|
ᠬᠢᠵᠢᠭ ᠤᠨ ᠪᠠᠶᠢᠳᠠᠯ ᠢ ᠨᠠᠷᠢᠯᠢᠭ ᠣᠨᠣᠪᠴᠢᠲᠠᠢ ᠪᠠᠷ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ | ᠠᠬᠢᠭᠤᠯᠬᠤ ᠬᠤᠯᠪᠣᠭᠳᠠᠯ ᠪᠦᠬᠦᠢ ᠵᠦᠶᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ |
|
|
ᠨᠡᠶᠢᠲᠡᠯᠡᠭᠰᠡᠨ ᠴᠠᠭ᠄
2020/2/24
|
|
ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠪᠦᠷᠢᠯᠳᠦᠭᠦᠨ ᠨᠢᠭᠡᠴᠢ ᠳᠤ᠄ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ ᠨᠠᠷᠢᠯᠢᠭ ᠣᠨᠣᠪᠴᠢᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠦᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠣᠷᠣᠨ ᠪᠦᠰᠡ ᠬᠤᠪᠢᠶᠠᠨ ᠳᠡᠰ ᠬᠤᠪᠢᠶᠠᠵᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ︽ᠲᠥᠷᠥᠯ ᠬᠤᠪᠢᠶᠠᠨ ᠵᠢᠯᠣᠭᠤᠳᠴᠤ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠤᠬᠠᠶ ᠰᠠᠨᠠᠯ︾ ᠤᠨ ᠵᠣᠷᠢᠭ ᠰᠠᠨᠠᠭ᠎ᠠ ᠶᠣᠰᠣᠭᠠᠷ᠂ ᠬᠢᠵᠢᠭ ᠤᠨ ᠪᠠᠶᠢᠳᠠᠯ ᠢ ᠨᠠᠷᠢᠯᠢᠭ ᠣᠨᠣᠪᠴᠢᠲᠠᠢ ᠪᠠᠷ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠦᠶᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠨ᠂ ᠠᠵᠤ ᠠᠬᠤᠶ ᠨᠡᠶᠢᠭᠡᠮ ᠤᠨ ᠡᠮᠬᠢ ᠵᠢᠷᠤᠮ ᠢ ᠰᠡᠷᠭᠦᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠶᠯᠡᠳᠪᠦᠷᠢᠯᠡᠯ ᠬᠥᠭᠵᠢᠯᠲᠡ ᠶᠢᠨ ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠥᠬᠡᠶ ᠪᠠᠶᠢᠯᠭᠠᠬᠤ ᠶᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯ ᠢ ᠳᠤᠤᠷᠠᠬᠢ ᠮᠡᠲᠦ ᠮᠡᠳᠡᠭᠳᠡᠪᠡ᠄ ᠨᠢᠭᠡ᠂ ᠲᠤᠰᠠᠭᠠᠷᠯᠠᠨ ᠠᠵᠢᠭᠯᠠᠬᠤ ᠲᠤᠬᠠᠶ ︵ᠨᠢᠭᠡ︶ ᠲᠤᠲᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ ᠢ ᠲᠤᠰᠠᠭᠠᠷᠯᠠᠨ ᠠᠵᠢᠭᠯᠠᠬᠤ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ᠂ ᠲᠤᠬᠠᠶ ᠶᠢᠨ ᠭᠠᠵᠠᠷ ᠲᠤ ᠪᠠᠨ ᠡᠷᠡᠭᠦᠯ ᠮᠡᠨᠳᠦ ᠶᠢᠨ ᠠᠵᠢᠭᠯᠠᠯᠲᠠ ᠨᠢ ᠪᠦᠬᠦᠯᠢ ᠨᠢᠭᠡ ᠭᠠᠷᠠᠭ ᠠᠴᠠ ᠳᠡᠭᠡᠭᠰᠢ ᠪᠣᠯᠵᠤ᠂ ᠲᠤᠰᠠᠭᠠᠷᠯᠠᠭᠰᠠᠨ ᠢ ᠨᠢ ᠬᠦᠴᠦᠨ ᠦᠭᠡᠢ ᠪᠣᠯᠭᠠᠭᠰᠠᠨ ᠡᠷᠡᠭᠦᠯ ᠮᠡᠨᠳᠦ ᠶᠢᠨ ᠭᠡᠷᠡᠴᠢ ᠭᠠᠷᠭᠠᠵᠤ ᠥᠭᠭᠦᠭᠰᠡᠨ ᠪᠠᠶᠢᠪᠠᠯ᠂ ᠳᠠᠬᠢᠨ ᠲᠤᠰᠠᠭᠠᠷᠯᠠᠨ ᠠᠵᠢᠭᠯᠠᠯᠲᠠ ᠬᠢᠬᠦ ᠦᠭᠡᠢ᠃ ︵ᠬᠤᠶᠠᠷ︶ ᠬᠤᠪᠧᠶ ᠮᠤᠵᠢ ᠪᠠᠷ ᠢᠷᠡᠵᠦ ᠵᠣᠷᠴᠢᠭᠰᠠᠨ ᠲᠡᠦᠬᠡ ᠲᠠᠢ ᠬᠥᠮᠦᠰ ᠢ ᠲᠤᠰᠠᠭᠠᠷᠯᠠᠨ ᠠᠵᠢᠭᠯᠠᠬᠤ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ᠂ ᠲᠤᠬᠠᠶ ᠶᠢᠨ ᠭᠠᠵᠠᠷ ᠲᠤ ᠪᠠᠨ ᠡᠷᠡᠭᠦᠯ ᠮᠡᠨᠳᠦ ᠶᠢᠨ ᠠᠵᠢᠭᠯᠠᠯᠲᠠ ᠨᠢ ᠪᠦᠬᠦᠯᠢ ᠨᠢᠭᠡ ᠭᠠᠷᠠᠭ ᠠᠴᠠ ᠳᠡᠭᠡᠭᠰᠢ ᠪᠣᠯᠵᠤ᠂ ᠲᠤᠰᠠᠭᠠᠷᠯᠠᠭᠰᠠᠨ ᠢ ᠨᠢ ᠬᠦᠴᠦᠨ ᠦᠭᠡᠢ ᠪᠣᠯᠭᠠᠭᠰᠠᠨ ᠡᠷᠡᠭᠦᠯ ᠮᠡᠨᠳᠦ ᠶᠢᠨ ᠭᠡᠷᠡᠴᠢ ᠭᠠᠷᠭᠠᠵᠤ ᠥᠭᠭᠦᠭᠰᠡᠨ ᠪᠠᠶᠢᠪᠠᠯ᠂ ᠳᠠᠬᠢᠨ ᠲᠤᠰᠠᠭᠠᠷᠯᠠᠨ ᠠᠵᠢᠭᠯᠠᠯᠲᠠ ᠬᠢᠬᠦ ᠦᠭᠡᠢ᠃ ︵ᠭᠤᠷᠪᠠ︶ ᠭᠤᠸᠠᠩᠳᠦ᠋ᠩ ᠵᠡᠷᠭᠡ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠢᠶᠠᠷ ᠢᠷᠡᠵᠦ ᠵᠣᠷᠴᠢᠭᠰᠠᠨ ᠲᠡᠦᠬᠡ ᠲᠠᠢ ᠬᠥᠮᠦᠰ ᠢ ᠲᠤᠰᠠᠭᠠᠷᠯᠠᠨ ᠠᠵᠢᠭᠯᠠᠬᠤ ︵ᠭᠡᠷ ᠲᠤ ᠪᠠᠨ ᠰᠠᠭᠤᠵᠤ ᠲᠤᠰᠠᠭᠠᠷᠯᠠᠭᠰᠠᠨ ᠪᠠᠭᠲᠠᠨ᠎ᠠ︶ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ᠂ ᠳᠠᠬᠢᠨ ᠳᠠᠪᠲᠠᠨ ᠲᠤᠰᠠᠭᠠᠷᠯᠠᠨ ᠠᠵᠢᠭᠯᠠᠯᠲᠠ ᠬᠢᠬᠦ ᠦᠭᠡᠢ᠃ ︵ᠳᠥᠷᠪᠡ︶ ᠬᠤᠪᠧᠶ ᠵᠢᠴᠢ ᠪᠤᠰᠤᠳ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠠᠴᠠ ᠭᠠᠳᠠᠨᠠᠬᠢ ᠮᠣᠵᠢ ᠣᠷᠣᠨ ᠢᠶᠠᠷ ᠢᠷᠡᠵᠦ ᠵᠣᠷᠴᠢᠭᠰᠠᠨ ᠲᠡᠦᠬᠡ ᠲᠠᠢ ᠬᠥᠮᠦᠰ ᠢ ᠲᠤᠰᠠᠭᠠᠷᠯᠠᠨ ᠠᠵᠢᠭᠯᠠᠯᠲᠠ ᠬᠢᠬᠦ ᠦᠭᠡᠢ᠃ ︵ᠲᠠᠪᠤ︶ ᠥᠪᠡᠷᠲᠡᠭᠡᠨ ᠵᠠᠰᠠᠬᠤ ᠣᠷᠣᠨ ᠤ ᠲᠤᠲᠤᠭᠠᠲᠤ ᠳᠤ ᠪᠠᠨ ᠢᠷᠡᠵᠦ ᠵᠣᠷᠴᠢᠭᠰᠠᠨ ᠬᠥᠮᠥᠰ ᠢ ᠲᠤᠰᠠᠭᠠᠷᠯᠠᠨ ᠠᠵᠢᠭᠯᠠᠯᠲᠠ ᠬᠢᠬᠦ ᠦᠭᠡᠶ᠃ ᠬᠤᠶᠠᠷ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠠᠮᠢᠶᠠᠷᠤᠨ ᠡᠵᠡᠮᠳᠡᠬᠦ ᠶᠢ ᠨᠠᠷᠢᠯᠢᠭ ᠣᠨᠣᠪᠴᠢᠲᠠᠶ ᠪᠠᠷ ᠬᠡᠷᠡᠭᠵᠢᠭᠦᠯᠬᠦ ᠲᠤᠬᠠᠶ ᠡᠯ᠎ᠡ ᠭᠠᠵᠠᠷ ᠤᠨ ᠬᠢᠨ ᠬᠠᠮᠢᠶᠠᠷᠤᠨ ᠡᠵᠡᠮᠳᠡᠬᠦ ᠨᠢᠭᠡᠴᠢ ᠶᠢ ᠪᠠᠭᠠᠰᠬᠠᠨ᠂ ᠰᠡᠷᠭᠡᠶᠢᠯᠡᠨ ᠡᠵᠡᠮᠳᠡᠬᠦ ᠶᠢ ᠨᠠᠷᠢᠯᠢᠭ ᠣᠨᠣᠪᠴᠢᠲᠠᠢ ᠪᠠᠷ ᠬᠡᠷᠡᠭᠵᠢᠭᠦᠯᠬᠦ ᠦᠨᠳᠦᠰᠦᠨ ᠵᠠᠷᠴᠢᠮ ᠶᠣᠰᠣᠭᠠᠷ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠠᠮᠢᠶᠠᠷᠤᠨ ᠡᠵᠡᠮᠳᠡᠬᠦ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃ ︵ᠨᠢᠭᠡ︶ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠳᠠᠭᠰᠢᠷᠠᠭᠤᠯᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠲᠣᠭᠤᠷᠢᠨ ᠪᠠᠶᠢᠴᠠᠭᠠᠬᠤ᠂ ᠵᠢᠵᠢᠭᠦᠷᠯᠡᠨ ᠰᠠᠬᠢᠬᠤ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ︵ᠬᠤᠶᠠᠷ︶ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠶᠴᠡᠳ ᠬᠡᠷᠡᠭᠯᠡᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠳᠠᠩᠰᠠᠯᠠᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠬᠤ ᠬᠡᠷᠡᠭᠲᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠰᠠᠭᠤᠭᠠᠯᠢ ᠠᠷᠠᠳ ᠬᠠᠯᠠᠭᠤᠷᠠᠬᠤ᠂ ᠬᠠᠨᠢᠶᠠᠬᠤ ᠵᠡᠷᠭᠡ ᠬᠡᠪ ᠤᠨ ᠪᠤᠰᠤ ᠪᠠᠶᠢᠳᠠᠯ ᠭᠠᠷᠪᠠᠯ᠂ ᠰᠠᠭᠤᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠤᠨ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ ︵ᠭᠤᠷᠪᠠ︶ ᠲᠤᠰᠠᠭᠠᠷᠯᠠᠬᠤ ᠪᠠᠶᠢᠳᠠᠯ ᠳᠤ ᠨᠡᠶᠢᠴᠡᠬᠦ ᠬᠥᠮᠦᠰ ᠢ ᠣᠯᠵᠤ ᠮᠡᠳᠡᠪᠡᠯ᠂ ᠪᠠᠶᠢᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠤᠨ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠳᠠᠷᠤᠶ ᠲᠦᠷᠭᠡᠨ ᠮᠡᠳᠡᠭᠦᠯᠵᠦ᠂ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ︵ᠳᠥᠷᠪᠡ︶ ᠬᠠᠷᠢᠶ᠎ᠠ ᠣᠷᠣᠨ ᠤ ᠪᠠᠨ ᠳᠣᠲᠣᠷᠠᠬᠢ ᠭᠡᠷ ᠲᠤ ᠪᠠᠨ ᠰᠠᠭᠤᠵᠤ ᠲᠤᠰᠠᠭᠠᠷᠯᠠᠬᠤ ᠬᠥᠮᠦᠰ ᠲᠤ ᠡᠷᠡᠭᠦᠯ ᠮᠡᠨᠳᠦ ᠶᠢᠨ ᠪᠠᠶᠢᠳᠠᠯ ᠤᠨ ᠡᠳᠦᠷ ᠤᠨ ᠮᠡᠳᠡᠭᠦᠯᠦᠯᠲᠡ ᠬᠢᠵᠦ᠂ ᠬᠠᠯᠠᠭᠤᠷᠠᠬᠤ᠂ ᠬᠠᠨᠢᠶᠠᠬᠤ ᠵᠡᠷᠭᠡ ᠬᠡᠪ ᠤᠨ ᠪᠤᠰᠤ ᠪᠠᠶᠢᠳᠠᠯ ᠭᠠᠷᠪᠠᠯ᠂ ᠪᠠᠶᠢᠭ᠎ᠠ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠪᠣᠯᠤᠨ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠬᠦ ᠬᠡᠷᠡᠭᠲᠡᠶ᠃ ︵ᠲᠠᠪᠤ︶ ᠬᠥᠮᠥᠰ ᠤᠨ ᠣᠷᠣᠵᠤ ᠭᠠᠷᠬᠤ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ᠃ ᠲᠣᠰ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠲᠤ ᠣᠷᠣᠵᠤ ᠭᠠᠷᠬᠤ ᠶᠢ ᠨᠢ ᠳᠡᠩᠰᠡᠯᠡᠨ ᠲᠡᠮᠳᠡᠭᠯᠡᠬᠦ ᠲᠦᠷᠢᠮ ᠢ ᠬᠡᠷᠡᠭᠵᠢᠭᠦᠯᠵᠦ᠂ ᠣᠷᠣᠵᠤ ᠭᠠᠷᠬᠤ ᠬᠥᠮᠦᠨ ᠤ ᠲᠤᠭ᠎ᠠ᠂ ᠤᠳᠠᠭ᠎ᠠ ᠪᠠ ᠴᠠᠭ ᠬᠤᠭᠤᠴᠠᠭ᠎ᠠ ᠶᠢ ᠬᠢᠵᠠᠭᠠᠷᠯᠠᠬᠤ ᠥᠬᠡᠶ︔ ᠲᠣᠰ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠪᠤᠰᠤ ᠬᠥᠮᠦᠰ ᠲᠤ ᠯᠠᠪᠯᠠᠨ ᠠᠰᠠᠭᠤᠬᠤ᠂ ᠳᠠᠩᠰᠠᠯᠠᠨ ᠲᠡᠮᠳᠡᠭᠯᠡᠬᠦ᠂ ᠪᠡᠶ᠎ᠡ ᠶᠢᠨ ᠳᠤᠯᠠᠭᠠᠨ ᠢ ᠨᠢ ᠪᠠᠶᠢᠴᠠᠭᠠᠨ ᠬᠡᠮᠵᠢᠬᠦ ᠵᠡᠷᠭᠡ ᠠᠵᠢᠯ ᠢ ᠰᠠᠶᠢᠲᠤᠷ ᠬᠢᠵᠦ ᠣᠷᠣᠵᠤ ᠭᠠᠷᠬᠤ ᠶᠢ ᠨᠢ ᠵᠥᠪᠰᠢᠶᠡᠷᠡᠬᠦ ᠬᠡᠷᠡᠭᠲᠡᠶ᠃ ᠭᠤᠷᠪᠠ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠳᠤ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠲᠤᠬᠠᠶ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ ᠨᠢ ︽ᠬᠡᠨ ᠠᠵᠢᠯᠲᠠᠨ ᠬᠡᠷᠡᠭᠯᠡᠪᠡᠯ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠰ ᠠᠵᠤ ᠠᠬᠤᠶᠢᠯᠠᠯ᠂ ᠨᠢᠭᠡᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ ︵ᠨᠢᠭᠡ︶ ᠠᠵᠢᠯ ᠤᠨ ᠪᠠᠶᠢᠷᠢ ᠳᠤ ᠪᠠᠨ ᠪᠤᠴᠠᠭᠰᠠᠳ ᠪᠠ ᠭᠠᠳᠠᠨ᠎ᠠ ᠠᠴᠠ ᠢᠷᠡᠭᠰᠡᠨ ᠬᠥᠮᠦᠰ ᠤᠨ ᠬᠢᠵᠢᠭ ᠢ ᠰᠡᠷᠭᠡᠶᠢᠯᠡᠬᠦ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠶ᠃ ᠠᠵᠢᠯ ᠤᠨ ᠪᠠᠶᠢᠷᠢ ᠳᠤ ᠪᠠᠨ ᠪᠤᠴᠠᠭᠰᠠᠨ᠂ ᠭᠠᠳᠠᠨ᠎ᠠ ᠠᠴᠠ ᠢᠷᠡᠭᠰᠡᠳ ᠤᠨ ᠢᠷᠡᠭᠰᠡᠨ ᠭᠠᠵᠠᠷ ᠤᠨ ᠬᠢᠵᠢᠭ ᠤᠨ ᠪᠠᠶᠢᠳᠠᠯ ᠵᠢᠴᠢ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢ ᠨᠠᠷᠢᠯᠢᠭ ᠣᠨᠣᠪᠴᠢᠲᠠᠶ ᠡᠵᠡᠮᠰᠢᠬᠦ ᠬᠡᠷᠡᠭᠲᠡᠶ︔ ᠠᠵᠢᠯ ᠤᠨ ᠪᠠᠶᠢᠷᠢ ᠳᠤ ᠪᠠᠨ ᠪᠤᠴᠠᠭᠰᠠᠳ ᠢ ᠲᠥᠪᠯᠡᠷᠡᠭᠦᠯᠦᠨ ᠵᠣᠬᠢᠶᠠᠨ ᠪᠠᠶᠢᠭᠤᠯᠵᠤ ᠵᠥᠭᠡᠭᠡᠪᠦᠷᠢᠯᠡᠬᠦ ᠠᠵᠢᠯ ᠢ ᠰᠠᠶᠢᠲᠤᠷ ᠬᠢᠵᠦ᠂ ᠠᠵᠢᠯ ᠤᠨ ᠪᠠᠶᠢᠷᠢ ᠳᠤ ᠪᠠᠨ ᠪᠤᠴᠠᠭᠰᠠᠳ ᠢ ᠵᠠᠮ ᠵᠠᠭᠤᠷ᠎ᠠ ᠶᠢᠨ ᠬᠠᠮᠠᠭᠠᠯᠠᠯᠲᠠ ᠶᠢ ᠰᠠᠶᠢᠲᠤᠷ ᠬᠢᠬᠦ ᠶᠢ ᠱᠠᠭᠠᠷᠳᠠᠨ᠎ᠠ︔ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠳᠠᠯ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠠᠵᠢᠯᠲᠠᠨ ᠠᠵᠢᠯᠴᠢᠨ ᠨᠢᠭᠡᠪᠦᠷᠢ ᠶᠢᠨ ᠡᠷᠡᠭᠦᠯ ᠮᠡᠨᠳᠦ ᠪᠠᠷ ᠠᠵᠢᠯ ᠤᠨ ᠪᠠᠶᠢᠷᠢ ᠳᠤ ᠭᠠᠷᠬᠤ ᠶᠢ ᠦᠨᠡᠨ ᠬᠦ ᠪᠠᠲᠤᠯᠠᠬᠤ ᠬᠡᠷᠡᠭᠲᠡᠶ᠃ ︵ᠬᠤᠶᠠᠷ︶ ᠠᠵᠤ ᠠᠬᠤᠶᠢᠯᠠᠯ᠂ ᠨᠢᠭᠡᠴᠢ ᠶᠢᠨ ᠳᠣᠲᠣᠭᠠᠳᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠲᠥᠰᠦᠯ ᠢ ᠤᠷᠢᠳᠴᠢᠯᠠᠨ ᠲᠣᠭᠲᠠᠭᠠᠵᠤ᠂ ᠬᠡᠷᠡᠭᠯᠡᠬᠦ ᠠᠵᠢᠯᠲᠠᠨ ᠠᠵᠢᠯᠴᠢᠨ ᠳᠤ ᠪᠦᠬᠦ ᠶᠠᠪᠤᠴᠠ ᠶᠢᠨ ᠬᠠᠮᠢᠶᠠᠷᠤᠯᠲᠠ ᠬᠢᠬᠦ ᠬᠡᠷᠡᠭᠲᠡᠶ᠃ ᠡᠳᠦᠷ ᠪᠦᠷᠢ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠡᠷᠡᠭᠦᠯ ᠮᠡᠨᠳᠦ ᠶᠢᠨ ᠮᠡᠳᠡᠭᠦᠯᠦᠯᠲᠡ ᠪᠠ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ ᠳᠦᠷᠢᠮ ᠢ ᠪᠠᠶᠢᠭᠤᠯᠵᠤ᠂ ᠠᠵᠢᠯᠲᠠᠨ ᠠᠵᠢᠯᠴᠢᠨ ᠤ ᠠᠮᠠᠪᠴᠢ ᠵᠡᠷᠭᠡ ᠬᠠᠮᠠᠭᠠᠯᠠᠯᠲᠠ ᠶᠢᠨ ᠬᠡᠷᠡᠭᠰᠡᠯ ᠵᠡᠭᠦᠬᠦ ᠶᠢ ᠱᠠᠭᠠᠷᠳᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠠᠵᠢᠯᠯᠠᠬᠤ ᠲᠠᠯᠠᠪᠤᠷ ᠲᠤ ᠰᠠᠯᠬᠢ ᠨᠡᠪᠲᠡᠷᠡᠭᠦᠯᠵᠦ ᠠᠷᠢᠭᠤᠳᠬᠠᠨ᠎ᠠ᠃ ᠲᠤᠰᠠᠭᠠᠷ ᠬᠤᠭᠤᠯᠠᠯᠠᠬᠤ ᠪᠤᠶᠤ ᠴᠠᠭ ᠬᠤᠪᠢᠶᠠᠨ ᠬᠤᠭᠤᠯᠠᠯᠠᠬᠤ ᠠᠷᠭ᠎ᠠ ᠬᠡᠯᠪᠡᠷᠢ ᠶᠢ ᠠᠪᠴᠤ᠂ ᠠᠵᠢᠯ ᠤᠨ ᠠᠮᠠᠷᠠᠯᠲᠠ ᠶᠢᠨ ᠬᠤᠭᠤᠴᠠᠭᠠᠨ ᠳᠠᠬᠢ ᠬᠥᠮᠦᠰ ᠤᠨ ᠴᠤᠭᠯᠠᠷᠠᠬᠤ ᠶᠢ ᠪᠠᠭᠠᠰᠬᠠᠬᠤ ᠬᠡᠷᠡᠭᠲᠡᠶ᠃ ᠠᠵᠢᠯᠲᠠᠨ ᠤ ᠪᠠᠶᠢᠷᠢ ᠶᠢᠨ ᠰᠠᠯᠬᠢ ᠨᠡᠪᠲᠡᠷᠡᠭᠦᠯᠬᠦ ᠪᠠ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠳᠠᠨ᠎ᠠ ᠠᠴᠠ ᠢᠷᠡᠭᠰᠡᠨ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ︵ᠭᠤᠷᠪᠠ︶ ᠡᠯ᠎ᠡ ᠭᠠᠵᠠᠷ ᠤᠨ ᠬᠢᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠠᠵᠤ ᠠᠬᠤᠶᠢᠯᠠᠯ ᠢ ᠬᠠᠪᠰᠤᠷᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠮᠠᠪᠴᠢ᠂ ᠠᠷᠢᠭᠤᠳᠬᠠᠬᠤ ᠬᠡᠷᠡᠭᠰᠡᠯ ᠵᠡᠷᠭᠡ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ ᠲᠠᠯ᠎ᠠ ᠪᠠᠷ ᠳᠡᠮᠵᠢᠯᠭᠡ ᠦᠵᠡᠭᠦᠯᠬᠦ ᠬᠡᠷᠡᠭᠲᠡᠶ᠃ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠦᠶᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠣᠯᠭ᠎ᠠ ᠬᠢᠵᠦ᠂ ᠭᠤᠣᠯᠳᠠᠯᠭ᠎ᠠ ᠲᠠᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ ᠲᠤᠰᠬᠠᠶ ᠬᠥᠮᠦᠨ ᠰᠣᠩᠭᠤᠨ ᠲᠣᠮᠢᠯᠠᠵᠤ ᠲᠤᠬᠠᠶ ᠶᠢᠨ ᠲᠠᠯᠠᠪᠤᠷ ︵ᠦᠶᠯᠡᠳᠪᠦᠷᠢ︶ ᠲᠤ ᠰᠠᠭᠤᠯᠭᠠᠵᠤ ᠵᠢᠯᠣᠭᠤᠳᠬᠤ ᠬᠡᠷᠡᠭᠲᠡᠶ᠃ ᠳᠦᠷᠪᠡ᠂ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠡᠷᠬᠢᠯᠡᠬᠦ ᠲᠤᠬᠠᠶ ᠠᠵᠢᠯᠯᠠᠭ᠎ᠠ ᠶᠢ ᠭᠤᠤᠯᠯᠠᠨ ᠡᠷᠬᠢᠯᠡᠬᠦ ᠨᠢᠭᠡᠴᠢ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭᠠᠲᠤ ᠨᠢᠭᠡᠴᠢ ᠮᠦᠨ᠃ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠥᠨᠡᠨ ᠬᠦ ᠰᠠᠶᠢᠲᠤᠷ ᠬᠢᠭᠰᠡᠨ ᠨᠥᠬᠦᠴᠡᠯ ᠳᠣᠤᠷ᠎ᠠ᠂ ᠬᠠᠮᠢᠶ᠎ᠠ ᠪᠦᠬᠦᠢ ᠵᠢᠵᠢᠭ ᠬᠡᠯᠪᠡᠷᠢ ᠶᠢᠨ ᠵᠥᠪᠳᠡᠯᠴᠡᠭᠡᠷ᠂ ᠬᠡᠯᠡᠯᠴᠡᠭᠡᠷ᠂ ᠭᠡᠷ᠎ᠡ ᠲᠣᠭᠲᠠᠬᠤ ᠵᠡᠷᠭᠡ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢ ᠡᠷᠬᠢᠯᠡᠵᠦ ᠪᠣᠯᠤᠨ᠎ᠠ᠂ ᠦᠵᠡᠰᠬᠦᠯᠡᠩ᠂ ᠶᠠᠷᠢᠶᠠᠨ ᠤ ᠲᠠᠪᠴᠠᠩ᠂ ᠣᠨ ᠤ ᠬᠤᠷᠠᠯ ᠵᠡᠷᠭᠡ ᠬᠥᠮᠦᠰ ᠨᠡᠯᠢᠶᠡᠳ ᠣᠯᠠᠨ ᠴᠤᠭᠯᠠᠷᠠᠬᠤ ᠴᠢᠨᠠᠷᠲᠠᠶ ᠠᠵᠢᠯᠯᠠᠭ᠎ᠠ ᠡᠷᠬᠢᠯᠡᠬᠦ ᠶᠢ ᠴᠠᠭᠠᠵᠠᠯᠠᠨ᠎ᠠ᠃ ︵ᠨᠢᠭᠡ︶ ᠠᠵᠢᠯᠯᠠᠭ᠎ᠠ ᠳᠤ ᠣᠷᠣᠯᠴᠠᠬᠤ ᠬᠥᠮᠦᠰ ᠤᠨ ᠬᠠᠮᠢᠶᠠᠷᠤᠯᠲᠠ᠃ ᠭᠠᠳᠠᠷ ᠮᠤᠵᠢ ᠣᠷᠣᠨ ᠠᠴᠠ ᠢᠷᠡᠭᠰᠡᠨ ᠬᠦᠮᠦᠰ ᠢ ᠪᠠᠶᠢᠭ᠎ᠠ ᠭᠠᠵᠠᠷ ᠣᠷᠣᠨ ᠤ ᠬᠢᠨ ᠬᠢᠵᠢᠭ ᠤᠨ ᠪᠠᠶᠢᠳᠠᠯ ᠢ ᠦᠨᠳᠦᠰᠦᠯᠡᠨ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ ᠡᠩ ᠤᠨ ᠪᠠᠶᠢᠳᠠᠯ ᠳᠤ ᠣᠷᠣᠯᠴᠠᠭᠰᠠᠳ ᠠᠴᠠ ᠡᠷᠡᠭᠦᠯ ᠮᠡᠨᠳᠦ ᠶᠢᠨ ᠭᠡᠷᠡᠴᠢ ᠪᠤᠶᠤ ᠪᠢᠴᠢᠭ ᠤᠨ ᠬᠡᠯᠪᠡᠷᠢ ᠶᠢᠨ ᠠᠮᠠᠯᠠᠯᠲᠠ ᠬᠠᠩᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠠᠴᠠ ᠢᠷᠡᠭᠰᠡᠨ ᠬᠥᠮᠦᠨ ᠢ ᠭᠤᠤᠯᠯᠠᠨ ᠡᠷᠬᠢᠯᠡᠭᠰᠡᠨ ᠲᠠᠯ᠎ᠠ ᠠᠴᠠ ᠬᠠᠷᠢᠭᠤᠴᠠᠵᠤ᠂ ᠡᠷᠡᠭᠦᠯ ᠮᠡᠨᠳᠦ ᠶᠢᠨ ᠨᠥᠬᠦᠴᠡᠯ ᠳᠤ ᠨᠡᠶᠢᠴᠡᠪᠡᠯ ᠳᠠᠷᠤᠶ ᠣᠷᠣᠯᠴᠠᠵᠤ ᠪᠣᠯᠤᠨ᠎ᠠ᠃ ︵ᠬᠤᠶᠠᠷ︶ ᠠᠵᠢᠯᠯᠠᠭ᠎ᠠ ᠶᠢ ᠭᠤᠤᠯᠯᠠᠨ ᠡᠷᠬᠢᠯᠡᠬᠦ ᠲᠠᠯ᠎ᠠ ᠠᠴᠠ ᠬᠤᠯᠪᠣᠭᠳᠠᠯ ᠪᠦᠬᠦᠢ ᠢᠷᠡᠬᠦ ᠬᠥᠮᠦᠨ ᠤ ᠮᠡᠳᠡᠭᠡ ᠵᠠᠩᠭᠢ ᠶᠢ ᠲᠡᠳᠡᠨ ᠤ ᠪᠠᠶᠢᠭ᠎ᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠮᠡᠳᠡᠭᠦᠯᠬᠦ ᠬᠡᠷᠡᠭᠲᠡᠶ᠃ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠠᠭᠠᠨ ᠠᠵᠢᠯᠯᠠᠭ᠎ᠠ ᠶᠢᠨ ᠬᠡᠪᠴᠢᠶ᠎ᠡ ᠶᠢ ᠠᠯᠢ ᠴᠢᠳᠠᠬᠤ ᠪᠠᠷ ᠬᠢᠵᠠᠭᠠᠷᠯᠠᠨ᠂ ᠣᠷᠣᠯᠴᠠᠬᠤ ᠬᠥᠮᠦᠰ ᠢ ᠴᠥᠭᠡᠳᠬᠡᠵᠦ᠂ ᠠᠵᠢᠯᠯᠠᠭᠠᠨ ᠤ ᠴᠠᠭ ᠢ ᠪᠣᠭᠤᠨᠢᠰᠬᠠᠬᠤ ᠬᠡᠷᠡᠭᠲᠡᠶ᠃ ᠠᠵᠢᠯᠯᠠᠭᠠᠨ ᠤ ᠲᠠᠯᠠᠪᠤᠷ ᠤᠨ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢ ᠪᠠᠲᠤᠯᠠᠵᠤ᠂ ᠴᠢᠬᠤᠯᠠ ᠪᠦᠬᠦᠢ ᠠᠷᠢᠭᠤᠳᠬᠠᠯ ᠤᠨ ᠠᠵᠢᠯ ᠢ ᠰᠠᠶᠢᠲᠤᠷ ᠬᠢᠵᠦ᠂ ᠬᠤᠷᠠᠯ ᠳᠤ ᠣᠷᠣᠯᠴᠠᠭᠰᠠᠳ ᠲᠤ ᠠᠮᠠᠪᠴᠢ ᠵᠡᠭᠦᠯᠭᠡᠬᠦ ᠬᠡᠷᠡᠭᠲᠡᠶ᠃ ︵ᠭᠤᠷᠪᠠ︶ ᠲᠣᠤᠷ ᠰᠦᠯᠵᠢᠶ᠎ᠡ᠂ ᠸᠢᠳᠢᠤ᠋ ᠬᠤᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠲᠠᠪᠤ᠂ ᠪᠣᠰᠣᠳ ᠠᠵᠢᠯ ᠲᠥᠷᠥᠯ ᠤᠨ ᠬᠠᠮᠢᠶᠠᠷᠤᠯᠲᠠ ᠶᠢᠨ ᠲᠤᠬᠠᠢ ᠡᠭᠦᠨ ᠳᠤ ᠭᠤᠤᠯᠳᠠᠭᠤ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠪᠠᠩᠬᠢ ᠪᠣᠯᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠣᠩᠬᠤᠪᠴᠢ ᠲᠠᠢ ᠨᠢᠭᠡᠴᠢ ᠵᠡᠷᠭᠡ ᠪᠠᠭᠲᠠᠨ᠎ᠠ᠃ ︵ᠨᠢᠭᠡ︶ ᠡᠯ᠎ᠡ ᠭᠠᠵᠠᠷ ᠣᠷᠣᠨ ᠨᠤᠭᠤᠳ ᠬᠠᠮᠢᠶ᠎ᠠ ᠪᠦᠬᠦᠢ ᠵᠦᠭᠯᠡᠭᠦᠷ ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠡᠵᠡᠩᠨᠡᠯᠲᠡ᠂ ᠦᠢᠯᠡᠴᠢᠯᠡᠭᠡᠨ ᠤ ᠡᠮᠬᠢ ᠵᠢᠷᠤᠮ ᠢ ᠡᠮᠬᠢ ᠵᠢᠷᠤᠮ ᠲᠠᠢ᠂ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠰᠡᠷᠭᠦᠭᠡᠬᠦ ᠬᠡᠷᠡᠭᠲᠡᠶ᠃ ︵ᠬᠤᠶᠠᠷ︶ ᠲᠤᠬᠠᠶ ᠶᠢᠨ ᠭᠠᠵᠠᠷ ᠤᠨ ᠬᠢᠵᠢᠭ ᠤᠨ ᠪᠠᠢᠳᠠᠯ ᠤᠨ ᠬᠤᠪᠢᠷᠠᠯᠲᠠ ᠶᠢ ᠦᠨᠳᠦᠰᠦᠯᠡᠨ᠂ ᠭᠠᠵᠠᠷ ᠣᠷᠣᠨ ᠤ ᠲᠥᠷᠥᠯ ᠬᠤᠪᠢᠶᠠᠬᠤ ᠪᠠ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠳᠡᠭᠡᠷᠡᠬᠢ ᠠᠵᠢᠯ ᠲᠥᠷᠥᠯ ᠤᠨ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠤ ᠵᠣᠬᠢᠴᠠᠩᠭᠤᠢ ᠲᠣᠬᠢᠷᠠᠭᠤᠯᠤᠯᠲᠠ ᠬᠢᠬᠦ ᠬᠡᠷᠡᠭᠲᠡᠶ᠃ ᠵᠢᠷᠭᠤᠭ᠎ᠠ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠢᠭ ᠢ ᠰᠡᠷᠭᠡᠶᠢᠯᠡᠬᠦ ᠠᠵᠢᠯ ᠤᠨ ᠲᠤᠬᠠᠶ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠢᠯ ᠲᠥᠷᠥᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ︵ᠨᠢᠭᠡ︶ ᠵᠢᠯᠣᠭᠤᠴᠢ ᠦᠢᠯᠡᠴᠢᠯᠡᠭᠴᠢ ᠶᠢᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ᠂ ᠬᠢᠵᠢᠭ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ ᠡᠷᠡᠭᠦᠯ ᠮᠡᠨᠳᠦ ᠶᠢ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠪᠡᠶ᠎ᠡ ᠶᠢᠨ ᠳᠤᠯᠠᠭᠠᠨ ᠢ ᠨᠢ ᠬᠡᠮᠵᠢᠬᠦ ᠬᠡᠷᠡᠭᠲᠡᠶ᠃ ᠠᠵᠢᠯ ᠤᠨ ᠪᠠᠶᠢᠷᠢ ᠳᠤ ᠭᠠᠷᠬᠤ ᠳᠠᠭᠠᠨ ᠠᠮᠠᠪᠴᠢ᠂ ᠪᠡᠭᠡᠯᠡᠶ ᠵᠡᠷᠭᠡ ᠬᠠᠮᠠᠭᠠᠯᠠᠯᠲᠠ ᠬᠢᠬᠦ ᠬᠡᠷᠡᠭᠲᠡᠶ᠃ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠶᠢ ᠵᠣᠷᠢᠭᠵᠢᠭᠤᠯᠤᠨ᠎ᠠ᠃ ︵ᠬᠤᠶᠠᠷ︶ ᠠᠶᠠᠨᠴᠢᠳ ᠤᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠢᠳᠠᠯ ᠢ ᠦᠵᠡᠵᠦ ᠪᠠᠶᠢᠭᠠᠳ ᠲᠡᠷᠭᠡᠨ ᠳᠤ ᠰᠠᠭᠤᠬᠤ ᠠᠶᠠᠨᠴᠢᠳ ᠲᠤ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠵᠦ᠂ ᠠᠶᠠᠨᠴᠢᠳ ᠢ ᠠᠮᠠᠪᠴᠢ ᠵᠡᠭᠦᠯᠭᠡᠬᠦ᠂ ᠲᠠᠷᠠᠬᠠᠶ ᠪᠤᠲᠠᠷᠬᠠᠶ ᠪᠠᠷ ᠰᠠᠭᠤᠳᠠᠯ ᠰᠣᠩᠭᠤᠭᠤᠯᠬᠤ᠂ ᠲᠠᠷᠠᠬᠠᠶ ᠪᠤᠲᠠᠷᠬᠠᠶ ᠪᠠᠷ ᠲᠡᠷᠭᠡ ᠬᠦᠯᠢᠶᠡᠬᠦ ᠶᠢ ᠱᠠᠭᠠᠷᠳᠠᠨ᠂ ᠠᠶᠠᠨᠴᠢᠳ ᠤᠨ ᠨᠢᠭᠲᠠᠴᠠ ᠶᠢ ᠡᠵᠡᠮᠳᠡᠬᠦ ᠬᠡᠷᠡᠭᠲᠡᠢ᠃ ︵ᠭᠤᠷᠪᠠ︶ ᠠᠶᠠᠨᠴᠢᠳ ᠤᠨ ᠵᠥᠭᠡᠭᠡᠪᠦᠷᠢ ᠶᠢᠨ ᠲᠡᠷᠭᠡ ᠬᠥᠰᠬᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠵᠢᠷᠤᠮᠵᠢᠯ ᠲᠠᠢ ᠠᠷᠢᠭᠤᠳᠬᠠᠨ᠂ ᠰᠠᠯᠬᠢ ᠨᠡᠪᠲᠡᠷᠡᠬᠦ ᠶᠢ ᠴᠢᠩᠭᠠᠳᠬᠠᠨ ᠠᠭᠠᠷ ᠨᠡᠪᠲᠡᠷᠡᠬᠦ ᠶᠢ ᠪᠠᠲᠤᠯᠠᠬᠤ ᠬᠡᠷᠡᠭᠲᠡᠶ᠃ ︵ᠳᠥᠷᠪᠡ︶ ᠲᠡᠷᠭᠡᠨ ᠥᠷᠲᠡᠭᠡᠨ ᠳᠤ ᠲᠡᠷᠭᠡ ᠬᠦᠯᠢᠶᠡᠬᠦ᠂ ᠪᠢᠯᠧᠲ ᠬᠤᠳᠠᠯᠳᠤᠨ ᠠᠪᠬᠤ ᠪᠠ ᠪᠢᠯᠧᠲ ᠪᠤᠴᠠᠭᠠᠬᠤ ᠵᠡᠷᠭᠡ ᠠᠶᠠᠨᠴᠢᠳ ᠲᠤ ᠲᠠᠷᠠᠬᠠᠶ ᠪᠤᠲᠠᠷᠬᠠᠶ ᠪᠠᠶᠢᠯᠭᠠᠬᠤ ᠠᠷᠭ᠎ᠠ ᠬᠡᠮᠵᠢᠶ᠎ᠡ ᠠᠪᠴᠤ᠂ ᠠᠶᠠᠨᠴᠢᠳ ᠤᠨ ᠴᠤᠭᠯᠠᠷᠠᠯ ᠤᠨ ᠬᠡᠮᠵᠢᠶ᠎ᠡ ᠶᠢ ᠪᠠᠭᠤᠷᠠᠭᠤᠯᠬᠤ ᠬᠡᠷᠡᠭᠲᠡᠶ᠃ ᠥᠷᠲᠡᠭᠡ ᠲᠠᠯᠠᠪᠤᠷ ᠤᠨ ᠬᠢᠵᠢᠭ ᠰᠡᠷᠭᠡᠶᠢᠯᠡᠬᠦ ᠠᠷᠢᠭᠤᠳᠬᠠᠯ᠂ ᠠᠷᠢᠭᠤᠨ ᠴᠡᠪᠡᠷ ᠪᠠᠶᠢᠯᠭᠠᠬᠤ ᠪᠠ ᠰᠠᠯᠬᠢ ᠨᠡᠪᠲᠡᠷᠡᠭᠦᠯᠵᠦ ᠠᠭᠠᠷ ᠰᠣᠯᠢᠬᠤ ᠶᠢ ᠴᠢᠩᠭᠠᠳᠬᠠᠨ᠂ ᠲᠡᠷᠭᠡ ᠬᠦᠯᠢᠶᠡᠬᠦ ᠣᠷᠴᠢᠨ ᠲᠣᠭᠤᠷᠢᠨ ᠤ ᠠᠭᠠᠷ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠢ᠃ ︵ᠲᠠᠪᠤ︶ ᠠᠶᠠᠨᠴᠢᠳ ᠶᠡᠷᠦ ᠪᠤᠰᠤ ᠶᠢᠨ ᠪᠠᠶᠢᠳᠠᠯ ᠭᠠᠷᠪᠠᠯ ᠴᠠᠭ ᠲᠤᠬᠠᠶ ᠳᠤᠨᠢ ᠮᠡᠳᠡᠭᠦᠯᠵᠦ᠂ ᠬᠥᠮᠦᠰ ᠢ ᠲᠠᠷᠬᠠᠭᠠᠨ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠵᠦ᠂ ᠬᠠᠮᠢᠶ᠎ᠠ ᠪᠦᠬᠦᠢ ᠥᠷᠲᠡᠭᠡ ᠲᠠᠯᠠᠪᠤᠷ᠂ ᠲᠡᠷᠭᠡ ᠬᠥᠰᠬᠡ ᠶᠢ ᠲᠦᠢᠯᠪᠤᠷᠢᠲᠠᠶ ᠠᠷᠢᠭᠤᠳᠬᠠᠨ ᠰᠢᠢᠳᠪᠦᠷᠢᠯᠡᠬᠦ ᠬᠡᠷᠡᠭᠲᠡᠶ᠃ 2020 ᠣᠨ ᠤ 2 ᠳ᠋ᠤᠭᠠᠷ ᠰᠠᠷ᠎ᠠ ᠶᠢᠨ 23 ᠤ ᠡᠳᠦᠷ
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|