|
ᠬᠦᠬᠡᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠬᠠᠮᠢᠶ᠎ᠠ ᠪᠦᠬᠦᠢ ᠨᠦᠬᠦᠪᠦᠷᠢᠯᠡᠬᠦ ᠵᠠᠷᠯᠠᠯ ᠢ ᠨᠡᠶᠢᠲᠡᠯᠡᠪᠡ |
|
|
ᠨᠡᠶᠢᠲᠡᠯᠡᠭᠰᠡᠨ ᠴᠠᠭ᠄
2020/6/18
|
|
ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠰᠢᠨ᠎ᠡ ᠱᠠᠭᠠᠷᠳᠠᠯᠭ᠎ᠠ ᠶᠢ ᠥᠨᠳᠥᠰᠥᠯᠡᠨ᠂ ᠡᠳᠦᠭᠡ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠨᠦᠬᠦᠪᠦᠷᠢᠯᠡᠨ ᠵᠠᠷᠯᠠᠶ᠎ᠠ᠃ ᠨᠢᠭᠡ᠂ ᠪᠡᠭᠡᠵᠢᠩ ᠬᠤᠲᠠ ᠶᠢᠨ ᠰᠢᠨ ᠹᠠ ᠳ᠋ᠢ ᠵᠠᠬ᠎ᠠ ᠳᠡᠯᠭᠡᠭᠦᠷ ᠵᠢᠴᠢ ᠪᠣᠰᠣᠳ ᠦᠨᠳᠦᠷ ᠳᠡᠰ ᠤᠨ ᠲᠥᠭᠰᠢᠭᠦᠷᠢᠲᠡᠢ ᠭᠠᠵᠠᠷ ᠣᠷᠣᠨ ᠠᠴᠠ ᠬᠦᠬᠡᠬᠤᠲᠠ ᠳᠤ ᠢᠷᠡᠭᠰᠡᠳ ᠪᠦᠬᠦᠨ ᠢᠶᠠᠷ ᠢᠶᠠᠨ ︽14 ᠡᠳᠦᠷ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 2 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ + 1 ᠤᠳᠠᠭ᠎ᠠ ᠶᠢᠨ ᠴᠢᠰᠦᠨ ᠴᠠᠶᠢᠪᠠᠩ ᠤᠨ ᠡᠰᠡᠷᠭᠦᠴᠡᠭᠴᠢ ᠪᠡᠶ᠎ᠡ ᠶᠢᠨ ᠪᠠᠶᠢᠴᠠᠭᠠᠯᠲᠠ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠥᠪᠯᠡᠷᠡᠭᠦᠯᠦᠨ ᠲᠤᠰᠠᠭᠠᠷᠯᠠᠬᠤ ᠴᠠᠭ ᠢ ᠬᠦᠬᠡᠬᠤᠲᠠ ᠳᠤ ᠢᠷᠡᠭᠰᠡᠨ ᠡᠳᠦᠷ ᠠᠴᠠ ᠡᠬᠢᠯᠡᠵᠦ ᠪᠣᠳᠣᠨ᠎ᠠ᠂ 14 ᠡᠳᠦᠷ ᠠᠴᠠ ᠬᠡᠲᠦᠷᠡᠭᠰᠡᠨ ᠪᠠᠶᠢᠪᠠᠯ ᠳᠠᠬᠢᠨ ᠲᠤᠰᠠᠭᠠᠷᠯᠠᠬᠤ ᠦᠭᠡᠢ᠂ ᠭᠡᠪᠡᠴᠦ 1 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠬᠦ ᠴᠢᠬᠤᠯᠠᠲᠠᠢ ︵7 ᠡᠳᠦᠷ ᠤᠨ ᠳᠣᠲᠣᠷ᠎ᠠ ᠬᠦᠬᠡᠬᠤᠲᠠ ᠳᠤ ᠪᠦᠭᠡᠮ ᠬᠦᠴᠢᠯ ᠤᠨ ᠪᠠᠶᠢᠴᠠᠭᠠᠯᠲᠠ ᠬᠢᠭᠰᠡᠨ ᠭᠡᠷᠡᠴᠢ ᠪᠠᠶᠢᠬᠤ ᠠᠴᠠ ᠪᠣᠰᠣᠳ︶᠃ ᠦᠨᠳᠦᠷ ᠳᠡᠰ ᠤᠨ ᠲᠥᠭᠰᠢᠭᠦᠷᠢᠲᠡᠢ ᠭᠠᠵᠠᠷ ᠣᠷᠣᠨ ᠢ ᠡᠯ᠎ᠡ ᠭᠠᠵᠠᠷ ᠣᠷᠣᠨ ᠤ ᠨᠡᠶᠢᠲᠡᠯᠡᠭᠰᠡᠨ ᠠᠶᠤᠯ ᠲᠥᠭᠰᠢᠭᠦᠷᠢ ᠶᠢᠨ ᠳᠡᠰ ᠢ ᠥᠨᠳᠥᠰᠥᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ ᠤᠨ ᠬᠤᠸᠠ ᠰᠢᠶᠠᠩ ᠰᠢᠶᠠᠩ ᠢ ᠦᠨᠳᠦᠷ ᠳᠡᠰ ᠤᠨ ᠲᠥᠭᠰᠢᠭᠦᠷᠢᠲᠡᠢ ᠭᠠᠵᠠᠷ ᠣᠷᠣᠨ ᠢᠶᠠᠷ ᠲᠦᠷ ᠲᠣᠭᠲᠠᠭᠠᠪᠠ᠃ ᠬᠤᠶᠠᠷ᠂ ᠳᠤᠮᠳᠠ ᠳᠡᠰ ᠤᠨ ᠲᠥᠭᠰᠢᠭᠦᠷᠢᠲᠡᠢ ᠭᠠᠵᠠᠷ ᠣᠷᠣᠨ ᠠᠴᠠ ᠬᠦᠬᠡᠬᠤᠲᠠ ᠳᠤ ᠢᠷᠡᠭᠰᠡᠳ ᠡᠷᠬᠡᠪᠰᠢ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠳᠠᠷᠤᠶᠢᠬᠠᠨ ᠬᠦᠯᠢᠶᠡᠵᠦ᠂ 24 ᠴᠠᠭ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷ ᠢᠯᠡᠷᠡᠪᠡᠯ ᠲᠤᠰᠠᠭᠠᠷᠯᠠᠬᠤ ᠠᠴᠠ ᠭᠠᠷᠭᠠᠵᠤ᠂ ᠬᠡᠪ ᠢᠶᠠᠷ ᠠᠵᠢᠯᠯᠠᠵᠤ ᠠᠮᠢᠳᠤᠷᠠᠵᠤ᠂ ᠡᠳᠦᠷ ᠪᠦᠷᠢ ︵ᠵᠠᠯᠭᠠᠭ᠎ᠠ ᠪᠠᠷ ᠳᠣᠯᠣᠭᠠᠨ ᠡᠳᠦᠷ︶ ᠨᠡᠶᠢᠭᠡᠮ ᠲᠣᠭᠤᠷᠢᠭ ᠪᠤᠶᠤ ᠨᠢᠭᠡᠴᠢ ᠳᠡᠭᠡᠨ ᠡᠷᠡᠭᠦᠯ ᠮᠡᠨᠳᠦ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠪᠠᠶᠢᠴᠠᠭᠠᠯᠲᠠ ᠶᠢᠨ ᠳ᠋ᠦᠩ ᠨᠢ ᠠᠷᠭ᠎ᠠ ᠴᠢᠨᠠᠷ ᠢᠯᠡᠷᠡᠭᠰᠡᠨ ᠪᠣᠯ ᠲᠣᠳᠣᠯᠠᠭᠰᠠᠨ ᠡᠪᠡᠳᠴᠢᠨ ᠤ ᠵᠢᠱᠢᠶ᠎ᠡ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠪᠠᠷ ᠲᠡᠷᠡ ᠳᠠᠷᠤᠢ ᠬᠠᠮᠢᠶᠠᠷᠤᠨ ᠡᠵᠡᠮᠳᠡᠬᠦ ᠶᠢᠨ ᠬᠠᠮᠲᠤ ᠲᠠᠬᠤᠯ ᠡᠪᠡᠳᠴᠢᠨ ᠤ ᠪᠠᠶᠢᠴᠠᠭᠠᠯᠲᠠ ᠥᠷᠨᠢᠭᠦᠯᠦᠨ᠎ᠡ᠃ ᠳᠤᠮᠳᠠ ᠳᠡᠰ ᠤᠨ ᠲᠥᠭᠰᠢᠭᠦᠷᠢᠲᠡᠢ ᠭᠠᠵᠠᠷ ᠣᠷᠣᠨ ᠢ ᠡᠯ᠎ᠡ ᠭᠠᠵᠠᠷ ᠣᠷᠣᠨ ᠤ ᠨᠡᠶᠢᠲᠡᠯᠡᠭᠰᠡᠨ ᠠᠶᠤᠯ ᠲᠦᠭᠰᠢᠭᠦᠷᠢ ᠶᠢᠨ ᠳᠡᠰ ᠢ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠪᠡᠭᠡᠵᠢᠩ ᠬᠤᠲᠠ ᠶᠢᠨ ᠰᠢᠴᠧᠩ ᠲᠣᠭᠤᠷᠢᠭ ᠤᠨ ᠶᠤᠸᠠᠢ ᠲᠠᠨ ᠵᠡᠭᠡᠯᠢ᠂ ᠮᠥᠩᠭᠦᠨ ᠭᠦᠢᠯᠭᠡᠭᠡᠨ ᠤ ᠵᠡᠭᠡᠯᠢ᠂ ᠹᠧᠩᠲ᠋ᠠᠢ ᠲᠣᠭᠤᠷᠢᠭ ᠤᠨ ᠰᠢ ᠯᠦᠸᠧ ᠶᠤᠸᠠᠨ ᠵᠡᠭᠡᠯᠢ᠂ ᠲᠠᠢ ᠫᠢᠩ ᠴᠢᠶᠤᠤ ᠵᠡᠭᠡᠯᠢ᠂ ᠰᠢᠨ ᠼᠦᠨ ᠵᠡᠭᠡᠯᠢ᠂ ᠯᠦ ᠭᠸᠦ ᠴᠢᠶᠤᠤ ᠵᠡᠭᠡᠯᠢ᠂ ᠯᠦ ᠭᠸᠦ ᠴᠢᠶᠤᠤ ᠰᠢᠶᠠᠩ᠂ ᠨᠠᠨ ᠶᠤᠸᠠᠨ ᠵᠡᠭᠡᠯᠢ᠂ ᠳ᠋ᠠ ᠬᠤᠩ ᠮᠧᠨ ᠵᠡᠭᠡᠯᠢ᠂ ᠹᠧᠩ ᠲᠠᠢ ᠵᠡᠭᠡᠯᠢ᠂ ᠨᠠᠨ ᠶᠤᠸᠠᠨ ᠰᠢᠶᠠᠩ᠂ ᠹᠠᠩᠱᠠᠨ ᠲᠣᠭᠤᠷᠢᠭ ᠤᠨ ᠴᠠᠩ ᠶᠠᠩ ᠪᠠᠯᠭᠠᠰᠤ᠂ ᠳ᠋ᠠᠰᠢᠩ ᠲᠣᠭᠤᠷᠢᠭ ᠤᠨ ᠭᠤᠤ ᠮᠢ ᠳ᠋ᠢᠶᠠᠨ ᠵᠡᠭᠡᠯᠢ᠂ ᠯᠢᠨ ᠰᠢᠶᠤᠤ ᠯᠦ ᠵᠡᠭᠡᠯᠢ᠂ ᠰᠢ ᠬᠤᠩ ᠮᠧᠨ ᠵᠡᠭᠡᠯᠢ᠂ ᠲᠡᠭᠷᠢ ᠶᠢᠨ ᠣᠷᠳᠣᠨ ᠤ ᠬᠦᠷᠢᠶᠡᠯᠡᠩ ᠵᠡᠭᠡᠯᠢ᠂ ᠭᠤᠸᠠᠨ ᠶᠢᠨ ᠰᠧ ᠵᠡᠭᠡᠯᠢ᠂ ᠫᠠᠩ ᠭᠧ ᠵᠣᠸᠠᠩ ᠪᠠᠯᠭᠠᠰᠤ᠂ ᠬᠤᠸᠠᠩ ᠼᠦᠨ ᠪᠠᠯᠭᠠᠰᠤ᠂ ᠸᠧᠢ ᠱᠠᠨ ᠵᠤᠸᠠᠩ ᠪᠠᠯᠭᠠᠰᠤ᠂ ᠬᠠᠶᠢᠳᠢᠶᠠᠨ ᠲᠣᠭᠤᠷᠢᠭ ᠤᠨ ᠶᠦᠩ ᠳ᠋ᠢᠩ ᠯᠦ ᠵᠡᠭᠡᠯᠢ᠂ ᠴᠢᠩ ᠯᠦᠩ ᠴᠢᠶᠣᠣ ᠵᠡᠭᠡᠯᠢ᠂ ᠴᠤᠤᠶᠠᠩ ᠲᠣᠭᠤᠷᠢᠭ ᠤᠨ ᠱᠢ ᠪᠠ ᠯᠢ ᠳ᠋ᠢᠶᠠᠨ ᠰᠢᠶᠠᠩ᠂ ᠳ᠋ᠦᠩᠴᠧᠩ ᠲᠣᠭᠤᠷᠢᠭ ᠤᠨ ᠲᠢᠶᠠᠨ ᠲᠠᠨ ᠵᠡᠭᠡᠯᠢ᠂ ᠶᠦᠩ ᠳ᠋ᠢᠩ ᠮᠧᠨ ᠵᠡᠭᠡᠯᠢ᠂ ᠱᠢ ᠵᠢᠩ ᠱᠠᠨ ᠲᠣᠭᠤᠷᠢᠭ ᠤᠨ ᠪᠠ ᠪᠤᠤ ᠱᠠᠨ ᠵᠡᠭᠡᠯᠢ᠂ ᠮᠧᠨ ᠲᠸᠦ ᠭᠸᠦ ᠲᠣᠭᠤᠷᠢᠭ ᠤᠨ ᠶᠦᠩ ᠳ᠋ᠢᠩ ᠪᠠᠯᠭᠠᠰᠤ ᠶᠢ ᠳᠤᠮᠳᠠ ᠳᠡᠰ ᠤᠨ ᠲᠦᠭᠰᠢᠭᠦᠷᠢᠲᠡᠢ ᠭᠠᠵᠠᠷ ᠣᠷᠣᠨ ᠢᠶᠠᠷ ᠲᠦᠷ ᠲᠣᠭᠲᠠᠭᠠᠪᠠ᠃ ᠭᠤᠷᠪᠠ᠂ ᠳᠤᠮᠳᠠ᠂ ᠦᠨᠳᠦᠷ ᠳᠡᠰ ᠤᠨ ᠲᠦᠭᠰᠢᠭᠦᠷᠢᠲᠡᠢ ᠭᠠᠵᠠᠷ ᠣᠷᠣᠨ ᠠᠴᠠ ᠬᠦᠬᠡᠬᠤᠲᠠ ᠳᠤ ᠢᠷᠡᠭᠰᠡᠳ ᠲᠣᠲᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ︵ᠲᠤᠰᠬᠤᠨ︶᠂ ᠨᠢᠭᠡᠴᠢ ᠪᠤᠶᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠦᠴᠢᠷ ᠲᠤ ᠠᠶᠠᠯᠠᠯ ᠤᠨ ᠮᠡᠳᠡᠭᠡ ᠵᠠᠩᠭᠢ ᠪᠣᠯᠣᠨ ᠬᠤᠪᠢ ᠬᠥᠮᠥᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠠᠶᠠᠯᠠᠯ ᠤᠨ ᠮᠡᠳᠡᠭᠡ ᠵᠠᠩᠭᠢ ᠪᠣᠯᠣᠨ ᠬᠤᠪᠢ ᠬᠥᠮᠥᠨ ᠤ ᠡᠷᠡᠭᠦᠯ ᠮᠡᠨᠳᠦ ᠶᠢᠨ ᠪᠠᠶᠢᠳᠠᠯ ᠢ ᠮᠡᠳᠡᠭᠦᠯᠬᠦ ᠦᠭᠡᠢ᠂ ᠨᠢᠭᠤᠭᠰᠠᠨ᠂ ᠣᠷᠬᠢᠭᠳᠠᠭᠤᠯᠤᠭᠰᠠᠨ ᠬᠥᠮᠥᠰ ᠠᠴᠠ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠳᠥᠷᠪᠡ ᠂ ᠲᠤᠰ ᠵᠠᠷᠯᠠᠯ ᠤᠨ ᠠᠭᠤᠯᠭ᠎ᠠ ᠨᠢ ᠬᠦᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 2020 ᠣᠨ ᠤ 6 ᠰᠠᠷ᠎ᠠ ᠶᠢᠨ 14 ᠤ ᠡᠳᠦᠷ ᠨᠡᠶᠢᠲᠡᠯᠡᠭᠰᠡᠨ ᠵᠠᠷᠯᠠᠯ ᠲᠠᠢ ᠨᠢᠭᠡᠳᠦᠯ ᠦᠭᠡᠢ ᠪᠠᠶᠢᠪᠠᠯ ᠲᠤᠰ ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃ ᠬᠦᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2020 ᠣᠨ ᠤ 6 ᠰᠠᠷ᠎ᠠ ᠶᠢᠨ17 ᠤ ᠡᠳᠦᠷ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|