ᠭᠤᠤᠯᠳᠠᠯᠭ᠎ᠠ ᠲᠠᠢ ᠲᠠᠯᠠᠪᠤᠷ ᠭᠠᠵᠠᠷ ᠭᠤᠤᠯᠳᠠᠯᠭ᠎ᠠ ᠲᠠᠢ ᠨᠢᠭᠡᠴᠢ ᠶᠢᠨ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠦᠭᠯᠡᠭᠦᠷ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/4/13


                 ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ
           
     ᠶᠡᠷᠦᠩᠬᠡᠶᠢᠯᠡᠨ ᠲᠠᠷᠬᠠᠭᠠᠭᠰᠠᠨ ﹇2020﹈ 139 ᠳ᠋ᠦ᠋ᠭᠡᠷ ᠲᠣᠭᠠᠲᠤ


ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ︵ᠤᠳᠤᠷᠢᠳᠬᠤ ᠳᠤᠭᠤᠶᠢᠯᠠᠩ᠂ ᠵᠢᠯᠣᠭᠤᠳᠬᠤ ᠭᠠᠵᠠᠷ︶ ᠳᠤ᠄

     ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪᠯᠡᠷᠡᠭᠰᠡᠨ ᠴᠢᠨᠠᠷᠲᠠᠶ ᠬᠢᠵᠢᠭ ᠤᠨ ᠪᠠᠶᠢᠳᠠᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠬᠢᠵᠢᠭ ᠤᠨ ᠲᠦᠭᠰᠢᠭᠦᠷᠢ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠡᠮᠬᠢ ᠵᠢᠷᠤᠮ ᠲᠠᠢ ᠰᠡᠷᠭᠦᠭᠡᠬᠦ ᠶᠢ ᠠᠬᠢᠭᠤᠯᠬᠤ ᠶᠢᠨ ᠲᠤᠰᠠᠳᠠ᠂ ᠪᠢᠳᠡ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠨᠢᠭᠡᠴᠢ᠂ ᠭᠤᠤᠯᠳᠠᠯᠭ᠎ᠠ ᠲᠠᠢ ᠬᠥᠮᠦᠰ ᠲᠤ ᠴᠢᠭᠯᠡᠭᠦᠯᠦᠭᠰᠡᠨ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠦᠭᠯᠡᠭᠦᠷ ᠢ ᠤᠯᠠᠮ ᠨᠢᠭᠡ ᠠᠯᠬᠤᠮ ᠲᠣᠭᠲᠠᠭᠠᠨ ᠪᠦᠷᠢᠨᠰᠢᠭᠦᠯᠪᠡ᠃ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠯᠠᠪᠯᠠᠯᠲᠠ ᠪᠣᠯᠭᠠᠨ ᠬᠡᠷᠡᠭᠵᠢᠭᠦᠯᠲᠦᠭᠡᠶ᠃


     ᠳᠠᠭᠠᠯᠳᠤᠭᠤᠯᠤᠯ᠄ ᠡᠯ᠎ᠡ ᠲᠥᠷᠥᠯ ᠤᠨ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠦᠭᠯᠡᠭᠦᠷ ·doc


                       ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ
                       ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠰᠡᠷᠭᠡᠶᠢᠯᠡᠵᠦ
                       ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠢᠯᠠᠩ
                                   ︵ᠣᠷᠤᠯᠠᠭᠰᠠᠨ ᠲᠠᠮᠠᠭ᠎ᠠ︶
                             2020 ᠣᠨ ᠤ 4 ᠳ᠋ᠦ᠋ᠭᠡᠷ ᠰᠠᠷ᠎ᠠ ᠶᠢᠨ 8 ᠤ ᠡᠳᠦᠷ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map