|
ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠳᠡᠰ ᠲᠤ ᠲᠤᠬᠢᠷᠠᠭᠤᠯᠤᠯᠳᠠ ᠬᠢᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ |
|
|
ᠨᠡᠶᠢᠲᠡᠯᠡᠭᠰᠡᠨ ᠴᠠᠭ᠄
2020/3/24
|
|
ᠥᠪᠥᠷ ᠵᠠᠰᠠᠭ ᠦᠰᠦᠭ ﹇2020﹈ 14 ᠳ᠋ᠦ᠋ᠭᠡᠷ ᠲᠣᠭᠠᠲᠤ
︽ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠮᠨᠡᠵᠦ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠲᠣᠭᠤᠷᠢᠭ ᠪᠠ ᠱᠠᠲᠤ ᠬᠤᠪᠢᠶᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠵᠢᠯᠣᠭᠤᠳᠬᠤ ᠰᠠᠨᠠᠯ︾ ᠤᠨ ᠶᠣᠰᠣᠭᠠᠷ᠂ ᠡᠯ᠎ᠡ ᠠᠶᠢᠮᠠᠭ ᠬᠤᠲᠠ ᠶᠢᠨ ᠬᠠᠷᠢᠶᠠᠨ ᠳᠠᠬᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠳᠡᠰ ᠢ ᠰᠤᠳᠤᠯᠤᠨ ᠮᠠᠭᠠᠳᠯᠠᠭᠰᠠᠨ ᠪᠠ ᠲᠣᠬᠢᠷᠠᠭᠤᠯᠤᠯᠲᠠ ᠬᠢᠭᠰᠡᠨ ᠪᠠᠶᠢᠳᠠᠯ ᠢ ᠨᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠪᠥᠬᠦᠨ ᠢ ᠳᠣᠣᠷ᠎ᠠ ᠳᠡᠰ ᠪᠣᠯᠭᠠᠨ ᠲᠣᠬᠢᠷᠠᠭᠤᠯᠬᠤ ᠪᠠᠷ ᠲᠣᠭᠲᠠᠭᠠᠪᠠ᠃ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2020 ᠣᠨ ᠤ 3 ᠳ᠋ᠤᠭᠠᠷ ᠰᠠᠷ᠎ᠠ ᠶᠢᠨ 16 ᠤ ᠡᠳᠦᠷ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|