|
|
ᠨᠡᠶᠢᠲᠡᠯᠡᠭᠰᠡᠨ ᠴᠠᠭ᠄
2020/7/27
|
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠠᠵᠢᠯ ᠤᠨ ᠨᠡᠶᠢᠭᠡᠮᠯᠢᠭ ᠤᠨ ᠭᠤᠴᠢᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠮᠣᠩᠭᠤᠯ ᠬᠡᠯᠡᠨ ᠤ ᠬᠡᠪᠯᠡᠯ᠂ ᠰᠣᠨᠢᠨ ᠮᠡᠳᠡᠭᠡ᠂ ᠰᠦᠯᠵᠢᠶᠡᠨ ᠤ ᠱᠠᠩᠨᠠᠯ ᠤᠨ ᠪᠦᠲᠦᠭᠡᠯ ᠤᠳ ᠢ ᠰᠢᠯᠭᠠᠷᠠᠭᠤᠯᠬᠤ ᠲᠣᠬᠠᠢ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠬᠤᠶᠠᠷ ᠪᠦᠲᠦᠭᠡᠯ ᠰᠤᠩᠭᠤᠨ ᠰᠢᠯᠭᠠᠷᠠᠭᠤᠯᠤᠯᠲᠠ ᠳᠤ ᠣᠷᠣᠯᠴᠠᠭᠤᠯᠪᠠ᠃ ᠬᠤᠶᠠᠷ ᠪᠦᠲᠦᠭᠡᠯ ᠨᠢ ᠳᠠᠷᠤᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠣᠯᠳᠠᠯᠭ᠎ᠠ ︾᠂ ︽2020 ᠣᠨ ᠤ ᠤᠯᠠᠭᠠᠨᠮᠥ᠋ᠴᠢᠷ ᠤᠨ ᠠᠵᠢᠯ ᠤᠨ ᠲᠥᠰᠥᠯ ᠤᠨ ᠵᠢᠷᠤᠭ ᠢᠶᠠᠷ ᠥᠭᠦᠯᠡᠬᠦᠢ︾ ᠪᠣᠯᠣᠨ᠎ᠠ᠂ ᠠᠳᠡ ᠲᠤᠰᠬᠠᠶᠢᠯᠠᠨ ᠠᠯᠪᠠᠨ ᠵᠠᠷᠯᠠᠯ ᠨᠡᠶᠢᠲᠡᠯᠡᠪᠡ᠃ ᠠᠯᠪᠠᠨ ᠵᠠᠷᠯᠠᠯ ᠨᠡᠶᠢᠲᠡᠯᠡᠬᠦ ᠴᠠᠭ ᠨᠢ᠄ 2020 ᠣᠨ ᠤ 7 ᠳ᠋ᠤᠭᠠᠷ ᠰᠠᠷ᠎ᠠ ᠶᠢᠨ 27 ᠤ ᠡᠳᠦᠷ ᠠᠴᠠ 8 ᠳ᠋ᠤᠭᠠᠷ ᠰᠠᠷ᠎ᠠ ᠶᠢᠨ 3 ᠤ ᠡᠳᠦᠷ ᠬᠦᠷᠲᠡᠯ᠎ᠡ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|