|
ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠠᠵᠤ ᠠᠬᠤᠶᠢᠯᠠᠯ ᠤᠨ ᠰᠢᠭᠤᠳ ᠪᠠᠯᠠ ᠲᠣᠬᠢᠷᠠᠭᠤᠯᠭ᠎ᠠ ᠠᠳᠠᠯᠢ ᠬᠤᠭᠤᠴᠠᠭᠠᠨ ᠤ ᠬᠢ ᠠᠴᠠ 143.98% | ᠨᠡᠮᠡᠭᠳᠡᠪᠡ |
|
|
ᠨᠡᠶᠢᠲᠡᠯᠡᠭᠰᠡᠨ ᠴᠠᠭ᠄
2020/4/28
|
|
ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠬᠡᠷ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠰᠠᠶᠢᠨ ᠰᠠᠶᠢᠬᠠᠨ ᠢᠲᠡᠭᠡᠮᠵᠢ ᠶᠢᠨ ᠣᠷᠴᠢᠨ ᠲᠣᠭᠤᠷᠢᠨ ᠢ ᠡᠷᠴᠢᠮᠯᠡᠨ ᠪᠠᠶᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠭᠡᠷ᠎ᠡ ᠠᠴᠠ ᠵᠥᠷᠢᠴᠡᠬᠦ ᠶᠢ ᠰᠡᠷᠭᠡᠶᠢᠯᠡᠬᠦ ᠶᠢᠨ ᠬᠠᠮᠲᠤ ᠰᠢᠭᠤᠳ ᠪᠠᠯᠠ ᠳᠣᠭᠢᠷᠠᠭᠤᠯᠬᠤ ᠬᠡᠪᠴᠢᠶ᠎ᠡ ᠶᠢ ᠢᠳᠡᠪᠬᠢᠲᠡᠶ ᠥᠷᠭᠡᠳᠬᠡᠨ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠬᠦᠴᠦᠲᠡᠶ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ 325.58 ᠳ᠋ᠦᠩᠰᠢᠭᠤᠷ ᠲᠥᠭᠦᠷᠢᠭ ᠤᠨ ᠰᠢᠭᠤᠳ ᠪᠠᠯᠠ ᠲᠣᠬᠢᠷᠠᠭᠤᠯᠭ᠎ᠠ ᠬᠢᠪᠡ᠂ ᠡᠭᠦᠨ ᠳᠤ ᠠᠵᠤ ᠠᠬᠤᠶᠢᠯᠠᠯ ᠤᠨ ᠰᠢᠭᠤᠳ ᠪᠠᠯᠠ ᠲᠣᠬᠢᠷᠠᠭᠤᠯᠭ᠎ᠠ 208.58 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 143.98% ᠨᠡᠮᠡᠭᠳᠡᠵᠦ᠂ ᠣᠶᠢᠷ᠎ᠠ ᠶᠢᠨ 9 ᠤᠯᠠᠷᠢᠯ ᠠᠴᠠ ᠨᠠᠭᠠᠰᠢᠬᠢ ᠬᠠᠮᠤᠭ ᠤᠨ ᠥᠨᠳᠥᠷ ᠥᠷᠲᠡᠭ ᠪᠣᠯᠪᠠ︔ ᠵᠠᠰᠠᠭ ᠤᠨ ᠣᠷᠳᠣᠨ 117 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠪᠠ᠃ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠪᠠᠯᠠ ᠲᠣᠬᠢᠷᠠᠭᠤᠯᠭ᠎ᠠ ᠶᠢᠨ ᠲᠠᠯ᠎ᠠ ᠪᠠᠷ᠂ ᠤᠯᠠᠭᠠᠨᠬᠠᠳᠠ ᠶᠢᠨ ᠰᠢᠵᠢᠷ ᠠᠯᠳᠠ ᠶᠢᠨ ᠪᠦᠯᠦᠭᠯᠡᠯ ᠤᠨ ᠲᠠᠷᠬᠠᠭᠠᠭᠰᠠᠨ ᠰᠲ᠋ᠣᠺ ᠤᠨ ᠪᠠᠯᠠ ᠲᠣᠬᠢᠷᠠᠭᠤᠯᠭ᠎ᠠ 5.1 ᠳ᠋ᠦᠩᠰᠢᠭᠤᠷ ᠲᠥᠭᠦᠷᠢᠭ᠂ ᠯᠠᠨ ᠲᠠᠢ ᠠᠵᠤ ᠦᠢᠯᠡᠰ ᠤᠨ ᠲᠠᠷᠬᠠᠭᠠᠭᠰᠠᠨ ᠰᠲ᠋ᠣᠺ ᠤᠨ ᠪᠠᠯᠠ ᠲᠣᠬᠢᠷᠠᠭᠤᠯᠭ᠎ᠠ 33.48 ᠳ᠋ᠦᠩᠰᠢᠭᠤᠷ ᠲᠥᠭᠦᠷᠢᠭ᠂ ᠮᠧᠩ ᠼᠤᠤ ᠠᠮᠢ ᠠᠬᠤᠶ ᠶᠢᠨ ᠲᠠᠷᠬᠠᠭᠠᠭᠰᠠᠨ ᠤᠷᠢᠳᠠᠯ ᠰᠲ᠋ᠣᠺ ᠤᠨ ᠪᠠᠯᠠ ᠲᠣᠬᠢᠷᠠᠭᠤᠯᠭ᠎ᠠ 8 ᠳ᠋ᠦᠩᠰᠢᠭᠤᠷ ᠲᠥᠭᠦᠷᠢᠭ ᠪᠣᠯᠪᠠ᠃ ᠵᠢᠭᠡᠯᠡᠯᠭᠡ ᠶᠢᠨ ᠲᠡᠮᠳᠡᠭᠲᠦ ᠶᠢᠨ ᠪᠠᠯᠠ ᠲᠣᠬᠢᠷᠠᠭᠤᠯᠭ᠎ᠠ ᠶᠢᠨ ᠲᠠᠯ᠎ᠠ ᠪᠠᠷ᠂ ᠢᠯᠢ ᠬᠤᠪᠢ ᠣᠷᠣᠭᠤᠯᠤᠯᠲᠠ ᠶᠢᠨ ᠺᠣᠮᠫᠠᠨᠢ 50 ᠳ᠋ᠦᠩᠰᠢᠭᠤᠷ ᠲᠥᠭᠦᠷᠢᠭ ᠤᠨ ᠬᠢᠵᠢᠭ ᠤᠨ ᠪᠠᠶᠢᠳᠠᠯ ᠤᠨ ᠲᠤᠰᠬᠠᠶ ᠵᠢᠭᠡᠯᠡᠯᠭᠡ ᠲᠠᠷᠬᠠᠭᠠᠵᠤ᠂ ᠬᠦᠤ ᠮᠦᠩᠭᠦ ᠶᠢᠨ ᠨᠣᠷᠮ᠎ᠠ ᠨᠢ 2.4% ᠣᠷᠴᠢᠮ ᠪᠣᠯᠣᠨ᠎ᠠ︔ ᠤᠮᠠᠷᠠᠲᠤ ᠶᠢᠨ ᠬᠤᠪᠣᠷ ᠰᠢᠷᠣᠶ ᠶᠢᠨ ᠺᠣᠮᠫᠠᠨᠢ 3 ᠵᠢᠯ ᠤᠨ ᠬᠤᠭᠤᠴᠠᠭ᠎ᠠ ᠪᠦᠬᠦᠢ 5 ᠳ᠋ᠦᠩᠰᠢᠭᠤᠷ ᠲᠥᠭᠦᠷᠢᠭ ᠤᠨ ᠺᠣᠮᠫᠠᠨᠢ ᠶᠢᠨ ᠵᠢᠭᠡᠯᠡᠯᠭᠡ ᠲᠠᠷᠬᠠᠭᠠᠵᠤ᠂ ᠬᠦᠤ ᠮᠥᠩᠭᠦ ᠶᠢᠨ ᠨᠣᠷᠮ᠎ᠠ ᠨᠢ 3.27% ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠢᠭᠡ ᠵᠢᠯ ᠠᠴᠠ ᠳᠡᠭᠡᠭᠰᠢᠬᠢ ᠢᠲᠡᠭᠡᠮᠵᠢ ᠶᠢᠨ ᠵᠢᠭᠡᠯᠡᠯᠭᠡ ᠶᠢᠨ ᠲᠡᠮᠳᠡᠭᠲᠦ ᠶᠢᠨ ᠬᠠᠮᠤᠭ ᠤᠨ ᠳᠣᠤᠷ᠎ᠠ ᠬᠦᠤ ᠮᠥᠩᠭᠦ ᠶᠢᠨ ᠨᠣᠷᠮ᠎ᠠ ᠪᠣᠯᠪᠠ︔ ᠢ ᠯᠢ ᠡᠬᠢ ᠪᠠᠶᠠᠯᠢᠭ ᠤᠨ ᠨᠡᠬᠡᠬᠡᠯᠲᠡ ᠶᠢᠨ ᠺᠣᠮᠫᠠᠨᠢ 21 ᠳ᠋ᠦᠩᠰᠢᠭᠤᠷ ᠲᠥᠭᠦᠷᠢᠭ ᠤᠨ ᠺᠣᠮᠫᠠᠨᠢ ᠶᠢᠨ ᠵᠢᠭᠡᠯᠡᠯᠭᠡ ᠲᠠᠷᠬᠠᠭᠠᠪᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|