|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ | ᠡᠷᠬᠢᠨ ᠬᠠᠷᠠᠬᠤ︾ ᠵᠢᠴᠢ ᠨᠤᠳᠤᠬ ᠪᠡᠯᠴᠢᠭᠡᠷ ᠤᠨ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠲᠤᠰᠬᠠᠢ ᠱᠠᠯᠠᠪᠳᠠᠭᠤᠯᠤᠨ ᠪᠠᠶᠢᠴᠠᠭᠠᠵᠦ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠳᠤᠭᠤᠰᠢᠯᠠᠭᠤᠯᠤᠨ ᠨᠠᠶᠢᠳᠠᠪᠤᠷᠢᠵᠢᠭᠤᠯᠤᠬᠰᠠᠨ ᠠᠬᠢᠴᠠ ᠶᠢᠨ ᠪᠠᠶᠢᠳᠠᠯ |
|
|
ᠨᠡᠶᠢᠲᠡᠯᠡᠭᠰᠡᠨ ᠴᠠᠭ᠄
2020/4/10
|
|
2018 ᠣᠨ ᠤ 6 ᠰᠠᠷ᠎ᠠ ᠶᠢᠨ 6 ᠤ ᠡᠳᠦᠷ ᠠᠴᠠ 7 ᠰᠠᠷ᠎ᠠ ᠶᠢᠨ 6 ᠤ ᠡᠳᠦᠷ ᠪᠣᠯᠲᠠᠯ᠎ᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠣᠷᠣᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ 2018 ᠣᠨ ᠤ 11 ᠰᠠᠷ᠎ᠠ ᠶᠢᠨ 17 ᠤ ᠡᠳᠦᠷ ᠮᠠᠨ ᠤ ᠣᠷᠣᠨ ᠳᠤ ᠱᠠᠯᠠᠪᠳᠠᠭᠤᠯᠤᠨ ᠪᠠᠶᠢᠴᠠᠭᠠᠭᠰᠠᠠ ᠰᠠᠨᠠᠯ ᠢᠶᠠᠨ ᠬᠠᠷᠢᠭᠤ ᠲᠤᠰᠬᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠶᠡᠷᠤᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ᠂ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠲᠦᠷᠪᠡᠨ ᠢᠳᠡᠬᠡᠯ︾ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠪᠤᠳᠠᠳᠤ ᠠᠵᠢᠯᠯᠠᠭ᠎ᠠ ᠪᠤᠯᠭᠠᠵᠥ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ᠂ ᠦᠪᠤᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠬᠤ᠂ ᠡᠬᠡ ᠤᠯᠤᠰ ᠤᠨ ᠤᠮᠠᠷᠠᠳᠤ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠪᠠᠶᠢᠭᠤᠯᠬᠤ ᠪᠤᠳᠠᠳᠠᠢ ᠠᠷᠭ᠎ᠠ ᠬᠡᠮᠵᠢᠶ᠎ᠡ ᠪᠤᠯᠭᠠᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠬᠦᠴᠦᠳᠠᠢ ᠠᠬᠢᠭᠤᠯᠪᠠ᠃ 2019 ᠤᠨ ᠤ 12 ᠰᠠᠷ᠎ᠠ ᠶᠢᠨ ᠰᠡᠬᠦᠯᠴᠢ ᠪᠤᠯᠳᠠᠯ᠎ᠠ᠂ 116 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢᠨ 80 ᠵᠦᠢᠯ ᠢ ᠨᠢ ᠴᠡᠭᠴᠡᠯᠡᠨ ᠰᠠᠶᠢᠵᠢᠷᠠᠭᠤᠯᠬᠤ ᠲᠦᠰᠦᠯ ᠶᠤᠰᠤ ᠪᠠᠷ ᠪᠡᠶᠡᠯᠡᠬᠦᠯᠵᠥ᠂ ᠦᠯᠡᠳᠡᠭᠰᠡᠡ 36 ᠵᠦᠢᠯ ᠢ ᠨᠢ ᠶᠠᠭ ᠴᠠᠭ ᠤᠨ ᠲᠡᠰ ᠲᠠᠷᠠᠭᠠᠯᠠᠯ ᠢᠶᠠᠷ ᠢᠳᠡᠪᠬᠢᠳᠡᠢ ᠠᠬᠢᠭᠤᠯᠵᠥ ᠪᠠᠶᠢᠨ᠎ᠠ᠃ ᠨᠢᠭᠡ᠂ ᠤᠯᠤᠰ ᠲᠦᠷᠦ ᠶᠢᠨ ᠵᠣᠭᠰᠣᠴᠠ ᠪᠠᠨ ᠦᠨᠳᠦᠷᠵᠢᠭᠦᠯᠤᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠤᠳᠠᠳᠠᠢ ᠬᠡᠷᠡᠭᠯᠡᠪᠠ᠃ 2019 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠷᠢᠳ ᠬᠤᠵᠢᠳ 2 ᠤᠳᠠᠭ᠎ᠠ ᠪᠥᠬᠦᠳᠡ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠦᠨᠡᠨ ᠪᠣᠳᠠᠲᠠᠶ ᠬᠡᠷᠡᠭᠯᠡᠬᠦ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠬᠢᠵᠥ᠂ ︽ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠲᠤᠬᠠᠶ ᠲᠣᠭᠲᠠᠭᠠᠯ︾᠂ ︽ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠣᠭᠲᠠᠭᠠᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠢ ᠲᠤᠭᠳᠠᠭᠠᠨ ᠨᠠᠶᠢᠳᠠᠯᠠᠵᠥ᠂ ᠶᠡᠷᠤᠩᠬᠡᠢ ᠱᠦᠵᠢ ᠰᠢ ᠶᠢᠨ ᠫᠢᠩ ᠤᠨ ᠲᠠᠭᠠᠭᠠᠯᠭᠠᠭᠰᠠᠠ ︽ᠦᠪᠤᠷ ᠮᠤᠩᠭᠤᠯ ᠢᠶᠠᠨ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠳᠦᠬᠡᠨ ᠪᠠᠶᠢᠭᠤᠯᠬᠤ︾ ᠵᠡᠷᠬᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠬᠦᠷᠬᠡ ᠶᠢ ᠪᠠᠳᠤ ᠡᠵᠡᠮᠰᠢᠵᠥ᠂ ᠬᠦᠨᠵᠡᠬᠡᠢ ᠨᠠᠶᠢᠳᠠᠪᠤᠷᠢᠵᠢᠭᠤᠯᠪᠠ᠃ ᠪᠦᠬᠦ ᠤᠷᠤᠨ ᠤ ᠰᠢᠶᠠᠨ ᠭᠠᠵᠠᠷ ᠤᠨ ᠲᠡᠰ ᠤᠨ ᠱᠠᠳᠤᠨ ᠠᠴᠠ ᠲᠡᠭᠡᠭᠰᠢᠬᠢ ᠤᠳᠤᠷᠢᠳᠬᠤ ᠪᠠᠭ ᠪᠤᠯᠤᠨ ᠤᠳᠤᠷᠢᠳᠬᠤ ᠺᠠᠳ᠋ᠷ ᠤᠨ ᠲᠤᠮᠳᠠ ᠬᠤᠶᠠᠷ ᠰᠠᠷ᠎ᠠ ᠶᠢᠨ ᠬᠤᠭᠤᠴᠠᠭ᠎ᠠ ᠲᠠᠢ ︽ᠦᠵᠡᠯ ᠰᠠᠨᠠᠭ᠎ᠠ ᠪᠠᠨ ᠲᠠᠬᠢᠨ ᠴᠢᠯᠥᠬᠡᠯᠡᠵᠥ᠂ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ ᠪᠠᠳᠤᠳᠠᠢ ᠦᠢᠯᠡᠳᠦᠯᠬᠡᠵᠢᠬᠦᠯᠵᠥ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢᠨ ᠠᠵᠢᠯᠯᠠᠭ᠎ᠠ ᠦᠷᠨᠢᠬᠦᠯᠵᠥ᠂ ᠡᠯ᠎ᠡ ᠱᠠᠳᠤᠨ ᠤ ᠨᠠᠮ ᠵᠠᠰᠠᠭ ᠤᠨ ᠤᠳᠤᠷᠢᠳᠬᠤ ᠪᠠᠭ ᠪᠤᠯᠤᠨ ᠤᠳᠤᠷᠢᠳᠬᠤ ᠺᠠᠳ᠋ᠷ ᠤᠨ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠥᠩᠬᠦᠨ ᠠᠭᠤᠯᠠ ᠬᠡᠬᠦ ᠤᠢᠢᠯᠠᠭᠠᠬᠳᠠᠬᠤᠨ ᠢ ᠪᠠᠳᠤ ᠪᠤᠢ ᠪᠤᠯᠭᠠᠬᠤ ᠪᠠ ᠦᠢᠯᠡᠳᠦᠯᠬᠡᠵᠢᠬᠦᠯᠬᠦ ᠶᠢ ᠠᠬᠢᠭᠤᠯᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠠ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠠ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠪᠠ᠃ ᠬᠤᠶᠠᠷ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠪᠠ᠃ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠤᠯᠭᠠᠭᠰᠠᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠨᠢᠭᠡᠳᠦᠭᠡᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠤᠷᠢᠳ ᠬᠤᠵᠢᠳ 3 ᠤᠳᠠᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠵᠥ︾ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠮᠠᠨ ᠤ ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠣᠷᠣᠨ ᠤ ᠴᠡᠭᠴᠡᠯᠡᠨ ᠰᠠᠶᠢᠵᠢᠷᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠢ ᠲᠡᠷᠡ ᠳᠠᠷᠤᠶ ᠳᠤᠨᠢ ᠬᠤᠷᠠᠯᠳᠤᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ︽ᠡᠷᠬᠢᠨ ᠬᠠᠷᠠᠵᠥ︾ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠲᠤᠬᠠᠢ ᠳᠠᠬᠢᠨ ᠪᠠᠶᠢᠷᠢᠯᠠᠭᠤᠯᠵᠤ ᠳᠠᠬᠢᠨ ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠷᠢᠳ ᠬᠤᠵᠢᠳ 10 ᠤᠳᠠᠭ᠎ᠠ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠳ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠭᠤᠷᠪᠠᠨ ᠨᠠᠭᠤᠷ︾᠂ ᠬᠤᠤᠯᠢᠨ ᠭᠤᠤᠯ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠣᠯᠠᠨ ᠤᠳᠠᠭ᠎ᠠ ᠭᠦᠨᠵᠡᠭᠡᠶᠢᠷᠡᠨ ᠲᠤᠬᠠᠶ ᠶᠢᠨ ᠲᠠᠯᠠᠪᠠᠶ ᠳᠤ ᠱᠠᠯᠠᠪᠳᠠᠭᠤᠯᠤᠨ ᠵᠢᠯᠣᠭᠤᠳᠴᠤ᠂ ᠪᠠᠭ ᠤᠨ ᠪᠦᠷᠢᠯᠳᠦᠬᠦᠨ ᠨᠡᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠪᠠ᠃ ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠵᠢᠴᠢ ᠲᠦᠮᠡᠭᠡᠵᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠡᠮᠬᠢᠯᠡᠨ ᠳᠢᠭᠯᠡᠭᠰᠡᠨ 116 ᠠᠰᠠᠭᠤᠳᠠᠯ ᠳᠤ ᠬᠠᠷᠢᠭᠤᠴᠠᠯᠭᠠᠲᠤ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠨᠢ 12 ᠠᠶᠢᠮᠠᠭ ᠬᠤᠲᠠ ᠪᠠ 17 ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ ᠶᠢ ᠬᠠᠮᠤᠷᠴᠤ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ᠂ ᠨᠢᠭᠡ ᠶᠢ ᠬᠦᠴᠦᠨ ᠥᠬᠡᠶ ᠪᠣᠯᠭᠠᠵᠤ᠂ ᠨᠢᠭᠡ ᠶᠢ ᠦᠷ᠎ᠡ ᠪᠦᠲᠦᠮᠵᠢ ᠲᠠᠢ ᠪᠤᠯᠭᠠᠪᠠ᠃ ᠭᠤᠷᠪᠠ ᠳᠤ᠂ ᠱᠠᠯᠠᠪᠳᠠᠭᠤᠯᠤᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠰᠠᠷ᠎ᠠ ᠪᠦᠷᠢ ᠨᠡᠪᠲᠡᠷᠡᠭᠦᠯᠬᠦ᠂ ᠤᠯᠠᠷᠢᠯ ᠢᠶᠠᠷ ᠲᠣᠬᠢᠷᠠᠭᠤᠯᠬᠤ᠂ ᠤᠬᠠᠭᠤᠯᠤᠨ ᠮᠡᠳᠡᠭᠡᠯᠡᠬᠦ᠂ ᠮᠡᠳᠡᠭᠡ ᠵᠠᠩᠭᠢ ᠶᠢ ᠢᠯᠡ ᠪᠣᠯᠭᠠᠬᠤ᠂ ᠰᠢᠯᠭᠠᠨ ᠬᠤᠷᠢᠶᠠᠵᠤ ᠳ᠋ᠤᠭᠠᠷ ᠢ ᠨᠢ ᠬᠦᠴᠦᠨ ᠥᠬᠡᠶ ᠪᠣᠯᠭᠠᠬᠤ ᠵᠡᠷᠭᠡ 5 ᠵᠦᠢᠯ ᠤᠨ ᠲᠦᠷᠢᠮ ᠢ ᠪᠠᠶᠢᠭᠤᠯᠬᠤ ᠶᠢᠨ ᠬᠠᠮᠲᠤ ᠬᠡᠷᠡᠭᠵᠢᠭᠦᠯᠵᠦ᠂ ᠱᠠᠭᠠᠷᠳᠠᠯᠭ᠎ᠠ ᠶᠣᠰᠣ ᠪᠠᠷ ᠴᠡᠭᠴᠡᠯᠡᠨ ᠰᠠᠶᠢᠵᠢᠷᠠᠭᠤᠯᠤᠭᠰᠠᠨ ᠥᠬᠡᠶ ᠭᠠᠵᠠᠷ ᠣᠷᠣᠨ ᠪᠠ ᠰᠠᠯᠠᠭ᠎ᠠ ᠮᠥᠴᠢᠷ ᠲᠤ ᠤᠷᠢᠳᠴᠢᠯᠠᠨ ᠰᠡᠷᠡᠮᠵᠢᠯᠡᠭᠦᠯᠵᠦ ᠱᠠᠯᠠᠪᠳᠠᠭᠤᠯᠤᠨ ᠰᠢᠢᠳᠪᠦᠷᠢᠯᠡᠭᠦᠯᠪᠡ᠃ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠣᠨ ᠤ ᠱᠠᠯᠠᠪᠳᠠᠭᠤᠯᠤᠨ ᠪᠠᠶᠢᠴᠠᠭᠠᠬᠤ ᠲᠥᠯᠥᠪᠯᠡᠭᠡ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠠᠯᠪᠠᠨ ᠭᠡᠷ᠂ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠯᠪᠠᠨ ᠭᠡᠷ ᠲᠥᠯᠥᠪᠯᠡᠭᠡ ᠶᠣᠰᠣ ᠪᠠᠷ ᠲᠤᠰᠬᠠᠶ ᠱᠠᠯᠠᠪᠳᠠᠭᠤᠯᠤᠨ ᠪᠠᠶᠢᠴᠠᠭᠠᠬᠤ ᠠᠵᠢᠯ ᠦᠷᠨᠢᠬᠦᠯᠪᠡ᠃ ︽ᠨᠢᠭᠡ ᠲᠠᠪᠴᠠᠩ ᠨᠢᠭᠡ ᠰᠤᠨᠢᠨ ᠨᠢᠭᠡ ᠰᠦᠯᠵᠢᠶ᠎ᠡ︾ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠪᠠ᠃ ᠳᠥᠷᠪᠡ ᠳᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠪᠠ᠃ 2018 ᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠬᠤᠭᠤᠴᠠᠭᠠᠨ ᠳᠤ᠂ ᠪᠥᠬᠦ ᠣᠷᠣᠨ ᠳᠤ ᠨᠡᠶᠢᠲᠡ 691 ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠪᠡ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 99 ᠬᠡᠷᠡᠭ ᠢ ᠬᠡᠷᠡᠭ ᠪᠣᠯᠭᠠᠨ ᠲᠠᠩᠰᠠᠯᠠᠵᠤ ᠲᠠᠩᠨᠠᠨ ᠪᠠᠶᠢᠴᠠᠭᠠᠵᠤ᠂ 22 ᠬᠥᠮᠦᠨ ᠢ ᠲᠦᠷ ᠬᠤᠷᠢᠪᠠ︔ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ 336 ᠬᠡᠷᠡᠭ ᠢ ᠬᠡᠷᠡᠭ ᠪᠣᠯᠭᠠᠨ ᠲᠠᠩᠰᠠᠯᠠᠵᠤ ᠪᠠᠶᠢᠴᠠᠭᠠᠨ ᠰᠢᠢᠳᠪᠦᠷᠢᠯᠡᠵᠦ᠂ 3791 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠠᠶ᠃ ᠥᠪᠡᠷᠲᠡᠭᠡᠨ ᠵᠠᠰᠠᠬᠤ ᠣᠷᠣᠨ 2018 ᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯ ᠤᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠦᠨᠳᠦᠰᠦᠯᠡᠨ᠂ 115 ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠨᠡᠶᠢᠭᠡᠮ ᠳᠤ 4 ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠨᠡᠶᠢᠲᠡᠯᠡᠪᠡ᠃ ᠭᠤᠷᠪᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠤ ᠲᠤᠪᠤᠶᠢᠮ᠎ᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠨᠢᠭᠡ ᠳᠤ᠂ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠶᠢᠨ ᠲᠤᠬᠠᠶ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠡᠷᠡᠭᠵᠢᠬᠦᠯᠬᠦ ᠲᠥᠰᠦᠯ︾ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠳ ᠭᠤᠤᠯ ᠬᠠᠷᠢᠭᠤᠴᠠᠯᠭ᠎ᠠ ᠡᠭᠦᠷᠭᠡᠯᠡᠵᠦ᠂ ᠮᠤᠵᠢ ᠶᠢᠨ ᠱᠠᠲᠤᠨ ᠤ 3 ᠤᠳᠤᠷᠢᠳᠬᠤ ᠨᠥᠬᠦᠳ ᠲᠣᠰ ᠲᠣᠰ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠪᠠᠶᠢᠭᠠᠯᠢ ᠶᠢᠨ ᠵᠢᠮ᠎ᠡ ᠶᠣᠰᠣ ᠶᠢ ᠬᠦᠨᠳᠦᠳᠬᠡᠵᠦ᠂ ᠤᠯᠤᠰ ᠤᠨ ᠲᠠᠰ ᠤᠨ ᠲᠤᠰᠬᠠᠶ ᠪᠠᠶᠢᠭᠤᠯᠤᠮᠵᠢ ᠶᠢ ᠤᠷᠢᠵᠤ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠤᠰᠤᠨ ᠤ ᠴᠢᠨᠠᠷ ᠤᠰᠤᠨ ᠤ ᠬᠡᠮᠵᠢᠶ᠎ᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠨᠤᠲᠠᠯᠠᠭᠤᠯᠵᠤ᠂ 2019 ᠣᠨ ᠤ 9 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠲᠥᠯᠥᠪᠵᠢᠭᠦᠯᠭᠡ ᠶᠢ ᠵᠥᠪᠰᠢᠶᠡᠷᠡᠪᠡ᠃ 2019 ᠣᠨ ᠤ 12 ᠰᠠᠷ᠎ᠠ ᠪᠣᠯᠲᠠᠯ᠎ᠠ᠂ ᠬᠥᠯᠥᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 13 ᠲᠥᠷᠥᠯ ᠵᠦᠢᠯ ᠢ ᠪᠦᠬᠦᠨ ᠢ ᠪᠠᠷᠢᠯᠭ᠎ᠠ ᠡᠬᠢᠯᠡᠭᠦᠯᠵᠦ᠂ ᠡᠭᠦᠨ ᠳᠤ 7 ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ᠂ 10.45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠬᠥᠯᠥᠨ ᠨᠠᠭᠤᠷ ᠤᠨ ᠤᠰᠤᠨ ᠤ ᠣᠷᠣᠨ ᠤ ᠲᠠᠯᠠᠪᠠᠶ ᠶᠢ 2030 ᠲᠡᠭᠰᠢ ᠳᠥᠷᠪᠡᠯᠵᠢᠨ ᠺᠢᠯᠣᠮᠧᠲᠷ ᠣᠷᠴᠢᠮ ᠪᠠᠶᠢᠯᠭᠠᠵᠤ᠂ ᠭᠤᠤᠯ ᠪᠣᠯᠬᠤ ᠤᠰᠤᠨ ᠤ ᠴᠢᠨᠠᠷ ᠤᠨ ᠭᠦᠢᠴᠡᠳᠬᠡᠯ ᠲᠤᠭ᠎ᠠ ᠶᠢ ᠶᠡᠷᠦᠩᠬᠡᠶ ᠳᠡᠭᠡᠨ ᠰᠠᠶᠢᠵᠢᠷᠠᠬᠤ ᠬᠠᠨᠳᠤᠰᠢ ᠲᠠᠢ ᠪᠣᠯᠭᠠᠪᠠ︔ ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ ︵ᠵᠠᠰᠠᠨ ᠨᠠᠶᠢᠷᠠᠭᠤᠯᠬᠤ︶ 34 ᠲᠦᠷᠦᠯ ᠵᠦᠢᠯ ᠪᠠᠶᠢᠵᠤ᠂ 11 ᠲᠦᠷᠦᠯ ᠵᠦᠢᠯ ᠢ ᠨᠢ ᠦᠨᠳᠦᠰᠦᠨ ᠳᠡᠭᠡᠨ ᠳᠠᠭᠤᠰᠬᠠᠵᠤ᠂ 22 ᠢ ᠨᠢ ᠪᠠᠶᠢᠭᠤᠯᠵᠤ ᠪᠤᠢ᠂ 16.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠰᠤᠨ ᠣᠷᠣᠨ ᠤ ᠲᠠᠯᠠᠪᠠᠢ ᠶᠢ 293 ᠲᠡᠭᠰᠢ ᠳᠥᠷᠪᠡᠯᠵᠢᠨ ᠺᠢᠯᠣᠮᠧᠲᠷ ᠣᠷᠴᠢᠮ ᠪᠠᠶᠢᠯᠭᠠᠵᠤ᠂ ᠨᠠᠭᠤᠷ ᠤᠨ ᠣᠷᠣᠨ ᠤ ᠪᠦᠬᠦᠯᠢ ᠴᠣᠭᠴᠠ ᠶᠢᠨ ᠤᠰᠤᠨ ᠤ ᠴᠢᠨᠠᠷ ᠶᠡᠷᠦᠩᠬᠡᠢ ᠳᠡᠭᠡᠨ V ᠲᠦᠷᠦᠯ ᠤᠨ ᠤᠰᠤᠨ ᠤ ᠴᠢᠨᠠᠷ ᠲᠤ ᠬᠦᠷᠪᠡ︔ ᠲᠠᠭ᠎ᠠ ᠶᠢᠨ ᠨᠠᠭᠤᠷ ᠤᠨ ᠠᠮᠢ ᠠᠬᠤᠢ ᠶᠢᠨ ᠵᠠᠰᠠᠯᠲᠠ ᠳᠤ 21 ᠲᠦᠷᠦᠯ ᠵᠦᠢᠯ ᠢ ᠬᠡᠷᠡᠭᠵᠢᠭᠦᠯᠵᠦ᠂ 10 ᠲᠦᠷᠦᠯ ᠵᠦᠢᠯ ᠢ ᠨᠢᠭᠡᠨᠲᠡ ᠪᠠᠶᠢᠭᠤᠯᠵᠤ ᠳᠠᠭᠤᠰᠬᠠᠭᠠᠳ᠂ 11 ᠪᠠᠶᠢᠭᠤᠯᠵᠤ ᠪᠠᠶᠢᠭ᠎ᠠ ᠨᠢ 10.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠰᠤᠨ ᠣᠷᠣᠨ ᠤ ᠲᠠᠯᠠᠪᠠᠢ ᠶᠢ ᠦᠨᠳᠦᠰᠦᠨ ᠳᠡᠭᠡᠨ 50 ᠲᠡᠭᠰᠢ ᠳᠥᠷᠪᠡᠯᠵᠢᠨ ᠺᠢᠯᠣᠮᠧᠲᠷ ᠣᠷᠴᠢᠮ ᠳᠤ ᠲᠣᠭᠲᠠᠪᠤᠷᠢᠵᠢᠭᠤᠯᠵᠤ᠂ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠠᠯᠬᠤᠮ ᠠᠯᠬᠤᠮ ᠢᠶᠠᠷ ᠰᠠᠶᠢᠵᠢᠷᠠᠵᠤ᠂ ᠰᠠᠪᠠ ᠭᠠᠵᠠᠷ ᠤᠨ ᠳᠣᠲᠣᠷᠠᠬᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠪᠣᠯᠤᠨ ᠰᠢᠪᠠᠭᠤᠨ ᠤ ᠲᠦᠷᠦᠯ ᠵᠦᠢᠯ ᠨᠡᠮᠡᠭᠳᠡᠪᠡ᠃ ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢᠳᠡᠪᠬᠢᠲᠡᠶ ᠠᠬᠢᠴᠠ ᠲᠠᠢ ᠪᠣᠯᠪᠠ᠃ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠬᠦᠴᠦᠨ ᠢᠶᠠᠨ ᠲᠥᠪᠯᠡᠷᠡᠭᠦᠯᠦᠨ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠣᠷᠣᠨ ᠪᠦᠰᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠪᠥᠬᠦ ᠣᠷᠣᠨ ᠤ ᠢᠯᠴᠢ ᠶᠢᠨ ᠴᠠᠬᠢᠯᠭᠠᠨ᠂ ᠪᠣᠯᠣᠳ ᠲᠡᠮᠦᠷ᠂ ᠱᠦᠢᠨᠢ᠂ ᠰᠢᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠱᠡᠤ ᠦᠭᠡᠶᠢᠳᠡᠭᠦᠯᠦᠨ ᠲᠣᠭᠤᠰᠣ ᠠᠷᠢᠯᠭᠠᠬᠤ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ 2019 ᠣᠨ ᠳᠤ᠂ ᠪᠥᠬᠦ ᠣᠷᠣᠨ ᠤ ᠠᠭᠠᠷ ᠮᠠᠨᠳᠠᠯ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠥᠷᠬᠦ ᠳᠤᠮᠳᠠᠴᠢ ᠡᠳᠦᠷ ᠤᠨ ᠲᠣᠭᠠᠨ ᠤ ᠬᠠᠷᠢᠴᠠᠯ ᠨᠢ 89.6% ᠪᠤᠯᠵᠤ᠂ 2015 ᠣᠨ ᠤ ᠬᠢ ᠠᠴᠠ ᠵᠠᠭᠤᠨ ᠤ ᠬᠠᠷᠢᠴᠠᠯ ᠢᠶᠠᠷ 3.3 ᠳᠡᠭᠡᠭᠰᠢᠯᠡᠪᠡ᠃ ᠬᠦᠭᠡᠮᠳᠦᠭ ᠤᠰᠤ ᠶᠢ ᠬᠠᠮᠠᠭᠠᠯᠠᠬᠤ ᠲᠡᠶᠢᠯᠠᠯᠳᠤᠭᠠᠨ ᠤ ᠲᠠᠯ᠎ᠠ ᠪᠠᠷ᠂ ᠬᠠᠲᠤᠨ ᠭᠤᠤᠯ᠂ ᠯᠢᠶᠣᠤᠾᠧ ᠭᠤᠤᠯ᠂ ᠰᠤᠩᠭᠠᠷᠢ ᠮᠥᠷᠡᠨ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠠᠬᠢᠭᠤᠯᠵᠤ᠂ ᠪᠥᠬᠦ ᠣᠷᠣᠨ ᠤ 52 ᠭᠠᠵᠠᠷ ᠳᠡᠭᠡᠷᠡᠬᠢ ᠤᠰᠤ ᠶᠢ ᠰᠢᠯᠭᠠᠨ ᠪᠠᠶᠢᠴᠠᠭᠠᠬᠤ ᠣᠭᠲᠣᠯᠤᠭᠠᠰᠤ ᠶᠢᠨ ᠰᠢᠯᠢᠳᠡᠭ ᠤᠰᠤᠨ ᠤ ᠬᠠᠷᠢᠴᠠᠯ 63.5% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠪᠠᠷ 9.7 ᠳᠡᠭᠡᠭᠰᠢᠯᠡᠪᠡ︔ ᠴᠢᠨᠠᠷ ᠮᠠᠭᠤ V ᠲᠥᠷᠥᠯ ᠤᠨ ᠤᠰᠤᠨ ᠴᠣᠭᠴᠠ ᠶᠢᠨ ᠣᠭᠲᠣᠯᠤᠭᠠᠰᠤ ᠶᠢᠨ ᠬᠠᠷᠢᠴᠠᠯ ᠨᠢ 5.8% ᠪᠠᠶᠢᠵᠤ᠂ 2018 ᠣᠨ ᠤ ᠠᠳᠠᠯᠢ ᠬᠤᠭᠤᠴᠠᠭᠠᠨ ᠤ ᠬᠢ ᠲᠠᠢ ᠲᠡᠩᠴᠡᠪᠠ︔ 13 ᠭᠠᠵᠠᠷ ᠤᠨ᠂ 23.5 ᠺᠢᠯᠣᠮᠧᠲᠷ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠠᠩᠬ᠎ᠠ ᠠᠯᠬᠤᠮ ᠵᠠᠰᠠᠬᠤ ᠡᠭᠦᠷᠭᠡ ᠶᠢ ᠪᠡᠶᠡᠯᠡᠭᠦᠯᠪᠡ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠪᠦᠬᠦ ᠣᠷᠣᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠢ ᠨᠠᠷᠢᠨ ᠪᠠᠶᠢᠴᠠᠭᠠᠵᠤ᠂ ᠶᠡᠷᠦᠩᠬᠡᠶ ᠳᠡᠭᠡᠨ ᠣᠷᠴᠢᠨ ᠲᠣᠭᠤᠷᠢᠨ ᠤ ᠶᠠᠰᠤ ᠴᠢᠨᠠᠷ ᠰᠢᠯᠢᠳᠡᠭ ᠰᠠᠶᠢᠨ ᠪᠠᠶᠢᠨ᠎ᠠ᠃ ᠪᠦᠬᠦ ᠰᠢᠰᠲ᠋ᠧᠮ ᠤᠨ ᠬᠦᠨᠳᠦ ᠲᠡᠮᠦᠷᠯᠢᠭ ᠲᠤ ᠬᠤᠯᠪᠣᠭᠳᠠᠭᠰᠠᠨ ᠭᠤᠤᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ ᠲᠣᠳᠣᠷᠬᠠᠶ ᠬᠠᠭᠤᠳᠠᠰᠤ ᠶᠢ ᠪᠠᠶᠢᠭᠤᠯᠵᠤ᠂ 228 ᠠᠵᠤ ᠠᠬᠤᠶᠢᠯᠠᠯ ᠳᠤ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ᠭᠤᠷᠪᠠ ᠳᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠤᠷᠤᠭᠰᠢᠲᠠᠶ ᠶᠠᠪᠤᠭᠳᠠᠵᠤ ᠪᠠᠶᠢᠨ᠎ᠠ᠃ 2019 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠥᠷᠪᠡᠨ ᠶᠡᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾ ᠢ ᠲᠣᠭᠲᠠᠭᠠᠵᠤ᠂ ᠪᠥᠬᠦ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠭᠤᠷᠬᠠᠶ ᠶᠢ ᠭᠠᠳᠠᠭᠰᠢ ᠭᠠᠷᠭᠠᠬᠤ᠂ ᠠᠭᠤᠷᠬᠠᠶ ᠶᠢ ᠴᠡᠭᠴᠡᠯᠡᠨ ᠵᠠᠰᠠᠬᠤ ᠵᠢᠴᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠠᠰᠠᠭᠤᠳᠠᠯ᠂ ᠪᠥᠬᠦ ᠣᠷᠣᠨ ᠤ ᠬᠤᠲᠠ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠭᠠᠳᠠᠭᠰᠢᠯᠠᠭᠤᠯᠤᠯᠲᠠ ᠪᠠᠷᠢᠮᠵᠢᠶ᠎ᠠ ᠳᠤ ᠬᠥᠷᠬᠦ ᠥᠬᠡᠶ᠂ ᠳᠤᠮᠳᠠᠴᠢ ᠴᠢᠨᠠᠷ ᠲᠠᠢ ᠤᠰᠤ ᠶᠢ ᠡᠭᠡᠭᠦᠯᠦᠨ ᠬᠡᠷᠡᠭᠯᠡᠬᠦ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠰᠠᠭᠤᠳᠠᠯ ᠵᠡᠷᠭᠡ ᠠᠰᠠᠭᠤᠳᠠᠯ ᠣᠷᠣᠰᠢᠵᠤ᠂ ᠪᠥᠬᠦ ᠣᠷᠣᠨ ᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ᠂ ᠭᠠᠵᠠᠷ ᠳᠣᠤᠷᠠᠬᠢ ᠤᠰᠤ ᠶᠢ ᠬᠡᠲᠦᠷᠠᠳᠠᠯᠡ ᠬᠡᠷᠡᠭᠯᠡᠭᠰᠡᠨ᠂ ᠬᠠᠷ᠎ᠠ ᠦᠮᠡᠬᠡᠶ ᠤᠰᠤᠨ ᠴᠣᠭᠴᠠ ᠶᠢ ᠵᠠᠰᠠᠬᠤ ᠠᠰᠠᠭᠤᠳᠠᠯ ᠳᠤ᠂ ᠬᠥᠬᠡᠬᠤᠲᠠ᠂ ᠪᠤᠭᠤᠲᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠳᠤ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠭᠤᠤᠯᠳᠠᠯᠭ᠎ᠠ ᠲᠠᠢ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠪᠡ᠃ ᠳᠥᠷᠪᠡ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠪᠠ᠃ ᠨᠢᠭᠡ ᠳᠤ ︽ᠭᠤᠷᠪᠠᠨ ᠣᠷᠣᠨ ᠭᠤᠷᠪᠠᠨ ᠱᠤᠭᠤᠮ︾ ᠤᠨ ᠴᠢᠩᠭ᠎ᠠ ᠬᠢᠵᠠᠭᠠᠷᠯᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠠᠵᠤ ᠦᠢᠯᠡᠰ ᠤᠨ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠡᠬᠢᠯᠡᠨ ᠨᠠᠶᠢᠷᠠᠭᠤᠯᠤᠨ ᠵᠣᠬᠢᠶᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠦᠨᠡᠯᠡᠨ ᠵᠢᠱᠢᠵᠦ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠥᠷᠨᠢᠭᠦᠯᠬᠦ ᠶᠢ ᠲᠦᠯᠬᠢᠨ ᠠᠬᠢᠭᠤᠯᠪᠠ᠃ ᠬᠤᠶᠠᠷ ᠲᠤ ᠨᠤᠲᠤᠭ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠶᠢ ᠲᠣᠪᠤᠶᠢᠮ᠎ᠠ ᠰᠠᠶᠢᠲᠤᠷ ᠠᠳᠬᠤᠪᠠ᠃ ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠦᠬᠦ ᠣᠷᠣᠨ ᠳᠤ 4.04 ᠳ᠋ᠦᠩᠰᠢᠭᠤᠷ ᠮᠦ ᠭᠠᠵᠠᠷ ᠲᠤ ᠪᠡᠯᠴᠢᠭᠡᠷᠯᠡᠭᠦᠯᠬᠦ ᠶᠢ ᠵᠤᠭᠰᠤᠭᠠᠵᠤ᠂ 6.16 ᠳ᠋ᠦᠩᠰᠢᠭᠤᠷ ᠮᠦ ᠭᠠᠵᠠᠷ ᠲᠤ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠶᠢ ᠬᠡᠷᠡᠭᠵᠢᠭᠦᠯᠪᠠ᠃ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ 413.7 ᠲᠦᠮᠡᠨ ᠮᠦ ᠭᠠᠵᠠᠷ ᠲᠤ ᠲᠠᠷᠢᠶᠠᠯᠠᠬᠤ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠵᠤ᠂ 3210.7 ᠲᠦᠮᠡᠨ ᠮᠦ ᠭᠠᠵᠠᠷ ᠲᠤ ᠡᠪᠡᠰᠦ ᠲᠠᠷᠢᠪᠠ᠃ ᠠᠭᠤᠷᠬᠠᠶ ᠮᠠᠯᠲᠠᠭᠠᠳ ᠨᠤᠲᠤᠭ ᠪᠡᠯᠴᠢᠭᠡᠷ ᠢ ᠡᠪᠳᠡᠭᠰᠡᠨ᠂ ᠵᠢᠭᠤᠯᠴᠢᠯᠠᠯ ᠢ ᠡᠮᠬᠢ ᠵᠢᠷᠤᠮ ᠥᠬᠡᠶ ᠨᠡᠭᠡᠭᠡᠨ ᠬᠥᠭᠵᠢᠭᠦᠯᠵᠦ ᠨᠤᠲᠤᠭ ᠪᠡᠯᠴᠢᠭᠡᠷ ᠢ ᠡᠵᠡᠯᠡᠭᠰᠡᠨ ᠵᠢᠴᠢ ᠬᠡᠲᠦ ᠪᠡᠯᠴᠢᠭᠡᠷᠯᠡᠭᠦᠯᠬᠦ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠦᠯᠡᠳᠡᠬᠡᠯ ᠦᠬᠡᠢ ᠪᠠᠶᠢᠴᠠᠭᠠᠨ ᠵᠠᠰᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠢ ᠲᠤᠰᠬᠠᠶ ᠱᠠᠯᠠᠪᠳᠠᠭᠤᠯᠤᠨ ᠪᠠᠶᠢᠴᠠᠭᠠᠵᠤ ᠲᠣᠭᠲᠠᠭᠠᠭᠰᠠᠨ 19 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 7 ᠵᠦᠢᠯ ᠢ ᠨᠢ ᠨᠢᠭᠡᠨᠲᠡ ᠪᠡᠶᠡᠯᠡᠭᠦᠯᠵᠦ᠂ ᠪᠤᠰᠤᠳ 12 ᠵᠦᠢᠯ ᠢ ᠨᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠭᠤᠷᠪᠠ ᠳᠤ ᠠᠮᠢ ᠠᠬᠤᠶ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠪᠠ᠃ ᠪᠠᠶᠢᠭᠠᠯᠢ ᠶᠢᠨ ᠣᠶ ᠶᠢᠨ ᠡᠬᠢ ᠪᠠᠶᠠᠯᠢᠭ ᠢ ᠬᠠᠮᠠᠭᠠᠯᠠᠬᠤ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ᠂ ᠲᠠᠷᠢᠶᠠᠯᠠᠬᠤ ᠶᠢ ᠵᠣᠭᠰᠣᠭᠠᠵᠤ ᠮᠤᠳᠤ ᠲᠠᠷᠢᠵᠤ ᠡᠪᠡᠰᠤ ᠲᠠᠷᠢᠬᠤ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠢᠴᠢ ᠬᠤᠯᠠᠨ ᠰᠢᠷᠭ᠎ᠠ ᠳᠠᠭ᠎ᠠ᠂ ᠦᠵᠦᠮᠦᠴᠢᠨ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠵᠡᠷᠭᠡ ᠴᠢᠬᠤᠯᠠ ᠶᠡᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠪᠥᠬᠦ ᠣᠷᠣᠨ ᠤ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠦᠷᠭᠦᠯᠵᠢᠯᠡᠨ ︽ᠬᠤᠤᠰ ᠪᠠᠭᠠᠰᠤᠭᠰᠠᠨ︾ ᠠᠮᠵᠢᠯᠲᠠ ᠪᠦᠲᠦᠮᠵᠢ ᠶᠢ ᠤᠯᠵᠤ᠂ ᠣᠶ ᠰᠢᠭᠤᠶ ᠶᠢᠨ ᠲᠠᠯᠠᠪᠠᠶ ᠪᠠ ᠤᠷᠭᠤᠭ᠎ᠠ ᠮᠣᠳᠣᠨ ᠤ ᠬᠠᠳᠠᠭᠠᠯᠠᠭᠳᠠᠴᠠ ᠦᠷᠭᠦᠯᠵᠢᠯᠡᠨ ︽ᠬᠤᠤᠰ ᠨᠡᠮᠡᠭᠳᠡᠭᠰᠡᠨ︾ ᠪᠠᠶᠢᠨ᠎ᠠ᠃ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ ᠶᠢ ᠴᠢᠩᠭᠠᠳᠬᠠᠵᠤ᠂ ᠪᠥᠬᠦ ᠣᠷᠣᠨ ᠳᠤ 53 ᠤᠯᠤᠰ ᠤᠨ ᠨᠤᠭᠤ ᠭᠠᠵᠠᠷ ᠤᠨ ᠴᠡᠴᠡᠷᠯᠢᠭ ᠪᠠᠶᠢᠭᠤᠯᠵᠤ᠂ 19.32 ᠲᠦᠮᠡᠨ ᠾᠧᠺᠲ᠋ᠠᠷ ᠨᠤᠭᠤ ᠭᠠᠵᠠᠷ ᠢ ᠬᠠᠮᠠᠭᠠᠯᠠᠪᠠ᠃ ᠲᠦᠷᠪᠡ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ ᠪᠥᠬᠦ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠠᠶᠢᠴᠠᠭᠠᠨ ᠦᠨᠡᠯᠡᠬᠦ ᠪᠠ ᠵᠠᠭᠠᠭ ᠲᠤᠭᠲᠠᠭᠠᠵᠤ ᠪᠠᠷᠢᠮᠵᠢᠶ᠎ᠠ ᠲᠣᠭᠲᠠᠭᠠᠬᠤ ᠠᠵᠢᠯ ᠢ ᠥᠷᠨᠢᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠵᠢᠴᠢ ᠴᠢᠳᠠᠮᠵᠢᠲᠤ ᠣᠷᠣᠨ ᠤ ᠲᠣᠬᠢᠷᠠᠭᠤᠯᠤᠯᠲᠠ ᠶᠢ ᠴᠢᠩᠭ᠎ᠠ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠨᠠᠷᠢᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ 663 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ 633 ᠠᠵᠤ ᠠᠬᠤᠶᠢᠯᠠᠯ ᠨᠢ ᠤᠬᠤᠷᠢᠨ ᠭᠠᠷᠴᠤ᠂ ᠤᠬᠤᠷᠢᠨ ᠭᠠᠷᠤᠭᠰᠠᠨ ᠨᠤᠷᠮ᠎ᠠ ᠨᠢ 95.5% ᠳᠤ ᠬᠦᠷᠴᠤ᠂ ᠪᠤᠰᠤᠳ 30 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠦᠬᠦᠨ ᠢ ᠬᠠᠭᠠᠵᠤ ᠵᠣᠭᠰᠣᠭᠠᠪᠠ᠃ ᠲᠦᠮᠡᠭᠡᠵᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ 16 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 15 ᠵᠦᠢᠯ ᠢ ᠨᠢ ᠪᠡᠶᠡᠯᠡᠭᠦᠯᠵᠦ᠂ ᠪᠤᠰᠤᠳ 1 ᠵᠦᠢᠯ ᠢ ᠨᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠲᠠᠪᠤ᠂ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠤᠨ ᠲᠡᠭᠦᠯᠳᠡᠷᠵᠢᠭᠦᠯᠪᠠ᠃ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠠᠳᠬᠤᠬᠤ᠂ ᠦᠨᠳᠦᠰᠦᠨ ᠠᠴᠠ ᠨᠢ ᠵᠠᠰᠠᠬᠤ᠂ ᠤᠷᠲᠤᠮᠵᠢ ᠶᠢᠨ ᠴᠢᠨᠠᠷᠲᠠᠢ ᠪᠠᠶᠢᠭᠤᠯᠤᠯ ᠲᠣᠭᠲᠠᠴᠠ ᠶᠢ ᠪᠠᠶᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠦᠷᠢᠮ ᠳᠤ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾᠂ ︽ᠠᠮᠢ ᠠᠬᠤᠶ ᠣᠷᠴᠢᠨ ᠲᠣᠭᠤᠷᠢᠨ ᠤ ᠬᠤᠬᠢᠷᠠᠯ ᠢ ᠳᠥᠯᠥᠬᠦ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2018 — 2020 ᠣᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠲᠦᠷᠢᠮ ᠤᠨ ᠬᠡᠷᠡᠭᠵᠢᠭᠦᠯᠬᠦ ᠲᠥᠰᠦᠯ︾᠂ ︽ᠭᠠᠵᠠᠷ ᠳᠣᠤᠷᠠᠬᠢ ᠤᠰᠤᠨ ᠤ ᠠᠮᠢ ᠠᠬᠤᠶ ᠶᠢᠨ ᠬᠠᠮᠠᠭᠠᠯᠠᠯᠲᠠ ᠪᠠ ᠵᠠᠰᠠᠯᠲᠠ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢᠲᠡᠶ ᠪᠠᠶᠢᠯᠭᠠᠬᠤ ᠵᠢᠯᠣᠭᠤᠳᠬᠤ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠬᠦᠬᠡᠬᠦ ᠲᠦᠯᠤᠪᠵᠢᠬᠦᠯᠬᠡ︾ ᠶᠢ ᠲᠤᠭᠳᠠᠭᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ︾ ᠵᠡᠷᠭᠡ 9 ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ ᠲᠣᠭᠲᠠᠭᠠᠵᠤ ᠪᠣᠶ᠃ ᠴᠢᠷᠮᠠᠶᠢᠯᠭ᠎ᠠ ᠪᠠᠷ ᠳᠡᠮᠵᠢᠨ᠂ ᠮᠠᠨ ᠤ ᠣᠷᠣᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢᠳᠡᠪᠬᠢᠲᠡᠶ ᠠᠬᠢᠴᠠ ᠲᠠᠢ ᠪᠣᠯᠪᠠ᠃ ᠭᠡᠪᠡᠴᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠪᠤᠭᠤᠲᠤ᠂ ᠬᠥᠬᠡᠬᠤᠲᠠ ᠵᠡᠷᠭᠡ ᠬᠤᠲᠠ ᠶᠢᠨ ᠠᠭᠠᠷ ᠤᠨ ᠶᠠᠰᠤ ᠴᠢᠨᠠᠷ ᠢᠯᠡᠳᠲᠡ ᠰᠠᠶᠢᠵᠢᠷᠠᠭᠰᠠᠨ ᠥᠬᠡᠶ ᠪᠠᠶᠢᠵᠤ᠂ ᠨᠢᠭᠡ ᠦᠶ᠎ᠡ ᠪᠥᠬᠦ ᠤᠯᠤᠰ ᠤᠨ ᠬᠤᠶᠢᠭᠤᠷ ᠣᠷᠣᠪᠠ︔ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠲᠠᠯ᠎ᠠ ᠪᠠᠷ ᠪᠦᠳᠦᠭᠦᠯᠢᠭ ᠪᠠᠶᠢᠵᠤ᠂ ᠴᠥᠭᠡᠨ ᠲᠣᠭᠠᠨ ᠤ ᠠᠭᠤᠷᠬᠠᠢ ᠶᠢᠨ ᠭᠠᠵᠠᠷ ᠵᠦ᠋ᠢ ᠶᠢᠨ ᠣᠷᠴᠢᠨ ᠲᠣᠭᠤᠷᠢᠨ ᠢ ᠵᠠᠰᠠᠬᠤ ᠠᠬᠢᠴᠠ ᠤᠳᠠᠭᠠᠨ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠬᠠᠨᠳᠤᠰᠢ ᠶᠢ ᠦᠨᠳᠦᠰᠦᠨ ᠠᠴᠠ ᠨᠢ ᠬᠤᠪᠢᠷᠠᠭᠤᠯᠤᠭᠠᠳᠤᠢ ᠪᠠᠶᠢᠭᠰᠠᠭᠠᠷ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠵᠠᠷᠢᠮ ᠰᠠᠪᠠ ᠭᠠᠵᠠᠷ ᠤᠨ ᠣᠭᠲᠣᠯᠤᠭᠠᠰᠤ ᠨᠢ ᠤᠯᠤᠰ ᠤᠨ ᠤᠰᠤᠨ ᠤ ᠴᠢᠨᠠᠷ ᠢ ᠬᠢᠨᠠᠨ ᠰᠢᠯᠭᠠᠬᠤ ᠬᠠᠷᠠᠯᠲᠠ ᠶᠢᠨ ᠱᠠᠭᠠᠷᠳᠠᠯᠭ᠎ᠠ ᠳᠤ ᠬᠠᠷᠠᠬᠠᠨ ᠬᠦᠷᠦᠭᠡ ᠦᠭᠡᠢ᠂ ᠮᠥᠨ ᠯᠡ ᠲᠠᠪᠤᠨ ᠲᠦᠷᠦᠯ ᠤᠨ ᠴᠢᠨᠠᠷ ᠮᠠᠭᠤ ᠤᠰᠤᠨ ᠳᠤ ᠬᠠᠷᠢᠶᠠᠯᠠᠬᠳᠠᠵᠤ ᠪᠠᠶᠢᠨ᠎ᠠ︔ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠳᠠᠭᠠᠯᠠᠭᠳᠠᠴᠠ ᠶᠡᠭᠡ᠂ ᠶᠡᠷᠦᠩᠬᠡᠶᠢᠯᠡᠨ ᠠᠰᠢᠬᠯᠠᠬᠤ ᠨᠤᠷᠮ᠎ᠠ ᠳᠣᠤᠷ᠎ᠠ ᠪᠠᠶᠢᠨ᠎ᠠ︔ ᠵᠠᠷᠢᠮ ᠭᠠᠵᠠᠷ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠭᠠᠷᠭᠠᠭᠰᠠᠨ ᠦᠭᠡᠢ᠂ ᠬᠡᠰᠡᠭ ᠠᠵᠤ ᠠᠬᠤᠶᠢᠯᠠᠯ ᠤᠨ ᠠᠮᠢ ᠠᠬᠤᠶ ᠶᠢ ᠰᠡᠷᠭᠦᠭᠡᠨ ᠵᠠᠰᠠᠭᠰᠠᠨ ᠨᠢ ᠬᠦᠷᠦᠯᠴᠡᠬᠦ ᠦᠭᠡᠢ ᠪᠠᠶᠢᠨ᠎ᠠ︔ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠥᠷᠥᠯ ᠵᠦᠢᠯ ᠢ ᠴᠡᠪᠡᠷᠯᠠᠵᠤ ᠴᠡᠭᠴᠡᠯᠡᠨ ᠵᠠᠰᠠᠭᠰᠠᠨ ᠨᠢ ᠲᠦᠢᠯᠪᠤᠷᠢᠲᠠᠶ ᠪᠤᠰᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠳᠤ ᠦᠷᠭᠦᠯᠵᠢᠯᠡᠨ ᠬᠦᠴᠦᠯᠡᠵᠦ᠂ ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠳᠤᠲᠠᠭᠤᠳᠠᠯ ᠢ ᠬᠦᠴᠦᠯᠡᠨ ᠨᠥᠬᠦᠪᠥᠷᠢᠯᠡᠬᠦ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠬᠤ ᠬᠡᠷᠡᠭᠲᠡᠢ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|