᠲᠠᠷᠬᠠᠭᠠᠭᠰᠠᠨ ﹇2019﹈ 14 ᠳ᠋ᠤᠭᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ︽ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠦᠭᠡᠷᠡᠴᠢᠯᠡᠯᠲᠡ ᠶᠢ ᠬᠡᠷᠡᠭᠵᠢᠭᠦᠯᠬᠦ ᠲᠣᠬᠠᠢ ᠡᠳ᠋ ᠤᠨ ᠵᠠᠰᠠᠭ ᠤᠨ ᠶᠠᠮᠦᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠮᠡᠳᠡᠭᠳᠡᠯ︾ ︵ᠡᠳ᠋ ᠭᠠᠶᠢᠯᠢ ﹇2014﹈ 72 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠴᠣᠬᠤᠯᠠᠪᠤᠷᠢ︾ ︵ᠡᠳ᠋ ᠭᠠᠶᠢᠯᠢ ﹇2019﹈ 73 ᠳ᠋ᠤᠭᠠᠷ ᠲᠣᠭᠠᠲᠤ︶ ᠶᠢ ᠦᠨᠳᠦᠰᠦᠯᠡᠨ᠂ ᠪᠥᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ 9% ᠪᠠᠶᠢᠭᠰᠠᠨ ᠠᠴᠠ 10% ᠪᠣᠯᠭᠠᠨ ᠲᠣᠬᠢᠷᠠᠭᠤᠯᠵᠤ᠂ 2019 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠤᠤᠯ ᠤᠨ ︽ᠪᠥᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ︾ ︵ᠥᠪᠥᠷ ᠵᠠᠰᠠᠭ ᠲᠠᠷᠬᠠᠭᠠᠭᠰᠠᠨ ﹇2014﹈ 135 ᠳ᠋ᠤᠭᠠᠷ ᠲᠣᠭᠠᠲᠤ︶ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃ 2020 ᠣᠨ ᠤ 9 ᠳ᠋ᠤᠭᠡᠷ ᠰᠠᠷ᠎ᠠ ᠶᠢᠨ 1 ᠤ ᠡᠳᠦᠷ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠢ ᠪᠠᠶᠠᠯᠢᠭ ᠤᠨ ᠭᠠᠶᠢᠯᠢ ᠶᠢᠨ ᠬᠠᠤᠯᠢ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠪᠥᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠠᠰᠲᠠᠭᠠᠨ ᠲᠣᠭᠲᠠᠭᠠᠯ ᠪᠠᠭᠤᠯᠭᠠᠨ᠎ᠠ᠃
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|