|
ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠣᠵᠤ ᠢᠷᠡᠬᠦ ᠪᠠ | ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠮᠡᠳᠡᠭᠳᠡᠯ |
|
|
ᠨᠡᠶᠢᠲᠡᠯᠡᠭᠰᠡᠨ ᠴᠠᠭ᠄
2020/5/13
|
|
ᠥᠪᠥᠷ ᠰᠡᠷᠭᠡᠶᠢᠯᠡᠯᠲᠡ ᠵᠢᠯᠣᠭᠤᠳᠬᠤ ᠴᠠᠬᠢᠯᠭᠠᠨ ﹇2020﹈ 37 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠪᠦᠷᠢᠯᠳᠦᠬᠦᠨ ᠨᠢᠭᠡᠴᠢ ᠳᠤ᠄ ᠣᠶᠢᠷ᠎ᠠ ᠳᠤ᠂ ᠭᠢᠷᠢᠨ ᠮᠤᠵᠢ ᠶᠢᠨ ᠭᠢᠷᠢᠨ ᠬᠤᠲᠠ᠂ ᠬᠤᠪᠧᠶ ᠮᠤᠵᠢ ᠶᠢᠨ ᠦᠬᠠᠨ ᠬᠤᠲᠠ᠂ ᠯᠢᠶᠣᠤᠨᠢᠩ ᠮᠤᠵᠢ ᠶᠢᠨ ᠮᠦᠭᠳᠡᠨ ᠬᠤᠲᠠ ᠵᠡᠷᠭᠡ ᠬᠡᠰᠡᠭ ᠭᠠᠵᠠᠷ ᠣᠷᠣᠨ ᠳᠤ ᠲᠤᠰ ᠨᠤᠲᠤᠭ ᠤᠨ ᠲᠥᠪᠯᠡᠷᠡᠩᠭᠦᠢ ᠴᠢᠨᠠᠷᠲᠠᠶ ᠬᠢᠵᠢᠭ ᠤᠨ ᠪᠠᠶᠢᠳᠠᠯ ᠡᠭᠦᠰᠴᠦ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠳᠠᠬᠢᠨᠲᠠ ᠳᠤᠮᠳᠠ᠂ ᠥᠨᠳᠥᠷ ᠲᠦᠭᠰᠢᠭᠦᠷᠢ ᠪᠣᠯᠭᠠᠨ ᠲᠣᠬᠢᠷᠠᠭᠤᠯᠵᠠᠶ᠃ ᠣᠯᠠᠨ ᠤᠯᠤᠰ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠦᠷᠭᠦᠯᠵᠢᠯᠡᠵᠦ ᠪᠠᠶᠢᠭ᠎ᠠ ᠪᠠ ᠤᠯᠤᠰ ᠤᠨ ᠳᠣᠲᠣᠭᠠᠳᠤ ᠶᠢᠨ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠬᠡᠰᠡᠭ ᠲᠠᠯ᠎ᠠ ᠪᠠᠷ ᠳᠠᠬᠢᠨ ᠡᠭᠦᠰᠴᠦ ᠪᠠᠶᠢᠭ᠎ᠠ ᠪᠠᠶᠢᠳᠠᠯ ᠢ ᠦᠨᠳᠦᠰᠦᠯᠡᠨ᠂ ︽ᠭᠠᠳᠠᠭᠠᠳᠤ ᠠᠴᠠ ᠣᠷᠤᠵᠤ ᠢᠷᠡᠬᠦ ᠶᠢ ᠰᠡᠷᠭᠡᠶᠢᠯᠡᠨ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠭᠠᠳᠠᠨ᠎ᠠ ᠠᠴᠠ ᠣᠷᠤᠵᠤ ᠢᠷᠡᠬᠦ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠦᠢᠯ ᠤᠨ ᠣᠨᠤᠪᠴᠢᠲᠠᠢ ᠰᠠᠶᠢᠲᠤᠷ ᠬᠢᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠣᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠶ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠄ ᠨᠢᠭᠡ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠨᠢ ᠳᠤᠮᠳᠠ᠂ ᠦᠨᠳᠦᠷ ᠪᠠᠶᠢᠭ᠎ᠠ ᠭᠢᠷᠢᠨ ᠮᠤᠵᠢ ᠶᠢᠨ ᠭᠢᠷᠢᠨ ᠬᠤᠲᠠ ᠶᠢᠨ ᠱᠣ᠋ ᠯᠠᠨ ᠬᠤᠲᠠ᠂ ᠹᠧᠩᠮᠠᠨ ᠲᠣᠭᠤᠷᠢᠭ᠂ ᠬᠤᠪᠧᠶ ᠮᠤᠵᠢ ᠶᠢᠨ ᠦᠬᠠᠨ ᠬᠤᠲᠠ ᠶᠢᠨ ᠵᠡᠭᠦᠨ ᠰᠢ ᠬᠤ᠋ ᠲᠣᠭᠤᠷᠢᠭ᠂ ᠯᠢᠶᠣᠤᠨᠢᠩ ᠮᠤᠵᠢ ᠶᠢᠨ ᠮᠦᠭᠳᠡᠨ ᠬᠤᠲᠠ ᠶᠢᠨ ᠰᠥ᠋ ᠵᠢᠶᠠ ᠳᠦᠨ ᠲᠣᠭᠤᠷᠢᠭ ᠵᠡᠷᠭᠡ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠢ ᠳᠡᠭᠡᠳᠦ ᠬᠡᠮᠵᠢᠶ᠎ᠡ ᠪᠠᠷ ᠠᠩᠬᠠᠷᠬᠤ ᠬᠡᠷᠡᠭᠲᠡᠢ᠃ ᠡᠯ᠎ᠡ ᠱᠠᠲᠤᠨ ᠤ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠳ ᠳᠤᠮᠳᠠ᠂ ᠦᠨᠳᠦᠷ ᠲᠦᠭᠰᠢᠭᠦᠷᠢ ᠶᠢᠨ ᠭᠠᠵᠠᠷ ᠣᠷᠣᠨ ᠠᠴᠠ ᠢᠷᠡᠭᠰᠡᠨ ᠬᠥᠮᠦᠰ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠡᠯ᠎ᠡ ᠱᠠᠲᠤᠨ ᠤ ᠵᠢᠯᠣᠭᠤᠳᠬᠤ ᠭᠠᠵᠠᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠴᠠᠭ ᠲᠤᠬᠠᠶ ᠳᠤ ᠨᠢ ᠮᠡᠳᠡᠭᠳᠡᠵᠦ᠂ ᠳᠤᠮᠳᠠ᠂ ᠦᠨᠳᠦᠷ ᠲᠦᠭᠰᠢᠭᠦᠷᠢ ᠶᠢᠨ ᠭᠠᠵᠠᠷ ᠣᠷᠣᠨ ᠠᠴᠠ ᠢᠷᠡᠭᠰᠡᠨ ᠪᠣᠶ ᠪᠥᠬᠦᠶ ᠬᠥᠮᠦᠰ ᠢ ᠬᠠᠮᠤᠭ ᠤᠨ ᠲᠦᠷᠭᠡᠨ ᠬᠤᠷᠳᠤᠴᠠ ᠪᠠᠷ ᠪᠣᠳᠠᠲᠠᠶᠢᠵᠢᠭᠤᠯᠤᠨ ᠪᠠᠶᠢᠴᠠᠭᠠᠵᠤ᠂ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ + 1 ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢ ᠪᠠᠶᠢᠴᠠᠭᠠᠨ ᠰᠢᠨᠵᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ ᠬᠤᠶᠠᠷ᠂ ᠬᠤᠪᠧᠶ ᠮᠤᠵᠢ ᠪᠣᠯᠤᠨ ᠦᠬᠠᠨ ᠬᠤᠲᠠ ᠶᠢᠨ ᠲᠦᠭᠰᠢᠭᠦᠷᠢ ᠪᠠᠭᠠᠲᠠᠶ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠲᠤ ︽ᠲᠠᠪᠤᠨ ᠴᠥᠮ ︾ ᠢ ᠨᠠᠶᠢᠳᠠᠪᠤᠷᠢᠵᠢᠭᠤᠯᠬᠤ ᠰᠠᠭᠤᠷᠢᠨ ᠳᠡᠭᠡᠷ᠎ᠡ᠂ ᠳᠠᠬᠢᠨ ᠨᠢᠭᠡ ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠢ᠃ ᠭᠤᠷᠪᠠ᠂ ᠳᠤᠮᠳᠠ᠂ ᠦᠨᠳᠦᠷ ᠲᠦᠭᠰᠢᠭᠦᠷᠢ ᠶᠢᠨ ᠵᠡᠷᠭᠡ ᠳᠡᠰ ᠢ ᠨᠢ ᠲᠣᠬᠢᠷᠠᠭᠤᠯᠤᠭᠠᠳ ᠳᠣᠤᠷ᠎ᠠ ᠵᠡᠷᠭᠡ ᠳᠡᠰ ᠪᠣᠯᠭᠠᠭᠰᠠᠨ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠶᠢᠨ ᠳ᠋ᠤᠥ ᠸᠠᠢ ᠲᠣᠭᠤᠷᠢᠭ᠂ ᠨᠠᠨ ᠭᠠᠩ ᠲᠣᠭᠤᠷᠢᠭ᠂ ᠳ᠋ᠤᠥ ᠯᠢ ᠲᠣᠭᠤᠷᠢᠭ᠂ ᠬᠤᠯᠠᠨ ᠲᠣᠭᠤᠷᠢᠭ᠂ ᠠ ᠴᠧᠩ ᠲᠣᠭᠤᠷᠢᠭ᠂ ᠮᠥ ᠯᠠᠨ ᠰᠢᠶᠠᠨ᠂ ᠮᠦ ᠳ᠋ᠠᠨ ᠵᠢᠶᠠᠩ ᠬᠤᠲᠠ ᠶᠢᠨ ᠰᠦᠶ ᠹᠧᠨ ᠾᠧ ᠬᠤᠲᠠ᠂ ᠰᠢ ᠠᠨ ᠲᠣᠭᠤᠷᠢᠭ︔ ᠯᠢᠶᠣᠤᠨᠢᠩ ᠮᠤᠵᠢ ᠶᠢᠨ ᠹᠦᠱᠦ᠋ᠨ ᠬᠤᠲᠠ ᠶᠢᠨ ᠱᠦᠨ ᠴᠧᠩ ᠲᠣᠭᠤᠷᠢᠭ︔ ᠪᠡᠭᠡᠵᠢᠩ ᠬᠤᠲᠠ ᠶᠢᠨ ᠴᠤᠤᠶᠠᠩ ᠲᠣᠭᠤᠷᠢᠭ ᠠᠴᠠ ᠮᠠᠨ ᠤ ᠣᠷᠣᠨ ᠳᠤ ᠣᠷᠣᠵᠤ ᠢᠷᠡᠬᠦ ᠬᠥᠮᠦᠰ ᠢ ᠨᠢᠭᠲᠠ ᠠᠩᠬᠠᠷᠴᠤ᠂ ︽ᠭᠤᠣᠯᠳᠠᠯᠭ᠎ᠠ ᠲᠠᠢ ᠭᠠᠵᠠᠷ ᠣᠷᠣᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠦ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠤᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ︵ᠥᠪᠥᠷ ᠰᠡᠷᠭᠡᠶᠢᠯᠡᠯᠲᠡ ᠵᠢᠯᠣᠭᠤᠳᠬᠤ ᠴᠠᠬᠢᠯᠭᠠᠨ ﹇2020﹈ 36 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠤᠨ ︽ᠨᠣᠭᠤᠭᠠᠨ ᠺᠣᠳ᠋︾ ᠲᠠᠢ ᠪᠦᠭᠡᠳ ᠡᠮᠦᠨᠡᠬᠢ 7 ᠡᠳᠦᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ᠂ ᠬᠡᠪ ᠤᠨ ᠶᠣᠰᠣᠭᠠᠷ ᠠᠵᠢᠯ ᠦᠢᠯᠡᠳᠪᠦᠷᠢᠯᠡᠯ ᠰᠤᠷᠤᠯᠭ᠎ᠠ ᠪᠠᠨ ᠰᠡᠷᠭᠦᠭᠡᠵᠦ ᠪᠣᠯᠤᠨ᠎ᠠ︔ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠤᠨ ︽ᠨᠣᠭᠤᠭᠠᠨ ᠺᠣᠳ᠋︾ ᠲᠠᠢ ᠪᠣᠯᠪᠠᠴᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠬᠠᠩᠭᠠᠵᠤ ᠳᠡᠶᠢᠯᠬᠦ ᠥᠬᠡᠶ ᠪᠣᠯ᠂ ᠮᠠᠨ ᠤ ᠣᠷᠣᠨ ᠳᠤ ᠣᠷᠤᠵᠤ ᠢᠷᠡᠭᠰᠡᠨ ᠬᠦᠮᠦᠰ 24 ᠴᠠᠭ ᠤᠨ ᠳᠣᠲᠣᠷ᠎ᠠ ᠡᠷᠬᠡᠪᠰᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠲᠠᠢ ᠪᠠᠶᠢᠪᠠᠯ ᠂ ᠬᠡᠪ ᠤᠨ ᠶᠣᠰᠣᠭᠠᠷ ᠠᠵᠢᠯ ᠦᠢᠯᠡᠳᠪᠦᠷᠢᠯᠡᠯ ᠰᠤᠷᠤᠯᠭ᠎ᠠ ᠪᠠᠨ ᠰᠡᠷᠭᠦᠭᠡᠵᠦ ᠪᠣᠯᠤᠨ᠎ᠠ᠃ ᠳᠥᠷᠪᠡ᠂ ᠬᠢᠯᠢ ᠪᠠᠷ ᠣᠷᠣᠵᠤ ᠢᠷᠡᠭᠰᠡᠨ ᠪᠤᠶ ᠪᠦᠬᠦᠢ ᠬᠥᠮᠦᠰ ︵ᠣᠷᠣᠨ ᠤ ᠳᠣᠲᠣᠷᠠᠬᠢ ᠪᠣᠭᠤᠮᠲᠠ ᠪᠣᠯᠤᠨ ᠣᠷᠣᠨ ᠤ ᠭᠠᠳᠠᠨᠠᠬᠢ ᠪᠣᠭᠤᠮᠲᠠ ᠪᠠᠷ ᠮᠠᠨ ᠤ ᠣᠷᠣᠨ ᠳᠤ ᠣᠷᠣᠵᠤ ᠢᠷᠡᠬᠦ ᠬᠦᠮᠦᠰ ᠪᠠᠭᠲᠠᠨ᠎ᠠ︶ ᠲᠤ ᠦᠷᠭᠦᠯᠵᠢᠯᠡᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠳᠠᠨ᠎ᠠ ᠠᠴᠠ ᠣᠷᠤᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠨ ᠡᠵᠡᠮᠳᠡᠬᠦ ᠶᠢ ᠤᠯᠠᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ︵ᠥᠪᠥᠷ ᠰᠡᠷᠭᠡᠶᠢᠯᠡᠯᠲᠡ ᠵᠢᠯᠣᠭᠤᠳᠬᠤ ᠲᠠᠷᠬᠠᠭᠠᠭᠰᠠᠨ ﹇2020﹈ 82 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ + 1 ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢ ᠪᠠᠶᠢᠴᠠᠭᠠᠨ ᠰᠢᠨᠵᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ ᠲᠠᠪᠤ᠂ ᠬᠤᠶᠢᠰᠢᠳᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠳᠣᠣᠷ᠎ᠠ ᠲᠦᠭᠰᠢᠭᠦᠷᠢ ᠠᠴᠠ ᠳᠤᠮᠳᠠ᠂ ᠦᠨᠳᠦᠷ ᠲᠥᠭᠰᠢᠭᠦᠷᠢ ᠪᠣᠯᠭᠠᠨ ᠲᠣᠬᠢᠷᠠᠭᠤᠯᠤᠭᠰᠠᠨ ᠪᠤᠶᠤ ᠳᠤᠮᠳᠠ᠂ ᠦᠨᠳᠦᠷ ᠲᠦᠭᠰᠢᠭᠦᠷᠢ ᠠᠴᠠ ᠳᠣᠣᠷ᠎ᠠ ᠳᠡᠰ ᠪᠣᠯᠭᠠᠨ ᠲᠣᠬᠢᠷᠠᠭᠤᠯᠤᠭᠰᠠᠨ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠬᠦ ᠬᠥᠮᠦᠰ ᠲᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ 2020 ᠣᠨ ᠤ 5 ᠳ᠋ᠤᠭᠠᠷ ᠰᠠᠷ᠎ᠠ ᠶᠢᠨ 12 ᠤᠨ ᠡᠳᠦᠷ ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|