ᠥᠪᠥᠷ ᠵᠠᠰᠠᠭ ᠲᠠᠷᠬᠠᠭᠠᠭᠰᠠᠨ ﹇2019﹈ 11 ᠳ᠋ᠤᠭᠡᠷ ᠲᠤᠭᠠᠳᠤ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠳᠦᠭᠡᠢ᠃
ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠥᠯ
︽︿﹇ᠡᠷᠡᠭᠦᠯ ᠡᠩᠬᠡ ᠳᠤᠮᠳᠠᠲᠤ ᠤᠯᠤᠰ 2030﹈ ᠤ ᠲᠥᠯᠥᠪᠵᠢᠭᠦᠯᠭᠡᠨ ᠤ ᠬᠦᠳᠦᠯᠪᠦᠷᠢ﹀ ᠶᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠪ ᠲᠠᠷᠬᠠᠭᠠᠭᠰᠠᠨ ﹇2016﹈ 23 ᠳ᠋ᠤᠭᠠᠷ ᠲᠣᠭᠠᠲᠤ︶ ᠪᠠ ︽ᠡᠷᠡᠭᠦᠯ ᠡᠩᠬᠡ ᠳᠤᠮᠳᠠᠲᠤ ᠤᠯᠤᠰ ᠤᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2019﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠡᠭᠦᠯ ᠡᠩᠭᠡ ᠥᠪᠥᠷ ᠮᠣᠩᠭᠤᠯ ᠤᠨ ᠠᠵᠢᠯᠯᠠᠭᠠᠨ ᠢ ᠬᠡᠷᠡᠭᠵᠢᠭᠦᠯᠬᠦ ᠶᠢ ᠠᠬᠢᠭᠤᠯᠤᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠭᠦᠯ ᠴᠢᠬᠢᠷᠠᠭ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠲᠤᠰ ᠲᠥᠰᠥᠯ ᠢ ᠲᠣᠭᠲᠠᠭᠠᠪᠠ᠃
ᠨᠢᠭᠡ᠂ ᠶᠡᠷᠦᠩᠬᠡᠢ ᠱᠠᠭᠠᠷᠳᠠᠯᠭ᠎ᠠ
︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠷᠠᠳ ᠲᠦᠮᠡᠨ ᠢᠶᠠᠷ ᠭᠤᠣᠯ ᠪᠤᠯᠭᠠᠨᠨᠰᠠᠨ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠵᠠᠰᠠᠭ ᠤᠨ ᠣᠷᠳᠣᠨ᠂ ᠨᠡᠶᠢᠭᠡᠮ ᠪᠣᠯᠣᠨ ᠬᠤᠪᠢ ᠬᠦᠮᠦᠨ ᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠠᠵᠢᠯ ᠤᠨ ᠣᠨᠣᠯᠵᠢᠬᠤᠨ ᠪᠣᠯᠣᠨ ᠦᠢᠯᠡᠴᠢᠯᠡᠭᠡᠨ ᠤ ᠠᠷᠭ᠎ᠠ ᠬᠡᠯᠪᠡᠷᠢ ᠳᠤ ᠡᠪᠡᠳᠴᠢᠨ ᠢ ᠨᠢ ᠵᠠᠰᠠᠬᠤ ᠪᠠᠷ ᠭᠤᠣᠯ ᠪᠣᠯᠭᠠᠵᠤ ᠪᠠᠶᠢᠭᠰᠠᠨ ᠠᠴᠠ ᠬᠤᠪᠢᠷᠠᠭᠤᠯᠤᠭᠠᠳ ᠠᠷᠠᠳ ᠲᠦᠮᠡᠨ ᠢ ᠡᠷᠡᠭᠦᠯ ᠴᠢᠬᠢᠷᠠᠭ ᠪᠠᠶᠢᠯᠭᠠᠬᠤ ᠪᠠᠷ ᠭᠤᠣᠯ ᠪᠣᠯᠭᠠᠬᠤ ᠲᠡᠶᠢᠰᠢ ᠲᠦᠷᠭᠡᠳᠭᠡᠨ ᠠᠬᠢᠭᠤᠯᠵᠤ᠂ ᠡᠷᠡᠭᠦᠯ ᠡᠩᠬᠡ ᠶᠢᠨ ᠬᠦᠮᠦᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠷᠡᠭᠦᠯ ᠡᠩᠬᠡ ᠶᠢᠨ ᠮᠡᠳᠡᠯᠭᠡ ᠶᠢ ᠲᠥᠭᠡᠮᠡᠯᠵᠢᠭᠦᠯᠦᠨ᠂ ᠡᠷᠡᠭᠦᠯ ᠡᠩᠬᠡ ᠶᠢᠨ ᠲᠠᠯ᠎ᠠ ᠳᠤ ᠡᠷᠬᠡ ᠳᠡᠭᠰᠢ ᠪᠠᠶᠢᠬᠤ ᠶᠢ ᠢᠯᠡᠷᠬᠡᠢ ᠰᠠᠶᠢᠵᠢᠷᠠᠭᠤᠯᠵᠤ᠂ ᠣᠯᠠᠨ ᠲᠦᠮᠡᠨ ᠢ ᠬᠦᠲᠦᠯᠦᠨ ᠵᠢᠯᠣᠭᠤᠳᠴᠦ ᠪᠠᠶᠢᠭᠠᠳ ᠡᠷᠡᠭᠦᠯ ᠡᠩᠬᠡ ᠶᠢᠨ ᠲᠤᠬᠠᠢ ᠵᠥᠪ ᠦᠵᠡᠯᠲᠡ ᠲᠠᠢ ᠪᠣᠯᠭᠠᠨ᠂ ᠡᠷᠡᠭᠦᠯ ᠡᠩᠬᠡ ᠳᠤ ᠠᠰᠢᠭᠲᠠᠢ ᠠᠮᠢᠳᠤᠷᠠᠯ ᠤᠨ ᠠᠷᠭ᠎ᠠ ᠬᠡᠯᠪᠡᠷᠢ᠂ ᠠᠮᠢ ᠠᠬᠤᠢ ᠶᠢᠨ ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ ᠠᠬᠤᠢ ᠶᠢ ᠪᠣᠢ ᠪᠣᠯᠭᠠᠵᠤ᠂ ᠠᠷᠠᠳ ᠲᠦᠮᠡᠨ ᠢ ᠡᠷᠡᠭᠦᠯ ᠴᠢᠬᠢᠷᠠᠭ ᠪᠤᠯᠭᠠᠬᠤ ᠶᠢ ᠪᠠᠲᠤᠯᠠᠬᠤ᠂ ᠡᠷᠡᠭᠦᠯ ᠡᠩᠬᠡ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃
︵ᠬᠤᠶᠠᠷ︶ ᠦᠨᠳᠦᠰᠦᠨ ᠵᠠᠷᠴᠢᠮ᠃
1. ᠮᠡᠳᠡᠯᠭᠡ ᠶᠢ ᠲᠥᠭᠡᠮᠡᠯᠵᠢᠭᠦᠯᠦᠨ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠢ᠃ ᠡᠷᠡᠭᠦᠯ ᠡᠩᠬᠡ ᠶᠢᠨ ᠮᠡᠳᠡᠯᠭᠡ ᠶᠢ ᠲᠥᠭᠡᠮᠡᠯᠵᠢᠭᠦᠯᠦᠨ᠂ ᠡᠷᠡᠭᠦᠯ ᠡᠩᠬᠡ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠦᠮᠦᠨ ᠨᠢᠭᠡ ᠪᠦᠷᠢ ᠪᠣᠯ ᠲᠤᠰ ᠪᠡᠶ᠎ᠡ ᠶᠢᠨ ᠢᠶᠠᠨ ᠡᠷᠡᠭᠦᠯ ᠴᠢᠬᠢᠷᠠᠭ ᠤᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠣᠨᠣᠯᠵᠢᠬᠤᠨ ᠢ ᠰᠠᠨᠠᠭᠠᠴᠢᠯᠠᠵᠤ᠂ ᠡᠷᠡᠭᠦᠯ ᠡᠩᠬᠡ ᠶᠢᠨ ᠮᠡᠳᠡᠯᠭᠡ᠂ ᠠᠵᠢᠯᠯᠠᠭ᠎ᠠ ᠪᠠ ᠤᠷ᠎ᠠ ᠴᠢᠳᠠᠪᠤᠷᠢ ᠶᠢ ᠰᠠᠭᠤᠭᠠᠯᠢ ᠠᠷᠠᠳ ᠤᠨ ᠨᠡᠶᠢᠳᠡᠮ ᠪᠦᠷᠢᠯᠳᠤᠭᠦᠯᠬᠦ ᠬᠡᠪ ᠴᠢᠨᠠᠷ ᠪᠣᠯᠣᠨ ᠴᠢᠳᠠᠪᠤᠷᠢ ᠪᠣᠯᠭᠠᠵᠤ᠂ ᠲᠤᠰ ᠪᠡᠶ᠎ᠡ ᠳᠤ ᠪᠠᠨ ᠪᠠ ᠭᠡᠷ ᠪᠦᠯᠢ ᠶᠢᠨ ᠢᠶᠠᠨ ᠣᠨᠴᠠᠯᠢᠭ ᠲᠤ ᠵᠣᠬᠢᠴᠠᠭᠰᠠᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠬᠡᠪᠰᠢᠭᠦᠯᠵᠦ᠂ ᠪᠦᠬᠦ ᠠᠮᠢ ᠨᠠᠰᠤᠨ ᠤ ᠦᠶᠡᠯᠡᠯᠲᠦ ᠬᠤᠭᠤᠴᠠᠭᠠᠨ ᠳᠤ ᠡᠷᠡᠭᠦᠯ ᠰᠠᠷᠠᠭᠤᠯ ᠠᠮᠢᠳᠤᠷᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃
2. ᠡᠬᠢᠨ ᠤ ᠱᠠᠲᠤᠨ ᠳᠤ ᠨᠢ ᠬᠢᠨᠠᠨ ᠵᠢᠯᠤᠭᠤᠳᠴᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠰᠡᠷᠭᠡᠶᠢᠯᠡᠨ ᠵᠠᠰᠠᠬᠤ ᠠᠷᠭ᠎ᠠ ᠪᠣᠳᠣᠯᠭ᠎ᠠ ᠪᠠᠨ ᠲᠡᠭᠦᠯᠳᠡᠷᠵᠢᠭᠦᠯᠵᠦ᠂ ᠰᠠᠯᠠᠭ᠎ᠠ ᠮᠦᠴᠢᠷ ᠤᠨ ᠬᠤᠯᠪᠣᠭᠠᠯᠠᠨ ᠬᠦᠳᠡᠯᠦᠯᠴᠡᠬᠦ ᠶᠢ ᠴᠢᠩᠭᠠᠷᠠᠭᠤᠯᠤᠨ᠂ ᠡᠷᠡᠭᠦᠯ ᠡᠩᠬᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠭᠡᠵᠦ᠂ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠢᠭᠡᠳ ᠡᠷᠡᠭᠦᠯ ᠡᠩᠬᠡ ᠶᠢᠨ ᠦᠢᠯᠡᠴᠢᠯᠡᠭᠡᠨ ᠢ ᠪᠦᠲᠦᠮᠵᠢᠲᠠᠢ ᠵᠣᠯᠭᠠᠭᠤᠯᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠲᠣᠭᠲᠠᠭᠠᠬᠤ᠂ ᠬᠡᠷᠡᠭᠵᠢᠭᠦᠯᠦᠨ ᠲᠣᠬᠢᠷᠠᠭᠤᠯᠬᠤ᠂ ᠵᠣᠬᠢᠶᠠᠨ ᠪᠠᠶᠢᠭᠤᠯᠤᠨ ᠪᠠᠲᠤᠯᠠᠬᠤ ᠵᠡᠷᠭᠡ ᠲᠠᠯ᠎ᠠ ᠠᠴᠠ ᠭᠤᠣᠯ ᠪᠣᠯᠬᠤ ᠡᠷᠡᠭᠦᠯ ᠡᠩᠬᠡ ᠶᠢᠨ ᠠᠰᠠᠭᠤᠳᠠᠯ ᠵᠢᠴᠢ ᠨᠦᠯᠦᠭᠡᠯᠡᠬᠦ ᠬᠦᠴᠦᠨ ᠵᠦᠢᠯ ᠢ ᠬᠢᠨᠠᠨ ᠰᠢᠨᠵᠢᠬᠦ᠂ ᠰᠡᠷᠡᠮᠵᠢᠯᠡᠬᠦ᠂ ᠦᠨᠡᠯᠡᠨ ᠵᠢᠱᠢᠬᠦ ᠵᠡᠷᠭᠡ ᠶᠠᠪᠤᠴᠠ ᠳᠤ ᠬᠢᠨᠠᠨ ᠵᠢᠯᠣᠭᠤᠳᠬᠤ ᠬᠡᠷᠡᠭᠲᠡᠢ᠃
3. ᠪᠦᠬᠦ ᠲᠠᠯ᠎ᠠ ᠪᠠᠷ ᠣᠷᠣᠯᠴᠠᠵᠤ᠂ ᠬᠠᠮᠲᠤ ᠳᠤ ᠪᠠᠨ ᠪᠠᠶᠢᠭᠤᠯᠵᠤ ᠬᠠᠮᠲᠤ ᠳᠤ ᠪᠠᠨ ᠬᠦᠷᠲᠡᠯᠴᠡᠨ ᠡᠳ᠋ᠯᠡᠬᠦ ᠬᠡᠷᠡᠭᠲᠡᠢ᠃ ᠨᠢᠭᠡᠴᠢ᠂ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶᠂ ᠭᠡᠷ ᠪᠦᠯᠢ᠂ ᠬᠤᠪᠢ ᠬᠦᠮᠦᠨ ᠬᠦᠳᠡᠯᠦᠯᠴᠡᠵᠦ ᠡᠬᠢᠯᠡᠬᠦ ᠶᠢ ᠵᠣᠷᠢᠬᠵᠢᠭᠤᠯᠬᠤ ᠪᠠ ᠬᠦᠲᠦᠯᠦᠨ ᠵᠢᠯᠣᠭᠤᠳᠴᠦ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠳᠤ ᠢᠳᠡᠪᠬᠢᠲᠡᠢ ᠠᠭᠤᠰᠤᠯᠴᠠᠭᠤᠯᠵᠦ᠂ ᠪᠦᠬᠦ ᠨᠡᠶᠢᠭᠡᠮ ᠢᠶᠠᠷ ᠢᠶᠠᠨ ᠦᠷᠭᠡᠨ ᠳᠡᠯᠭᠡᠷ ᠢᠶᠠᠷ ᠣᠷᠣᠯᠴᠠᠭᠰᠠᠨ᠂ ᠬᠠᠮᠲᠤ ᠳᠤ ᠪᠠᠨ ᠪᠠᠶᠢᠭᠤᠯᠵᠤ ᠬᠠᠮᠲᠤ ᠳᠤ ᠪᠠᠨ ᠬᠦᠷᠲᠡᠯᠴᠡᠨ ᠡᠳ᠋ᠯᠡᠭᠰᠡᠨ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠬᠤ ᠬᠡᠷᠡᠭᠲᠡᠢ᠃
︵ᠭᠤᠷᠪᠠ︶ ᠶᠡᠷᠦᠩᠬᠡᠢ ᠬᠠᠷᠠᠯᠲᠠ᠃
2022 ᠣᠨ ᠪᠣᠯᠲᠠᠯ᠎ᠠ᠂ ᠡᠷᠡᠭᠦᠯ ᠡᠩᠬᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ ᠡᠷᠡᠭᠦᠯ ᠡᠩᠬᠡ ᠶᠢᠨ ᠲᠠᠯ᠎ᠠ ᠪᠠᠷ ᠬᠢ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠲᠡᠭᠡᠭᠰᠢᠯᠡᠭᠦᠯᠦᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠭᠡᠨ ᠳᠡᠯᠭᠡᠷᠡᠭᠦᠯᠵᠦ᠂ ᠬᠦᠨᠳᠦ ᠶᠡᠭᠡ ᠤᠵᠢᠭ ᠡᠪᠡᠳᠴᠢᠨ ᠡᠭᠦᠰᠬᠦ ᠨᠣᠷᠮ᠎ᠠ ᠶᠢᠨ ᠳᠡᠭᠡᠭᠰᠢᠯᠡᠬᠦ ᠬᠠᠨᠳᠤᠰᠢ ᠶᠢ ᠪᠦᠲᠦᠮᠵᠢᠲᠠᠢ ᠬᠤᠷᠢᠭᠯᠠᠨ᠂ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ᠂ ᠬᠦᠨᠳᠦ ᠬᠡᠴᠡᠭᠦᠦ ᠣᠶᠣᠨ ᠮᠡᠳᠡᠷᠡᠯ ᠤᠨ ᠲᠣᠳᠬᠠᠷ᠂ ᠣᠷᠣᠨ ᠨᠤᠲᠤᠭ ᠤᠨ ᠡᠪᠡᠳᠴᠢᠨ᠂ ᠠᠵᠢᠯ ᠤᠨ ᠨᠦᠯᠦᠭᠡᠨ ᠤ ᠡᠪᠡᠳᠴᠢᠨ ᠢ ᠪᠦᠲᠦᠮᠵᠢᠲᠡᠢ ᠰᠡᠷᠭᠡᠶᠢᠯᠡᠨ ᠬᠢᠵᠠᠭᠠᠷᠯᠠᠵᠤ᠂ ᠭᠤᠣᠯ ᠪᠣᠯᠬᠤ ᠬᠦᠮᠦᠰ ᠤᠨ ᠡᠷᠡᠭᠦᠯ ᠴᠢᠬᠢᠷᠠᠭ ᠤᠨ ᠪᠠᠶᠢᠳᠠᠯ ᠢ ᠢᠯᠡᠷᠬᠡᠢ ᠰᠠᠶᠢᠵᠢᠷᠠᠭᠤᠯᠤᠨ᠎ᠠ᠃
2030 ᠣᠨ ᠪᠤᠯᠲᠠᠯ᠎ᠠ᠂ ᠡᠷᠡᠭᠦᠯ ᠡᠩᠬᠡ ᠶᠢᠨ ᠠᠰᠠᠭᠤᠳᠠᠯ ᠪᠠ ᠨᠦᠯᠦᠭᠡᠯᠡᠬᠦ ᠬᠦᠴᠦᠨ ᠵᠦᠢᠯ ᠢ ᠪᠦᠲᠦᠮᠵᠢᠲᠠᠢ ᠵᠠᠰᠠᠵᠤ᠂ ᠡᠷᠡᠭᠦᠯ ᠡᠩᠬᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠪᠠᠲᠤᠯᠠᠭ᠎ᠠ᠂ ᠪᠦᠬᠦ ᠠᠷᠠᠳ ᠤᠨ ᠡᠷᠡᠭᠦᠯ ᠡᠩᠬᠡ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠶᠡᠭᠡ ᠬᠡᠮᠵᠢᠶ᠎ᠡ ᠪᠠᠷ ᠲᠡᠭᠡᠭᠰᠢᠯᠡᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠳᠤ ᠪᠠᠨ ᠲᠦᠬᠡᠮᠡᠯᠵᠢᠬᠦᠯᠦᠨ᠂ ᠬᠦᠨᠳᠦ ᠶᠡᠭᠡ ᠤᠵᠢᠭ ᠡᠪᠡᠳᠴᠢᠨ ᠠᠴᠠ ᠪᠣᠯᠣᠭᠰᠠᠨ ᠬᠡᠳᠦ ᠡᠷᠲᠡ ᠦᠬᠦᠬᠦ ᠨᠣᠷᠮ᠎ᠠ ᠶᠢ ᠢᠯᠡᠷᠬᠡᠢ ᠲᠤᠭᠤᠨᠨᠰᠢᠯᠠᠭᠤᠯᠵᠦ᠂ ᠬᠦᠮᠦᠨ ᠳᠤᠮᠳᠠᠴᠢ ᠶᠢᠨ ᠡᠷᠡᠭᠦᠯ ᠡᠩᠬᠡ ᠶᠢᠨ ᠵᠢᠱᠢᠭᠰᠡᠨ ᠠᠮᠢ ᠨᠠᠰᠤ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠭᠤᠣᠯ ᠪᠣᠯᠬᠤ ᠡᠷᠡᠭᠦᠯ ᠡᠩᠬᠡ ᠶᠢᠨ ᠭᠦᠢᠴᠡᠳᠭᠡᠯ ᠲᠤᠭ᠎ᠠ ᠶᠢ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠦᠯᠵᠦ᠂ ᠡᠷᠡᠭᠦᠯ ᠡᠩᠬᠡ ᠶᠢᠨ ᠲᠠᠯ᠎ᠠ ᠳᠤ ᠡᠷᠬᠡ ᠳᠡᠭᠰᠢ ᠪᠠᠶᠢᠯᠭᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃
ᠬᠤᠶᠠᠷ᠂ ᠭᠤᠣᠯ ᠡᠭᠦᠷᠭᠡ
︵ᠨᠢᠭᠡ︶ ᠡᠷᠡᠭᠦᠯ ᠡᠩᠬᠡ ᠶᠢᠨ ᠮᠡᠳᠡᠯᠭᠡ ᠶᠢᠨ ᠲᠦᠬᠡᠮᠡᠯᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠡᠷ ᠪᠦᠯᠢ ᠪᠣᠯᠣᠨ ᠬᠤᠪᠢ ᠬᠦᠮᠦᠨ ᠳᠤ ᠬᠠᠨᠳᠤᠭᠤᠯᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠬᠢᠨ ᠤ ᠱᠠᠲᠤᠨ ᠳᠤ ᠨᠢ ᠣᠯᠵᠤ ᠮᠡᠳᠡᠬᠦ᠂ ᠪᠠᠴᠢᠮ ᠠᠪᠤᠷᠠᠨ ᠲᠤᠰᠠᠯᠠᠬᠤ᠂ ᠳᠠᠷᠤᠢ ᠲᠦᠷᠭᠡᠨ ᠡᠮᠨᠡᠭᠦᠯᠬᠦ᠂ ᠵᠦᠢ ᠵᠣᠬᠢᠰᠲᠠᠢ ᠪᠠᠷ ᠡᠮ ᠵᠠᠷᠤᠬᠤ ᠵᠡᠷᠭᠡ ᠡᠷᠡᠭᠦᠯ ᠡᠩᠬᠡ ᠶᠢ ᠬᠠᠮᠠᠭᠠᠯᠠᠬᠤ ᠮᠡᠳᠡᠯᠭᠡ ᠬᠢᠭᠡᠳ ᠤᠷ᠎ᠠ ᠴᠢᠳᠠᠪᠤᠷᠢ ᠶᠢ ᠲᠥᠬᠡᠮᠡᠯᠵᠢᠭᠦᠯᠬᠦ ᠬᠡᠷᠡᠭᠲᠡᠢ᠃ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠤ ᠲᠥᠬᠡᠮᠡᠯᠵᠢᠭᠦᠯᠦᠯᠲᠡ ᠶᠢᠨ ᠲᠤᠰᠬᠠᠢ ᠮᠡᠷᠭᠡᠵᠢᠯᠲᠡᠨ ᠤ ᠬᠦᠮᠦᠷᠭᠡ ᠪᠣᠯᠣᠨ ᠡᠬᠢ ᠪᠠᠶᠠᠯᠢᠭ ᠤᠨ ᠬᠦᠮᠦᠷᠭᠡ ᠶᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠢ ᠲᠦᠬᠡᠮᠡᠯᠵᠢᠭᠦᠯᠬᠦ ᠮᠡᠳᠡᠯᠭᠡ ᠶᠢᠨ ᠨᠡᠶᠢᠳᠡᠯᠡᠯ ᠪᠠ ᠤᠯᠠᠮᠵᠢᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠵᠠᠯᠠᠭᠤᠴᠤᠳ ᠪᠠᠭᠠᠴᠤᠳ᠂ ᠬᠦᠩᠭᠡᠵᠢᠬᠦ ᠨᠠᠰᠤᠨ ᠤ ᠡᠮᠡᠭᠲᠡᠶᠢᠴᠦᠳ᠂ ᠶᠠᠪᠤᠭᠤᠯ ᠬᠦᠮᠦᠰ ᠵᠢᠴᠢ ᠪᠡᠯᠭᠡ ᠪᠠᠷ ᠬᠠᠯᠳᠠᠪᠤᠷᠢᠯᠠᠬᠤ ᠲᠥᠭᠰᠢᠭᠦᠷᠢ ᠶᠡᠬᠡᠲᠡᠢ ᠦᠢᠯᠡ ᠠᠵᠢᠯᠯᠠᠭ᠎ᠠ ᠲᠠᠢ ᠬᠦᠮᠦᠰ ᠤᠨ ᠪᠡᠯᠭᠡ ᠶᠢᠨ ᠡᠷᠡᠭᠦᠯ᠂ ᠬᠤᠷᠢᠴᠠᠯ ᠤᠨ ᠠᠮᠢᠳᠤᠷᠠᠯ ᠤᠨ ᠰᠤᠷᠳᠠᠬᠤᠨ᠂ ᠪᠡᠯᠭᠡ ᠶᠢᠨ ᠡᠪᠡᠳᠴᠢᠨ ᠠᠶᠦᠯ ᠦᠬᠡᠢ ᠶᠢᠨ ᠤᠬᠠᠭᠤᠯᠭ᠎ᠠ ᠬᠦᠮᠦᠵᠢᠯ ᠪᠠ ᠬᠢᠨᠠᠨ ᠵᠢᠯᠣᠭᠤᠳᠬᠤ ᠶᠢ ᠭᠤᠣᠯᠳᠠᠯᠭ᠎ᠠ ᠲᠠᠢ ᠪᠠᠷ ᠴᠢᠩᠭᠠᠳᠬᠠᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠬᠢᠨ ᠤ ᠡᠷᠡᠭᠦᠯ ᠡᠩᠬᠡ ᠶᠢ ᠠᠬᠢᠭᠤᠯᠬᠤ ᠬᠢᠭᠡᠳ ᠬᠦᠮᠦᠵᠢᠯ ᠤᠨ ᠲᠠᠯ᠎ᠠ ᠪᠠᠷ ᠤᠷᠮᠠᠰᠢᠭᠤᠯᠬᠤ ᠪᠠ ᠬᠢᠵᠠᠭᠠᠷᠯᠠᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠷᠠᠳᠢᠣ᠋ ᠲᠧᠯᠸᠢᠰ ᠬᠤᠷᠢᠶ᠎ᠠ ᠪᠠ ᠪᠣᠰᠣᠳ ᠵᠠᠭᠤᠴᠢᠯᠠᠭᠤᠷ ᠤᠨ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠫᠷᠣᠭ᠍ᠷᠠᠮ ᠡᠷᠬᠢᠯᠡᠨ ᠬᠢᠬᠦ ᠶᠢ ᠵᠣᠷᠢᠬᠵᠢᠭᠤᠯᠬᠤ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ ᠪᠦᠬᠦ ᠣᠷᠣᠨ ᠤ ᠰᠠᠭᠤᠭᠠᠯᠢ ᠠᠷᠠᠳ ᠤᠨ ᠡᠷᠡᠭᠦᠯ ᠡᠩᠬᠡ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠲᠤᠰ ᠲᠤᠰ 22% ᠪᠠ 30% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃
︵ᠬᠤᠶᠠᠷ︶ ᠵᠦᠢ ᠵᠣᠬᠢᠰᠲᠠᠢ ᠬᠤᠭᠤᠯᠠ ᠢᠳᠡᠭᠡᠨ ᠤ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠤᠯᠤᠰ ᠠᠷᠠᠳ ᠤᠨ ᠰᠢᠮ᠎ᠡ ᠲᠡᠵᠢᠭᠡᠯ ᠤᠨ ᠲᠥᠯᠥᠪᠯᠡᠭᠡ ︵2017 — 2030 ᠣᠨ︶︾ ᠬᠡᠷᠡᠭᠵᠢᠭᠦᠯᠬᠦ ᠶᠢ ᠠᠬᠢᠭᠤᠯᠤᠨ᠂ ᠬᠤᠭᠤᠯᠨ ᠢᠳᠡᠭᠡᠨ ᠤ ᠰᠢᠮ᠎ᠡ ᠳᠡᠵᠢᠭᠡᠯ ᠤᠨ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠠᠳᠠᠯᠢ ᠪᠣᠰᠤ ᠬᠦᠮᠦᠰ ᠤᠨ ᠣᠨᠴᠠᠯᠢᠭ ᠲᠤ ᠲᠣᠬᠢᠷᠠᠭᠰᠠᠨ ᠬᠤᠭᠤᠯᠠᠨ ᠢᠳᠡᠭᠡᠨ ᠤ ᠵᠦᠭᠯᠡᠭᠦᠷ ᠢ ᠨᠡᠶᠢᠲᠡᠯᠡᠨ᠂ ᠰᠠᠭᠤᠭᠠᠯᠢ ᠠᠷᠠᠳ ᠤᠨ ᠰᠢᠮ᠎ᠡ ᠲᠡᠵᠢᠭᠡᠯ ᠤᠨ ᠬᠢᠨᠠᠨ ᠰᠢᠨᠵᠢᠬᠦ ᠳᠦᠷᠢᠮ ᠪᠠ ᠡᠮᠴᠢᠯᠡᠭᠡᠨ ᠤ ᠰᠢᠮ᠎ᠡ ᠲᠡᠵᠢᠭᠡᠯ ᠳᠤ ᠬᠢᠨᠠᠨ ᠵᠢᠯᠣᠭᠤᠳᠬᠤ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠰᠠᠭᠤᠭᠠᠯᠢ ᠠᠷᠠᠳ ᠤᠨ ᠰᠢᠮ᠎ᠡ ᠳᠡᠵᠢᠭᠡᠯ ᠬᠦᠷᠦᠯᠴᠡᠬᠦ ᠦᠭᠡᠢ ᠪᠠ ᠦᠯᠡᠭᠦᠳᠡᠬᠦ ᠪᠠᠶᠢᠳᠠᠯ ᠵᠡᠷᠭᠡᠴᠡᠨ ᠣᠷᠣᠰᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠪᠦᠬᠦ ᠨᠡᠶᠢᠭᠡᠮ ᠤᠨ ᠬᠢᠨ ᠤ ᠳᠠᠪᠤᠰᠤ᠂ ᠲᠣᠰᠣ᠂ ᠰᠢᠬᠢᠷ ᠲᠤᠳᠠᠭᠤ ᠢᠳᠡᠬᠦ ᠠᠵᠢᠯᠯᠠᠭ᠎ᠠ ᠳᠤ ᠣᠷᠣᠯᠴᠠᠬᠤ ᠶᠢ ᠵᠣᠷᠢᠬᠵᠢᠭᠤᠯᠤᠨ᠂ ᠳᠠᠪᠤᠰᠤ᠂ ᠲᠣᠰᠤ᠂ ᠰᠢᠬᠢᠷ ᠤᠨ ᠪᠤᠭᠤᠳᠠᠯ ᠪᠠᠭᠯᠠᠭ᠎ᠠ ᠶᠢᠨ ᠪᠠᠷᠢᠮᠵᠢᠶ᠎ᠠ ᠶᠢ ᠰᠣᠳᠣᠯᠣᠨ ᠲᠡᠭᠦᠯᠳᠡᠷᠵᠢᠭᠦᠯᠬᠦ ᠳᠤ ᠢᠳᠡᠪᠬᠢᠲᠡᠢ ᠣᠷᠣᠯᠴᠠᠵᠤ᠂ ᠢᠳᠡᠭᠡᠨ ᠤ ᠰᠢᠮ᠎ᠡ ᠲᠡᠵᠢᠭᠡᠯ ᠤᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠭᠤᠣᠯᠳᠠᠯᠭ᠎ᠠ ᠲᠠᠢ ᠬᠦᠮᠦᠰ ᠤᠨ ᠰᠢᠮ᠎ᠡ ᠲᠡᠵᠢᠭᠡᠯ ᠤᠨ ᠲᠠᠯ᠎ᠠ ᠳᠤ ᠬᠢᠨᠠᠨ ᠵᠢᠯᠣᠭᠤᠳᠬᠤ ᠶᠢ ᠬᠡᠷᠡᠭᠵᠢᠭᠦᠯᠦᠨ᠂ ᠰᠢᠮ᠎ᠡ ᠲᠡᠵᠢᠭᠡᠯ ᠤᠨ ᠲᠠᠯ᠎ᠠ ᠳᠤ ᠬᠢᠨᠠᠨ ᠵᠢᠯᠣᠭᠤᠳᠬᠤ ᠶᠢ ᠡᠷᠡᠭᠦᠯ ᠡᠩᠭᠡ ᠪᠠᠷ ᠶᠠᠳᠠᠭᠤ ᠶᠢ ᠳᠡᠳᠬᠦᠬᠦ ᠠᠵᠢᠯ ᠤᠨ ᠬᠦᠷᠢᠶ᠎ᠡ ᠬᠡᠪᠴᠢᠶᠡᠨ ᠳᠤ ᠣᠷᠤᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠪᠠ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠡᠤᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ 2022 ᠣᠨ ᠪᠣᠯᠣᠨ 2030 ᠣᠨ ᠪᠣᠯᠬᠤ ᠳᠤ᠂ ᠰᠠᠭᠤᠭᠠᠯᠢ ᠠᠷᠠᠳ ᠤᠨ ᠰᠢᠮ᠎ᠡ ᠲᠡᠵᠢᠭᠡᠯ ᠤᠨ ᠡᠷᠡᠭᠦᠯ ᠡᠩᠬᠡ ᠶᠢᠨ ᠮᠡᠳᠡᠯᠭᠡ ᠶᠢ ᠣᠶᠢᠯᠠᠭᠠᠨ ᠮᠡᠳᠡᠬᠦ ᠨᠣᠷᠮ᠎ᠠ ᠶᠢ 2019 ᠣᠨ ᠪᠠ 2022 ᠣᠨ ᠤ ᠰᠠᠭᠤᠷᠢᠨ ᠳᠡᠭᠡᠷ᠎ᠡ ᠲᠤᠰ ᠲᠤᠰ 10% ᠳᠡᠭᠡᠭᠰᠢᠯᠡᠭᠦᠯᠵᠦ᠂ 5 ᠨᠠᠰᠤᠨ ᠠᠴᠠ ᠳᠣᠭᠤᠭᠰᠢᠬᠢ ᠬᠡᠤᠬᠡᠳ ᠤᠨ ᠦᠰᠦᠯᠲᠡ ᠪᠤᠶᠢᠵᠢᠯᠲᠠ ᠪᠠᠷ ᠤᠳᠠᠭᠠᠰᠢᠷᠠᠬᠤ ᠨᠣᠷᠮ᠎ᠠ ᠶᠢ ᠲᠤᠰ ᠲᠤᠰ 7% ᠪᠠ 5% ᠠᠴᠠ ᠳᠣᠣᠷ᠎ᠠ ᠪᠠᠶᠢᠯᠭᠠᠵᠤ᠂ ᠨᠠᠰᠤᠨ ᠳᠤ ᠬᠦᠷᠦᠭᠰᠡᠳ ᠤᠨ ᠮᠠᠷᠢᠶᠠᠯᠠᠬᠤ ᠨᠡᠮᠡᠭᠳᠡᠯ ᠤᠨ ᠨᠣᠷᠮ᠎ᠠ ᠶᠢ ᠦᠷᠭᠦᠯᠵᠢᠯᠡᠨ ᠤᠳᠠᠭᠠᠰᠢᠷᠠᠭᠤᠯᠬᠤ ᠬᠡᠷᠡᠭᠲᠡᠢ᠃
︵ᠭᠤᠷᠪᠠ︶ ᠪᠦᠬᠦ ᠠᠷᠠᠳ ᠤᠨ ᠪᠡᠶ᠎ᠡ ᠮᠠᠬᠠᠪᠤᠳ ᠴᠢᠬᠢᠷᠠᠭᠵᠢᠭᠤᠯᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠪᠦᠬᠦ ᠠᠷᠠᠳ ᠤᠨ ᠪᠡᠶ᠎ᠡ ᠮᠠᠬᠠᠪᠤᠳ ᠴᠢᠬᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠮᠡᠳᠡᠯᠭᠡ ᠪᠠ ᠠᠷᠭ᠎ᠠ ᠶᠢ ᠲᠥᠭᠡᠮᠡᠯᠵᠢᠭᠦᠯᠦᠨ᠂ ᠠᠳᠠᠯᠢ ᠪᠣᠰᠤ ᠬᠦᠮᠥᠰ ᠲᠤ ᠬᠠᠨᠳᠤᠯᠭ᠎ᠠ ᠶᠢᠨ ᠴᠢᠨᠠᠷᠲᠠᠢ ᠪᠡᠶ᠎ᠡ ᠶᠢᠨ ᠲᠠᠮᠢᠷ ᠢᠶᠠᠷ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠲᠥᠰᠥᠯ ᠪᠣᠶᠣ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠵᠢᠯᠣᠭᠤᠳᠤᠯᠭ᠎ᠠ ᠬᠠᠩᠭᠠᠵᠤ᠂ ︽ᠡᠷᠡᠭᠦᠯᠵᠢᠯ ᠪᠠ ᠪᠡᠶ᠎ᠡ ᠶᠢᠨ ᠲᠠᠮᠢᠷ ᠢ ᠤᠶᠠᠯᠳᠤᠭᠤᠯᠬᠤ︾ ︽ᠪᠡᠶ᠎ᠡ ᠶᠢᠨ ᠲᠠᠮᠢᠷ ᠪᠠ ᠡᠮᠴᠢᠯᠡᠭᠡ ᠶᠢ ᠤᠶᠠᠯᠳᠤᠭᠤᠯᠬᠤ︾ ᠶᠢ ᠠᠬᠢᠭᠤᠯᠤᠨ᠂ ᠪᠡᠶ᠎ᠡ ᠴᠢᠬᠢᠷᠠᠭᠵᠢᠭᠤᠯᠬᠤ ᠪᠣᠯᠣᠨ ᠡᠷᠡᠭᠦᠯ ᠴᠢᠬᠢᠷᠠᠭ ᠢ ᠠᠭᠤᠰᠤᠯᠴᠠᠭᠤᠯᠤᠨ ᠬᠦᠭᠵᠢᠭᠦᠯᠬᠦ ᠰᠢᠨ᠎ᠡ ᠲᠠᠪᠴᠠᠩ ᠢ ᠪᠠᠶᠢᠭᠤᠯᠵᠤ᠂ ᠡᠮᠴᠢᠯᠡᠭᠡ ᠪᠠᠷ ︽ᠡᠪᠡᠳᠴᠢᠨ ᠢ ᠨᠢ ᠵᠠᠰᠠᠳᠠᠭ︾ ᠪᠠᠶᠢᠬᠰᠠᠨ ᠢ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠤᠯᠲᠠ ᠪᠠᠷ ᠳᠠᠮᠵᠢᠨ ︽ᠡᠪᠡᠳᠴᠢᠨ ᠰᠡᠷᠭᠡᠶᠢᠯᠡᠬᠦ︾ ᠪᠠ ︽ᠡᠪᠡᠳᠴᠢᠯᠡᠬᠦ ᠠᠴᠠ ᠡᠮᠤᠨ᠎ᠠ ᠰᠡᠷᠭᠡᠶᠢᠯᠡᠨ ᠵᠠᠰᠠᠬᠤ︾ ᠪᠤᠯᠭᠠᠵᠦ᠂ ᠣᠯᠠᠨ ᠲᠦᠮᠡᠨ ᠤ ᠡᠷᠡᠭᠦᠯ ᠴᠢᠬᠢᠷᠠᠭ ᠪᠠ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠰᠢᠢᠳᠪᠦᠷᠢᠯᠡᠬᠦ ᠬᠡᠷᠡᠭᠲᠡᠢ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠨᠢᠭᠡ ᠪᠦᠯᠦᠭ ᠪᠡᠶ᠎ᠡ ᠶᠢᠨ ᠲᠠᠮᠢᠷ ᠤᠨ ᠴᠡᠴᠡᠷᠯᠢᠭ᠂ ᠰᠤᠮᠤ ᠰᠢᠶᠠᠩ ᠪᠠᠯᠭᠠᠰᠤ ᠶᠢᠨ ᠪᠡᠶ᠎ᠡ ᠴᠢᠬᠢᠷᠠᠭᠵᠢᠭᠤᠯᠬᠤ ᠭᠠᠵᠠᠷ᠂ ᠨᠡᠶᠢᠭᠡᠮ ᠲᠣᠭᠤᠷᠢᠭ ᠤᠨ ᠪᠡᠶ᠎ᠡ ᠴᠢᠬᠢᠷᠠᠭᠵᠢᠭᠤᠯᠬᠤ ᠲᠥᠪ᠂ ᠤᠮᠪᠠᠯᠲᠠ ᠶᠢᠨ ᠭᠠᠵᠠᠷ᠂ ᠲᠠᠰᠢᠯᠲᠠ ᠶᠢᠨ ᠭᠠᠵᠠᠷ ᠵᠡᠷᠭᠡ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠵᠤ᠂ ᠬᠤᠲᠠ ᠶᠢᠨ ᠠᠭᠠᠵᠢᠮ ᠭᠦᠶᠦᠯᠲᠡ ᠶᠢᠨ ᠪᠠ ᠶᠠᠪᠠᠭᠠᠨ ᠵᠠᠮ ︵ᠵᠦᠯᠭᠡᠲᠦ ᠵᠠᠮ︶ ᠤᠨ ᠪᠠᠶᠢᠭᠤᠯᠤᠯᠲᠠ ᠶᠢ ᠠᠬᠢᠭᠤᠯᠤᠨ᠂ ᠠᠷᠠᠳ ᠢᠷᠭᠡᠳ ᠤᠨ ᠬᠠᠵᠠᠭᠤ ᠲᠡᠷᠬᠡᠳᠡᠬᠢ ︽10 ᠮᠢᠨᠦ᠋ᠲ ᠤᠨ ᠪᠡᠶ᠎ᠡ ᠴᠢᠬᠢᠷᠠᠭᠵᠢᠭᠤᠯᠬᠤ ᠲᠤᠭᠤᠷᠢᠭ︾ ᠢ ᠴᠢᠷᠮᠠᠶᠢᠨ ᠪᠠᠶᠢᠭᠤᠯᠬᠤ ᠬᠡᠷᠡᠭᠲᠡᠢ᠃ 2022 ᠣᠨ ᠪᠣᠯᠤᠨ 2030 ᠣᠨ ᠪᠣᠯᠬᠤ ᠳᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ︽ᠤᠯᠤᠰ ᠠᠷᠠᠳ ᠤᠨ ᠪᠡᠶ᠎ᠡ ᠮᠠᠬᠠᠪᠤᠳ ᠢ ᠬᠡᠮᠵᠢᠨ ᠲᠤᠨᠨᠳᠠᠭᠠᠬᠤ ᠪᠠᠷᠢᠮᠵᠢᠶ᠎ᠠ︾ ᠶᠢᠨ ᠬᠢᠷᠢ ᠲᠡᠩᠴᠡᠬᠦ ᠲᠡᠰ ᠠᠴᠠ ᠲᠡᠬᠡᠭᠰᠢᠬᠢ ᠬᠦᠮᠦᠨ ᠤ ᠲᠤᠭ᠎ᠠ ᠶᠢᠨ ᠬᠠᠷᠢᠴᠠᠯ ᠢ ᠲᠣᠰ ᠲᠤᠰ 90.3% ᠪᠠ 92% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ ᠳᠤ ᠦᠷᠭᠦᠯᠵᠢ ᠣᠷᠣᠯᠴᠠᠬᠤ ᠬᠦᠮᠦᠨ ᠤ ᠲᠤᠭ᠎ᠠ ᠶᠢᠨ ᠬᠠᠷᠢᠴᠠᠯ ᠢ 43% ᠠᠴᠠ ᠳᠡᠭᠡᠭᠰᠢ ᠪᠠ 45% ᠠᠴᠠ ᠳᠡᠭᠡᠭᠰᠢ ᠳᠤ ᠭᠦᠷᠦᠭᠦᠯᠦᠨ᠎ᠠ᠃
︵ᠳᠥᠷᠪᠡ︶ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠲᠠᠮᠠᠬᠢ ᠲᠠᠳᠠᠬᠤ ᠪᠠᠨ ᠵᠤᠬᠰᠤᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠠᠮᠠᠬᠢ ᠲᠠᠲᠠᠬᠤ ᠶᠢ ᠬᠢᠵᠠᠭᠠᠷᠯᠠᠬᠤ ᠤᠬᠠᠭᠤᠯᠭ᠎ᠠ ᠬᠦᠮᠦᠵᠢᠯ ᠬᠢᠬᠦ ᠪᠠ ᠲᠠᠮᠠᠬᠢᠨ ᠤ ᠵᠠᠷ ᠮᠡᠳᠡᠭᠡᠨ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠶᠠᠨᠵᠤᠤᠷ ᠲᠠᠮᠠᠬᠢ ᠶᠢᠨ ᠬᠠᠶᠢᠷᠴᠠᠭ ᠪᠠᠭᠯᠠᠭ᠎ᠠ ᠶᠢᠨ ᠲᠡᠮᠳᠡᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠮᠠᠬᠢᠨ ᠤ ᠬᠤᠣᠷ ᠬᠦᠨᠦᠭᠡᠯ ᠢ ᠰᠡᠷᠡᠮᠵᠢᠯᠡᠭᠦᠯᠬᠦ ᠠᠭᠤᠯᠭ᠎ᠠ ᠪᠠ ᠬᠡᠯᠪᠡᠷᠢ ᠮᠠᠶ᠋ᠢᠭ ᠢ ᠪᠠᠶᠠᠯᠢᠬᠵᠢᠭᠤᠯᠤᠨ᠂ ᠲᠠᠮᠠᠬᠢᠨ ᠤ ᠬᠤᠣᠷ ᠬᠦᠨᠦᠭᠡᠯ ᠤᠨ ᠲᠤᠬᠠᠢ ᠤᠯᠠᠨ ᠨᠡᠶᠢᠳᠡ ᠶᠢᠨ ᠲᠠᠨᠢᠵᠤ ᠮᠡᠳᠡᠬᠦᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠤᠳᠤᠷᠢᠳᠬᠤ ᠺᠠᠳ᠋ᠷ᠂ ᠡᠮᠨᠡᠯᠬᠡ ᠶᠢᠨ ᠠᠵᠢᠯᠲᠠᠨ ᠪᠠ ᠪᠠᠭᠰᠢ ᠨᠠᠷ ᠤᠨ ᠲᠠᠮᠠᠬᠢ ᠲᠠᠳᠠᠬᠤ ᠶᠢ ᠬᠢᠵᠠᠭᠠᠷᠯᠠᠬᠤ ᠲᠠᠯ᠎ᠠ ᠪᠠᠷ ᠬᠢ ᠬᠦᠳᠦᠯᠦᠨ ᠵᠢᠯᠣᠭᠤᠳᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠬᠵᠢᠭᠤᠯᠤᠨ᠂ ᠪᠦᠬᠦ ᠣᠷᠣᠨ ᠤ ᠬᠡᠪᠴᠢᠶᠡᠨ ᠳᠤ ᠦᠷᠭᠦᠭᠡᠨ ᠳᠠᠬᠢ ᠤᠯᠠᠨ ᠨᠡᠶᠢᠲᠡ ᠶᠢᠨ ᠲᠠᠯᠠᠪᠤᠷ ᠭᠠᠵᠠᠷ᠂ ᠦᠷᠭᠦᠭᠡᠨ ᠤ ᠠᠵᠢᠯᠯᠠᠬᠤ ᠲᠠᠯᠠᠪᠤᠷ ᠭᠠᠵᠠᠷ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠳᠣᠲᠣᠷ᠎ᠠ ᠲᠠᠮᠠᠬᠢ ᠲᠠᠳᠠᠬᠤ ᠶᠢ ᠪᠦᠬᠦ ᠲᠠᠯ᠎ᠠ ᠪᠠᠷ ᠴᠠᠭᠠᠵᠠᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠭᠠᠶᠢᠯᠢ ᠲᠠᠲᠠᠪᠤᠷᠢ᠂ ᠦᠨ᠎ᠡ ᠬᠠᠩᠰᠢ ᠶᠢᠨ ᠲᠣᠬᠢᠷᠠᠭᠤᠯᠤᠯᠲᠠ ᠵᠡᠷᠭᠡ ᠶᠡᠷᠦᠩᠬᠡᠶᠢᠯᠡᠭᠰᠡᠨ ᠠᠷᠭ᠎ᠠ ᠪᠠᠷᠢᠯ ᠢ ᠰᠣᠳᠣᠯᠣᠨ ᠠᠰᠢᠭᠯᠠᠵᠤ᠂ ᠲᠠᠮᠠᠬᠢ ᠲᠠᠳᠠᠬᠤ ᠶᠢ ᠬᠢᠵᠠᠭᠠᠷᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ 15 ᠨᠠᠰᠤᠨ ᠠᠴᠠ ᠳᠡᠭᠡᠭᠰᠢᠬᠢ ᠬᠦᠮᠦᠰ ᠤᠨ ᠲᠠᠮᠠᠬᠢ ᠲᠠᠲᠠᠬᠤ ᠨᠣᠷᠮ᠎ᠠ ᠶᠢ ᠲᠤᠰ ᠲᠤᠰ 24.5% ᠪᠠ 20% ᠠᠴᠠ ᠳᠣᠣᠷ᠎ᠠ ᠪᠣᠯᠭᠠᠵᠤ᠂ ᠪᠦᠬᠦ ᠲᠠᠯ᠎ᠠ ᠪᠠᠷ ᠲᠠᠮᠠᠬᠢ ᠥᠯᠥ ᠲᠠᠲᠠᠬᠤ ᠬᠠᠤᠯᠢ ᠲᠣᠭᠲᠠᠭᠠᠯ ᠳᠤ ᠬᠠᠮᠠᠭᠠᠯᠠᠭᠳᠠᠬᠤ ᠬᠦᠮᠦᠨ ᠠᠮᠠ ᠶᠢᠨ ᠬᠠᠷᠢᠴᠠᠯ ᠢ ᠲᠤᠰ ᠲᠤᠰ 30% ᠪᠠ 80% ᠠᠴᠠ ᠳᠡᠭᠡᠭᠰᠢ ᠳᠤ ᠬᠦᠷᠭᠡᠬᠦ ᠬᠡᠷᠡᠭᠲᠡᠢ᠃
︵ᠲᠠᠪᠤ︶ ᠰᠡᠳᠬᠢᠴᠡ ᠶᠢᠨ ᠡᠷᠡᠭᠦᠯ ᠡᠩᠬᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠰᠡᠳᠬᠢᠴᠡ ᠶᠢᠨ ᠡᠷᠡᠭᠦᠯ ᠡᠩᠬᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠰᠡᠳᠬᠢᠴᠡ ᠶᠢᠨ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠷᠠᠭᠤᠯᠤᠨ᠂ ᠪᠦᠬᠦ ᠠᠷᠠᠳ ᠤᠨ ᠰᠡᠳᠬᠢᠴᠡ ᠶᠢᠨ ᠡᠷᠡᠭᠦᠯ ᠡᠩᠬᠡ ᠶᠢᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠡᠳᠬᠢᠴᠡ ᠶᠢᠨ ᠡᠷᠡᠭᠦᠯ ᠡᠩᠬᠡ ᠶᠢᠨ ᠬᠦᠮᠦᠵᠢᠯ᠂ ᠵᠦᠪᠯᠡᠯᠬᠡ ᠦᠭᠬᠦ᠂ ᠡᠮᠴᠢᠯᠡᠬᠦ᠂ ᠬᠢᠮᠦᠷᠠᠯ ᠤᠨ ᠬᠠᠯᠠᠮᠵᠢ ᠵᠡᠷᠭᠡ ᠠᠷᠭ᠎ᠠ ᠮᠠᠶ᠋ᠢᠭ ᠢᠶᠠᠷ ᠳᠡᠮᠵᠢᠵᠦ᠂ ᠣᠯᠠᠨ ᠨᠡᠶᠢᠲᠡ ᠶᠢ ᠬᠦᠳᠦᠯᠦᠨ ᠵᠢᠯᠣᠭᠤᠳᠴᠦ ᠪᠠᠶᠢᠭᠠᠳ ᠰᠢᠨᠵᠢᠯᠡᠬᠦ ᠤᠬᠠᠭᠠᠨᠴᠢ ᠪᠠᠷ ᠳᠠᠷᠤᠭᠠᠰᠤ ᠪᠠᠨ ᠬᠦᠩᠭᠡᠷᠡᠭᠦᠯᠦᠨ᠂ ᠪᠠᠶᠢᠩᠭᠤ ᠲᠣᠬᠢᠶᠠᠯᠳᠤᠳᠠᠭ ᠤᠶᠤᠨ ᠮᠡᠳᠡᠷᠡᠯ ᠤᠨ ᠲᠣᠳᠬᠠᠷ ᠵᠢᠴᠢ ᠰᠡᠳᠬᠢᠴᠡ ᠶᠢᠨ ᠠᠵᠢᠯᠯᠠᠭ᠎ᠠ ᠶᠢᠨ ᠠᠰᠠᠭᠤᠳᠠᠯ ᠢ ᠵᠥᠪ ᠢᠶᠠᠷ ᠲᠠᠨᠢᠬᠤ ᠪᠠ ᠠᠷᠭᠠᠴᠠᠭᠠᠬᠤ ᠬᠡᠷᠡᠭᠲᠡᠢ᠃ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠤᠶᠤᠨ ᠮᠡᠳᠡᠷᠡᠯ ᠤᠨ ᠲᠣᠳᠬᠠᠷ ᠤᠨ ᠲᠠᠯ᠎ᠠ ᠳᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠢ ᠲᠠᠭᠦᠯᠳᠡᠷᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠤᠶᠤᠨ ᠮᠡᠳᠡᠷᠡᠯ ᠤᠨ ᠲᠣᠳᠬᠠᠷ ᠤᠨ ᠡᠷᠡᠭᠦᠯᠵᠢᠯ ᠤᠨ ᠲᠦᠷᠦᠯ ᠵᠦᠢᠯ ᠪᠣᠯᠣᠨ ᠨᠠᠰᠤᠨ ᠳᠤ ᠥᠯᠥ ᠬᠦᠷᠦᠭᠰᠡᠳ ᠤᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠥᠷᠥᠯ ᠵᠦᠢᠯ ᠢ ᠬᠡᠷᠡᠭᠵᠢᠭᠦᠯᠬᠦ ᠬᠡᠷᠡᠭᠲᠡᠢ᠃ ᠬᠤᠲᠠ ᠬᠦᠳᠡᠭᠡ ᠨᠡᠶᠢᠭᠡᠮ ᠲᠣᠭᠤᠷᠢᠭ ᠤᠨ ᠶᠡᠷᠦᠩᠬᠡᠢ ᠡᠮᠴᠢᠯᠡᠬᠦ ᠲᠥᠪ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠲᠥᠬᠦᠭᠡᠷᠦᠮᠵᠢ ᠳᠤ ᠲᠥᠰᠢᠭᠯᠡᠨ ᠰᠡᠳᠬᠢᠴᠡ ᠶᠢᠨ ᠠᠰᠠᠭᠤᠨ ᠯᠠᠪᠯᠠᠭ᠎ᠠ ︵ᠬᠠᠪᠰᠤᠷᠤᠨ ᠵᠢᠯᠣᠭᠤᠳᠬᠤ︶ ᠶᠢᠨ ᠲᠠᠰᠤᠭ ᠪᠠᠶᠢᠭᠤᠯᠵᠤ᠂ ᠲᠤᠰᠬᠠᠢ ᠪᠠ ᠲᠤᠰᠢᠶᠠᠯ ᠬᠠᠪᠰᠤᠷᠭᠠᠨᠨᠰᠠᠨ ᠰᠡᠳᠬᠢᠴᠠ ᠶᠢᠨ ᠡᠷᠡᠭᠦᠯ ᠡᠩᠬᠡ ᠶᠢᠨ ᠬᠠᠪᠰᠤᠷᠤᠨ ᠵᠢᠯᠣᠭᠤᠳᠣᠭᠴᠢ ᠪᠣᠶᠤ ᠨᠡᠶᠢᠭᠡᠮ ᠤᠨ ᠠᠵᠢᠯᠯᠠᠭᠰᠠᠳ ᠲᠣᠬᠢᠷᠠᠭᠤᠯᠵᠤ᠂ ᠦᠨᠳᠦᠰᠦᠨ ᠱᠠᠲᠤᠨ ᠤ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠨᠠᠰᠤᠨ ᠳᠤ ᠥᠯᠥ ᠬᠦᠷᠦᠭᠰᠡᠳ ᠤᠨ ᠰᠡᠳᠬᠢᠴᠡ ᠶᠢᠨ ᠡᠷᠡᠭᠦᠯ ᠡᠩᠬᠡ ᠶᠢᠨ ᠬᠠᠪᠰᠤᠷᠤᠨ ᠵᠢᠯᠣᠭᠤᠳᠬᠤ ᠲᠥᠪ ᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠲᠠᠯ᠎ᠠ ᠪᠠᠷ ᠬᠢ ᠴᠢᠳᠠᠪᠤᠷᠢᠲᠠᠨ ᠢ ᠬᠦᠮᠦᠵᠢᠭᠦᠯᠦᠨ ᠪᠤᠶᠢᠵᠢᠭᠤᠯᠬᠤ ᠶᠢ ᠴᠢᠩᠭᠠᠳᠬᠠᠬᠤ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ ᠰᠠᠭᠤᠭᠠᠯᠢ ᠠᠷᠠᠳ ᠤᠨ ᠰᠡᠳᠬᠢᠴᠡ ᠶᠢᠨ ᠡᠷᠡᠭᠦᠯ ᠡᠩᠬᠡ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 20% ᠪᠠ 30% ᠬᠦᠷᠲᠡᠯ᠎ᠡ ᠳᠡᠭᠡᠭᠰᠢᠯᠡᠭᠦᠯᠵᠦ᠂ ᠭᠠᠩᠰᠠᠷᠠᠬᠤ ᠭᠡᠮ ᠤᠨ ᠡᠮᠴᠢᠯᠡᠬᠦ ᠨᠣᠷᠮ᠎ᠠ ᠶᠢ ᠣᠳᠣ ᠶᠢᠨ ᠪᠠᠶᠢᠭ᠎ᠠ ᠰᠠᠭᠤᠷᠢᠨ ᠳᠡᠭᠡᠷ᠎ᠡ 30% ᠪᠠ 80% ᠳᠡᠭᠡᠭᠰᠢᠯᠡᠭᠦᠯᠵᠦ᠂ ᠰᠡᠳᠬᠢᠴᠡ ᠯᠦᠭᠡ ᠬᠤᠯᠪᠣᠭᠳᠠᠬᠤ ᠡᠪᠡᠳᠴᠢᠨ ᠡᠮᠭᠡᠭ ᠡᠭᠦᠰᠬᠦ ᠶᠢᠨ ᠲᠡᠬᠡᠭᠰᠢᠯᠡᠬᠦ ᠬᠠᠨᠳᠤᠰᠢ ᠶᠢ ᠤᠳᠠᠭᠠᠰᠢᠷᠠᠭᠤᠯᠬᠤ ᠬᠡᠷᠡᠭᠲᠡᠢ᠃
︵ᠵᠢᠷᠭᠤᠭ᠎ᠠ︶ ᠡᠷᠡᠭᠦᠯ ᠡᠩᠬᠡ ᠶᠢᠨ ᠣᠷᠴᠢᠨ ᠲᠣᠭᠤᠷᠢᠨ ᠢ ᠠᠬᠢᠭᠤᠯᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠣᠯᠠᠨ ᠨᠡᠶᠢᠲᠡ᠂ ᠭᠡᠷ ᠪᠦᠯᠢ᠂ ᠨᠢᠭᠡᠴᠢ ︵ᠠᠵᠤ ᠠᠬᠤᠶᠢᠯᠠᠯ︶ ᠳᠤ ᠣᠷᠴᠢᠨ ᠲᠣᠭᠤᠷᠢᠨ ᠬᠢᠭᠡᠳ ᠡᠷᠡᠭᠦᠯ ᠡᠩᠬᠡ ᠶᠢᠨ ᠬᠠᠮᠢᠶ᠎ᠠ ᠪᠦᠬᠦᠢ ᠰᠡᠷᠭᠡᠶᠢᠯᠡᠨ ᠬᠠᠮᠠᠭᠠᠯᠠᠬᠤ ᠪᠠ ᠠᠷᠭᠠᠴᠠᠭᠠᠬᠤ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃ ᠠᠭᠠᠷ ᠮᠠᠨᠳᠠᠯ᠂ ᠤᠰᠤ᠂ ᠬᠦᠷᠦᠰᠦ ᠰᠢᠷᠦᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠬᠤ ᠬᠡᠷᠡᠭᠲᠡᠢ᠃ ᠡᠷᠡᠭᠦᠯ ᠡᠩᠬᠡ ᠬᠤᠲᠠ᠂ ᠡᠷᠡᠭᠦᠯ ᠡᠩᠬᠡ ᠲᠤᠰᠬᠤᠨ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠣᠷᠴᠢᠨ ᠲᠣᠭᠤᠷᠢᠨ ᠬᠢᠭᠡᠳ ᠡᠷᠡᠭᠦᠯ ᠡᠩᠬᠡ ᠶᠢᠨ ᠰᠣᠳᠤᠯᠤᠨ ᠪᠠᠶᠢᠴᠠᠭᠠᠬᠤ᠂ ᠬᠢᠨᠡᠨ ᠰᠢᠨᠵᠢᠬᠦ ᠪᠠ ᠲᠥᠭᠰᠢᠭᠦᠷᠢ ᠶᠢ ᠦᠨᠡᠯᠡᠨ ᠵᠢᠱᠢᠬᠦ ᠳᠦᠷᠢᠮ ᠢ ᠪᠠᠶᠢᠭᠤᠯᠬᠤ ᠬᠡᠷᠡᠭᠲᠡᠢ᠃ ᠪᠦᠲᠦᠮᠵᠢᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠪᠣᠬᠢᠷᠳᠤᠯ ᠤᠨ ᠬᠠᠮᠢᠶ᠎ᠠ ᠪᠦᠬᠦᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠬᠡᠷᠡᠭᠲᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠵᠠᠰᠠᠵᠤ ᠴᠡᠭᠴᠡᠯᠡᠬᠦ ᠶᠢ ᠴᠢᠩᠭᠠᠳᠬᠠᠨ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠠᠭᠠᠰᠬᠠᠬᠤ ᠬᠡᠷᠡᠭᠲᠡᠢ᠃ ᠴᠢᠮᠡᠭᠯᠡᠨ ᠵᠠᠰᠠᠬᠤ ᠮᠠᠲ᠋ᠧᠷᠢᠶᠠᠯ᠂ ᠡᠳᠦᠷ ᠳᠣᠲᠣᠮ ᠤᠨ ᠬᠡᠷᠡᠭᠰᠡᠬᠦ ᠬᠢᠮᠢ ᠶᠢᠨ ᠵᠦᠢᠯ᠂ ᠬᠡᠤᠬᠡᠳ ᠤᠨ ᠨᠠᠭᠠᠳᠤᠮ ᠤᠨ ᠵᠦᠢᠯ ᠪᠣᠯᠣᠨ ᠬᠡᠷᠡᠭᠰᠡᠯ ᠵᠡᠷᠭᠡ ᠬᠡᠷᠡᠭᠯᠡᠭᠡᠨ ᠤ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠪᠣᠯᠣᠨ ᠡᠷᠡᠬᠦᠯ ᠡᠩᠬᠡ ᠶᠢᠨ ᠬᠡᠪ ᠪᠣᠯᠪᠠᠰᠤᠷᠠᠯ ᠤᠨ ᠬᠢᠷᠢ ᠲᠥᠪᠰᠢᠨ ᠢ ᠲᠤᠰ ᠲᠤᠰ 15% ᠪᠠ 25% ᠠᠴᠠ ᠳᠡᠭᠡᠭᠰᠢ ᠳᠤ ᠬᠦᠷᠭᠡᠵᠦ᠂ ᠰᠠᠭᠤᠭᠠᠯᠢ ᠠᠷᠠᠳ ᠤᠨ ᠤᠤᠭᠤᠬᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠪᠠᠶᠢᠳᠠᠯ ᠢ ᠢᠯᠡᠷᠬᠡᠢ ᠰᠠᠶᠢᠵᠢᠷᠠᠭᠤᠯᠬᠤ ᠶᠢᠨ ᠬᠠᠮᠳᠤ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠬᠤᠲᠠ ᠬᠦᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠨ ᠰᠢᠢᠳᠪᠦᠷᠢᠯᠡᠬᠦ ᠶᠢ ᠬᠦᠴᠦᠲᠡᠢ ᠠᠬᠢᠭᠤᠯᠵᠤ᠂ ᠭᠤᠣᠯᠳᠠᠯᠭ᠎ᠠ ᠲᠠᠢ ᠬᠤᠲᠠ ᠳᠤ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠬᠤ ᠬᠡᠷᠡᠭᠲᠡᠢ᠃
︵ᠳᠣᠯᠤᠭ᠎ᠠ︶ ᠡᠬᠡ ᠨᠢᠯᠬ᠎ᠠ ᠶᠢᠨ ᠡᠷᠡᠭᠦᠯ ᠴᠢᠬᠢᠷᠠᠭ ᠢ ᠠᠬᠢᠭᠤᠯᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠤᠷᠤᠭᠯᠠᠬᠤ ᠠᠴᠠ ᠡᠮᠦᠨ᠎ᠡ᠂ ᠵᠢᠷᠮᠦᠰᠦᠯᠡᠬᠦ ᠠᠴᠠ ᠡᠮᠦᠨ᠎ᠡ᠂ ᠵᠢᠷᠮᠦᠰᠦᠨ ᠬᠤᠭᠤᠴᠠᠭ᠎ᠠ᠂ ᠬᠡᠤᠬᠡᠳ ᠨᠠᠰᠤ ᠵᠡᠷᠭᠡ ᠱᠠᠲᠤ ᠦᠶ᠎ᠡ ᠶᠢᠨ ᠣᠨᠴᠠᠯᠢᠭ ᠲᠤ ᠴᠢᠭᠯᠡᠭᠦᠯᠦᠨ᠂ ᠭᠡᠷ ᠪᠦᠯᠢ ᠶᠢ ᠢᠳᠡᠪᠬᠢᠲᠡᠢ ᠬᠦᠲᠦᠯᠦᠨ ᠵᠢᠯᠣᠭᠤᠳᠴᠦ ᠪᠠᠶᠢᠭᠠᠳ ᠡᠷᠡᠭᠦᠯ ᠴᠢᠬᠢᠷᠠᠭ ᠰᠢᠨ᠎ᠡ ᠠᠮᠢ ᠨᠠᠰᠤ ᠶᠢ ᠰᠢᠨᠵᠢᠯᠡᠬᠦ ᠤᠬᠠᠭᠠᠨᠴᠢ ᠪᠠᠷ ᠪᠤᠶᠢᠵᠢᠭᠤᠯᠬᠤ ᠪᠠ ᠦᠰᠭᠡᠨ ᠬᠦᠮᠦᠵᠢᠭᠦᠯᠵᠦ᠂ ᠡᠷᠡᠮᠳᠡᠭ ᠵᠡᠷᠡᠮᠳᠡᠭ ᠪᠣᠯᠬᠤ ᠶᠢ ᠰᠡᠷᠭᠡᠶᠢᠯᠡᠨ ᠡᠮᠨᠡᠬᠦ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ᠃ ᠬᠡᠤᠬᠡᠳ ᠤᠨ ᠠᠩᠬᠠᠨ ᠤ ᠪᠤᠶᠢᠵᠢᠯᠲᠠ ᠬᠦᠭᠵᠢᠯᠲᠡ ᠶᠢᠨ ᠦᠢᠯᠡᠴᠢᠯᠡᠭᠡᠨ ᠢ ᠴᠢᠩᠭᠠᠳᠬᠠᠵᠤ᠂ ᠨᠢᠯᠬ᠎ᠠ ᠨᠢᠷᠠᠢ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠪᠠ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠥᠷᠢᠮ ᠢ ᠲᠡᠭᠦᠯᠳᠡᠷᠵᠢᠭᠦᠯᠬᠦ ᠬᠡᠷᠡᠭᠲᠡᠢ᠃ ᠦᠷᠡᠵᠢᠯ ᠤᠨ ᠡᠷᠡᠭᠦᠯ ᠢ ᠠᠬᠢᠭᠤᠯᠤᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠡᠮᠡᠭᠳᠡᠶᠢᠴᠦᠳ ᠤᠨ ᠰᠠᠪᠠ ᠶᠢᠨ ᠬᠦᠵᠦᠭᠦᠨ ᠤ ᠦᠮᠡᠨ ᠪᠠ ᠬᠦᠬᠦᠨ ᠪᠣᠯᠴᠢᠷᠬᠠᠢ ᠶᠢᠨ ᠥᠮᠡᠨ ᠢ ᠰᠢᠯᠢᠨ ᠪᠠᠶᠢᠴᠠᠭᠠᠬᠤ ᠲᠥᠷᠥᠯ ᠵᠦᠢᠯ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠭᠡᠨ᠂ ᠠᠶᠢᠽ ᠡᠪᠡᠳᠴᠢᠨ᠂ ᠲᠠᠮᠪᠤᠤ ᠪᠣᠯᠣᠨ ᠡᠯᠢᠭᠡᠨ ᠤ B ᠦᠷᠪᠢᠰᠦᠯ ᠤᠨ ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢ ᠤᠷᠢᠳᠴᠢᠯᠠᠨ ᠰᠡᠷᠭᠡᠶᠢᠯᠡᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠶᠢᠽ ᠡᠪᠡᠳᠴᠢᠨ ᠤ ᠡᠬᠡ ᠨᠢᠯᠬᠠᠰ ᠲᠤ ᠬᠠᠯᠳᠠᠪᠤᠷᠢᠯᠠᠬᠤ ᠶᠢ ᠠᠷᠢᠯᠭᠠᠬᠤ ᠬᠠᠷᠠᠯᠲᠠ ᠶᠢ ᠳᠠᠷᠤᠢ ᠲᠦᠷᠭᠡᠨ ᠪᠡᠶᠡᠯᠡᠭᠦᠯᠬᠦ ᠬᠡᠷᠡᠭᠲᠡᠢ᠃ ᠡᠬᠡ ᠨᠢᠯᠬ᠎ᠠ ᠶᠢᠨ ᠡᠷᠡᠭᠦᠯ ᠴᠢᠬᠢᠷᠠᠭ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠬᠡ ᠨᠢᠯᠬ᠎ᠠ ᠶᠢᠨ ᠡᠷᠡᠭᠦᠯ ᠴᠢᠬᠢᠷᠠᠭ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠨ᠂ ᠡᠬᠡ ᠨᠢᠯᠬ᠎ᠠ ᠶᠢᠨ ᠡᠷᠡᠭᠦᠯᠵᠢᠯ ᠤᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠳᠤᠨ ᠳᠤ ᠴᠦᠮ 1 ᠪᠠᠷᠢᠮᠵᠢᠶᠠᠵᠢᠭᠰᠠᠨ ᠡᠬᠡ ᠨᠢᠯᠬ᠎ᠠ ᠶᠢᠨ ᠡᠷᠡᠭᠦᠯᠵᠢᠯ ᠤᠨ ᠪᠠᠶᠢᠭᠤᠯᠤᠮᠵᠢ ᠪᠠᠶᠢᠬᠤ ᠶᠢ ᠪᠠᠲᠤᠯᠠᠬᠤ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ ᠨᠢᠯᠬ᠎ᠠ ᠬᠡᠦᠬᠡᠳ ᠤᠨ ᠦᠭᠦᠯᠳᠡ ᠶᠢᠨ ᠨᠣᠷᠮ᠎ᠠ ᠶᠢ ᠲᠤᠰ ᠲᠤᠰ 7.5‰ ᠠᠴᠠ ᠳᠣᠭᠤᠭᠰᠢ ᠪᠠ 5‰ ᠠᠴᠠ ᠳᠣᠭᠤᠭᠰᠢ ᠳᠤ ᠬᠢᠵᠠᠭᠠᠷᠯᠠᠵᠤ᠂ ᠵᠢᠷᠮᠦᠰᠦᠨ ᠪᠦᠰᠡᠬᠦᠢ ᠪᠠ ᠬᠥᠩᠭᠡᠵᠢᠭᠴᠢ ᠶᠢᠨ ᠦᠭᠦᠯᠳᠡ ᠶᠢ ᠲᠤᠰ ᠲᠤᠰ 18/10 ᠲᠦᠮᠡ ᠠᠴᠠ ᠳᠣᠭᠤᠭᠰᠢ ᠪᠠ 12/10 ᠲᠦᠮᠡ ᠠᠴᠠ ᠳᠣᠭᠤᠭᠰᠢ ᠪᠤᠯᠳᠠᠯ᠎ᠠ ᠪᠠᠭᠤᠷᠠᠭᠤᠯᠤᠨ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠭᠦᠯᠳᠡ ᠶᠢ ᠲᠣᠰ ᠲᠤᠰ 9.5‰ ᠠᠴᠠ ᠳᠣᠭᠤᠭᠰᠢ ᠪᠠ 6‰ ᠠᠴᠠ ᠳᠣᠭᠤᠭᠰᠢ ᠳᠤ ᠬᠢᠵᠠᠭᠠᠷᠯᠠᠵᠤ᠂ ᠬᠦᠩᠭᠡᠵᠢᠬᠦ ᠠᠴᠠ ᠡᠮᠦᠨᠡᠬᠢ ᠰᠢᠯᠢᠨ ᠪᠠᠶᠢᠴᠠᠭᠠᠯᠲᠠ ᠶᠢᠨ ᠨᠣᠷᠮ᠎ᠠ ᠶᠢ ᠲᠤᠰ ᠲᠤᠰ 70% ᠠᠴᠠ ᠲᠡᠬᠡᠭᠰᠢ ᠪᠠ 80% ᠠᠴᠠ ᠳᠡᠭᠡᠭᠰᠢ ᠳᠤ ᠭᠦᠷᠦᠭᠦᠯᠵᠦ᠂ ᠨᠢᠯᠬ᠎ᠠ ᠬᠡᠦᠬᠡᠳ ᠤᠨ ᠤᠳᠤᠮᠰᠢᠯᠲᠤ ᠰᠣᠯᠢᠯᠴᠠᠭᠠᠨ ᠤ ᠴᠢᠨᠠᠷᠲᠠᠢ ᠡᠪᠡᠳᠴᠢᠨ ᠡᠮᠭᠡᠭ ᠢ ᠰᠢᠯᠢᠨ ᠪᠠᠶᠢᠴᠠᠭᠠᠬᠤ ᠨᠣᠷᠮ᠎ᠠ ᠶᠢ ᠴᠦᠮ 98% ᠠᠴᠠ ᠳᠡᠭᠡᠭᠰᠢ ᠳᠤ ᠭᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠣᠬᠢᠬᠤ ᠨᠠᠰᠤᠨ ᠤ ᠡᠮᠡᠭᠳᠡᠶᠢᠴᠦᠳ ᠤᠨ ︽ᠰᠠᠪᠠᠨ ᠤ ᠭᠦᠵᠦᠬᠦᠨ ᠤ ᠦᠮᠡᠨ ᠪᠠ ᠭᠦᠭᠦᠨ ᠪᠤᠯᠴᠢᠷᠬᠠᠢ ᠶᠢᠨ ᠦᠮᠡᠨ︾ ᠤ ᠰᠢᠯᠢᠨ ᠪᠠᠶᠢᠴᠠᠭᠠᠬᠤ ᠶᠢᠨ ᠪᠦᠷᠭᠦᠴᠡ ᠨᠣᠷᠮ᠎ᠠ ᠶᠢ ᠲᠣᠰ ᠲᠣᠰ 80% ᠠᠴᠠ ᠲᠡᠬᠡᠭᠰᠢ ᠪᠠ 90% ᠠᠴᠠ ᠳᠡᠭᠡᠭᠰᠢ ᠳᠤ ᠭᠦᠷᠦᠭᠦᠯᠦᠨ᠎ᠠ᠃
︵ᠨᠠᠢᠮᠠ︶ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠡᠩᠬᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠭᠡᠷ ᠪᠦᠯᠢ᠂ ᠰᠤᠷᠭᠠᠭᠤᠯᠢ ᠪᠠ ᠨᠡᠶᠢᠭᠡᠮ ᠲᠣᠭᠤᠷᠢᠭ ᠢ ᠳᠠᠶᠢᠴᠢᠯᠠᠵᠤ ᠳᠤᠮᠳᠠᠲᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠡᠩᠬᠡ ᠶᠢ ᠬᠠᠮᠲᠤ ᠳᠤ ᠪᠠᠨ ᠬᠠᠮᠠᠭᠠᠯᠠᠬᠤ ᠬᠡᠷᠡᠭᠲᠡᠢ᠃ ᠰᠤᠷᠤᠭᠴᠢᠳ ᠢ ᠬᠦᠲᠦᠯᠦᠨ ᠵᠢᠯᠣᠭᠤᠳᠴᠦ ᠪᠠᠶᠢᠭᠠᠳ ᠡᠷᠡᠭᠦᠯ ᠠᠮᠢᠳᠤᠷᠠᠯ ᠤᠨ ᠳᠠᠳᠬᠠᠯ ᠲᠠᠢ᠂ ᠡᠷᠡᠭᠦᠯ ᠴᠢᠬᠢᠷᠠᠭ ᠪᠡᠶ᠎ᠡ ᠪᠢᠯᠳᠠᠷ ᠲᠠᠢ ᠪᠤᠯᠭᠠᠨ ᠲᠠᠪᠳ᠋ᠬᠠᠳᠠᠭᠤᠯᠵᠦ᠂ ᠣᠶᠢᠷ᠎ᠠ ᠬᠠᠷᠠᠭ᠎ᠠ ᠪᠣᠯᠣᠨ ᠲᠠᠷᠭᠤᠯᠠᠬᠤ ᠭᠡᠮ ᠵᠡᠷᠭᠡ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠳᠤᠮᠳᠠᠲᠤ ᠪᠠᠭ᠎ᠠ ᠰᠤᠷᠭᠠᠭᠤᠯᠢ ᠨᠤᠭᠤᠳ ᠲᠣᠭᠲᠠᠭᠠᠯ ᠶᠣᠰᠣᠭᠠᠷ ᠪᠡᠶ᠎ᠡ ᠶᠢᠨ ᠲᠠᠮᠢᠷ ᠪᠣᠯᠣᠨ ᠡᠷᠡᠭᠦᠯ ᠴᠢᠬᠢᠷᠠᠭ ᠤᠨ ᠬᠢᠴᠢᠶᠡᠯ ᠢ ᠪᠦᠷᠢᠨ ᠭᠦᠢᠴᠡᠳ ᠨᠡᠭᠡᠭᠡᠨ ᠬᠢᠴᠢᠶᠡᠯᠯᠡᠬᠦ ᠬᠡᠷᠡᠭᠲᠡᠢ᠃ ᠰᠤᠷᠤᠭᠴᠢᠳ ᠤᠨ ᠡᠷᠡᠭᠦᠯ ᠴᠢᠬᠢᠷᠠᠭ ᠤᠨ ᠪᠡᠶ᠎ᠡ ᠶᠢᠨ ᠪᠠᠶᠢᠴᠠᠭᠠᠯᠲᠠ ᠶᠢᠨ ᠳᠥᠷᠢᠮ ᠪᠠ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠤᠨ ᠬᠢᠨᠠᠨ ᠰᠢᠨᠵᠢᠯᠳᠡ ᠶᠢᠨ ᠳᠥᠷᠢᠮ ᠢ ᠲᠡᠭᠦᠯᠳᠡᠷᠵᠢᠭᠦᠯᠬᠦ ᠬᠡᠷᠡᠭᠲᠡᠢ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠪᠠ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠤᠨ ᠪᠠᠶᠢᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ᠂ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠣᠯᠣᠨ ᠰᠤᠷᠭᠠᠭᠤᠯᠢ ᠶᠢᠨ ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠳᠤ ᠣᠷᠤᠭᠤᠯᠬᠤ ᠬᠡᠷᠡᠭᠲᠡᠢ᠃ ᠰᠤᠷᠤᠭᠴᠢᠳ ᠤᠨ ᠨᠠᠰᠤ ᠵᠢᠯ ᠤᠨ ᠣᠨᠴᠠᠯᠢᠭ ᠲᠠᠢ ᠤᠶᠠᠯᠳᠤᠭᠤᠯᠤᠨ᠂ ᠣᠯᠠᠨ ᠬᠡᠯᠪᠡᠷᠢ ᠮᠠᠶ᠋ᠢᠭ ᠠᠪᠴᠤ ᠪᠠᠶᠢᠭᠠᠳ ᠰᠤᠷᠤᠭᠴᠢᠳ ᠤᠨ ᠡᠷᠡᠭᠦᠯ ᠡᠩᠬᠡ ᠶᠢᠨ ᠮᠡᠳᠡᠯᠭᠡ ᠶᠢᠨ ᠲᠤᠬᠠᠢ ᠰᠢᠯᠭᠠᠵᠦ᠂ ᠪᠡᠶ᠎ᠡ ᠶᠢᠨ ᠲᠠᠮᠢᠷ ᠢ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠳᠤ ᠣᠷᠤᠭᠤᠯᠬᠤ ᠬᠡᠷᠡᠭᠲᠡᠢ᠃ ᠣᠳᠣ ᠶᠢᠨ ᠪᠠᠶᠢᠭ᠎ᠠ ᠳᠤᠮᠳᠠᠲᠤ ᠪᠠᠭ᠎ᠠ ᠰᠤᠷᠭᠠᠭᠤᠯᠢ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠠᠷᠢᠮᠵᠢᠶ᠎ᠠ ᠪᠠ ᠱᠠᠭᠠᠷᠳᠠᠯᠭ᠎ᠠ ᠶᠢᠨ ᠶᠣᠰᠤᠭᠠᠷ ᠠᠵᠢᠯᠲᠡᠨ ᠠᠵᠢᠯᠴᠢᠨ ᠪᠠ ᠲᠥᠬᠦᠭᠡᠷᠦᠮᠵᠢ ᠶᠢᠨ ᠲᠣᠬᠢᠷᠠᠭᠤᠯᠤᠯᠲᠠ ᠪᠠᠨ ᠴᠢᠩᠭᠠᠷᠠᠭᠤᠯᠬᠤ ᠬᠡᠷᠡᠭᠲᠡᠢ᠃ 2022 ᠣᠨ ᠪᠣᠯᠤᠨ 2030 ᠣᠨ ᠪᠣᠯᠬᠤ ᠳᠤ᠂ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠤᠨ ᠪᠠᠷᠢᠮᠵᠢᠶ᠎ᠠ ᠶᠢᠨ ᠰᠢᠯᠢᠳᠡᠭ ᠰᠠᠶᠢᠨ ᠪᠣᠯᠬᠤ ᠨᠣᠷᠮ᠎ᠠ ᠶᠢ ᠲᠤᠰ ᠲᠤᠰ 50% ᠠᠴᠠ ᠲᠡᠬᠡᠭᠰᠢ ᠪᠠ 60% ᠠᠴᠠ ᠳᠡᠭᠡᠭᠰᠢ ᠪᠣᠯᠭᠠᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭᠠᠨ ᠤ ᠶᠡᠷᠦᠩᠬᠡᠢ ᠨᠣᠷᠮ᠎ᠠ ᠶᠢ ᠵᠢᠯ ᠪᠦᠷᠢ 0.5 ᠵᠠᠭᠤᠨ ᠤ ᠴᠡᠭ ᠠᠴᠠ ᠳᠡᠭᠡᠭᠰᠢ ᠪᠠᠭᠤᠷᠠᠭᠤᠯᠬᠤ ᠪᠠᠷ ᠭᠦᠴᠦᠯᠡᠨ ᠴᠢᠷᠮᠠᠶᠢᠵᠦ᠂ ᠰᠢᠨ᠎ᠡ ᠪᠠᠷ ᠣᠶᠢᠷ᠎ᠠ ᠬᠠᠷᠠᠭᠠᠨ ᠤ ᠭᠡᠮ ᠲᠠᠢ ᠪᠣᠯᠬᠤ ᠨᠣᠷᠮ᠎ᠠ ᠶᠢ ᠢᠯᠡᠷᠬᠡᠢ ᠪᠠᠭᠤᠷᠠᠭᠤᠯᠬᠤ ᠬᠡᠷᠡᠭᠲᠡᠢ᠃
︵ᠶᠢᠰᠦ︶ ᠠᠵᠢᠯ ᠮᠡᠷᠭᠡᠵᠢᠯ ᠤᠨ ᠡᠷᠡᠬᠦᠯ ᠡᠩᠬᠡ ᠶᠢ ᠬᠠᠮᠠᠭᠠᠯᠠᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠠᠵᠢᠯ ᠤᠨ ᠨᠦᠯᠦᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠣᠷᠣᠨ ᠪᠦᠰᠡ ᠶᠢ ᠬᠠᠮᠤᠷᠬᠤ᠂ ᠵᠦᠢ ᠵᠣᠬᠢᠰᠲᠠᠢ ᠲᠣᠬᠢᠷᠠᠭᠤᠯᠬᠤ ᠵᠠᠷᠴᠢᠮ ᠶᠣᠰᠤᠭᠠᠷ᠂ ᠠᠵᠢᠯ ᠤᠨ ᠨᠦᠯᠦᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠠᠶᠢᠷᠢᠰᠢᠭᠤᠯᠤᠯ ᠢᠶᠠᠷ ᠵᠦᠢ ᠵᠣᠬᠢᠰᠲᠠᠢ᠂ ᠴᠢᠳᠠᠮᠵᠢ ᠪᠠᠷ ᠪᠦᠷᠢᠨᠰᠢᠭᠰᠡᠨ ᠪᠠᠶᠢᠬᠤ ᠬᠡᠷᠡᠭᠲᠡᠢ᠃ ᠠᠶᠢᠮᠠᠭ ᠬᠤᠲᠠ ᠳᠤ ᠠᠳᠠᠭ ᠲᠤ ᠪᠠᠨ 1 ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠠᠵᠢᠯ ᠤᠨ ᠨᠦᠯᠦᠭᠡᠨ ᠤ ᠡᠪᠡᠳᠴᠢᠨ ᠢ ᠣᠨᠣᠰᠢᠯᠠᠬᠤ ᠠᠵᠢᠯ ᠢ ᠡᠭᠦᠷᠬᠡᠯᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠵᠠᠷᠴᠢᠮ ᠳᠡᠭᠡᠷ᠎ᠡ ᠪᠠᠨ ᠠᠳᠠᠭ ᠲᠤ ᠪᠠᠨ 1 ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠠᠵᠢᠯ ᠮᠡᠷᠭᠡᠵᠢᠯ ᠤᠨ ᠡᠷᠡᠬᠦᠯ ᠡᠩᠬᠡ ᠶᠢᠨ ᠪᠠᠶᠢᠴᠠᠭᠠᠯᠲᠠ ᠶᠢᠨ ᠠᠵᠢᠯ ᠢ ᠡᠭᠦᠷᠬᠡᠯᠡᠭᠰᠡᠨ ᠪᠠᠶᠢᠬᠤ ᠬᠡᠷᠡᠭᠲᠡᠢ᠃ ᠠᠵᠢᠯ ᠮᠡᠷᠭᠡᠵᠢᠯ ᠤᠨ ᠡᠷᠡᠬᠦᠯ ᠡᠩᠬᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠦᠮᠦᠨ ᠬᠡᠷᠡᠭᠯᠡᠬᠦ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠨᠦᠯᠦᠭᠡᠨ ᠤ ᠡᠪᠡᠳᠴᠢᠨ ᠤ ᠬᠤᠣᠷ ᠬᠦᠨᠦᠭᠡᠯ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠬᠡᠷᠡᠭᠲᠡᠢ᠃ ᠬᠦᠮᠦᠨ ᠬᠡᠷᠡᠭᠯᠡᠬᠦ ᠨᠢᠭᠡᠴᠢ ᠶᠢᠨ ᠬᠢᠨ ᠤ ᠠᠵᠢᠯᠲᠠᠨ ᠠᠵᠢᠯᠴᠢᠨ ᠤ ᠡᠷᠡᠭᠦᠯ ᠡᠩᠬᠡ ᠶᠢᠨ ᠬᠠᠮᠢᠶᠠᠷᠤᠯᠲᠠ ᠦᠷᠨᠢᠭᠦᠯᠬᠦ ᠶᠢ ᠵᠣᠷᠢᠬᠵᠢᠭᠤᠯᠬᠤ ᠬᠡᠷᠡᠭᠲᠡᠢ᠃ ᠬᠦᠳᠡᠯᠮᠦᠷᠢ ᠶᠢᠨ ᠠᠵᠢᠯᠯᠠᠬᠤ ᠴᠠᠭ ᠤᠨ ᠳᠥᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠬᠡᠪᠴᠢᠶ᠎ᠡ ᠶᠢ ᠦᠷᠭᠡᠳᠭᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠠᠴᠠ ᠪᠣᠯᠣᠭᠰᠠᠨ ᠭᠡᠮᠳᠦᠯ ᠤᠨ ᠳᠠᠭᠠᠳᠬᠠᠯ ᠳᠤ ᠣᠷᠣᠯᠴᠠᠬᠤ ᠬᠦᠮᠦᠰ ᠤᠨ ᠲᠤᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠠᠭᠤᠰᠬᠢ ᠲᠤᠭᠤᠰᠤᠳᠠᠯ ᠵᠡᠷᠭᠡ ᠠᠵᠢᠯ ᠤᠨ ᠨᠦᠯᠥᠭᠡᠨ ᠤ ᠡᠪᠡᠳᠴᠢᠨ ᠢ ᠠᠪᠤᠷᠠᠨ ᠵᠠᠰᠠᠬᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ ᠲᠤᠭᠤᠰᠤ ᠶᠡᠬᠡᠳᠡᠢ ᠠᠵᠢᠯ ᠢ ᠭᠠᠷᠳᠠᠵᠤ ᠬᠢᠭᠰᠡᠨ ᠬᠤᠭᠤᠴᠠᠭ᠎ᠠ ᠨᠢ 5 ᠵᠢᠯ ᠭᠦᠷᠬᠦ ᠦᠬᠡᠢ ᠬᠦᠳᠡᠯᠮᠦᠷᠢᠴᠢᠳ ᠤᠨ ᠰᠢᠨ᠎ᠡ ᠪᠠᠷ ᠠᠭᠤᠰᠬᠢ ᠲᠤᠭᠤᠰᠤᠳᠠᠯ ᠲᠠᠢ ᠪᠣᠯᠣᠭᠰᠠᠨ ᠮᠡᠳᠡᠭᠦᠯᠦᠯᠲᠡ ᠶᠢᠨ ᠵᠢᠱᠢᠶᠡᠲᠦ ᠲᠤᠭ᠎ᠠ ᠨᠢ ᠣᠨ ᠤ ᠮᠡᠳᠡᠭᠦᠯᠦᠯᠲᠡ ᠶᠢᠨ ᠶᠡᠷᠦᠩᠬᠡᠢ ᠵᠢᠱᠢᠶᠡᠲᠦ ᠲᠣᠭᠠᠨ ᠳᠠᠬᠢ ᠡᠵᠡᠯᠡᠬᠦ ᠬᠠᠷᠢᠴᠠᠯ ᠢ ᠢᠯᠡᠷᠬᠡᠢ ᠪᠠᠭᠤᠷᠠᠭᠤᠯᠬᠤ ᠶᠢᠨ ᠬᠠᠮᠲᠤ ᠦᠷᠭᠦᠯᠵᠢᠯᠡᠨ ᠪᠠᠭᠤᠷᠠᠭᠤᠯᠬᠤ ᠶᠢ ᠪᠡᠶᠡᠯᠡᠭᠦᠯᠵᠦ᠂ ᠣᠷᠣᠨ ᠪᠦᠰᠡ ᠶᠢᠨ ᠲᠤᠳᠤᠷᠠᠬᠢ ᠠᠵᠢᠯ ᠮᠡᠷᠭᠡᠵᠢᠯ ᠤᠨ ᠡᠷᠡᠬᠦᠯ ᠡᠩᠬᠡ ᠶᠢᠨ ᠪᠠᠶᠢᠴᠠᠭᠠᠯᠲᠠ ᠪᠠ ᠠᠵᠢᠯ ᠤᠨ ᠨᠦᠯᠦᠭᠡᠨ ᠤ ᠡᠪᠡᠳᠴᠢᠨ ᠢ ᠣᠨᠣᠰᠢᠯᠠᠬᠤ ᠦᠢᠯᠡᠴᠢᠯᠡᠭᠡᠨ ᠤ ᠬᠠᠮᠤᠷᠬᠤ ᠨᠣᠷᠮ᠎ᠠ ᠶᠢ ᠲᠤᠰ ᠲᠤᠰ 80% ᠠᠴᠠ ᠲᠡᠬᠡᠭᠰᠢ ᠪᠠ 90% ᠠᠴᠠ ᠳᠡᠭᠡᠭᠰᠢ ᠳᠤ ᠭᠦᠷᠦᠭᠦᠯᠬᠦ ᠬᠡᠷᠡᠭᠲᠡᠢ᠃
︵ᠠᠷᠪᠠ︶ ᠨᠠᠰᠤᠲᠠᠶᠢᠴᠤᠳ ᠤᠨ ᠡᠷᠡᠭᠦᠯ ᠴᠢᠬᠢᠷᠠᠭ ᠢ ᠠᠬᠢᠭᠤᠯᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠨᠠᠰᠤᠳᠠᠶᠢᠴᠤᠳ ᠲᠤ ᠬᠠᠨᠳᠤᠭᠤᠯᠤᠨ ᠬᠤᠭᠤᠯᠠ ᠢᠳᠡᠭᠡᠨ ᠤ ᠰᠢᠮ᠎ᠠ ᠲᠡᠵᠢᠬᠡᠯ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠲᠣᠭᠲᠠᠭᠰᠠᠨ ᠬᠤᠭᠤᠴᠠᠭᠠᠨ ᠤ ᠪᠡᠶ᠎ᠡ ᠮᠠᠬᠠᠪᠤᠳ ᠤᠨ ᠪᠠᠶᠢᠴᠠᠭᠠᠯᠲᠠ᠂ ᠡᠷᠡᠬᠦᠯ ᠴᠢᠬᠢᠷᠠᠭ ᠤᠨ ᠬᠠᠮᠢᠶᠠᠷᠤᠯᠲᠠ᠂ ᠰᠡᠳᠬᠢᠴᠡ ᠶᠢᠨ ᠡᠷᠡᠭᠦᠯ ᠡᠩᠬᠡ ᠵᠢᠴᠢ ᠵᠦᠢ ᠵᠣᠬᠢᠰᠲᠠᠢ ᠪᠠᠷ ᠡᠮ ᠵᠠᠷᠤᠬᠤ ᠵᠡᠷᠭᠡ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃ ᠨᠠᠰᠤᠲᠠᠶᠢᠴᠤᠳ ᠤᠨ ᠡᠷᠡᠭᠦᠯ ᠡᠩᠬᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠭᠡᠷ ᠪᠦᠯᠢ ᠪᠠ ᠨᠡᠶᠢᠭᠡᠮ ᠤᠨ ᠨᠠᠰᠤᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠮᠨᠡᠯᠭᠡ ᠡᠷᠡᠭᠦᠯ ᠬᠠᠮᠠᠭᠠᠯᠠᠯ ᠬᠢᠭᠡᠳ ᠨᠠᠰᠤᠵᠢᠯ ᠤᠨ ᠦᠢᠯᠡᠴᠢᠯᠡᠭᠡᠨ ᠤ ᠠᠭᠤᠰᠤᠯᠴᠠᠨ ᠬᠦᠭᠵᠢᠬᠦ ᠶᠢ ᠠᠬᠢᠭᠤᠯᠤᠨ᠂ ᠮᠣᠩᠭᠤᠯ ᠬᠢᠲᠠᠳ ᠡᠮ ᠡᠮᠨᠡᠯᠭᠡ ᠶᠢᠨ ᠤᠨᠴᠠᠯᠢᠭ ᠲᠠᠢ ᠡᠮᠴᠢᠯᠡᠬᠦ ᠪᠠ ᠠᠰᠠᠷᠠᠬᠤ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠬᠦᠭᠵᠢᠯᠲᠡ ᠶᠢ ᠠᠬᠢᠭᠤᠯᠵᠤ᠂ ᠤᠷᠲᠤ ᠬᠤᠭᠤᠴᠠᠭ᠎ᠠ ᠪᠠᠷ ᠠᠰᠠᠷᠠᠨ ᠰᠣᠪᠢᠯᠠᠬᠤ ᠳᠠᠭᠠᠳᠬᠠᠯ ᠤᠨ ᠳᠥᠷᠢᠮ ᠢ ᠰᠦᠪᠡᠭᠴᠢᠯᠡᠨ᠂ ᠨᠠᠰᠤᠲᠠᠶᠢᠴᠤᠳ ᠤᠨ ᠰᠠᠭᠤᠷᠢᠰᠢᠬᠤ ᠳᠤ ᠲᠣᠬᠢᠷᠠᠮᠵᠢᠲᠠᠢ ᠣᠷᠴᠢᠨ ᠨᠦᠭᠦᠴᠡᠯ ᠢ ᠪᠣᠢ ᠪᠤᠯᠭᠠᠵᠦ᠂ ᠡᠷᠡᠭᠦᠯ ᠡᠩᠬᠡ ᠪᠠᠷ ᠦᠳᠡᠯᠬᠦ ᠶᠢ ᠪᠡᠶᠡᠯᠡᠭᠦᠯᠬᠦ ᠬᠡᠷᠡᠭᠲᠡᠢ᠃ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠡᠩᠬᠡ ᠶᠢ ᠤᠷᠢᠳᠴᠢᠯᠠᠨ ᠰᠡᠷᠭᠡᠶᠢᠯᠡᠬᠦ ᠪᠠ ᠬᠠᠯᠠᠮᠵᠢᠯᠠᠨ ᠵᠢᠯᠣᠭᠤᠳᠬᠤ ᠲᠥᠯᠥᠪᠯᠡᠭᠡ ᠶᠢ ᠬᠡᠷᠡᠭᠵᠢᠭᠦᠯᠦᠨ᠂ ᠶᠠᠳᠠᠭᠤ ᠬᠦᠴᠢᠷᠳᠡᠯᠲᠡᠢ᠂ ᠬᠡᠷ ᠤᠨ ᠮᠤᠬᠤᠷ ᠰᠠᠬᠢᠨᠨᠰᠠᠨ᠂ ᠴᠢᠳᠠᠯ ᠲᠡᠩᠬᠡᠬᠡ ᠪᠠᠨ ᠠᠯᠳᠠᠭᠰᠠᠨ᠂ ᠣᠶᠣᠨ ᠤ ᠰᠠᠭᠠᠳᠠᠯ ᠲᠠᠢ ᠪᠣᠯᠣᠭᠰᠠᠨ᠂ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠪᠠ ᠨᠠᠰᠤ ᠠᠬᠢᠨᠨᠰᠨᠨ ᠭᠠᠭᠴᠠᠭᠠᠷ ᠰᠠᠭᠤᠭ᠎ᠠ ᠨᠠᠰᠤᠲᠠᠨ ᠳᠤ ᠡᠳᠦᠷ ᠳᠣᠲᠣᠮ ᠤᠨ ᠬᠠᠯᠠᠮᠵᠢᠯᠠᠯ ᠪᠠ ᠰᠡᠳᠬᠢᠴᠡ ᠶᠢᠨ ᠳᠡᠮᠵᠢᠯᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ 65 ᠠᠴᠠ 74 ᠲᠠᠢ ᠨᠠᠰᠤᠲᠠᠶᠢᠴᠤᠳ ᠤᠨ ᠴᠢᠳᠠᠯ ᠲᠡᠩᠬᠡᠬᠡ ᠪᠠᠨ ᠠᠯᠳᠠᠬᠤ ᠶᠢᠨ ᠡᠭᠦᠰᠬᠦ ᠨᠣᠷᠮ᠎ᠠ ᠶᠢ ᠡᠳᠦᠢ ᠲᠡᠳᠦᠢ ᠪᠠᠭᠤᠷᠠᠭᠤᠯᠵᠦ᠂ 65 ᠨᠠᠰᠤᠨ ᠠᠴᠠ ᠳᠡᠭᠡᠭᠰᠢᠬᠢ ᠬᠦᠮᠦᠰ ᠤᠨ ᠦᠳᠡᠯᠦᠬᠡ ᠨᠠᠰᠤᠨ ᠤ ᠵᠥᠨᠥᠳᠡᠭ ᠭᠡᠮ ᠣᠯᠬᠤ ᠨᠣᠷᠮ᠎ᠠ ᠶᠢᠨ ᠨᠡᠮᠡᠭᠳᠡᠬᠦ ᠬᠤᠷᠳᠤᠴᠠ ᠶᠢ ᠪᠠᠭᠤᠷᠠᠭᠤᠯᠵᠦ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠢ ᠡᠮᠨᠡᠯᠭᠡ ᠶᠢᠨ ᠬᠤᠷᠢᠶᠠᠨ ᠳᠤ ᠥᠲᠡᠭᠦᠰ ᠤᠨ ᠠᠨᠠᠭᠠᠬᠤ ᠤᠬᠠᠭᠠᠨ ᠤ ᠰᠠᠯᠠᠭ᠎ᠠ ᠪᠠᠶᠢᠭᠤᠯᠬᠤ ᠬᠠᠷᠢᠴᠠᠯ ᠢ ᠲᠤᠰ ᠲᠤᠰ 50% ᠠᠴᠠ ᠲᠡᠬᠡᠭᠰᠢ ᠪᠠ 90% ᠠᠴᠠ ᠳᠡᠭᠡᠭᠰᠢ ᠳᠤ ᠭᠦᠷᠦᠭᠦᠯᠬᠦ ᠬᠡᠷᠡᠭᠲᠡᠢ᠃
︵ᠠᠷᠪᠠᠨ ᠨᠢᠭᠡ︶ ᠵᠢᠷᠤᠬᠡᠨ ᠤ ᠪᠠ ᠲᠠᠷᠢᠬᠢᠨ ᠤ ᠰᠤᠳᠠᠯ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠪᠦᠬᠦ ᠠᠷᠠᠳ ᠲᠤ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠨ ᠠᠪᠤᠷᠠᠬᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠨᠡᠶᠢᠲᠡ ᠶᠢ ᠬᠦᠲᠦᠯᠦᠨ ᠵᠢᠯᠣᠭᠤᠳᠴᠤ ᠪᠠᠶᠢᠭᠠᠳ ᠦᠨᠳᠦᠰᠦᠨ ᠪᠦᠭᠡᠳ ᠡᠷᠬᠡᠪᠰᠢ ᠮᠡᠳᠡᠬᠦ ᠴᠢᠬᠤᠯᠠ ᠲᠠᠢ ᠵᠢᠷᠦᠬᠡ ᠠᠭᠤᠰᠬᠢᠨ ᠤ ᠰᠡᠷᠭᠦᠭᠡᠯᠲᠡ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠳᠤ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠮᠡᠳᠡᠯᠭᠡ ᠪᠣᠯᠣᠨ ᠤᠷ᠎ᠠ ᠴᠢᠳᠠᠪᠤᠷᠢ ᠶᠢ ᠡᠵᠡᠮᠰᠢᠭᠦᠯᠬᠦ ᠬᠡᠷᠡᠭᠲᠡᠢ᠃ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠪᠠᠴᠢᠮ ᠠᠪᠤᠷᠠᠬᠤ ᠲᠥᠪ ᠵᠡᠷᠭᠡ ᠡᠮᠨᠡᠯᠭᠡ ᠶᠢᠨ ᠪᠠᠶᠢᠭᠤᠯᠤᠮᠵᠢ ᠨᠢ ᠣᠯᠠᠨ ᠲᠦᠮᠡᠨᠴᠢ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠬᠤ ᠲᠤᠰᠠᠯᠠᠨ ᠠᠪᠤᠷᠠᠬᠤ ᠪᠣᠯᠪᠠᠰᠤᠷᠠᠭᠤᠯᠤᠯ ᠦᠷᠨᠢᠭᠦᠯᠬᠦ ᠶᠢ ᠵᠣᠷᠢᠬᠵᠢᠭᠤᠯᠤᠨ ᠳᠡᠮᠵᠢᠬᠦ ᠬᠡᠷᠡᠭᠲᠡᠢ᠃ ᠡᠪᠡᠳᠴᠢᠯᠡᠮᠡᠳᠡᠬᠡᠢ ᠬᠦᠮᠦᠰ ᠪᠣᠯᠣᠨ ᠡᠪᠡᠳᠴᠢᠲᠡᠨ ᠳᠤ ᠠᠮᠢᠳᠤᠷᠠᠯ ᠤᠨ ᠠᠷᠭ᠎ᠠ ᠮᠠᠶ᠋ᠢᠭ ᠤᠨ ᠵᠢᠯᠣᠭᠤᠳᠤᠯᠭ᠎ᠠ ᠬᠢᠬᠦ ᠬᠡᠷᠡᠭᠲᠡᠢ᠃ 35 ᠨᠠᠰᠤᠨ ᠠᠴᠠ ᠳᠡᠭᠡᠭᠰᠢᠬᠢ ᠬᠦᠮᠦᠰ ᠤᠨ ᠠᠩᠬᠠᠨ ᠤ ᠡᠮᠴᠢᠯᠡᠭᠡ ᠳᠤ ᠴᠢᠰᠤᠨ ᠳᠠᠷᠤᠯᠲᠠ ᠬᠡᠮᠵᠢᠬᠦ ᠳᠥᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠬᠡᠲᠦ ᠲᠠᠷᠭᠤᠯᠠᠬᠤ᠂ ᠴᠢᠰᠤᠨ ᠳᠠᠷᠤᠯᠲᠠ ᠦᠨᠳᠦᠷ ᠪᠣᠯᠬᠤ᠂ ᠴᠢᠰᠤᠨ ᠤ ᠰᠢᠬᠢᠷ ᠠᠷᠪᠢᠳᠤᠬᠤ᠂ ᠴᠢᠰᠤᠨ ᠥᠭᠡᠬᠦ ᠬᠡᠪ ᠤᠨ ᠪᠣᠰᠤ ᠪᠠ ᠡᠪᠡᠳᠴᠢᠯᠡᠮᠡᠳᠡᠬᠡᠢ ᠬᠦᠮᠦᠰ ᠤᠨ ᠡᠪᠡᠳᠴᠢᠨ ᠣᠯᠬᠤ ᠲᠥᠭᠰᠢᠭᠦᠷᠢ ᠶᠢᠨ ᠦᠨᠡᠯᠡᠨ ᠵᠢᠱᠢᠯᠲᠡ ᠬᠢᠬᠦ ᠪᠠ ᠬᠠᠯᠠᠮᠵᠢᠯᠠᠨ ᠵᠢᠯᠣᠭᠤᠳᠬᠤ ᠶᠢ ᠦᠷᠨᠢᠭᠦᠯᠵᠦ᠂ ᠵᠢᠷᠤᠮᠵᠢᠭᠤᠯᠤᠨ ᠬᠠᠮᠢᠶᠠᠷᠬᠤ ᠪᠠᠨ ᠰᠠᠶᠢᠲᠤᠷ ᠬᠢᠬᠦ ᠬᠡᠷᠡᠭᠲᠡᠢ᠃ ᠡᠮᠨᠡᠯᠭᠡ ᠳᠤ ᠣᠷᠣᠬᠤ ᠠᠴᠠ ᠡᠮᠦᠨᠡᠬᠢ ᠪᠠᠴᠢᠮ ᠠᠪᠤᠷᠠᠯᠲᠠ᠂ ᠨᠠᠮᠵᠢᠭᠤᠨ ᠰᠤᠳᠠᠯ ᠳᠤ ᠪᠥᠯᠥᠩ ᠬᠠᠶᠢᠯᠤᠭᠤᠯᠬᠤ᠂ ᠯᠣᠭᠰᠢᠭᠤᠨ ᠰᠤᠳᠠᠯ ᠠᠴᠠ ᠪᠥᠯᠥᠩ ᠭᠠᠷᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ ᠵᠢᠷᠤᠭᠡᠨ ᠤ ᠪᠠ ᠲᠠᠷᠢᠬᠢᠨ ᠤ ᠰᠤᠳᠠᠯ ᠤᠨ ᠡᠪᠡᠳᠴᠢᠨ ᠢᠶᠠᠷ ᠥᠬᠦᠬᠦ ᠨᠣᠷᠮ᠎ᠠ ᠶᠢ ᠲᠤᠰ ᠲᠤᠰ 209.7/10 ᠲᠦᠮᠡ ᠠᠴᠠ ᠲᠤᠭᠤᠨᠨᠰᠢ ᠪᠠ 190.7/10 ᠲᠦᠮᠡ ᠠᠴᠠ ᠳᠣᠭᠤᠭᠰᠢ ᠬᠦᠷᠲᠡᠯ᠎ᠡ ᠪᠠᠭᠤᠷᠠᠭᠤᠯᠵᠤ᠂ 30 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠴᠢᠰᠤᠨ ᠳᠠᠷᠤᠯᠲᠠ ᠦᠨᠳᠦᠷᠵᠢᠬᠦ ᠶᠢᠨ ᠮᠡᠳᠡᠵᠤ ᠣᠶᠢᠯᠠᠭᠠᠬᠤ ᠨᠣᠷᠮ᠎ᠠ ᠶᠢ ᠲᠤᠰ ᠲᠤᠰ 55% ᠪᠠ 65% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠴᠢᠰᠤᠨ ᠳᠠᠷᠤᠯᠲᠠ ᠦᠨᠳᠦᠷ ᠪᠣᠯᠬᠤ ᠡᠪᠡᠳᠴᠢᠲᠡᠨ ᠢ ᠵᠢᠷᠤᠮᠵᠢᠭᠤᠯᠤᠨ ᠬᠠᠮᠢᠶᠠᠷᠬᠤ ᠨᠣᠷᠮ᠎ᠠ ᠶᠢ ᠲᠤᠰ ᠲᠤᠰ 60% ᠪᠠ 70% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃
︵ᠠᠷᠪᠠᠨ ᠬᠤᠶᠠᠷ︶ ᠦᠮᠡᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠦᠮᠡᠨ ᠡᠪᠡᠳᠴᠢᠨ ᠢ ᠢᠳᠡᠪᠬᠢᠳᠡᠢ ᠤᠷᠢᠳᠴᠢᠯᠠᠨ ᠰᠡᠷᠭᠡᠶᠢᠯᠡᠬᠦ ᠶᠢ ᠰᠠᠨᠠᠭᠠᠴᠢᠯᠠᠵᠦ᠂ ᠡᠷᠲᠡ ᠰᠢᠯᠢᠨ ᠪᠠᠶᠢᠴᠠᠭᠠᠵᠤ᠂ ᠡᠷᠲᠡ ᠣᠨᠣᠰᠢᠯᠡᠨ ᠲᠣᠳᠣᠯᠠᠵᠤ᠂ ᠡᠷᠲᠡ ᠡᠮᠨᠡᠭᠦᠯᠬᠦ ᠶᠢ ᠠᠬᠢᠭᠤᠯᠤᠨ᠂ ᠦᠮᠡᠨ ᠡᠪᠡᠳᠴᠢᠨ ᠡᠭᠦᠰᠬᠦ ᠨᠣᠷᠮ᠎ᠠ ᠪᠠ ᠥᠬᠦᠬᠦ ᠨᠣᠷᠮ᠎ᠠ ᠶᠢ ᠨᠢ ᠪᠠᠭᠤᠷᠠᠭᠤᠯᠵᠤ᠂ ᠡᠪᠡᠳᠴᠢᠲᠡᠨ ᠤ ᠣᠷᠣᠰᠢᠨ ᠠᠮᠢᠳᠤᠷᠠᠬᠤ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠬᠡᠷᠡᠭᠲᠡᠢ᠃ ᠦᠮᠡᠨ ᠡᠪᠡᠳᠴᠢᠨ ᠢ ᠰᠢᠯᠢᠨ ᠪᠠᠶᠢᠴᠠᠭᠠᠬᠤ ᠬᠦᠷᠢᠶ᠎ᠡ ᠬᠡᠪᠴᠢᠶ᠎ᠡ ᠶᠢ ᠡᠮᠬᠢ ᠵᠢᠷᠤᠮ ᠲᠠᠢ ᠪᠠᠷ ᠦᠷᠭᠡᠳᠭᠡᠬᠦ ᠬᠡᠷᠡᠭᠲᠡᠢ᠃ ᠪᠠᠶᠢᠩᠭᠤ ᠲᠤᠬᠢᠶᠠᠯᠳᠤᠳᠠᠭ ᠦᠮᠡᠨ ᠡᠪᠡᠳᠴᠢᠨ ᠤ ᠣᠨᠣᠰᠢᠯᠠᠨ ᠡᠮᠨᠡᠬᠦ ᠵᠢᠷᠤᠮᠵᠢᠯ ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠶᠠᠳᠠᠭᠤ ᠬᠦᠴᠢᠷᠳᠡᠯᠲᠡᠢ ᠭᠠᠵᠠᠷ ᠣᠷᠣᠨ ᠵᠢᠴᠢ ᠦᠨᠳᠦᠰᠦᠨ ᠱᠠᠲᠤᠨ ᠤ ᠦᠮᠡᠨ ᠡᠪᠡᠳᠴᠢᠳᠠᠨ ᠢ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠦᠬᠦᠭᠰᠡᠨ ᠰᠢᠯᠲᠠᠭᠠᠨ ᠢ ᠬᠢᠨᠠᠨ ᠰᠢᠨᠵᠢᠬᠦ ᠪᠠ ᠬᠠᠪᠤᠳᠠᠷ ᠤᠨ ᠳᠠᠩᠰᠠᠯᠠᠨ ᠮᠡᠳᠡᠭᠦᠯᠬᠦ ᠳᠥᠷᠢᠮ ᠢ ᠪᠦᠷᠢᠨᠰᠢᠭᠦᠯᠵᠦ᠂ ᠠᠯᠢᠪᠠ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠦᠬᠦᠭᠰᠡᠨ ᠰᠢᠯᠲᠠᠭᠠᠨ ᠢ ᠬᠢᠨᠠᠨ ᠰᠢᠨᠵᠢᠬᠦ ᠪᠠ ᠬᠠᠪᠤᠳᠠᠷ ᠤᠨ ᠳᠠᠩᠰᠠᠯᠠᠬᠤ ᠠᠵᠢᠯ ᠢ ᠦᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠳᠤᠨ ᠤ ᠬᠠᠪᠤᠳᠠᠷ ᠤᠨ ᠳᠠᠩᠰᠠᠯᠠᠯ ᠤᠨ ᠮᠡᠳᠡᠭᠦᠯᠦᠯᠲᠡ ᠶᠢ ᠲᠣᠭᠲᠠᠭᠰᠠᠨ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠢ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠲᠤᠰᠠᠯᠠᠨ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠵᠦ ᠲᠤᠰᠠᠯᠠᠨ ᠠᠪᠤᠷᠠᠬᠤ᠂ ᠬᠤᠳᠠᠯᠳᠤᠭᠠᠨ ᠤ ᠡᠷᠡᠭᠦᠯ ᠡᠩᠬᠡ ᠶᠢᠨ ᠳᠠᠭᠠᠳᠬᠠᠯ ᠵᠢᠴᠢ ᠨᠢᠭᠦᠯᠡᠰᠦᠩᠭᠦᠢ ᠶᠢᠨ ᠲᠤᠰᠠᠯᠠᠨ ᠠᠪᠤᠷᠠᠬᠤ ᠵᠡᠷᠭᠡ ᠳᠥᠷᠢᠮ ᠤᠨ ᠬᠤᠭᠤᠷᠣᠨᠳᠤ ᠬᠠᠷᠢᠯᠴᠠᠨ ᠨᠦᠬᠦᠪᠦᠷᠢᠯᠡᠨ ᠬᠤᠯᠪᠣᠭᠠᠯᠠᠨ ᠬᠦᠳᠡᠯᠦᠯᠴᠡᠬᠦ ᠪᠠ ᠪᠦᠲᠦᠮᠵᠢᠲᠠᠢ ᠵᠣᠯᠭᠠᠭᠤᠯᠬᠤ ᠶᠢ ᠠᠬᠢᠭᠤᠯᠤᠨ᠂ ᠪᠠᠲᠤᠯᠠᠭ᠎ᠠ ᠶᠢᠨ ᠨᠡᠶᠢᠯᠡᠮᠡᠯ ᠬᠦᠴᠦᠨ ᠢ ᠪᠣᠢ ᠪᠣᠯᠭᠠᠵᠤ᠂ ᠦᠮᠡᠨ ᠡᠪᠡᠳᠴᠢᠲᠡᠨ ᠤ ᠡᠮᠴᠢᠯᠡᠭᠦᠯᠬᠦ ᠳᠠᠷᠤᠭᠠᠰᠤ ᠶᠢ ᠨᠢ ᠦᠨᠡᠨᠬᠦ ᠪᠠᠭᠤᠷᠠᠭᠤᠯᠬᠤ ᠬᠡᠷᠡᠭᠲᠡᠢ᠃ 2022 ᠣᠨ ᠪᠣᠯᠤᠨ 2030 ᠣᠨ ᠪᠣᠯᠬᠤ ᠳᠤ᠂ ᠶᠡᠷᠦᠩᠬᠡᠢ ᠲᠤᠭᠠᠨ ᠤ ᠦᠮᠡᠨ ᠡᠪᠡᠳᠴᠢᠳᠠᠨ ᠤ 5 ᠵᠢᠯ ᠣᠷᠣᠰᠢᠨ ᠠᠮᠢᠳᠤᠷᠠᠬᠤ ᠨᠣᠷᠮ᠎ᠠ ᠶᠢ ᠲᠤᠰ ᠲᠤᠰ 43.3% ᠪᠠ 46.6% ᠠᠴᠠ ᠳᠣᠣᠷ᠎ᠠ ᠪᠠᠶᠢᠯᠭᠠᠵᠦ ᠪᠣᠯᠬᠤ ᠦᠭᠡᠢ᠂ ᠦᠮᠡᠨ ᠡᠪᠡᠳᠴᠢᠨ ᠢ ᠰᠡᠷᠭᠡᠶᠢᠯᠡᠨ ᠵᠠᠰᠠᠬᠤ ᠭᠤᠤᠯᠯᠠᠬᠤ ᠵᠠᠩᠬᠢᠯᠠᠭ᠎ᠠ ᠶᠢᠨ ᠮᠡᠳᠡᠯᠭᠡ ᠶᠢ ᠤᠶᠢᠯᠠᠭᠠᠨ ᠮᠡᠳᠡᠬᠦ ᠨᠣᠷᠮ᠎ᠠ ᠶᠢ ᠲᠤᠰ ᠲᠤᠰ 70% ᠪᠠ 80% ᠠᠴᠠ ᠳᠣᠣᠷ᠎ᠠ ᠪᠠᠶᠢᠯᠭᠠᠵᠦ ᠪᠣᠯᠬᠤ ᠦᠭᠡᠢ᠂ ᠦᠮᠡᠨ ᠡᠪᠡᠳᠴᠢᠨ ᠤᠯᠠᠨ ᠳᠡᠯᠭᠡᠷᠡᠳᠡᠭ ᠭᠠᠵᠠᠷ ᠣᠷᠣᠨ ᠤ ᠭᠤᠤᠯᠳᠠᠯᠭ᠎ᠠ ᠲᠠᠢ ᠦᠮᠡᠨ ᠡᠪᠡᠳᠴᠢᠨ ᠤ ᠲᠥᠷᠥᠯ ᠤᠨ ᠡᠷᠲᠡ ᠣᠨᠣᠰᠢᠯᠠᠬᠤ ᠨᠣᠷᠮ᠎ᠠ ᠶᠢ 55% ᠠᠴᠠ ᠳᠡᠭᠡᠭᠰᠢ ᠪᠣᠯᠭᠠᠬᠤ ᠶᠢᠨ ᠬᠠᠮᠲᠤ ᠦᠷᠭᠦᠯᠵᠢᠯᠡᠨ ᠲᠡᠬᠡᠭᠰᠢᠯᠡᠬᠦᠯᠵᠦ᠂ ᠦᠮᠡᠨ ᠡᠪᠡᠳᠴᠢᠨ ᠳᠤ ᠡᠪᠡᠳᠴᠢᠯᠡᠮᠡᠳᠡᠬᠡᠢ ᠬᠦᠮᠦᠰ ᠤᠨ ᠲᠣᠭᠲᠠᠭᠰᠠᠨ ᠬᠤᠭᠤᠴᠠᠭ᠎ᠠ ᠲᠠᠢ ᠪᠠᠷ ᠦᠮᠡᠨ ᠡᠪᠡᠳᠴᠢᠨ ᠢ ᠰᠡᠷᠭᠡᠶᠢᠯᠡᠬᠦ ᠪᠡᠶ᠎ᠡ ᠮᠠᠬᠠᠪᠤᠳ ᠤᠨ ᠪᠠᠶᠢᠴᠠᠭᠠᠯᠲᠠ ᠳᠤ ᠣᠷᠣᠯᠴᠠᠬᠤ ᠶᠢ ᠦᠨᠳᠦᠰᠦᠨ ᠳᠤ ᠪᠠᠨ ᠪᠡᠶᠡᠯᠡᠭᠦᠯᠬᠦ
ᠬᠡᠷᠡᠭᠲᠡᠢ᠃
︵ᠠᠷᠪᠠᠨ ᠭᠤᠷᠪᠠ︶ ᠤᠵᠢᠭ ᠴᠢᠨᠠᠷᠳᠤ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠭᠤᠤᠯᠳᠠᠯᠭ᠎ᠠ ᠲᠠᠢ ᠬᠦᠮᠦᠰ ᠢ ᠬᠦᠳᠦᠯᠦᠨ ᠵᠢᠯᠣᠭᠤᠳᠴᠦ ᠪᠠᠶᠢᠭᠠᠳ ᠡᠪᠡᠳᠴᠢᠨ ᠡᠮᠭᠡᠭ ᠢ ᠡᠷᠲᠡᠨ ᠠᠴᠠ ᠨᠢ ᠣᠯᠵᠤ ᠮᠡᠳᠡᠵᠦ᠂ ᠲᠦᠭᠰᠢᠭᠦᠷᠢ ᠲᠠᠢ ᠬᠦᠴᠦᠨ ᠵᠦᠢᠯ ᠢ ᠬᠢᠵᠠᠭᠠᠷᠯᠠᠨ᠂ ᠡᠪᠡᠳᠴᠢᠨ ᠡᠮᠭᠡᠭ ᠡᠭᠦᠰᠴᠤ ᠬᠦᠭᠵᠢᠬᠦ ᠶᠢ ᠤᠷᠢᠳᠴᠢᠯᠡᠨ ᠰᠡᠷᠭᠡᠶᠢᠯᠡᠬᠦ ᠬᠡᠷᠡᠭᠲᠡᠢ᠃ ᠡᠪᠡᠳᠴᠢᠯᠡᠮᠡᠳᠡᠬᠡᠢ ᠬᠦᠮᠦᠰ ᠤᠨ ᠠᠩᠬᠠᠨ ᠤ ᠡᠮᠴᠢᠯᠡᠭᠡ ᠳᠤ ᠠᠭᠤᠰᠭᠢᠨ ᠤ ᠠᠵᠢᠯᠯᠠᠭ᠎ᠠ ᠶᠢ ᠬᠡᠮᠵᠢᠬᠦ᠂ 40 ᠨᠠᠰᠤᠨ ᠠᠴᠠ ᠳᠡᠭᠡᠭᠰᠢᠬᠢ ᠬᠦᠮᠦᠰ ᠤᠨ ᠪᠡᠶ᠎ᠡ ᠮᠠᠬᠠᠪᠤᠳ ᠤᠨ ᠪᠠᠶᠢᠴᠠᠭᠠᠯᠲᠠ ᠳᠤ ᠠᠭᠤᠰᠭᠢᠨ ᠤ ᠠᠵᠢᠯᠯᠠᠭ᠎ᠠ ᠶᠢ ᠪᠠᠶᠢᠴᠠᠭᠠᠨ ᠬᠡᠮᠵᠢᠬᠦ ᠶᠢ ᠰᠦᠪᠡᠭᠴᠢᠯᠡᠬᠦ ᠬᠡᠷᠡᠭᠲᠡᠢ᠃ ᠤᠵᠢᠭ ᠲᠦᠭᠵᠢᠷᠡᠭᠰᠡᠨ ᠴᠢᠨᠠᠷᠲᠤ ᠠᠭᠤᠰᠬᠢᠨ ᠤ ᠦᠷᠪᠢᠰᠦᠯ ᠤᠨ ᠡᠪᠡᠳᠴᠢᠲᠡᠨ ᠤ ᠡᠷᠡᠭᠦᠯ ᠴᠢᠬᠢᠷᠠᠭ ᠤᠨ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠭᠤᠰᠬᠢᠨ ᠤ ᠠᠵᠢᠯᠯᠠᠭ᠎ᠠ ᠶᠢ ᠪᠠᠶᠢᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ 70 ᠨᠠᠰᠤᠨ ᠠᠴᠠ ᠳᠣᠷᠣᠭᠰᠢᠬᠢ ᠬᠦᠮᠦᠰ ᠤᠨ ᠤᠵᠢᠭ ᠴᠢᠨᠠᠷᠲᠤ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠢᠶᠠᠷ ᠥᠬᠦᠬᠦ ᠨᠣᠷᠮ᠎ᠠ ᠶᠢ ᠲᠤᠰ ᠲᠤᠰ 9/10 ᠲᠦᠮᠡ ᠠᠴᠠ ᠳᠣᠷᠣᠭᠰᠢ ᠪᠠ 8.1/10 ᠲᠦᠮᠡ ᠠᠴᠠ ᠳᠣᠷᠣᠭᠰᠢ ᠪᠤᠯᠳᠠᠯ᠎ᠠ ᠪᠠᠭᠤᠷᠠᠭᠤᠯᠵᠤ᠂ 40 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠤᠵᠢᠭ ᠲᠦᠭᠵᠢᠷᠡᠭᠰᠡᠨ ᠴᠢᠨᠠᠷᠲᠤ ᠠᠭᠤᠰᠬᠢᠨ ᠤ ᠦᠷᠪᠢᠰᠦᠯ ᠢ ᠤᠶᠢᠯᠠᠭᠠᠵᠦ ᠮᠡᠳᠡᠬᠦ ᠨᠣᠷᠮ᠎ᠠ ᠶᠢ ᠲᠤᠰ ᠲᠤᠰ 15% ᠠᠴᠠ ᠲᠡᠬᠡᠭᠰᠢ ᠪᠠ 30% ᠠᠴᠠ ᠳᠡᠭᠡᠭᠰᠢ ᠳᠤ ᠭᠦᠷᠦᠭᠦᠯᠬᠦ ᠬᠡᠷᠡᠭᠲᠡᠢ᠃
︵ᠠᠷᠪᠠᠨ ᠳᠥᠷᠪᠡ︶ ᠰᠢᠬᠢᠷᠲᠦ ᠰᠢᠭᠡᠰᠦᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠰᠠᠭᠤᠭᠠᠯᠢ ᠠᠷᠠᠳ ᠲᠤ ᠴᠢᠰᠤᠨ ᠰᠢᠬᠢᠷ ᠤᠨ ᠪᠠᠶᠢᠳᠠᠯ ᠢᠶᠠᠨ ᠠᠩᠬᠠᠷᠤᠭᠤᠯᠬᠤ ᠪᠠᠷ ᠰᠠᠨᠠᠭᠤᠯᠵᠤ᠂ ᠰᠢᠬᠢᠷᠲᠦ ᠰᠢᠭᠡᠰᠦᠨ ᠡᠪᠡᠳᠴᠢᠨ ᠤᠯᠤᠨᠨᠰᠠᠨ ᠠᠩᠬᠠᠨ ᠤ ᠬᠤᠭᠤᠴᠠᠭ᠎ᠠ ᠶᠢᠨ ᠬᠦᠮᠦᠰ ᠤᠨ ᠡᠪᠡᠳᠴᠢᠨ ᠡᠭᠦᠰᠬᠦ ᠲᠦᠭᠰᠢᠭᠦᠷᠢ ᠪᠠᠨ ᠰᠢᠨᠵᠢᠯᠡᠬᠦ ᠤᠬᠠᠭᠠᠨᠴᠢ ᠪᠠᠷ ᠪᠠᠭᠤᠷᠠᠭᠤᠯᠬᠤ ᠪᠠᠷ ᠬᠦᠲᠦᠯᠦᠨ ᠵᠢᠯᠣᠭᠤᠳᠴᠦ᠂ ᠰᠢᠬᠢᠷᠲᠦ ᠰᠢᠭᠡᠰᠦᠨ ᠡᠪᠡᠳᠴᠢᠳᠠᠨ ᠢ ᠵᠢᠯᠣᠭᠤᠳᠴᠦ ᠪᠠᠶᠢᠭᠠᠳ ᠡᠷᠡᠭᠦᠯ ᠴᠢᠬᠢᠷᠠᠭ ᠤᠨ ᠬᠠᠮᠢᠶᠠᠷᠤᠯᠲᠠ ᠶᠢ ᠨᠢ ᠴᠢᠩᠭᠠᠳᠬᠠᠨ᠂ ᠰᠢᠬᠢᠷᠲᠦ ᠰᠢᠭᠡᠰᠦᠨ ᠡᠪᠡᠳᠴᠢᠨ ᠤ ᠡᠭᠦᠰᠴᠦ ᠠᠬᠠᠲᠠᠬᠤ ᠶᠢ ᠤᠳᠠᠭᠠᠰᠢᠷᠠᠭᠤᠯᠬᠤ ᠪᠣᠶᠤ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠰᠢᠬᠢᠷᠲᠦ ᠰᠢᠭᠡᠰᠦᠨ ᠡᠪᠡᠳᠴᠢᠳᠠᠨ ᠪᠠ ᠡᠪᠡᠳᠴᠢᠯᠡᠮᠡᠳᠡᠬᠡᠢ ᠬᠦᠮᠦᠰ ᠤᠨ ᠡᠷᠡᠭᠦᠯ ᠴᠢᠬᠢᠷᠠᠭ ᠤᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠢᠬᠢᠷᠲᠦ ᠰᠢᠭᠡᠰᠦᠨ ᠡᠪᠡᠳᠴᠢᠳᠠᠨ ᠵᠢᠴᠢ ᠳᠠᠪᠬᠤᠴᠠᠭᠰᠠᠨ ᠡᠪᠡᠳᠴᠢᠨ ᠢ ᠰᠢᠯᠢᠨ ᠪᠠᠶᠢᠴᠠᠭᠠᠬᠤ ᠶᠢ ᠪᠠᠷᠢᠮᠵᠢᠶᠠᠵᠢᠭᠤᠯᠬᠤ ᠪᠠ ᠣᠨᠣᠰᠢᠯᠠᠨ ᠡᠮᠨᠡᠬᠦ ᠶᠢ ᠵᠢᠷᠤᠮᠵᠢᠭᠤᠯᠬᠤ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠪᠦᠬᠦ ᠠᠷᠠᠳ ᠤᠨ ᠡᠷᠡᠭᠦᠯ ᠴᠢᠬᠢᠷᠠᠭ ᠤᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠵᠦ᠂ ︽ᠢᠨᠲ᠋ᠧᠷ ᠰᠦᠯᠵᠢᠶ᠎ᠡ + ᠣᠯᠠᠨ ᠨᠡᠶᠢᠲᠡ ᠶᠢᠨ ᠡᠷᠡᠭᠦᠯ ᠬᠠᠮᠠᠭᠠᠯᠠᠯ︾ ᠶᠢᠨ ᠦᠢᠯᠡᠴᠢᠯᠡᠭᠡ ᠶᠢ ᠠᠬᠢᠭᠤᠯᠤᠨ᠂ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠨ ᠰᠢᠬᠢᠷᠲᠦ ᠰᠢᠭᠡᠰᠦᠨ ᠡᠪᠡᠳᠴᠢᠳᠠᠨ ᠤ ᠡᠷᠡᠭᠦᠯ ᠴᠢᠬᠢᠷᠠᠭ ᠤᠨ ᠬᠠᠮᠢᠶᠠᠷᠤᠯᠲᠠ ᠶᠢᠨ ᠠᠷᠭ᠎ᠠ ᠪᠠᠷᠢᠯ ᠢᠶᠠᠨ ᠪᠠᠶᠠᠯᠢᠬᠵᠢᠭᠤᠯᠵᠤ᠂ ᠡᠷᠡᠭᠦᠯ ᠴᠢᠬᠢᠷᠠᠭ ᠤᠨ ᠦᠢᠯᠡᠴᠢᠯᠡᠭᠡᠨ ᠤ ᠬᠡᠪ ᠵᠠᠭᠪᠤᠷ ᠢ ᠰᠢᠨ᠎ᠡ ᠪᠠᠷ ᠡᠭᠦᠳᠴᠦ᠂ ᠬᠠᠮᠢᠶᠠᠷᠤᠯᠲᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠬᠦ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ ᠰᠢᠬᠢᠷᠲᠦ ᠰᠢᠬᠡᠰᠦᠨ ᠡᠪᠡᠳᠴᠢᠳᠠᠨ ᠢ ᠵᠢᠷᠤᠮᠵᠢᠭᠤᠯᠤᠨ ᠬᠠᠮᠢᠶᠠᠷᠬᠤ ᠨᠣᠷᠮ᠎ᠠ ᠶᠢ ᠲᠤᠰ ᠲᠤᠰ 60% ᠠᠴᠠ ᠲᠡᠬᠡᠭᠰᠢ ᠪᠠ 70% ᠠᠴᠠ ᠳᠡᠭᠡᠭᠰᠢ ᠳᠤ ᠬᠦᠷᠦᠭᠦᠯᠵᠦ᠂ 18 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠰᠢᠬᠢᠷᠲᠦ ᠰᠢᠭᠡᠰᠦᠨ ᠡᠪᠡᠳᠴᠢᠨ ᠢ ᠤᠶᠢᠯᠠᠭᠠᠵᠦ ᠮᠡᠳᠡᠬᠦ ᠨᠣᠷᠮ᠎ᠠ ᠶᠢ 50% ᠠᠴᠠ ᠲᠡᠬᠡᠭᠰᠢ ᠪᠠ 60% ᠠᠴᠠ ᠳᠡᠭᠡᠭᠰᠢ ᠳᠤ ᠭᠦᠷᠦᠭᠦᠯᠬᠦ ᠬᠡᠷᠡᠭᠲᠡᠢ᠃
︵ᠠᠷᠪᠠᠨ ᠲᠠᠪᠤ︶ ᠬᠠᠯᠳᠠᠪᠤᠷᠢᠲᠤ ᠡᠪᠡᠳᠴᠢᠨ ᠵᠢᠴᠢ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠰᠠᠭᠤᠭᠠᠯᠢ ᠠᠷᠠᠳ ᠢ ᠬᠦᠲᠦᠯᠦᠨ ᠵᠢᠯᠣᠭᠤᠳᠴᠤ ᠪᠠᠶᠢᠭᠠᠳ ᠥᠪᠡᠷ ᠤᠨ ᠬᠢᠨᠢ ᠤᠷᠢᠳᠴᠢᠯᠠᠨ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠬᠤᠪᠢ ᠬᠦᠮᠦᠨ ᠤ ᠠᠷᠢᠭᠤᠨ ᠴᠡᠪᠡᠷ ᠢ ᠡᠷᠬᠢᠮᠯᠡᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠬᠦ ᠳᠤ ᠦᠵᠡᠬᠦᠯᠬᠦ ᠸᠠᠺᠼᠢᠨ ᠤ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠡᠪᠡᠳᠴᠢᠯᠡᠮᠡᠳᠡᠬᠡᠢ ᠬᠦᠮᠦᠰ ᠤᠨ ᠲᠠᠬᠤᠯ ᠲᠠᠭᠰᠢᠭᠤᠷ ᠤᠨ ᠤᠯᠠᠷᠢᠯ ᠠᠴᠠ ᠡᠮᠦᠨ᠎ᠡ ᠲᠠᠬᠤᠯ ᠲᠠᠭᠰᠢᠭᠤᠷ ᠤᠨ ᠸᠠᠺᠼᠢᠨ ᠤ ᠲᠠᠷᠢᠯᠭ᠎ᠠ ᠲᠠᠷᠢᠬᠤ ᠶᠢ ᠰᠠᠨᠠᠭᠠᠴᠢᠯᠠᠨ ᠰᠡᠲᠥᠬᠦ ᠬᠡᠷᠡᠭᠲᠡᠢ᠃ ᠠᠶᠢᠽ ᠡᠪᠡᠳᠴᠢᠨ᠂ ᠸᠢᠷᠦ᠋ᠰᠲᠦ ᠡᠯᠢᠭᠡᠨ ᠦᠷᠪᠢᠰᠦᠯ᠂ ᠰᠦᠷᠢᠶ᠎ᠡ ᠡᠪᠡᠳᠴᠢᠨ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠰᠢᠮᠡᠭᠦᠷ ᠬᠤᠷᠤᠬᠠᠶᠢᠲᠤ ᠡᠪᠡᠳᠴᠢᠨ᠂ ᠤᠤᠭᠤᠬᠤ ᠤᠰᠤᠨ ᠤ ᠹᠯᠣᠷ ᠠᠷᠰᠧᠨ ᠳᠤ ᠬᠤᠣᠷᠳᠠᠭᠳᠠᠬᠤ᠂ ᠬᠤᠶᠠᠩ ᠡᠪᠡᠳᠴᠢᠨ᠂ ᠹᠯᠣᠷᠲᠤ ᠶᠠᠰᠤᠨ ᠤ ᠭᠡᠮ ᠵᠡᠷᠭᠡ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠷᠠᠭᠤᠯᠤᠨ᠂ ᠭᠤᠣᠯᠳᠠᠯᠭ᠎ᠠ ᠲᠠᠢ ᠣᠷᠣᠨ ᠨᠤᠲᠤᠭ ᠤᠨ ᠡᠪᠡᠳᠴᠢᠨ ᠢ ᠬᠢᠵᠠᠭᠠᠷᠯᠠᠬᠤ ᠪᠠ ᠠᠷᠢᠯᠭᠠᠬᠤ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ ᠠᠶᠢᠽ ᠡᠪᠡᠳᠴᠢᠨ ᠤ ᠪᠦᠬᠦ ᠬᠦᠮᠥᠰ ᠤᠨ ᠬᠠᠯᠳᠠᠪᠤᠷᠢᠯᠠᠬᠤ ᠨᠣᠷᠮ᠎ᠠ ᠶᠢ ᠲᠤᠰ ᠲᠤᠰ 0.15% ᠠᠴᠠ ᠲᠤᠷᠤᠨᠨᠰᠢ ᠪᠠ 0.2% ᠠᠴᠠ ᠳᠣᠷᠣᠭᠰᠢ ᠬᠢᠵᠠᠭᠠᠷᠯᠠᠵᠤ᠂ 5 ᠨᠠᠰᠤᠨ ᠠᠴᠠ ᠳᠣᠷᠣᠭᠰᠢᠬᠢ ᠬᠡᠦᠬᠡᠳ ᠤᠨ B ᠬᠡᠯᠪᠡᠷᠢᠲᠦ ᠡᠯᠢᠭᠡᠨ ᠦᠷᠪᠢᠰᠦᠯ ᠤᠨ ᠸᠢᠷᠦ᠋ᠰ ᠤᠨ ᠦᠩᠭᠡᠨ ᠲᠠᠯ᠎ᠠ ᠶᠢᠨ ᠠᠨᠲ᠋ᠢᠭ᠍ᠸᠡ ᠤ ᠲᠠᠬᠤᠯ ᠤᠨ ᠨᠣᠷᠮ᠎ᠠ ᠶᠢ ᠲᠤᠰ ᠲᠤᠰ 1% ᠪᠠ 0.5% ᠠᠴᠠ ᠲᠤᠭᠤᠨᠨᠰᠢ ᠳᠤ ᠬᠢᠵᠠᠭᠠᠷᠯᠠᠵᠤ᠂ ᠠᠭᠤᠰᠬᠢᠨ ᠤ ᠰᠦᠷᠢᠶ᠎ᠡ ᠡᠪᠡᠳᠴᠢᠨ ᠤ ᠡᠭᠦᠰᠬᠦ ᠨᠣᠷᠮ᠎ᠠ ᠶᠢ 55/10 ᠲᠦᠮᠡ ᠠᠴᠠ ᠳᠣᠷᠣᠭᠰᠢ ᠪᠠᠭᠤᠷᠠᠭᠤᠯᠬᠤ ᠶᠢᠨ ᠬᠠᠮᠲᠤ ᠦᠷᠭᠦᠯᠵᠢᠯᠡᠨ ᠪᠠᠭᠤᠷᠠᠭᠤᠯᠵᠤ᠂ ᠪᠷᠦ᠋ᠼᠧᠯ ᠤᠨ ᠰᠠᠪᠬᠠᠨᠴᠢᠷ ᠪᠠᠺᠲ᠋ᠧᠷᠢ ᠶᠢᠨ ᠡᠪᠡᠳᠴᠢᠨ ᠡᠭᠦᠰᠬᠦ ᠨᠣᠷᠮ᠎ᠠ ᠶᠢ ᠦᠷᠭᠦᠯᠵᠢᠯᠡᠨ ᠪᠠᠭᠤᠷᠠᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ︵ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠠᠷ ᠨᠢᠭᠡᠴᠢ ᠪᠣᠯᠭᠠᠨ᠂ ᠵᠣᠬᠢᠬᠤ ᠨᠠᠰᠤᠨ ᠤ ᠬᠡᠦᠬᠡᠳ ᠤᠨ ᠡᠬᠡᠯᠢᠯᠡᠭᠡ ᠶᠢᠨ ᠲᠥᠯᠥᠪᠵᠢᠭᠦᠯᠭᠡ ᠶᠢᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ 90% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠬᠠᠤᠯᠢ ᠪᠠᠷ ᠲᠣᠭᠲᠠᠭᠠᠭᠰᠠᠨ ᠬᠠᠯᠳᠠᠪᠤᠷᠢᠲᠤ ᠡᠪᠡᠳᠴᠢᠨ ᠤ ᠮᠡᠳᠡᠭᠦᠯᠦᠯᠲᠡ ᠶᠢᠨ ᠨᠣᠷᠮ᠎ᠠ ᠶᠢ 95% ᠠᠴᠠ ᠳᠡᠭᠡᠭᠰᠢ ᠪᠠᠶᠢᠬᠤ ᠶᠢ ᠪᠠᠲᠤᠯᠠᠬᠤ ᠬᠡᠷᠡᠭᠲᠡᠢ᠃ 2022 ᠣᠨ ᠪᠣᠯᠬᠤ ᠳᠤ ᠬᠤᠶᠠᠩ ᠡᠪᠡᠳᠴᠢᠨ ᠪᠠ ᠺᠧᠱᠠᠨ ᠡᠪᠡᠳᠴᠢᠨ ᠤ ᠬᠤᠣᠷ ᠬᠦᠨᠦᠭᠡᠯ ᠢ ᠦᠨᠳᠦᠰᠦᠨ ᠳᠤ ᠪᠠᠨ ᠠᠷᠢᠯᠭᠠᠵᠤ᠂ ᠤᠤᠭᠤᠬᠤ ᠤᠰᠤᠨ ᠤ ᠹᠯᠣᠷ ᠠᠷᠰᠧᠨ ᠳᠤ ᠬᠤᠣᠷᠳᠠᠭᠳᠠᠬᠤ᠂ ᠴᠠᠢ ᠠᠴᠠ ᠪᠤᠯᠤᠨᠨᠰᠠᠨ ᠣᠷᠣᠨ ᠨᠤᠲᠤᠭ ᠤᠨ ᠹᠯᠣᠷᠲᠤ ᠡᠪᠡᠳᠴᠢᠨ ᠪᠠ ᠤᠰᠤᠨ ᠰᠤᠷᠪᠤᠯᠵᠢ ᠶᠢᠨ ᠴᠢᠨᠠᠷᠲᠤ ᠦᠨᠳᠦᠷ ᠢᠤᠳ᠋ᠳᠤ ᠶᠢᠨ ᠬᠤᠣᠷ ᠬᠦᠨᠦᠭᠡᠯ ᠢ ᠪᠦᠲᠦᠮᠵᠢᠲᠠᠢ ᠬᠢᠵᠠᠭᠠᠷᠯᠠᠬᠤ ᠬᠡᠷᠡᠭᠲᠡᠢ᠃ 2030 ᠣᠨ ᠪᠣᠯᠬᠤ ᠳᠤ᠂ ᠭᠤᠣᠯᠳᠠᠯᠭ᠎ᠠ ᠲᠠᠢ ᠣᠷᠣᠨ ᠨᠤᠲᠤᠭ ᠤᠨ ᠡᠪᠡᠳᠴᠢᠨ ᠢ ᠬᠢᠵᠠᠭᠠᠷᠯᠠᠨ ᠠᠷᠢᠯᠭᠠᠵᠤ᠂ ᠣᠷᠣᠨ ᠨᠤᠲᠤᠭ ᠤᠨ ᠡᠪᠡᠳᠴᠢᠨ ᠢ ᠳᠠᠬᠢᠵᠤ ᠰᠠᠭᠤᠭᠠᠯᠢ ᠠᠷᠠᠳ ᠤᠨ ᠡᠷᠡᠭᠦᠯ ᠡᠩᠬᠡ ᠳᠤ ᠬᠤᠣᠷ ᠬᠦᠨᠦᠭᠡᠯ ᠤᠴᠠᠷᠠᠭᠤᠯᠬᠤ ᠭᠤᠣᠯ ᠠᠰᠠᠭᠤᠳᠠᠯ ᠪᠢᠰᠢ ᠪᠤᠯᠭᠠᠨ᠎ᠠ᠃
︵ᠠᠷᠪᠠᠨ ᠵᠢᠷᠭᠤᠭ᠎ᠠ︶ ᠮᠣᠩᠭᠤᠯ ᠬᠢᠲᠡᠳ ᠡᠮ ᠡᠮᠨᠡᠯᠭᠡ ᠶᠢ ᠮᠠᠨᠳᠤᠭᠤᠯᠤᠨ ᠬᠦᠭᠵᠢᠭᠦᠯᠬᠦ ᠠᠵᠢᠯᠯᠠᠭ᠎ᠠ ᠶᠢ ᠬᠡᠷᠡᠭᠵᠢᠬᠦᠯᠦᠨ᠎ᠠ᠃ ᠮᠣᠩᠭᠤᠯ ᠬᠢᠲᠠᠳ ᠡᠮᠨᠡᠯᠭᠡ ᠶᠢᠨ ︽ᠡᠪᠡᠳᠴᠢᠯᠡᠬᠦ ᠠᠴᠠ ᠡᠮᠤᠨ᠎ᠠ ᠰᠡᠷᠭᠡᠶᠢᠯᠡᠨ ᠵᠠᠰᠠᠬᠤ︾ ᠣᠨᠣᠯᠵᠢᠬᠤᠨ ᠪᠠ ᠠᠷᠭ᠎ᠠ ᠶᠢ ᠳᠡᠯᠭᠡᠷᠡᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠦᠢᠯᠡᠴᠢᠯᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠮᠣᠩᠭᠤᠯ ᠬᠢᠲᠠᠳ ᠡᠮ ᠡᠮᠨᠡᠯᠭᠡ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠬᠡᠶᠢᠯᠡᠬᠦ ᠳᠠᠬᠢ ᠭᠤᠣᠯᠯᠠᠨ ᠵᠢᠯᠣᠭᠤᠳᠬᠤ ᠦᠢᠯᠡᠳᠦᠯ᠂ ᠬᠦᠨᠳᠦ ᠶᠡᠭᠡ ᠡᠪᠡᠳᠴᠢᠨ ᠡᠮᠭᠡᠭ ᠢ ᠡᠮᠨᠡᠨ ᠵᠠᠰᠠᠬᠤ ᠳᠠᠬᠢ ᠬᠠᠮᠵᠢᠯᠴᠠᠬᠤ ᠦᠢᠯᠡᠳᠦᠯ᠂ ᠡᠪᠡᠳᠴᠢᠨ ᠡᠮᠭᠡᠭ ᠤᠨ ᠡᠷᠡᠭᠦᠯᠵᠢᠯ ᠳᠠᠬᠢ ᠭᠤᠤᠯᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠭᠤᠭᠠᠯᠢ ᠠᠷᠠᠳ ᠲᠤ ᠪᠦᠬᠦ ᠦᠶᠡᠯᠡᠯ ᠤᠨ ᠬᠤᠭᠤᠴᠠᠭᠠᠨ ᠤ᠂ ᠪᠦᠬᠦ ᠲᠠᠯ᠎ᠠ ᠶᠢᠨ ᠪᠠ ᠣᠯᠠᠨ ᠶᠠᠩᠵᠤᠳᠤ ᠮᠣᠩᠭᠤᠯ ᠬᠢᠲᠡᠳ ᠡᠮ ᠡᠮᠨᠡᠯᠭᠡ ᠶᠢᠨ ᠡᠷᠡᠭᠦᠯ ᠡᠩᠬᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠮᠣᠩᠭᠤᠯ ᠬᠢᠲᠡᠳ ᠡᠮᠨᠡᠯᠭᠡ ᠶᠢᠨ ᠬᠤᠷᠢᠶᠠᠨ ᠤ ᠦᠢᠯᠡᠴᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠤ᠂ ᠣᠨᠴᠠᠯᠢᠭᠲᠤ ᠣᠨᠣᠰᠢᠯᠠᠨ ᠡᠮᠨᠡᠬᠦ ᠲᠦᠬᠦᠭᠡᠷᠦᠮᠵᠢ ᠶᠢᠨ ᠲᠣᠬᠢᠷᠠᠭᠤᠯᠤᠯᠲᠠ ᠪᠠ ᠡᠮᠨᠡᠯᠭᠡ ᠶᠢᠨ ᠬᠤᠷᠢᠶᠠᠨ ᠤ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠬᠦᠴᠦᠲᠡᠢ ᠴᠢᠩᠭᠠᠳᠬᠠᠬᠤ ᠬᠡᠷᠡᠭᠲᠡᠢ᠃ ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠵᠤ ᠰᠢᠨ᠎ᠡ ᠶᠢ ᠡᠭᠦᠳᠬᠦ ᠶᠢ ᠦᠷᠨᠢᠭᠦᠯᠵᠦ᠂ ᠣᠳᠣ ᠦᠶ᠎ᠡ ᠶᠢᠨ ᠨᠡᠷ᠎ᠠ ᠬᠦᠨᠳᠤᠳᠤ ᠠᠬᠠᠮᠠᠳ ᠮᠣᠩᠭᠤᠯ ᠬᠢᠲᠡᠳ ᠡᠮ ᠡᠮᠨᠡᠯᠭᠡ ᠶᠢᠨ ᠲᠤᠰᠬᠠᠢ ᠮᠡᠷᠬᠡᠵᠢᠯᠳᠡᠳ ᠤᠨ ᠡᠷᠳᠡᠮ ᠰᠢᠨᠵᠢᠯᠡᠭᠡᠨ ᠤ ᠦᠵᠡᠯ ᠰᠠᠨᠠᠭ᠎ᠠ ᠪᠣᠯᠣᠨ ᠡᠮᠴᠢᠯᠡᠭᠡᠨ ᠤ ᠣᠨᠣᠰᠢᠯᠠᠨ ᠡᠮᠨᠡᠬᠦ ᠲᠤᠷᠰᠢᠯᠭ᠎ᠠ ᠶᠢ ᠪᠠᠳᠠᠷᠠᠭᠤᠯᠤᠨ᠂ ᠠᠷᠠᠳ ᠤᠨ ᠲᠤᠮᠳᠠᠬᠢ ᠣᠨᠣᠰᠢᠯᠠᠨ ᠡᠮᠨᠡᠬᠦ ᠮᠡᠷᠭᠡᠵᠢᠯ ᠪᠠ ᠵᠤᠷ ᠤᠨ ᠡᠮ ᠢ ᠢᠯᠡᠷᠡᠭᠦᠯᠦᠨ ᠬᠡᠷᠡᠭᠯᠡᠬᠦ ᠬᠡᠷᠡᠭᠲᠡᠢ᠃ ᠮᠣᠩᠭᠤᠯ ᠡᠮ ᠡᠮᠨᠡᠯᠬᠡ ᠶᠢᠨ ᠪᠠᠷᠢᠮᠵᠢᠶᠠᠵᠢᠭᠤᠯᠬᠤ ᠠᠵᠢᠯᠯᠠᠭ᠎ᠠ ᠶᠢ ᠦᠷᠨᠢᠭᠦᠯᠵᠦ᠂ ᠮᠣᠩᠭᠤᠯ ᠡᠮ ᠡᠮᠨᠡᠯᠭᠡ ᠶᠢᠨ ᠰᠠᠭᠤᠷᠢ᠂ ᠡᠮᠴᠢᠯᠡᠭᠡ ᠵᠢᠴᠢ ᠮᠣᠩᠭᠤᠯ ᠡᠮ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠬᠦ ᠬᠡᠷᠡᠭᠲᠡᠢ᠃ 2022 ᠣᠨ ᠪᠣᠯᠣᠨ 2030 ᠣᠨ ᠪᠣᠯᠬᠤ ᠳᠤ᠂ ᠮᠣᠩᠭᠤᠯ ᠬᠢᠲᠠᠳ ᠡᠮ ᠡᠮᠨᠡᠯᠭᠡ ᠶᠢᠨ ᠡᠷᠡᠬᠦᠯ ᠡᠩᠬᠡ ᠶᠢᠨ ᠬᠠᠮᠢᠶᠠᠷᠤᠯᠲᠠ ᠶᠢᠨ ᠬᠠᠮᠤᠷᠬᠤ ᠨᠣᠷᠮ᠎ᠠ ᠶᠢ ᠲᠤᠰ ᠲᠤᠰ 50% ᠪᠠ 70% ᠳᠤ ᠭᠦᠷᠦᠬᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠮᠡᠳᠡᠯᠭᠡ ᠶᠢ ᠤᠶᠢᠯᠠᠭᠠᠨ ᠮᠡᠳᠡᠬᠦ ᠨᠣᠷᠮ᠎ᠠ ᠶᠢ ᠲᠤᠰ ᠲᠤᠰ 90% ᠪᠠ 95% ᠳᠤ ᠭᠦᠷᠦᠭᠦᠯᠦᠨ᠎ᠠ᠃
︵ᠠᠷᠪᠠᠨ ᠳᠣᠯᠤᠭ᠎ᠠ︶ ᠪᠦᠬᠦ ᠠᠷᠠᠳ ᠤᠨ ᠡᠷᠡᠭᠦᠯ ᠡᠩᠬᠡ ᠶᠢᠨ ᠮᠡᠳᠡᠭᠡ ᠵᠠᠩᠬᠢᠴᠢᠯᠠᠯᠳᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠬᠦᠯᠦᠨ᠎ᠠ᠃ ᠤᠯᠤᠰ ᠤᠨ ︽ᠮᠤᠵᠢ ᠶᠢᠨ ᠨᠢᠭᠡᠳᠦᠯᠲᠡᠢ ᠲᠦᠯᠦᠪᠵᠢᠭᠦᠯᠬᠦ ᠣᠷᠣᠨ ᠪᠦᠰᠡ ᠶᠢᠨ ᠬᠦᠮᠦᠨ ᠠᠮᠠ ᠶᠢᠨ ᠡᠷᠡᠭᠦᠯ ᠡᠩᠬᠡ ᠶᠢᠨ ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠶᠢᠨ ᠵᠢᠯᠤᠭᠤᠳᠤᠮᠵᠢ︾ ᠶᠢ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠡᠷᠡᠭᠦᠯ ᠡᠩᠬᠡ ᠶᠢᠨ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠥᠪᠡᠷᠲᠡᠭᠡᠨ ᠵᠠᠰᠠᠬᠤ ᠣᠷᠣᠨ ᠤ ᠲᠠᠪᠴᠠᠩ ᠢ ᠳᠡᠭᠡᠭᠰᠢ ᠪᠠᠨ ᠤᠯᠤᠰ ᠤᠨ ᠳᠡᠰ ᠤᠨ ᠲᠡᠪᠴᠠᠩ ᠯᠤᠭ᠎ᠠ ᠵᠠᠯᠭᠠᠯᠳᠤᠭᠤᠯᠬᠤ᠂ ᠳᠣᠭᠤᠭᠰᠢ ᠪᠠᠨ ᠠᠶᠢᠮᠠᠭ ᠬᠤᠲᠠ ᠶᠢᠨ ᠲᠠᠪᠴᠠᠩ ᠯᠤᠭ᠎ᠠ ᠵᠠᠯᠭᠠᠯᠳᠤᠭᠤᠯᠵᠦ᠂ ᠲᠣᠮᠣ ᠳ᠋ᠠᠶᠢᠲ᠋ᠠ ᠶᠢ ᠬᠠᠳᠠᠭᠠᠯᠠᠵᠤ᠂ ᠪᠦᠬᠦ ᠠᠷᠠᠳ ᠤᠨ ᠡᠷᠡᠭᠦᠯ ᠡᠩᠬᠡ ᠶᠢᠨ ᠮᠡᠳᠡᠭᠡ ᠵᠠᠩᠭᠢ ᠶᠢᠨ ᠰᠣᠯᠢᠯᠴᠠᠭ᠎ᠠ ᠬᠢᠭᠡᠳ ᠬᠠᠮᠲᠤ ᠳᠤ ᠪᠠᠨ ᠬᠦᠷᠲᠡᠯᠴᠡᠬᠦ ᠦᠢᠯᠡᠴᠢᠯᠡᠭᠡ ᠶᠢ ᠡᠭᠦᠷᠭᠡᠯᠡᠬᠦ ᠬᠡᠷᠡᠭᠲᠡᠢ᠃ ᠪᠦᠬᠦ ᠣᠷᠣᠨ ᠤ ᠨᠢᠭᠡᠳᠦᠯᠲᠡᠢ ᠢᠨᠲ᠋ᠧᠷ ᠰᠦᠯᠵᠢᠶ᠎ᠡ ᠶᠢᠨ ᠡᠮ ᠡᠮᠨᠡᠯᠭᠡ ᠶᠢᠨ ᠦᠢᠯᠡᠴᠢᠯᠡᠭᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠪᠣᠷᠣ ᠲᠥᠰᠥᠪ ᠤᠨ ᠰᠢᠰᠲ᠋ᠧᠮᠵᠢ ᠶᠢ ᠪᠠᠶᠢᠭᠤᠯᠤᠨ᠂ ᠢᠨᠲ᠋ᠧᠷ ᠰᠦᠯᠵᠢᠶ᠎ᠡ ᠶᠢᠨ ᠡᠮ ᠡᠮᠨᠡᠯᠭᠡ ᠶᠢᠨ ᠬᠡᠷᠡᠭᠯᠡᠭᠡᠨ ᠤ ᠰᠢᠰᠲ᠋ᠧᠮ ᠢ ᠨᠢᠭᠡᠳᠦᠯᠲᠡᠢ ᠨᠡᠭᠡᠭᠡᠨ ᠬᠦᠭᠵᠢᠭᠦᠯᠵᠦ᠂ ᠬᠠᠮᠲᠤ ᠳᠤ ᠨᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠣᠷᠣᠨ ᠪᠦᠰᠡ ᠶᠢᠨ ᠪᠦᠬᠦ ᠠᠷᠠᠳ ᠤᠨ ᠡᠷᠡᠭᠦᠯ ᠡᠩᠬᠡ ᠶᠢᠨ ᠮᠡᠳᠡᠭᠡ ᠵᠠᠩᠭᠢ ᠶᠢᠨ ᠲᠠᠪᠴᠠᠩ ᠳᠡᠭᠡᠷ᠎ᠡ ᠨᠢᠭᠡᠳᠦᠯᠲᠡᠢ ᠪᠠᠶᠢᠷᠢᠯᠠᠭᠤᠯᠬᠤ ᠬᠡᠷᠡᠭᠲᠡᠢ᠃ 2022 ᠣᠨ ᠪᠣᠯᠬᠤ ᠳᠤ᠂ ᠨᠡᠯᠢᠶᠡᠳ ᠲᠡᠭᠦᠯᠳᠡᠷᠵᠢᠭᠰᠡᠨ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠬᠤᠶᠠᠷ ᠱᠠᠳᠤᠨ ᠤ ᠪᠦᠬᠦ ᠠᠷᠠᠳ ᠤᠨ ᠡᠷᠡᠭᠦᠯ ᠡᠩᠬᠡ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠪᠠᠶᠢᠭᠤᠯᠤᠮᠵᠢ ᠪᠦᠭᠦᠨ ᠢ ᠠᠶᠢᠮᠠᠭ ᠬᠤᠲᠠ ᠶᠢᠨ ᠣᠷᠣᠨ ᠪᠦᠰᠡ ᠶᠢᠨ ᠪᠦᠬᠦ ᠠᠷᠠᠳ ᠤᠨ ᠡᠷᠡᠭᠦᠯ ᠡᠩᠬᠡ ᠶᠢᠨ ᠮᠡᠳᠡᠭᠡ ᠵᠠᠩᠭᠢ ᠶᠢᠨ ᠲᠠᠪᠴᠠᠩ ᠳᠤ ᠵᠠᠯᠭᠠᠨ ᠣᠷᠣᠭᠤᠯᠵᠤ᠂ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠪᠡᠶᠡᠯᠡᠭᠦᠯᠬᠦ ᠬᠡᠷᠡᠭᠲᠡᠢ᠃ 2030 ᠣᠨ ᠪᠣᠯᠬᠤ ᠳᠤ᠂ ᠡᠷᠡᠭᠦᠯ ᠡᠩᠬᠡ ᠶᠢᠨ ᠡᠮ ᠡᠮᠨᠡᠯᠭᠡ ᠶᠢᠨ ᠲᠣᠮᠣ ᠳ᠋ᠠᠶᠢᠲ᠋ᠠ᠂ ︽ᠢᠨᠲ᠋ᠧᠷ ᠰᠦᠯᠵᠢᠶ᠎ᠡ + ᠡᠮ ᠡᠮᠨᠡᠯᠭᠡ ᠡᠷᠡᠬᠦᠯ ᠡᠩᠬᠡ︾᠂ ᠰᠠᠭᠤᠭᠠᠯᠢ ᠠᠷᠠᠳ ᠤᠨ ᠡᠯᠧᠺᠲᠷᠤᠨ ᠡᠷᠡᠭᠦᠯ ᠡᠩᠬᠡ ᠶᠢᠨ ᠺᠣᠳ᠋ ᠵᠡᠷᠭᠡ ᠶᠢ ᠨᠡᠶᠢᠳᠡᠮ ᠬᠡᠷᠡᠭᠯᠡᠬᠦ ᠬᠡᠷᠡᠭᠲᠡᠢ᠃
ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ
︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠠᠬᠢᠭᠤᠯᠬᠤ ᠵᠦᠪᠯᠡᠯ ︵ᠳᠤᠷᠤᠭᠰᠢ ᠠᠬᠢᠭᠤᠯᠬᠤ ᠵᠦᠪᠯᠡᠯ ᠭᠡᠵᠦ ᠲᠣᠪᠴᠢᠯᠠᠨ᠎ᠠ︶ ᠢ ᠪᠠᠶᠢᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠨ ᠰᠢᠨᠵᠢᠬᠦ ᠪᠠ ᠬᠢᠨᠠᠨ ᠰᠢᠯᠭᠠᠬᠤ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠦᠪᠵᠢᠭᠦᠯᠦᠨ ᠠᠬᠢᠭᠤᠯᠤᠨ᠎ᠠ᠃ ᠠᠬᠢᠭᠤᠯᠬᠤ ᠵᠦᠪᠯᠡᠯ ᠤᠨ ᠡᠷᠬᠢᠯᠡᠭᠴᠢ ᠶᠢᠨ ᠲᠤᠰᠢᠶᠠᠯ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠪᠢᠳᠠᠨ ᠬᠠᠮᠢᠶᠠᠷᠴᠤ ᠪᠦᠭᠦᠢ ᠤᠳᠤᠷᠢᠳᠬᠤ ᠨᠦᠬᠦᠷ ᠠᠴᠠ ᠡᠭᠦᠷᠭᠡᠯᠡᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠭᠦᠢ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠡᠷᠬᠢᠯᠡᠭᠴᠢ ᠵᠢᠴᠢ ᠰᠤᠷᠭᠠᠨ ᠬᠦᠮᠦᠵᠢᠯ᠂ ᠪᠡᠶ᠎ᠡ ᠶᠢᠨ ᠲᠠᠮᠢᠷ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠥᠬᠦᠳ ᠠᠴᠠ ᠡᠭᠦᠷᠭᠡᠯᠡᠨ ᠬᠠᠷᠢᠭᠤᠴᠠᠵᠤ᠂ ᠭᠡᠰᠢᠭᠦᠳ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠦᠬᠦᠳ᠂ ᠲᠤᠰᠬᠠᠢ ᠮᠡᠷᠬᠡᠵᠢᠯᠳᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠪᠠ ᠨᠡᠶᠢᠭᠡᠮ ᠤᠨ ᠨᠡᠷᠡᠲᠦ ᠬᠦᠮᠦᠰ ᠵᠡᠷᠭᠡ ᠠᠴᠠ ᠡᠭᠦᠷᠭᠡᠯᠡᠨ ᠬᠠᠷᠢᠭᠤᠴᠠᠨ᠎ᠠ᠃ ᠠᠬᠢᠭᠤᠯᠬᠤ ᠵᠦᠪᠯᠡᠯ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠳᠤ ᠪᠠᠶᠢᠭᠤᠯᠤᠨ᠎ᠠ᠃ ᠠᠬᠢᠭᠤᠯᠬᠤ ᠵᠦᠪᠯᠡᠯ ᠳᠤ ᠲᠤᠰᠬᠠᠢ ᠮᠡᠷᠬᠡᠵᠢᠯᠳᠡᠨ ᠤ ᠠᠰᠠᠭᠤᠨ ᠯᠠᠪᠯᠠᠭ᠎ᠠ ᠶᠢᠨ ᠺᠣᠮᠢᠰ ᠢ ᠪᠠᠶᠢᠭᠤᠯᠵᠤ᠂ ᠠᠬᠢᠭᠤᠯᠬᠤ ᠵᠦᠪᠯᠡᠯ ᠠᠴᠠ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠲᠤᠰᠬᠠᠢ ᠮᠡᠷᠬᠡᠵᠢᠯᠳᠡᠳ ᠢ ᠤᠷᠢᠵᠤ ᠲᠤᠰᠬᠠᠢ ᠮᠡᠷᠬᠡᠵᠢᠯᠳᠡᠨ ᠤ ᠠᠰᠠᠭᠤᠨ ᠯᠠᠪᠯᠠᠭ᠎ᠠ ᠶᠢᠨ ᠺᠤᠮᠢᠰ ᠢ ᠪᠦᠷᠢᠯᠳᠦᠬᠦᠯᠤᠨ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠠᠬᠢᠭᠤᠯᠤᠨ ᠬᠡᠷᠡᠭᠵᠢᠭᠦᠯᠬᠦ ᠳᠤ ᠮᠡᠷᠭᠡᠵᠢᠯ ᠤᠨ ᠳᠡᠮᠵᠢᠯᠭᠡ ᠬᠠᠩᠭᠠᠬᠤ ᠶᠢ ᠬᠠᠷᠢᠭᠤᠴᠠᠨ᠎ᠠ᠃ ᠠᠬᠢᠭᠤᠯᠬᠤ ᠵᠦᠪᠯᠡᠯ ᠤᠨ ᠳᠣᠣᠷ᠎ᠠ ᠡᠯ᠎ᠡ ᠲᠤᠰᠬᠠᠢ ᠠᠵᠢᠯᠯᠠᠭ᠎ᠠ ᠶᠢᠨ ᠠᠵᠢᠯ ᠤᠨ ᠲᠤᠭᠤᠶᠢᠯᠠᠩ ᠪᠠᠶᠢᠭᠤᠯᠵᠤ᠂ ᠲᠤᠰᠬᠠᠢ ᠠᠵᠢᠯᠯᠠᠭ᠎ᠠ ᠶᠢᠨ ᠪᠣᠳᠠᠲᠠᠢ ᠬᠡᠷᠡᠭᠵᠢᠬᠦᠯᠬᠦ ᠪᠠ ᠬᠢᠨᠠᠨ ᠰᠢᠨᠵᠢᠬᠦ ᠠᠵᠢᠯ ᠢ ᠬᠠᠷᠢᠭᠤᠴᠠᠨ᠎ᠠ᠃
︵ᠬᠤᠶᠠᠷ︶ ᠦᠷᠭᠡᠨ ᠳᠡᠯᠭᠡᠷ ᠢᠶᠠᠷ ᠳᠠᠶᠢᠴᠢᠯᠠᠨ ᠣᠷᠣᠯᠴᠠᠭᠤᠯᠬᠤ ᠬᠡᠷᠡᠭᠲᠡᠢ᠃ ᠶᠠᠷᠢᠶ᠎ᠠ ᠬᠡᠯᠡᠯᠴᠡᠭᠡ ᠶᠢᠨ ᠤᠬᠠᠭᠤᠯᠭ᠎ᠠ ᠪᠠᠨ ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠢ ᠳᠤ ᠨᠢ ᠨᠡᠶᠢᠲᠡᠯᠡᠵᠤ᠂ ᠨᠡᠶᠢᠭᠡᠮ ᠤᠨ ᠬᠠᠯᠠᠮᠵᠢᠯᠠᠨ ᠠᠩᠬᠠᠷᠴᠤ ᠪᠠᠶᠢᠭ᠎ᠠ ᠵᠦᠢᠯ ᠳᠤ ᠬᠠᠷᠢᠭᠤ ᠥᠭᠴᠦ᠂ ᠪᠦᠬᠦ ᠨᠡᠶᠢᠭᠡᠮ ᠤᠨ ᠬᠦᠴᠦᠨ ᠴᠢᠳᠠᠯ ᠢ ᠨᠢᠭᠲᠠᠷᠠᠭᠤᠯᠤᠨ᠂ ᠡᠷᠡᠭᠦᠯ ᠡᠩᠬᠡ ᠶᠢ ᠠᠬᠢᠭᠤᠯᠬᠤ ᠨᠡᠶᠢᠯᠡᠮᠡᠯ ᠬᠦᠴᠦᠨ ᠢ ᠪᠣᠢ ᠪᠣᠯᠭᠠᠬᠤ ᠬᠡᠷᠡᠭᠲᠡᠢ᠃ ᠬᠤᠪᠢ ᠬᠦᠮᠦᠨ ᠪᠠ ᠭᠡᠷ ᠪᠦᠯᠢ ᠨᠢ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠬᠵᠢᠭᠤᠯᠤᠨ᠂ ᠬᠤᠪᠢ ᠬᠦᠮᠦᠨ ᠤ ᠡᠷᠡᠭᠦᠯ ᠴᠢᠬᠢᠷᠠᠭ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠲᠠᠢ ᠪᠣᠯᠭᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠢᠯᠠᠩᠭᠤᠶ᠎ᠠ ᠰᠤᠷᠭᠠᠭᠤᠯᠢ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠨᠤᠭᠤᠳ ᠲᠤᠰ ᠪᠡᠶ᠎ᠡ ᠶᠢᠨ ᠡᠬᠢ ᠪᠠᠶᠠᠯᠢᠭ ᠢᠶᠠᠨ ᠭᠦᠢᠴᠡᠳ ᠠᠭᠤᠳᠠᠯᠯᠠᠨ ᠠᠰᠢᠨᠨᠯᠠᠵᠦ᠂ ᠡᠷᠡᠭᠦᠯ ᠴᠢᠬᠢᠷᠠᠭ ᠤᠨ ᠡᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠦᠷᠨᠢᠭᠦᠯᠵᠦ᠂ ᠡᠷᠡᠭᠦᠯ ᠡᠩᠬᠡ ᠶᠢᠨ ᠳᠡᠮᠵᠢᠯᠭᠡ ᠶᠢᠨ ᠴᠢᠨᠠᠷᠲᠠᠢ ᠣᠷᠴᠢᠨ ᠲᠣᠭᠤᠷᠢᠨ ᠢ ᠡᠭᠦᠲᠦᠨ ᠪᠠᠶᠢᠭᠤᠯᠬᠤ ᠬᠡᠷᠡᠭᠲᠡᠢ᠃ ᠠᠵᠤ ᠠᠬᠤᠶᠢᠯᠠᠯ ᠡᠷᠡᠭᠦᠯ ᠡᠩᠬᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠪᠦᠲᠦᠭᠡᠭᠳᠡᠬᠦᠨ ᠢ ᠰᠣᠳᠣᠯᠣᠨ ᠨᠡᠬᠡᠬᠡᠵᠦ ᠦᠢᠯᠡᠳᠪᠦᠷᠢᠯᠡᠬᠦ ᠶᠢ ᠵᠣᠷᠢᠬᠵᠢᠭᠤᠯᠵᠤ᠂ ᠡᠷᠡᠭᠦᠯ ᠡᠩᠬᠡ ᠶᠢᠨ ᠪᠦᠲᠦᠭᠡᠭᠳᠡᠬᠦᠨ ᠤ ᠬᠠᠩᠭᠠᠯᠲᠠ ᠶᠢ ᠨᠡᠮᠡᠭᠳᠡᠭᠦᠯᠬᠦ ᠬᠡᠷᠡᠭᠲᠡᠢ᠃ ᠨᠡᠶᠢᠭᠡᠮ ᠠᠴᠠ ᠪᠡᠯᠡ ᠮᠦᠩᠭᠦ ᠪᠠᠷ ᠬᠠᠨᠳᠢᠪᠯᠠᠬᠤ ᠶᠢ ᠵᠣᠷᠢᠬᠵᠢᠭᠤᠯᠵᠤ᠂ ᠨᠡᠶᠢᠭᠡᠮ ᠤᠨ ᠬᠦᠴᠦᠨ ᠵᠦᠢᠯ ᠳᠤ ᠲᠦᠰᠢᠭᠯᠡᠵᠦ ᠪᠠᠶᠢᠭᠠᠳ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠬᠠᠤᠯᠢ ᠶᠣᠰᠤᠭᠠᠷ ᠠᠬᠢᠭᠤᠯᠵᠤ᠂ ᠪᠡᠯᠡ ᠮᠦᠩᠭᠦᠨ ᠤ ᠢᠷᠡᠯᠲᠡ ᠪᠠᠷ ᠣᠯᠠᠨ ᠡᠰᠢᠵᠢᠭᠰᠡᠨ ᠪᠠᠲᠤᠯᠠᠭ᠎ᠠ ᠶᠢᠨ ᠲᠣᠭᠲᠠᠴᠠ ᠶᠢ ᠪᠣᠢ ᠪᠣᠯᠭᠠᠬᠤ ᠬᠡᠷᠡᠭᠲᠡᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠡᠩᠬᠡ ᠶᠢᠨ ᠲᠥᠷᠥᠯ ᠤᠨ ᠪᠦᠳᠦᠬᠡᠭᠳᠡᠬᠦᠨ ᠪᠠ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠵᠣᠷᠢᠬᠵᠢᠭᠤᠯᠬᠤ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠬᠠᠮᠢᠶ᠎ᠠ ᠪᠦᠬᠦᠢ ᠠᠵᠢᠯ ᠲᠥᠷᠥᠯ ᠤᠨ ᠰᠢᠨᠵᠢᠯᠡᠭᠡᠨ ᠤ ᠨᠡᠶᠢᠭᠡᠮᠯᠢᠭ᠂ ᠨᠡᠶᠢᠭᠡᠮᠯᠢᠭ ᠪᠣᠯᠣᠨ ᠣᠯᠠᠨ ᠲᠦᠮᠡᠨ ᠤ ᠪᠦᠯᠬᠦᠮ ᠵᠣᠬᠢᠶᠠᠨ ᠪᠠᠶᠢᠭᠤᠯᠤᠯᠲᠠ ᠵᠢᠴᠢ ᠪᠣᠰᠣᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠷᠡᠭᠦᠯ ᠡᠩᠬᠡ ᠶᠢ ᠠᠬᠢᠭᠤᠯᠬᠤ ᠪᠠ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠬᠦ ᠠᠵᠢᠯ ᠢ ᠵᠢᠯᠣᠭᠤᠳᠴᠦ ᠵᠣᠬᠢᠶᠠᠨ ᠪᠠᠶᠢᠭᠤᠯᠬᠤ ᠬᠡᠷᠡᠭᠲᠡᠢ᠃
︵ᠭᠤᠷᠪᠠ︶ ᠲᠤᠯᠭᠠᠭᠤᠷᠢᠯᠠᠯ ᠤᠨ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠ ᠴᠢᠳᠠᠪᠤᠷᠢᠲᠠᠨ ᠭᠦᠮᠦᠵᠢᠬᠦᠯᠬᠦ ᠠᠵᠢᠯ ᠢ ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠳᠡᠮᠵᠢᠯᠭᠡ ᠶᠢ ᠴᠢᠩᠭᠠᠳᠬᠠᠨ᠂ ᠪᠡᠯᠡ ᠮᠦᠩᠭᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠷᠠᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ᠂ ᠣᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡᠨ ᠤ ᠲᠥᠷᠥᠯ ᠵᠦᠢᠯ ᠤᠨ ᠪᠡᠯᠡ ᠮᠦᠩᠭᠦᠨ ᠤ ᠬᠡᠷᠡᠭᠯᠡᠯᠲᠡ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ ᠡᠷᠡᠭᠦᠯ ᠡᠩᠬᠡ ᠶᠢ ᠨᠦᠯᠦᠬᠡᠯᠡᠬᠦ ᠨᠢᠭᠡ ᠪᠦᠯᠦᠭ ᠬᠦᠴᠦᠨ ᠵᠦᠢᠯ ᠪᠠ ᠭᠦᠴᠢᠷ ᠲᠦᠪᠡᠭᠳᠡᠢ ᠬᠦᠨᠳᠦ ᠡᠪᠡᠳᠴᠢᠨ ᠭᠡᠮ ᠤᠨ ᠣᠨᠣᠰᠢᠯᠠᠨ ᠡᠮᠨᠡᠬᠦ ᠪᠣᠭᠤᠮᠲᠠ ᠰᠢᠪᠲᠤᠯᠬᠤ ᠴᠢᠬᠤᠯᠠ ᠶᠡᠭᠡ ᠰᠡᠳᠦᠪ ᠤᠨ ᠰᠣᠳᠣᠯᠣᠯ ᠢ ᠦᠷᠨᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠣᠰᠬᠠᠢ ᠵᠦᠢᠯ᠂ ᠭᠤᠣᠯᠳᠠᠯᠭ᠎ᠠ ᠲᠠᠢ ᠰᠣᠳᠣᠯᠣᠨ ᠨᠡᠭᠡᠭᠡᠬᠦ ᠲᠥᠯᠥᠪᠯᠡᠭᠡ ᠳᠤ ᠳᠡᠮᠵᠢᠯᠭᠡ ᠦᠵᠡᠬᠦᠯᠬᠦ ᠬᠡᠷᠡᠭᠲᠡᠢ᠃ ᠮᠡᠳᠡᠭᠡ ᠵᠠᠩᠭᠢ ᠶᠢᠨ ᠲᠤᠯᠭᠠᠭᠤᠷᠢᠯᠠᠯ ᠢ ᠴᠢᠩᠭᠠᠳᠬᠠᠨ᠂ ᠰᠠᠯᠠᠭ᠎ᠠ ᠮᠦᠴᠢᠷ ᠪᠠ ᠣᠷᠣᠨ ᠪᠦᠰᠡ ᠶᠢᠨ ᠬᠤᠭᠤᠷᠣᠨᠳᠤ ᠡᠷᠡᠭᠦᠯ ᠡᠩᠬᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠯᠴᠡᠬᠦ ᠶᠢ ᠠᠬᠢᠭᠤᠯᠬᠤ
ᠬᠡᠷᠡᠭᠲᠡᠢ᠃
︵ᠳᠥᠷᠪᠡ︶ ᠬᠢᠨᠠᠨ ᠰᠢᠯᠭᠠᠵᠤ ᠬᠢᠨᠠᠨ ᠰᠢᠨᠵᠢᠬᠦ ᠶᠢ ᠰᠠᠶᠢᠲᠤᠷ ᠬᠢᠬᠦ ᠬᠡᠷᠡᠭᠲᠡᠢ᠃ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠪᠣᠯ ︽︿ᠡᠷᠡᠭᠦᠯ ᠡᠩᠬᠡ ᠥᠪᠥᠷ ᠮᠣᠩᠭᠤᠯ 2030﹀ ᠤ ᠬᠡᠷᠡᠭᠵᠢᠭᠦᠯᠬᠦ ᠲᠥᠰᠥᠯ︾ ᠤᠨ ᠪᠣᠳᠠᠲᠠᠢ ᠭᠠᠷᠳᠠᠴᠠ ᠪᠠ ᠠᠬᠢᠭᠤᠯᠬᠤ ᠠᠷᠭ᠎ᠠ ᠬᠡᠮᠵᠢᠶ᠎ᠡ ᠪᠣᠯᠣᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠡᠷᠡᠭᠦᠯ ᠡᠩᠬᠡ ᠶᠢᠨ ᠭᠤᠣᠯ ᠭᠦᠢᠴᠡᠳᠭᠡᠯ ᠲᠤᠭ᠎ᠠ ᠶᠢ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠶᠢᠨ ᠰᠢᠯᠭᠠᠨ ᠬᠢᠨᠠᠬᠤ ᠭᠦᠢᠴᠡᠳᠭᠡᠯ ᠲᠣᠭᠠᠨ ᠳᠤ ᠣᠷᠤᠭᠤᠯᠵᠤ᠂ ᠶᠡᠷᠦᠩᠬᠡᠢ ᠰᠢᠯᠭᠠᠨ ᠬᠢᠨ᠋ᠬᠠᠰᠠᠨ ᠦᠷ᠎ᠡ ᠳ᠋ᠦᠩ ᠢ ᠠᠬᠢᠭᠤᠯᠬᠤ ᠵᠦᠪᠯᠡᠯ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠪᠲᠡᠷᠡᠭᠦᠯᠦᠨ ᠮᠡᠳᠡᠭᠦᠯᠵᠦ᠂ ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠶᠡᠷᠦᠩᠬᠡᠢ ᠬᠢᠨᠠᠨ ᠰᠢᠯᠭᠠᠵᠤ ᠦᠨᠡᠯᠡᠬᠦ᠂ ᠺᠠᠳ᠋ᠷ ᠢ ᠱᠠᠩᠨᠠᠵᠤ ᠲᠣᠷᠭᠠᠬᠤ ᠳᠤ ᠬᠡᠷᠡᠭᠯᠡᠬᠦ ᠴᠢᠬᠤᠯᠠ ᠯᠠᠪᠯᠠᠯᠲᠠ ᠪᠣᠯᠭᠠᠬᠤ ᠬᠡᠷᠡᠭᠲᠡᠢ᠃