|
ᠬᠦᠬᠡᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠵᠠᠷᠯᠠᠯ ᠨᠡᠶᠢᠲᠡᠯᠡᠪᠡ︕ |
|
|
ᠨᠡᠶᠢᠲᠡᠯᠡᠭᠰᠡᠨ ᠴᠠᠭ᠄
2020/6/16
|
|
ᠣᠷᠣᠨ ᠤ ᠲᠥᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠥᠷᠭᠡᠨ ᠣᠯᠠᠨ ᠬᠤᠲᠠ ᠶᠢᠨ ᠠᠷᠠᠳ ᠪᠠ ᠬᠥᠬᠡᠬᠤᠲᠠ ᠳᠤ ᠢᠷᠡᠭᠰᠡᠨ ᠬᠥᠮᠥᠰ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠃ ᠨᠢᠭᠡ᠂ 6 ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠬᠤᠶᠢᠰᠢ᠂ ᠪᠡᠭᠡᠵᠢᠩ ᠬᠤᠲᠠ ᠶᠢᠨ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ᠵᠡᠷᠭᠡ ᠬᠢᠵᠢᠭ ᠤᠨ ᠪᠠᠶᠢᠳᠠᠯ ᠤᠨ ᠳᠤᠮᠳᠠ᠂ ᠥᠨᠳᠦᠷ ᠳᠡᠰ ᠤᠨ ᠲᠥᠭᠰᠢᠭᠦᠷᠢ ᠪᠦᠬᠦᠢ ᠭᠠᠵᠠᠷ ᠣᠷᠣᠨ ᠢᠶᠠᠷ ᠥᠩᠭᠡᠷᠡᠭᠰᠡᠨ ᠪᠣᠯᠪᠠᠴᠤ ᠡᠳᠡᠭᠡᠷ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠥᠩᠭᠡᠷᠡᠯᠲᠡ ᠦᠭᠡᠢ᠂ ᠬᠤᠯᠪᠣᠭᠳᠠᠯ ᠪᠦᠬᠦᠢ ᠬᠦᠴᠦᠨ ᠲᠠᠢ ᠭᠡᠷᠡᠴᠢ ᠬᠠᠩᠭᠠᠵᠤ ᠴᠢᠳᠠᠬᠤ᠂ ᠡᠷᠡᠭᠦᠯ ᠮᠡᠨᠳᠦ ᠶᠢᠨ ᠺᠣᠳ᠋ ᠨᠢ ᠨᠣᠭᠤᠭᠠᠨ ᠺᠣᠳ᠋ ᠮᠥᠷᠲᠡᠭᠡᠨ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠦᠭᠡᠢ ᠬᠦᠬᠡᠬᠤᠲᠠ ᠳᠤ ᠢᠷᠡᠭᠰᠡᠨ ᠬᠥᠮᠥᠰ ᠠᠴᠠ ᠪᠤᠰᠤᠳ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠬᠦᠬᠡᠬᠤᠲᠠ ᠳᠤ ᠢᠷᠡᠭᠰᠡᠨ ᠬᠥᠮᠥᠰ ᠡᠷᠬᠡᠪᠰᠢ ᠰᠠᠨᠠᠭᠠᠴᠢᠯᠠᠭ᠎ᠠ ᠠᠴᠠ ᠪᠠᠨ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶ ᠲᠤ ᠪᠠᠨ ᠬᠤᠪᠢ ᠬᠥᠮᠥᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠳᠠᠷᠤᠶᠢᠬᠠᠨ ᠮᠡᠳᠡᠭᠦᠯᠬᠦ ᠶᠢᠨ ᠬᠠᠮᠲᠤ᠂ ᠡᠳᠡᠭᠡᠷ ᠬᠥᠮᠥᠰ ᠲᠤ ︽14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 2 ᠤᠳᠠᠭ᠎ᠠ ᠶᠢᠨ ᠪᠦᠭᠡᠮ ᠬᠦᠴᠢᠯ ᠤᠨ ᠪᠠᠶᠢᠴᠠᠭᠠᠯᠲᠠ + 1 ᠤᠳᠠᠭᠠᠨ ᠤ ᠴᠢᠰᠤᠨ ᠴᠠᠶᠢᠪᠡᠩ ᠤᠨ ᠡᠰᠡᠷᠭᠦᠴᠡᠭᠴᠢ ᠪᠡᠶ᠎ᠡ ᠶᠢᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠲᠥᠪᠯᠡᠷᠡᠭᠦᠯᠦᠨ ᠲᠤᠰᠠᠭᠠᠷᠯᠠᠬᠤ ᠴᠠᠭ ᠢ ᠬᠦᠬᠡᠬᠤᠲᠠ ᠳᠤ ᠢᠷᠡᠭᠰᠡᠨ ᠡᠳᠦᠷ ᠠᠴᠠ ᠡᠬᠢᠯᠡᠵᠦ ᠪᠣᠳᠣᠨ᠎ᠠ᠃ ᠬᠤᠶᠠᠷ᠂ ᠥᠷᠭᠡᠨ ᠣᠯᠠᠨ ᠬᠤᠲᠠ ᠶᠢᠨ ᠠᠷᠠᠳ ᠵᠠᠪᠠᠯ ᠣᠴᠢᠬᠤ ᠴᠢᠬᠤᠯᠠᠲᠠᠢ ᠪᠢᠰᠢ ᠪᠣᠯ ᠣᠶᠢᠷ᠎ᠠ ᠶᠢᠨ ᠬᠤᠭᠤᠴᠠᠭᠠᠨ ᠳᠤ ᠪᠡᠭᠡᠵᠢᠩ ᠬᠤᠲᠠ᠂ ᠢᠯᠠᠩᠭᠤᠶ᠎ᠠ ᠹᠧᠩ ᠲᠠᠢ ᠲᠣᠭᠤᠷᠢᠭ᠂ ᠰᠢ ᠴᠧᠩ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ᠵᠡᠷᠭᠡ ᠳᠤᠮᠳᠠ᠂ ᠦᠨᠳᠦᠷ ᠳᠡᠰ ᠤᠨ ᠲᠦᠭᠰᠢᠭᠦᠷᠢ ᠪᠦᠬᠦᠢ ᠭᠠᠵᠠᠷ ᠣᠷᠣᠨ ᠳᠤ ᠪᠢᠲᠡᠬᠡᠢ ᠣᠴᠢᠭᠠᠷᠠᠢ᠃ ᠬᠡᠷᠪᠡ ᠵᠠᠪᠠᠯ ᠣᠴᠢᠬᠤ ᠴᠢᠬᠤᠯᠠᠲᠠᠢ ᠪᠣᠯ᠂ ᠡᠷᠬᠡᠪᠰᠢ ᠰᠠᠭᠤᠭ᠎ᠠ ᠪᠠᠯᠭᠠᠰᠤ ᠰᠢᠶᠠᠩ ︵ᠵᠡᠭᠡᠯᠢ ᠭᠤᠳᠤᠮᠵᠢ︶ ᠳᠠᠭᠠᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ ︔ ᠪᠡᠭᠡᠵᠢᠩ ᠠᠴᠠ ᠬᠦᠬᠡᠬᠤᠲᠠ ᠳᠤ ᠪᠤᠴᠠᠵᠤ ᠢᠷᠡᠭᠰᠡᠨ ᠤ ᠳᠠᠷᠠᠭ᠎ᠠ᠂ ᠬᠦᠬᠡᠬᠤᠲᠠ ᠶᠢᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ᠂ ᠥᠷᠭᠡᠨ ᠣᠯᠠᠨ ᠬᠤᠲᠠ ᠶᠢᠨ ᠠᠷᠠᠳ᠂ ᠲᠦᠭᠦᠬᠡᠢ ᠮᠢᠬᠠᠨ ᠤ ᠪᠦᠲᠦᠭᠡᠭᠳᠡᠭᠦᠨ ᠡᠵᠡᠩᠨᠡᠭᠴᠢᠳ ᠵᠢᠴᠢ ᠲᠡᠭᠡᠭᠡᠪᠦᠷᠢ ᠶᠢᠨ ᠠᠵᠢᠯᠲᠠᠳ ᠬᠡᠷᠪᠡ ᠪᠡᠶ᠎ᠡ ᠨᠢ ᠬᠡᠪ ᠤᠨ ᠪᠤᠰᠤ ᠪᠠᠶᠢᠳᠠᠯ ᠢᠯᠡᠷᠡᠪᠡᠯ ᠠᠮᠠᠪᠴᠢ᠂ ᠪᠡᠭᠡᠯᠡᠢ ᠵᠡᠭᠦᠵᠦ᠂ ᠣᠶᠢᠷ᠎ᠠ ᠪᠠᠶᠢᠭ᠎ᠠ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ᠃ ᠳᠥᠷᠪᠡ᠂ ᠥᠷᠭᠡᠨ ᠣᠯᠠᠨ ᠬᠤᠲᠠ ᠶᠢᠨ ᠠᠷᠠᠳ ᠲᠦᠭᠦᠬᠡᠢ ᠮᠢᠬᠠᠨ ᠤ ᠲᠥᠷᠥᠯ ᠤᠨ ᠪᠦᠲᠦᠭᠡᠭᠳᠡᠭᠦᠨ ᠬᠤᠳᠠᠯᠳᠤᠨ ᠠᠪᠬᠤ ᠦᠶᠡᠰ᠂ ᠪᠢᠲᠡᠬᠡᠢ ᠭᠠᠷ ᠢᠶᠠᠷ ᠢᠶᠠᠨ ᠰᠢᠭᠤᠳ ᠬᠦᠷᠦᠯᠴᠡᠭᠡᠷᠡᠢ᠂ ᠪᠡᠭᠡᠯᠡᠢ ᠵᠡᠭᠦᠬᠦ ᠪᠤᠶᠤ ᠤᠭᠤᠲᠠᠨ ᠳᠤ ᠬᠢᠵᠦ ᠠᠪᠤᠭᠠᠷᠠᠢ᠂ ᠭᠡᠬᠦ ᠳᠡᠭᠡᠨ ᠵᠢᠮᠢᠰ ᠨᠣᠭᠤᠭ᠎ᠠ ᠪᠣᠯᠣᠨ ᠪᠤᠰᠤᠳ ᠪᠣᠯᠭᠤᠭᠰᠠᠨ ᠢᠳᠡᠭᠡᠨ ᠲᠠᠢ ᠪᠢᠲᠡᠭᠡᠢ ᠬᠠᠮᠲᠤ ᠲᠠᠯᠪᠢᠭᠠᠷᠠᠢ᠃ ᠲᠦᠭᠦᠬᠡᠢ ᠮᠢᠬᠠᠨ ᠤ ᠪᠦᠲᠦᠭᠡᠭᠳᠡᠭᠦᠨ ᠡᠵᠡᠩᠨᠡᠭᠴᠢᠳ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ᠂ ᠠᠮᠠᠪᠴᠢ ᠪᠡᠭᠡᠯᠡᠢ ᠵᠡᠭᠦᠬᠦ᠂ ᠡᠳᠦᠷ ᠲᠤᠲᠤᠮ ᠤᠨ ᠠᠷᠢᠭᠤᠳᠬᠠᠯ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠪᠡᠳᠴᠢᠨ ᠲᠠᠢ ᠪᠠᠶᠢᠭᠠᠳ ᠠᠵᠢᠯ ᠤᠨ ᠪᠠᠶᠢᠷᠢ ᠳᠤ ᠭᠠᠷᠬᠤ᠂ ᠠᠮᠠᠪᠴᠢ ᠵᠡᠭᠦᠬᠦ ᠦᠭᠡᠢ ᠪᠠᠷ ᠠᠵᠢᠯ ᠤᠨ ᠪᠠᠶᠢᠷᠢ ᠳᠤ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠲᠠᠪᠤ᠂ ᠥᠷᠭᠡᠨ ᠣᠯᠠᠨ ᠬᠤᠲᠠ ᠶᠢᠨ ᠠᠷᠠᠳ ᠢᠳᠡᠭᠡᠨ ᠤᠮᠳᠠᠭᠠᠨ ᠤ ᠡᠷᠡᠭᠦᠯ ᠳᠠᠳᠬᠠᠯ ᠲᠠᠢ ᠪᠠᠶᠢᠬᠤ ᠶᠢ ᠰᠠᠨᠠᠭᠠᠴᠢᠯᠠᠵᠤ᠂ ᠬᠤᠭᠤᠯᠠ ᠬᠢᠬᠦ ᠳᠡᠭᠡᠨ ᠲᠦᠭᠦᠬᠡᠢ ᠪᠤᠶᠤ ᠪᠣᠯᠭᠤᠭᠰᠠᠨ ᠢᠳᠡᠭᠡᠨ ᠳᠤ ᠬᠡᠷᠡᠭᠯᠡᠬᠦ ᠠᠮᠪᠠᠨ᠂ ᠪᠤᠤᠳᠤᠤ ᠪᠠ ᠬᠤᠭᠤᠯᠠᠨ ᠬᠡᠷᠡᠭᠰᠡᠯ ᠢᠶᠠᠨ ᠰᠠᠯᠭᠠᠵᠤ᠂ ᠴᠠᠭ ᠲᠣᠬᠠᠢ ᠳᠤᠨᠢ ᠰᠠᠶᠢᠲᠤᠷ ᠤᠬᠢᠶᠠᠨ ᠴᠡᠪᠡᠷᠯᠡᠬᠦ ᠬᠡᠷᠡᠭᠲᠡᠢ︔ ᠲᠦᠭᠦᠬᠡᠢ ᠵᠢᠭᠠᠰᠤ ᠳᠠᠯᠠᠢ ᠶᠢᠨ ᠠᠮᠲᠠᠲᠠᠨ ᠪᠠ ᠲᠦᠭᠦᠬᠡᠢ ᠮᠢᠬ᠎ᠠ ᠶᠢ ᠠᠷᠢᠯᠭᠠᠨ ᠴᠡᠪᠡᠷᠯᠡᠭᠰᠡᠨ ᠤ ᠳᠠᠷᠠᠭ᠎ᠠ ᠭᠠᠷ ᠢᠶᠠᠨ ᠰᠠᠶᠢᠲᠤᠷ ᠤᠬᠢᠶᠠᠬᠤ ᠬᠡᠷᠡᠭᠲᠡᠢ︔ ᠢᠳᠡᠭᠡᠨ ᠢᠶᠠᠨ ᠭᠦᠢᠴᠡᠳ ᠴᠢᠨᠠᠵᠤ ᠪᠣᠯᠭᠤᠵᠤ᠂ ᠲᠦᠭᠦᠬᠡᠢ ᠬᠦᠢᠲᠡᠨ ᠢᠳᠡᠭᠡᠨ ᠢ ᠢᠳᠡᠵᠦ ᠪᠣᠯᠬᠤ ᠦᠭᠡᠢ᠃ ᠬᠦᠬᠡᠬᠤᠲᠠ ᠶᠢᠨ ᠰᠢᠨ᠎ᠡ ᠲᠢᠲᠡᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2020 ᠣᠨ ᠤ 6 ᠰᠠᠷ᠎ᠠ ᠶᠢᠨ 14 ᠤ ᠡᠳᠦᠷ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|