ᠦᠪᠦᠷ ᠵᠠᠰᠠᠭ ᠲᠠᠷᠬᠠᠭᠠᠨᠨᠰᠠᠨ ﹇2020﹈ 13 ᠳ᠋ᠤᠭᠠᠷ ᠲᠤᠭᠠᠳᠤ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄
ᠪᠦᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠴᠢᠳᠠᠪᠤᠷᠢ ᠶᠢ ᠤᠯᠠᠮ ᠨᠢᠭᠡ ᠠᠯᠬᠤᠮ ᠲᠡᠬᠡᠭᠰᠢᠯᠡᠬᠦᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠵᠢᠴᠢ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠤᠨ᠂ ᠡᠳᠦᠭᠡ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠳᠣᠤᠷᠠᠬᠢ ᠮᠡᠲᠦ ᠰᠠᠨᠠᠯ ᠢ ᠳᠤᠷᠠᠳᠪᠠ᠃
ᠨᠢᠭᠡ᠂ ᠶᠡᠷᠦᠩᠬᠡᠶ ᠱᠠᠭᠠᠷᠳᠠᠯᠭ᠎ᠠ
︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠠᠵᠢᠯ ᠤᠨ ᠲᠤᠬᠠᠢ ᠨᠠᠮ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠳᠠᠯᠠᠨ᠂ ᠴᠢᠳᠠᠪᠤᠷᠢᠲᠠᠨ ᠢ ᠲᠡᠷᠢᠭᠦᠨ ᠳᠤ ᠲᠠᠯᠪᠢᠬᠤ ᠶᠢ ᠳᠣᠪᠤᠶᠢᠯᠭᠠᠵᠤ᠂ ᠬᠤᠯᠤᠭᠠᠨ᠎ᠠ ᠶᠢᠨ ᠬᠢᠵᠢᠭ ᠤᠨ ᠬᠢᠨᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠪᠠ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠵᠢᠴᠢ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯᠳᠠᠯᠭ᠎ᠠ ᠪᠤᠯᠭᠠᠨ᠂ ᠰᠤᠯᠠᠷᠠᠰᠢ ᠦᠬᠡᠢ ᠪᠠᠶᠢᠩᠭᠤ ᠪᠡᠯᠡᠳᠬᠡᠯ ᠲᠠᠢ ᠪᠠᠶᠢᠬᠤ ᠶᠢ ᠪᠠᠷᠢᠮᠲᠠᠯᠠᠵᠤ᠂ ᠴᠢᠩᠳᠠᠯᠠᠨ ᠬᠠᠮᠢᠶᠠᠷᠬᠤ ᠶᠢ ᠤᠷᠤᠭᠰᠢ ᠪᠠᠶᠢᠷᠢᠯᠠᠭᠤᠯᠬᠤ ᠶᠢ ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠳᠠᠷᠤᠬᠤ ᠶᠢᠨ ᠬᠢᠨᠠᠨ ᠰᠢᠨᠵᠢᠬᠦ ᠥᠷᠲᠡᠭᠡ ᠴᠡᠭ ᠢ ᠪᠠᠷᠢᠮᠵᠢᠶᠠᠵᠢᠭᠤᠯᠤᠨ ᠵᠢᠷᠤᠮᠵᠢᠭᠤᠯᠵᠦ ᠪᠦᠳᠦᠬᠡᠨ ᠪᠠᠶᠢᠭᠤᠯᠬᠤ ᠶᠢ ᠭᠦᠴᠦᠳᠡᠢ ᠠᠬᠢᠭᠤᠯᠤᠨ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠢ ᠬᠥᠮᠦᠵᠢᠭᠦᠯᠬᠦ ᠪᠠ ᠤᠷᠤᠭᠤᠯᠤᠨ ᠠᠪᠴᠢᠷᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠂ ᠮᠠᠨ ᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠵᠦ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃
︵ᠬᠤᠶᠠᠷ︶ ᠠᠵᠢᠯ ᠤᠨ ᠬᠠᠷᠠᠯᠲᠠ᠃ 2021 ᠣᠨ ᠤ ᠰᠡᠭᠦᠯᠴᠢ ᠪᠣᠯᠬᠤ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠠ ᠬᠢᠵᠢᠭ ᠤᠨ ᠢᠷᠡᠯᠲᠡ ᠶᠢᠨ ᠪᠣᠢ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ︵ᠣᠷᠣᠨ ᠨᠤᠲᠤᠭ ᠤᠨ ᠡᠪᠡᠳᠴᠢᠨ︶ ᠢ ᠰᠡᠷᠭᠡᠶᠢᠯᠡᠨ ᠬᠤᠷᠢᠨᠨᠯᠠᠬᠤ ᠲᠥᠪ ᠲᠤ ᠴᠥᠮ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠢ ᠡᠭᠦᠷᠭᠡᠯᠡᠬᠦ ᠳᠣᠲᠣᠭᠠᠳᠤ ᠪᠠᠶᠢᠭᠤᠯᠤᠮᠵᠢ ᠲᠠᠢ ᠪᠤᠯᠭᠠᠵᠦ᠂ ᠬᠢᠵᠢᠭ ᠤᠨ ᠢᠷᠡᠯᠲᠡ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠪᠦᠬᠦᠨ ᠳᠤ ᠬᠤᠯᠤᠭᠠᠨ᠎ᠠ ᠶᠢᠨ ᠬᠢᠵᠢᠭ ᠢ ᠬᠡᠭᠡᠷ᠎ᠡ ᠭᠠᠳᠠᠭ᠎ᠠ ᠬᠢᠨᠠᠨ ᠰᠢᠨᠵᠢᠬᠦ ᠠᠵᠢᠯ ᠦᠷᠨᠢᠬᠦᠯᠬᠦ ᠨᠥᠬᠦᠴᠡᠯ ᠢ ᠪᠦᠷᠢᠯᠳᠦᠬᠦᠯᠦᠨ᠂ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠠ︔ ᠪᠥᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠤ ᠪᠦᠭᠦ ᠲᠤᠭ᠎ᠠ ᠶᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠲᠠᠢ ᠦᠨᠳᠦᠰᠦᠨ ᠳᠤ ᠪᠠᠨ ᠲᠤᠬᠢᠷᠠᠯᠴᠠᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠲᠠᠨ ᠳᠤᠲᠠᠭᠳᠠᠵᠤ ᠪᠠᠶᠢᠭ᠎ᠠ ᠪᠠᠶᠢᠳᠠᠯ ᠢ ᠢᠯᠡᠳᠲᠡ ᠰᠠᠶᠢᠵᠢᠷᠠᠭᠤᠯᠤᠨ᠎ᠠ︔ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠰᠠᠭᠤᠷᠢ ᠪᠡᠯᠡᠳᠬᠡᠮᠵᠢ᠂ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠥᠬᠦᠭᠡᠷᠦᠮᠵᠢ᠂ ᠲᠣᠨᠤᠭ ᠲᠥᠬᠦᠭᠡᠷᠦᠮᠵᠢ᠂ ᠲᠡᠷᠭᠡ ᠬᠥᠰᠬᠡ ᠵᠡᠷᠭᠡ ᠠᠵᠢᠯ ᠤᠨ ᠬᠡᠷᠡᠭᠴᠡᠭᠡ ᠶᠢ ᠬᠠᠩᠭᠠᠨ᠂ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠵᠦ ᠪᠠᠶᠢᠴᠠᠭᠠᠨ ᠰᠢᠯᠭᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠬᠢᠷᠢ ᠲᠦᠪᠰᠢᠨ ᠢ ᠢᠯᠡᠳᠳᠡ ᠲᠡᠬᠡᠭᠰᠢᠯᠡᠬᠦᠯᠵᠦ᠂ ᠪᠦᠲᠦᠴᠡ ᠨᠢ ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ᠂ ᠲᠤᠰᠬᠠᠯ ᠢᠶᠠᠷ ᠴᠠᠭ ᠲᠤᠬᠠᠶᠢᠴᠢ᠂ ᠰᠶᠢᠳᠪᠦᠷᠢᠯᠡᠯᠳᠡ ᠨᠢ ᠥᠨᠳᠥᠷ ᠦᠷ᠎ᠡ ᠪᠦᠲᠦᠮᠵᠢᠲᠡᠶ ᠪᠤᠯᠬᠤᠶᠢᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠳᠠᠷᠤᠬᠤ ᠪᠠᠴᠢᠮ ᠪᠠᠶᠢᠳᠠᠯ ᠤᠨ ᠠᠷᠭᠠᠴᠠᠭᠠᠬᠤ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠬᠦᠯᠦᠨ᠎ᠠ᠃
ᠬᠤᠶᠠᠷ᠂ ᠠᠵᠢᠯ ᠤᠨ ᠡᠭᠦᠷᠭᠡ
︵ᠨᠢᠭᠡ︶ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠬᠦᠯᠦᠨ᠎ᠠ᠃ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠤᠶᠤ ᠲᠣᠬᠢᠷᠠᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠪᠦᠬᠦ ᠣᠷᠣᠨ ᠤ 12 ᠠᠶᠢᠮᠠᠭ ᠬᠤᠲᠠ ᠳᠤ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠬᠢᠬᠡᠳ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠲᠠᠢ ᠪᠤᠯᠭᠠᠵᠦ᠂ ᠬᠢᠵᠢᠭ ᠤᠨ ᠢᠷᠡᠯᠳᠡ ᠶᠢᠨ ᠭᠠᠵᠠᠷ ᠣᠷᠣᠨ ᠠᠴᠠ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ᠂ ᠡᠷᠢᠶᠡᠨ ᠬᠤᠲᠠ᠂ ᠬᠤᠤᠯᠢᠩᠭᠤᠤᠯ ᠬᠤᠲᠠ ᠶᠢ ᠭᠠᠷᠭᠠᠪᠠᠯ᠂ ᠪᠤᠰᠤᠳ ᠬᠢᠵᠢᠭ ᠤᠨ ᠢᠷᠡᠯᠳᠡ ᠶᠢᠨ ᠪᠤᠶ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠴᠥᠮ ᠬᠤᠯᠤᠭᠠᠨ᠎ᠠ ᠶᠢᠨ ᠬᠢᠵᠢᠭ ᠢ ᠬᠡᠬᠡᠷ᠎ᠡ ᠭᠠᠳᠠᠭ᠎ᠠ ᠬᠢᠨᠠᠨ ᠰᠢᠨᠵᠢᠬᠦ ᠪᠠᠷᠢᠮᠵᠢᠶᠠᠳᠤ ᠥᠷᠲᠡᠭᠡ ᠪᠠᠶᠢᠭᠤᠯᠬᠤ ᠶᠢᠨ ᠬᠠᠮᠳᠤ᠂ ᠱᠠᠭᠠᠷᠳᠠᠯᠭ᠎ᠠ ᠶᠣᠰᠣᠭᠠᠷ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠨᠵᠢᠬᠦ ᠲᠥᠬᠦᠭᠡᠷᠦᠮᠵᠢ᠂ ᠠᠬᠤᠢ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠲᠥᠬᠦᠭᠡᠷᠦᠮᠵᠢ ᠪᠠ ᠲᠣᠨᠤᠭ ᠲᠦᠭᠦᠬᠡᠷᠦᠮᠵᠢ ᠵᠢᠴᠢ ᠠᠯᠪᠠᠯᠠᠵᠦ ᠠᠮᠢᠳᠤᠷᠠᠬᠤ ᠶᠢᠨ ᠴᠢᠬᠤᠯᠠ ᠪᠦᠬᠦᠢ ᠪᠡᠯᠡᠳᠬᠡᠮᠵᠢ ᠪᠠ ᠵᠠᠮ ᠬᠠᠷᠢᠯᠴᠠᠭᠠᠨ ᠤ ᠪᠠᠭᠠᠵᠢ ᠵᠡᠷᠬᠡ ᠶᠢ ᠬᠤᠳᠠᠯᠳᠤᠨ ᠠᠪᠴᠤ ᠲᠦᠭᠦᠬᠡᠷᠴᠤ ᠪᠦᠷᠢᠯᠳᠦᠬᠦᠯᠦᠨ᠂ ᠡᠳᠦᠷ ᠲᠤᠲᠤᠮ ᠤᠨ ᠬᠢᠨᠠᠨ ᠰᠢᠨᠵᠢᠬᠦ ᠠᠵᠢᠯ ᠤᠨ ᠬᠡᠷᠡᠭᠴᠡᠭᠡ ᠶᠢ ᠦᠨᠡᠨ ᠬᠦ ᠬᠠᠩᠭᠠᠨ ᠪᠠᠲᠤᠯᠠᠬᠤ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠥᠷᠲᠡᠭᠡ ᠪᠦᠭᠦᠨ ᠢ ᠴᠥᠮ ᠪᠦᠲᠦᠭᠡᠨ ᠪᠠᠶᠢᠭᠤᠯᠬᠤ ᠪᠠᠷᠢᠮᠵᠢᠶ᠎ᠠ ᠳᠤ ᠨᠡᠶᠢᠴᠡᠬᠦᠯᠬᠦ ᠶᠢᠨ ᠲᠠᠭᠠᠤ ᠪᠦᠭᠦᠯᠢ ᠵᠢᠯ ᠢᠶᠠᠷ ᠲᠤᠷᠰᠢᠯᠲᠠ ᠶᠢᠨ ᠲᠠᠰᠤᠭ ᠲᠤ ᠪᠠᠶᠢᠴᠠᠭᠠᠨ ᠰᠢᠨᠵᠢᠵᠦ ᠪᠤᠯᠬᠤ ᠨᠥᠬᠦᠴᠡᠯ ᠲᠠᠢ ᠪᠤᠯᠭᠠᠨ᠎ᠠ᠃
︵ᠬᠤᠶᠠᠷ︶ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠪᠠᠶᠢᠭᠤᠯᠤᠮᠵᠢ ᠶᠢ ᠪᠦᠷᠢᠨᠰᠢᠬᠦᠯᠦᠨ᠎ᠠ᠃ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠨᠢ ᠠᠵᠢᠯ ᠶᠠᠪᠤᠳᠠᠯ ᠢᠶᠠᠷ ᠠᠵᠢᠯ ᠤᠨ ᠪᠠᠶᠢᠷᠢ ᠲᠤᠬᠢᠷᠠᠭᠤᠯᠬᠤ᠂ ᠠᠵᠢᠯ ᠤᠨ ᠪᠠᠶᠢᠷᠢ ᠪᠠᠷ ᠠᠵᠢᠯᠳᠠᠳ ᠲᠤᠨᠨᠳᠠᠭᠠᠬᠤ ᠵᠠᠷᠴᠢᠮ ᠶᠣᠰᠣᠭᠠᠷ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠬᠡᠷᠡᠭᠴᠡᠭᠡ ᠶᠢ ᠦᠨᠳᠦᠰᠦᠯᠡᠵᠦ ᠠᠵᠢᠯ ᠤᠨ ᠪᠠᠶᠢᠷᠢ ᠶᠢ ᠵᠤᠬᠢᠰᠳᠠᠢ ᠲᠤᠬᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠨᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠳᠣᠲᠣᠭᠠᠳᠤ ᠪᠠᠶᠢᠭᠤᠯᠤᠮᠵᠢ ᠶᠢ ᠲᠤᠬᠢᠷᠠᠭᠤᠯᠵᠦ᠂ ᠠᠶᠢᠮᠠᠭ ᠬᠤᠲᠠ ᠶᠢᠨ ᠡᠪᠡᠳᠴᠢᠨ ᠡᠮᠭᠡᠭ ︵ᠣᠷᠣᠨ ᠨᠤᠲᠤᠭ ᠤᠨ ᠡᠪᠡᠳᠴᠢᠨ︶ ᠢ ᠰᠡᠷᠭᠡᠶᠢᠯᠡᠨ ᠬᠤᠷᠢᠨᠨᠯᠠᠬᠤ ᠲᠥᠪ ᠪᠠ ᠬᠢᠵᠢᠭ ᠤᠨ ᠢᠷᠡᠯᠲᠡ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠲᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠳᠣᠲᠣᠭᠠᠳᠤ ᠪᠠᠶᠢᠭᠤᠯᠤᠮᠵᠢ ᠲᠠᠢ ᠪᠣᠯᠭᠠᠵᠤ᠂ ᠬᠢᠵᠢᠭ ᠤᠨ ᠢᠷᠡᠯᠳᠡ ᠶᠢᠨ ᠪᠤᠰᠤ ᠪᠤᠰᠤᠳ ᠬᠤᠰᠢᠭᠤ ᠰᠢᠶᠠᠨ
︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠥᠪ ᠤᠨ ᠵᠤᠬᠢᠬᠤ ᠳᠣᠲᠣᠭᠠᠳᠤ ᠰᠠᠯᠠᠭ᠎ᠠ ᠲᠠᠰᠤᠭ ᠲᠤ ᠪᠠᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠡᠭᠦᠷᠭᠡ ᠴᠢᠳᠠᠪᠤᠷᠢ ᠪᠠᠨ ᠲᠤᠳᠤᠷᠬᠠᠶᠢᠯᠠᠬᠤ ᠬᠡᠷᠡᠭᠲᠡᠢ᠃ 2020 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠦᠬᠦ ᠣᠷᠣᠨ ᠤ 12 ᠠᠶᠢᠮᠠᠭ ᠬᠤᠲᠠ ᠶᠢᠨ ᠡᠪᠡᠳᠴᠢᠨ ᠡᠮᠭᠡᠭ ︵ᠣᠷᠣᠨ ᠨᠤᠲᠤᠭ ᠤᠨ ᠡᠪᠡᠳᠴᠢᠨ︶ ᠢ ᠰᠡᠷᠬᠡᠶᠢᠯᠡᠨ ᠬᠤᠷᠢᠨᠨᠯᠠᠬᠤ ᠲᠥᠪ ᠪᠠ ᠬᠢᠵᠢᠭ ᠤᠨ ᠢᠷᠡᠯᠲᠡ ᠶᠢᠨ 57 ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠥᠪ ᠲᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠰᠠᠯᠠᠭ᠎ᠠ ᠲᠠᠰᠤᠭ ᠪᠠ ᠲᠤᠰᠬᠠᠶ ᠲᠤᠰᠢᠶᠠᠯᠲᠤ ᠠᠵᠢᠯᠲᠠᠨ ᠲᠠᠢ ᠪᠤᠯᠭᠠᠬᠤ ᠶᠢ ᠦᠨᠡᠨ ᠬᠦ ᠪᠠᠲᠤᠯᠠᠵᠤ᠂ ᠬᠢᠵᠢᠭ ᠤᠨ ᠢᠷᠡᠯᠳᠡ ᠶᠢᠨ ᠪᠤᠰᠤ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠥᠪ ᠤᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠳᠤ ᠵᠤᠬᠢᠬᠤ ᠰᠠᠯᠠᠭ᠎ᠠ ᠲᠠᠰᠤᠭ ᠪᠠ ᠬᠠᠷᠢᠭᠤᠴᠠᠬᠤ ᠠᠵᠢᠯᠲᠠᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃
︵ᠭᠤᠷᠪᠠ︶ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠡᠩᠨᠡᠭᠡ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠥᠪ ᠤᠨ ᠪᠠᠶᠢᠭᠤᠯᠤᠮᠵᠢ ᠶᠢᠨ ᠣᠷᠣᠨ ᠲᠤᠭᠠᠨ ᠤ ᠬᠠᠮᠢᠶᠠᠷᠤᠯᠲᠠ ᠶᠢᠨ ᠠᠷᠭ᠎ᠠ︾
︵ᠦᠪᠦᠷ ᠪᠠᠶᠢᠭᠤᠯᠤᠮᠵᠢ ᠤᠷᠤᠨ ᠲᠤᠭ᠎ᠠ ᠠᠯᠪᠠᠨ ᠲᠠᠷᠬᠠᠭᠠᠭᠰᠠᠨ ﹇2017﹈ 241 ᠳ᠋ᠤᠬᠡᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠤᠳᠤᠬᠢ ᠣᠷᠣᠨ ᠲᠤᠭ᠎ᠠ ᠳᠤ ᠪᠠᠶᠢᠭ᠎ᠠ ᠠᠵᠢᠯᠳᠠᠨ ᠤ ᠲᠤᠭ᠎ᠠ ᠨᠢ ᠬᠠᠷᠭᠤᠭᠤᠯᠵᠦ ᠲᠣᠭᠲᠠᠭᠠᠭᠰᠠᠨ ᠣᠷᠣᠨ ᠲᠤᠭ᠎ᠠ ᠳᠤ ᠭᠦᠷᠦᠬᠡᠳᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠬᠡᠶᠢᠯᠡᠨ ᠬᠤᠷᠢᠨᠨᠯᠠᠬᠤ ᠲᠦᠪ ᠤᠳ ᠨᠢ 2020 ᠣᠨ ᠤ ᠰᠡᠭᠦᠯᠴᠢ ᠠᠴᠠ ᠡᠮᠦᠨ᠎ᠡ᠂ ᠬᠤᠭᠤᠰᠣᠨ ᠣᠷᠣᠨ ᠲᠤᠭᠠᠨ ᠤ 60% ᠪᠠᠷ ᠠᠵᠢᠯᠳᠠᠨ ᠨᠦᠬᠦᠪᠦᠷᠢᠯᠡᠬᠦ ᠬᠡᠷᠡᠭᠲᠡᠢ︔ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠠᠷᠭᠤᠭᠤᠯᠵᠦ ᠲᠣᠭᠲᠠᠭᠠᠭᠰᠠᠨ ᠣᠷᠣᠨ ᠲᠤᠭ᠎ᠠ ᠪᠠ ᠠᠵᠢᠯ ᠤᠨ ᠪᠠᠶᠢᠷᠢ ᠪᠠᠷ ᠪᠥᠬᠦ ᠠᠵᠢᠯᠳᠠᠨ ᠢᠶᠠᠨ ᠭᠦᠢᠴᠡᠳ ᠨᠦᠭᠦᠪᠦᠷᠢᠯᠡᠵᠦ ᠲᠣᠬᠢᠷᠠᠭᠤᠯᠬᠤ ᠬᠡᠷᠡᠭᠲᠡᠢ᠃ ᠢᠯᠡ ᠪᠠᠷ ᠤᠷᠢᠬᠤ᠂ ᠰᠠᠭᠠᠳ ᠦᠭᠡᠢ ᠨᠡᠪᠳᠡᠷᠡᠯ ᠵᠠᠮ ᠢᠶᠠᠷ ᠤᠷᠤᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ︵ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠮᠨᠡᠬᠦ ᠪᠠᠶᠢᠭᠤᠯᠤᠮᠵᠢ︶ ᠳᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠮᠡᠷᠭᠡᠵᠢᠯ ᠤᠨ ᠠᠵᠢᠯᠲᠠᠨ ᠢ ᠲᠦᠷᠭᠡᠬᠡᠨ ᠨᠥᠬᠦᠪᠥᠷᠢᠯᠡᠵᠦ᠂ 12 ᠠᠶᠢᠮᠠᠭ ᠬᠤᠲᠠ ᠶᠢᠨ ᠡᠪᠡᠳᠴᠢᠨ ᠡᠮᠭᠡᠭ ︵ᠣᠷᠣᠨ ᠨᠤᠳᠤᠭ ᠤᠨ ᠡᠪᠡᠳᠴᠢᠨ︶ ᠢ ᠰᠡᠷᠭᠡᠶᠢᠯᠡᠨ ᠬᠤᠷᠢᠨᠨᠯᠠᠬᠤ ᠲᠥᠪ ᠪᠠ ᠬᠢᠵᠢᠭ ᠤᠨ ᠢᠷᠡᠯᠲᠡ ᠶᠢᠨ 57 ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠤᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠰᠠᠯᠠᠭ᠎ᠠ ᠲᠠᠰᠤᠭ ᠲᠤ ᠨᠠᠭᠠᠳᠤ ᠵᠠᠬ᠎ᠠ ᠳᠤ ᠪᠠᠨ 5 ᠲᠤᠰᠬᠠᠶ ᠲᠤᠰᠢᠶᠠᠯᠲᠤ ᠠᠵᠢᠯᠲᠠᠨ ᠲᠤᠬᠢᠷᠠᠭᠤᠯᠤᠨ᠎ᠠ᠂ ᠡᠭᠦᠨ ᠳᠤ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ 2 ᠠᠵᠢᠯᠳᠠᠨ ᠪᠠ ᠬᠡᠭᠡᠷ᠎ᠡ ᠭᠠᠳᠠᠭ᠎ᠠ ᠬᠢᠨᠠᠨ ᠰᠢᠨᠵᠢᠬᠦ 3 ᠠᠵᠢᠯᠳᠠᠨ ᠪᠠᠭᠳᠠᠨ᠎ᠠ︔ ᠬᠢᠵᠢᠭ ᠤᠨ ᠢᠷᠡᠯᠳᠡ ᠶᠢᠨ ᠪᠤᠰᠤ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠲᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠢ 2 — 3 ᠲᠣᠬᠢᠷᠠᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠤᠨ ᠬᠡᠷᠡᠭᠴᠡᠭᠡ ᠶᠢ ᠦᠨᠡᠨ ᠬᠦ ᠬᠠᠩᠭᠠᠨ ᠪᠠᠲᠤᠯᠠᠬᠤ ᠬᠡᠷᠡᠭᠲᠡᠢ᠃
︵ᠳᠥᠷᠪᠡ︶ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠦᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠰᠠᠯᠠᠭ᠎ᠠ ᠮᠦᠴᠢᠷ ᠨᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠢ ᠤᠷᠲᠤ ᠬᠤᠭᠤᠴᠠᠭ᠎ᠠ ᠪᠠᠷ ᠬᠥᠮᠦᠵᠢᠭᠦᠯᠬᠦ ᠳᠦᠷᠢᠮ ᠢ ᠬᠠᠮᠲᠤ ᠪᠠᠷ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠳᠠᠬᠢ ᠠᠨᠠᠭᠠᠬᠤ ᠤᠬᠠᠭᠠᠨ ᠤ ᠶᠡᠭᠡ ᠲᠡᠬᠡᠳᠦ ᠰᠤᠷᠭᠠᠭᠤᠯᠢ ᠶᠢᠨ ᠰᠡᠷᠬᠡᠶᠢᠯᠡᠯᠳᠡ ᠶᠢᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠳᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠵᠠᠬᠢᠶᠠᠯᠠᠭ᠎ᠠ ᠲᠠᠢ ᠬᠠᠨᠳᠤᠯᠭ᠎ᠠ ᠲᠠᠢ ᠪᠠᠷ ᠭᠦᠮᠦᠵᠢᠬᠦᠯᠵᠦ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠳᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠠᠯ᠎ᠠ ᠪᠠᠷ ᠦᠯᠡᠳᠡᠭᠡᠵᠦ ᠠᠵᠢᠯᠯᠠᠭᠤᠯᠵᠦ ᠳᠡᠶᠢᠯᠬᠦ᠂ ᠬᠡᠷᠡᠭᠯᠡᠵᠦ ᠪᠤᠯᠤᠮᠠᠷ᠂ ᠰᠠᠶᠢᠨ ᠠᠵᠢᠯᠯᠠᠳᠠᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠭᠦᠮᠦᠵᠢᠬᠦᠯᠦᠨᠠ᠃ ᠵᠠᠬᠢᠶᠠᠯᠠᠭ᠎ᠠ ᠲᠠᠢ ᠬᠠᠨᠳᠤᠯᠭ᠎ᠠ ᠲᠤᠨᠨᠳᠠᠭᠠᠯᠭᠠᠨᠨᠰᠠᠨ ᠰᠤᠷᠤᠭᠴᠢᠳ ᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠰᠤᠷᠤᠯᠭ᠎ᠠ ᠪᠠ ᠪᠠᠶᠢᠷᠢ ᠶᠢᠨ ᠰᠦᠢᠳᠬᠡᠯ ᠲᠤᠰᠢᠶᠠᠬᠤ ᠠᠴᠠ ᠬᠡᠯᠲᠦᠷᠢᠭᠦᠯᠦᠨ᠎ᠡ᠂ ᠲᠡᠳᠡ ᠨᠠᠷ ᠤᠨ ᠬᠡᠷᠡᠭᠰᠡᠬᠦ ᠵᠠᠷᠤᠳᠠᠯ ᠢ ᠨᠢ ᠨᠠᠶᠢᠳᠠᠨ ᠭᠦᠮᠦᠵᠢᠬᠦᠯᠬᠦ ᠨᠢᠬᠡᠴᠢ ᠠᠴᠠ ᠡᠭᠦᠷᠬᠡᠯᠡᠨ᠎ᠡ᠃ ᠡᠯ᠎ᠡ ᠭᠠᠵᠠᠷ ᠣᠷᠣᠨ ᠨᠢ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠪᠦᠬᠦ ᠠᠵᠢᠯᠳᠠᠳ ᠢᠶᠠᠨ ᠪᠣᠯᠪᠠᠰᠤᠷᠠᠭᠤᠯᠬᠤ ᠲᠦᠯᠦᠪᠯᠡᠭᠡ ᠶᠢ ᠬᠡᠷᠡᠭᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠶᠢᠨ ᠠᠵᠢᠯ ᠤᠨ ᠪᠠᠶᠢᠷᠢ ᠪᠠ ᠲᠤᠰᠢᠶᠠᠯ ᠳᠤ ᠪᠠᠶᠢᠬᠤ ᠠᠵᠢᠯᠳᠠᠳ ᠲᠤ ᠪᠠᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠮᠡᠳᠡᠯᠭᠡ ᠶᠢᠨ ᠲᠠᠯ᠎ᠠ ᠪᠠᠷ ᠬᠢ ᠪᠦᠬᠦ ᠠᠵᠢᠯᠳᠠᠳ ᠤᠨ ᠪᠣᠯᠪᠠᠰᠤᠷᠠᠭᠤᠯᠤᠯ ᠢ ᠵᠢᠯ ᠪᠦᠷᠢ ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠦᠷᠨᠢᠬᠦᠯᠬᠦ ᠶᠢᠨ ᠬᠠᠮᠳᠤ᠂ ᠪᠤᠯᠪᠠᠰᠤᠷᠠᠭᠤᠯᠤᠯ ᠭᠦᠷᠳᠡᠬᠡᠭᠰᠡᠨ ᠦᠷ᠎ᠡ ᠳ᠋ᠦᠩ ᠢ ᠨᠢ ᠠᠵᠢᠯ ᠤᠨ ᠪᠠᠶᠢᠷᠢ ᠳᠤ ᠤᠷᠢᠨ ᠲᠣᠮᠢᠯᠠᠬᠤ᠂ ᠣᠨ ᠤ ᠰᠢᠯᠭᠠᠨ ᠬᠢᠨᠠᠬᠤ᠂ ᠮᠡᠷᠭᠡᠵᠢᠯ ᠤᠨ ᠴᠣᠯᠠ ᠳᠡᠪᠰᠢᠭᠦᠯᠬᠦ ᠴᠢᠬᠤᠯᠠ ᠦᠨᠳᠦᠰᠦᠯᠡᠯ ᠪᠣᠯᠭᠠᠵᠤ᠂ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠦᠨᠡᠨ ᠬᠦ ᠲᠡᠬᠡᠭᠰᠢᠯᠡᠬᠦᠯᠦᠨ᠎ᠠ︔ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠢ ᠳᠠᠪᠲᠠᠨ ᠪᠤᠯᠪᠠᠰᠤᠷᠠᠭᠤᠯᠬᠤ ᠰᠤᠷᠤᠯᠴᠠᠯᠭ᠎ᠠ ᠶᠢᠨ ᠳᠦᠷᠢᠮ ᠢ ᠪᠠᠶᠢᠭᠤᠯᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠪᠠᠶᠢᠭᠤᠯᠤᠮᠵᠢ ᠨᠢ ᠵᠢᠯ ᠪᠦᠷᠢ 5 — 10 ᠬᠥᠮᠦᠨ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠠᠶᠢᠭᠤᠯᠤᠮᠵᠢ ᠳᠤ ᠰᠣᠩᠭᠤᠨ ᠭᠦᠷᠬᠡᠬᠦ ᠪᠤᠶᠤ ᠪᠤᠰᠤᠳ ᠲᠡᠷᠢᠭᠦᠨ ᠤ ᠮᠤᠵᠢ ︵ᠦᠪᠡᠷᠳᠡᠬᠡᠨ ᠵᠠᠰᠠᠬᠤ ᠣᠷᠣᠨ᠂ ᠬᠤᠲᠠ︶ ᠳᠤ 3 — 6 ᠰᠠᠷ᠎ᠠ ᠪᠠᠷ ᠠᠵᠢᠯ ᠤᠨ ᠪᠠᠶᠢᠷᠢ ᠠᠴᠠ ᠨᠢ ᠰᠠᠯᠭᠠᠵᠤ ᠲᠤᠬᠠᠶᠢᠯᠠᠭᠰᠠᠨ ᠠᠵᠢᠯ ᠤᠨ ᠳᠠᠪᠲᠠᠨ ᠪᠤᠯᠪᠠᠰᠤᠷᠠᠭᠤᠯᠬᠤ ᠰᠤᠷᠤᠯᠴᠠᠯᠭ᠎ᠠ ᠳᠤ ᠤᠷᠤᠯᠴᠠᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠲᠤᠰᠬᠠᠶ ᠮᠡᠷᠭᠡᠵᠢᠯ ᠤᠨ ᠡᠩᠨᠡᠭᠡᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠨᠢ ᠲᠠᠰᠤᠷᠠᠯᠲᠠ ᠦᠭᠡᠢ ᠲᠡᠬᠡᠭᠰᠢᠯᠡᠬᠦᠯᠦᠨ᠎ᠠ᠃
︵ᠲᠠᠪᠤ︶ ᠠᠵᠢᠯ ᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠨᠢ ᠡᠷᠡᠭᠦᠯ ᠢ ᠬᠠᠮᠠᠭᠠᠯᠠᠵᠦ ᠬᠢᠵᠢᠭ ᠢ ᠰᠡᠷᠭᠡᠶᠢᠯᠡᠬᠦ ᠨᠡᠮᠡᠯᠬᠡ ᠪᠠ ᠠᠵᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ︽ᠡᠷᠡᠭᠦᠯ ᠢ ᠬᠠᠮᠠᠭᠠᠯᠠᠵᠦ ᠬᠢᠵᠢᠭ ᠢ ᠰᠡᠷᠭᠡᠶᠢᠯᠡᠬᠦ ᠨᠡᠮᠡᠯᠬᠡ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠠᠷᠬᠠᠭᠠᠨᠨᠰᠠᠨ ﹇2020﹈ 13 ᠳ᠋ᠤᠭᠠᠷ ᠲᠣᠭᠠᠲᠤ︶ ᠪᠠ ︽ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠮᠨᠡᠬᠦ ᠠᠵᠢᠯᠲᠠᠨ ᠤ ᠲᠦᠷ ᠴᠠᠭ ᠤᠨ ᠴᠢᠨᠠᠷᠲᠠᠶ ᠠᠵᠢᠯ ᠤᠨ ᠨᠥᠬᠦᠪᠥᠷᠢ ᠶᠢᠨ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠣᠭᠲᠠᠭᠠᠯ ﹇2016﹈ 4 ᠳ᠋ᠤᠬᠡᠷ ᠲᠣᠭᠠᠲᠤ︶ ᠤᠨ ᠲᠣᠭᠲᠠᠭᠠᠯ ᠶᠣᠰᠣᠭᠠᠷ᠂ ᠬᠤᠯᠪᠤᠨᠨᠳᠠᠯ ᠪᠥᠬᠦᠶ ᠨᠡᠮᠡᠯᠬᠡ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠲᠤ ᠨᠠᠮ ᠪᠠ ᠤᠯᠤᠰ ᠤᠨ ᠬᠠᠯᠠᠮᠵᠢᠯᠠᠨ ᠴᠢᠬᠤᠯᠠᠴᠢᠯᠠᠵᠦ ᠪᠠᠶᠢᠭ᠎ᠠ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠢ ᠬᠠᠶᠢᠷᠠᠯᠠᠨ ᠬᠠᠯᠠᠮᠵᠢᠯᠠᠬᠤ ᠪᠠᠨ ᠴᠢᠬᠤᠯᠠᠴᠢᠯᠠᠨ᠂ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠦᠷᠳᠡᠬᠡᠨ ᠤ ᠠᠵᠢᠯ ᠤᠨ ᠣᠷᠴᠢᠨ ᠢ ᠭᠦᠴᠦᠯᠡᠨ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ᠂ ᠦᠷ᠎ᠡ ᠪᠦᠲᠦᠭᠡᠯ ᠤᠨ ᠱᠠᠩᠨᠠᠯ᠂ ᠥᠭᠦᠯᠡᠯ ᠤᠨ ᠨᠡᠮᠡᠯᠬᠡ ᠵᠡᠷᠭᠡ ᠲᠠᠯ᠎ᠠ ᠪᠠᠷ ᠳᠡᠮᠵᠢᠯᠭᠡ ᠦᠵᠡᠬᠦᠯᠬᠦ ᠶᠢᠨ ᠬᠠᠮᠳᠤ᠂ ᠮᠡᠷᠭᠡᠵᠢᠯ ᠤᠨ ᠴᠣᠯᠠ ᠲᠡᠪᠰᠢᠬᠦᠯᠬᠦ ᠬᠢᠬᠡᠳ ᠤᠷᠢᠵᠤ ᠲᠣᠮᠢᠯᠠᠬᠤ ᠵᠡᠷᠭᠡ ᠲᠠᠯ᠎ᠠ ᠪᠠᠷ ᠢᠯᠡᠬᠦᠬᠡᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠡᠮᠦᠨ᠎ᠡ ᠹᠷᠣᠨᠲ ᠲᠤ ᠤᠷᠲᠤ ᠬᠤᠭᠤᠴᠠᠭ᠎ᠠ ᠪᠠᠷ ᠠᠵᠢᠯᠯᠠᠵᠤ ᠪᠠᠶᠢᠭ᠎ᠠ ᠪᠤᠶᠤ ᠲᠤᠪᠤᠶᠢᠮ᠎ᠠ ᠢᠯᠡᠷᠡᠯ ᠲᠠᠢ ᠰᠢᠯᠢᠳᠡᠭ ᠬᠥᠮᠦᠰ ᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠵᠤ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠳ ᠤᠨ ᠢᠷᠠᠭᠤ ᠠᠯᠳᠠᠷᠲᠤ ᠰᠡᠳᠬᠢᠯᠭᠡ᠂ ᠬᠠᠷᠢᠶᠠᠯᠬᠠᠳᠠᠨ ᠤᠷᠤᠰᠢᠬᠤ ᠰᠡᠳᠬᠢᠯᠭᠡ ᠪᠠ ᠠᠮᠵᠢᠯᠲᠠ ᠪᠦᠳᠦᠮᠵᠢᠳᠦ ᠰᠡᠳᠬᠢᠯᠬᠡ ᠶᠢ ᠨᠢ ᠨᠡᠮᠡᠭᠳᠡᠭᠦᠯᠬᠦ ᠬᠡᠷᠡᠭᠲᠡᠢ᠃
ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ
︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠠᠵᠢᠯ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠤᠷᠤᠭᠤᠯᠤᠨ᠂ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠵᠣᠬᠢᠶᠠᠨ ᠪᠠᠶᠢᠭᠤᠯᠬᠤ᠂ ᠣᠷᠣᠨ ᠲᠤᠭ᠎ᠠ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠨᠢᠭᠲᠠ ᠬᠠᠮᠵᠢᠯᠴᠠᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢᠲᠠᠨ ᠪᠠ ᠲᠤᠰᠬᠠᠶ ᠮᠡᠷᠭᠡᠵᠢᠯ ᠤᠨ ᠡᠩᠨᠡᠭᠡᠨ ᠤ ᠬᠥᠭᠵᠢᠯᠲᠡ ᠶᠢ ᠭᠦᠯᠢᠶᠡᠰᠦᠯᠡᠵᠦ ᠪᠠᠶᠢᠭ᠎ᠠ ᠪᠣᠭᠤᠮᠢ ᠠᠰᠠᠭᠤᠳᠠᠯ ᠢ ᠬᠠᠮᠲᠤ ᠪᠠᠷ ᠰᠤᠳᠤᠯᠤᠨ ᠰᠶᠢᠳᠪᠦᠷᠢᠯᠡᠵᠦ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠡᠯ᠎ᠡ ᠵᠦᠢᠯ ᠤᠨ ᠠᠵᠢᠯ ᠢ ᠬᠠᠮᠵᠢᠯᠴᠠᠵᠦ ᠪᠠᠶᠢᠭᠠᠳ ᠠᠬᠢᠭᠤᠯᠤᠨ ᠨᠠᠶᠢᠳᠠᠪᠤᠷᠢᠵᠢᠭᠤᠯᠤᠨ᠎ᠠ᠃
︵ᠬᠤᠶᠠᠷ︶ ᠵᠠᠷᠤᠳᠠᠯ ᠤᠷᠤᠭᠤᠯᠤᠯᠳᠠ ᠪᠠᠨ ᠨᠡᠮᠡᠭᠳᠡᠬᠦᠯᠦᠨ᠎ᠠ᠃ ᠡᠯ᠎ᠡ ᠭᠠᠵᠠᠷ ᠣᠷᠣᠨ ᠨᠢ ︽ᠡᠮᠴᠢᠯᠡᠭᠡ ᠡᠷᠡᠭᠦᠯ ᠬᠠᠮᠠᠭᠠᠯᠠᠯ ᠤᠨ ᠭᠦᠷᠢᠶᠡᠨ ᠳᠠᠬᠢ ᠲᠥᠪ ᠬᠢᠬᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ 67 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯ ᠳᠠᠬᠢ ᠵᠠᠷᠤᠳᠠᠯ ᠤᠷᠤᠭᠤᠯᠤᠯᠳᠠ ᠶᠢᠨ ᠲᠠᠯ᠎ᠠ ᠪᠠᠷ ᠬᠢ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠷᠡᠭᠦᠯ ᠢ ᠬᠠᠮᠠᠭᠠᠯᠠᠵᠦ ᠬᠢᠵᠢᠭ ᠢ ᠰᠡᠷᠭᠡᠶᠢᠯᠡᠬᠦ ᠨᠡᠮᠡᠯᠬᠡ ᠪᠠ ᠲᠦᠷ ᠴᠠᠭ ᠤᠨ ᠴᠢᠨᠠᠷᠲᠠᠶ ᠠᠵᠢᠯ ᠤᠨ ᠨᠦᠭᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠤᠨ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠠᠵᠢᠯᠳᠠᠨ ᠳᠤ ᠤᠯᠭᠤᠬᠤ ᠤᠯᠭᠤᠮᠵᠢ ᠶᠢᠨ ᠲᠦᠪᠰᠢᠨ ᠢ ᠨᠢ ᠲᠡᠬᠡᠭᠰᠢᠯᠡᠬᠦᠯᠦᠨ᠎ᠠ᠃
︵ᠭᠤᠷᠪᠠ︶ ᠰᠢᠮᠳᠠᠭᠤᠯᠤᠨ ᠵᠢᠯᠣᠭᠤᠳᠬᠤ ᠪᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ ᠲᠤᠰ ᠰᠠᠨᠠᠯ ᠤᠨ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ ᠤ ᠪᠤᠳᠠᠳᠠᠢ ᠲᠠᠢ ᠪᠠᠨ ᠤᠶᠠᠯᠳᠤᠭᠤᠯᠤᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢᠨ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠳᠠᠭᠠᠤ ᠳᠤ ᠳᠠᠷᠦ᠋ᠢᠬᠠᠨ ᠵᠣᠬᠢᠶᠠᠨ ᠪᠠᠶᠢᠭᠤᠯᠵᠦ ᠬᠡᠷᠡᠭᠵᠢᠬᠦᠯᠬᠦ ᠶᠢᠨ ᠬᠠᠮᠳᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠲᠠᠷᠤᠬᠤ ᠠᠵᠢᠯ ᠪᠠ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠬᠠᠷᠠᠯᠳᠠ ᠲᠠᠢ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠰᠢᠯᠭᠠᠨ ᠬᠢᠨᠠᠬᠤ ᠠᠢ ᠳᠤ ᠤᠷᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠡᠯ᠎ᠡ ᠭᠠᠵᠠᠷ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠲᠠᠷᠤᠬᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠵᠢᠯᠣᠭᠤᠳᠴᠤ᠂ ᠬᠢᠨᠠᠯᠲᠠ ᠲᠠᠯᠪᠢᠬᠤ ᠪᠠ ᠰᠢᠯᠭᠠᠨ ᠬᠢᠨᠠᠨ᠎ᠠ᠃
ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠤᠨ
ᠬᠢᠨᠠᠨ ᠰᠢᠨᠵᠢᠬᠦ ᠥᠷᠲᠡᠭᠡ ᠶᠢ ᠪᠥᠲᠥᠭᠡᠨ ᠪᠠᠶᠢᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶
2020 ᠣᠨ ᠤ 8 ᠳ᠋ᠤᠭᠠᠷ ᠰᠠᠷ᠎ᠠ ᠶᠢᠨ 6 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠲᠠᠭᠠᠯᠳᠤᠭᠤᠯᠤᠯ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ
ᠬᠢᠵᠢᠭ ᠤᠨ ᠬᠢᠨᠠᠨ ᠰᠢᠨᠵᠢᠬᠦ ᠥᠷᠲᠡᠭᠡ ᠶᠢ ᠪᠦᠳᠦᠬᠡᠨ ᠪᠠᠶᠢᠭᠤᠯᠬᠤ ᠪᠠᠷᠢᠮᠵᠢᠶ᠎ᠠ
︵ᠲᠤᠷᠰᠢᠨ ᠬᠡᠷᠡᠭᠵᠢᠭᠦᠯᠦᠨ᠎ᠡ︶
ᠪᠦᠬᠦ ᠣᠷᠣᠨ ᠤ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠠᠵᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠭᠠᠳᠠᠭ᠎ᠠ ᠬᠢᠨᠠᠨ ᠰᠢᠨᠵᠢᠬᠦ ᠨᠥᠬᠦᠴᠡᠯ ᠢ ᠰᠠᠶᠢᠵᠢᠷᠠᠭᠤᠯᠤᠨ᠂ ᠬᠤᠯᠤᠭᠠᠨ᠎ᠠ ᠶᠢᠨ ᠬᠢᠵᠢᠭ ᠤᠨ ᠬᠢᠨᠠᠨ ᠰᠢᠨᠵᠢᠬᠦ ᠴᠢᠳᠠᠪᠤᠷᠢ ᠪᠠ ᠲᠦᠪᠰᠢᠨ ᠢ ᠲᠡᠬᠡᠭᠰᠢᠯᠡᠬᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠤᠨ᠂ ᠲᠣᠰ ᠪᠠᠷᠢᠮᠵᠢᠶ᠎ᠠ ᠶᠢ ᠲᠣᠭᠲᠠᠭᠠᠪᠠ᠃
ᠨᠢᠭᠡ᠂ ᠭᠠᠵᠠᠷ ᠰᠣᠩᠭᠤᠬᠤ ᠱᠠᠭᠠᠷᠳᠠᠯᠭ᠎ᠠ
︵ᠨᠢᠭᠡ︶ ᠥᠷᠲᠡᠭᠡ ᠪᠠᠶᠢᠭᠤᠯᠬᠤ ᠪᠠᠷ ᠭᠠᠵᠠᠷ ᠰᠣᠩᠭᠤᠬᠤ ᠳᠤ ᠪᠠᠨ ᠠᠮᠢᠳᠤ ᠪᠣᠳᠠᠰ ᠤᠨ ᠠᠮᠤᠷ ᠲᠦᠪᠰᠢᠨ ᠤ ᠬᠡᠷᠡᠭᠴᠡᠭᠡ ᠶᠢ ᠬᠠᠩᠭᠠᠬᠤ ᠬᠡᠷᠡᠭᠲᠡᠶ᠃ ᠲᠤᠷᠰᠢᠯᠲᠠ ᠶᠢᠨ ᠲᠠᠰᠤᠭ ᠤᠨ ᠡᠷᠭᠢᠨ ᠲᠣᠭᠤᠷᠢᠨ ᠳᠤ ᠰᠠᠭᠤᠭᠠᠯᠢ ᠠᠷᠠᠳ ᠤᠨ ᠲᠣᠭᠤᠷᠢᠭ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠣᠭᠤᠷᠢᠭ᠂ ᠬᠠᠭᠠᠯᠪᠤᠷᠢᠯᠠᠵᠦ ᠲᠠᠷᠢᠶᠠᠯᠠᠬᠤ ᠭᠠᠵᠠᠷ ᠵᠡᠷᠭᠡ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠵᠢᠯᠯᠠᠭ᠎ᠠ ᠲᠥᠪᠯᠡᠷᠡᠭᠰᠡᠨ ᠣᠷᠣᠨ ᠢ ᠴᠢᠳᠠᠬᠤ ᠶᠢᠨ ᠲᠤᠳᠤᠷ᠎ᠠ ᠲᠥᠯᠥᠪᠵᠢᠭᠦᠯᠦᠨ ᠪᠠᠶᠢᠭᠤᠯᠬᠤ ᠦᠬᠡᠢ ᠪᠠᠶᠢᠬᠤ ᠬᠡᠷᠡᠭᠳᠡᠢ᠃
︵ᠬᠤᠶᠠᠷ︶ ᠥᠷᠲᠡᠭᠡ ᠪᠠᠶᠢᠭᠤᠯᠬᠤ ᠭᠠᠵᠠᠷ ᠢ ᠬᠠᠮᠤᠭ ᠤᠨ ᠰᠠᠶᠢᠨ ᠳᠤ ᠪᠠᠨ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠣᠷᠣᠨ ᠤ ᠳᠣᠲᠣᠷ᠎ᠠ ᠪᠠᠶᠢᠯᠭᠠᠬᠤ ᠨᠢ ᠬᠠᠮᠤᠭ ᠠᠴᠠ ᠲᠤᠬᠢᠷᠠᠮᠵᠢᠳᠠᠢ ᠪᠠᠶᠢᠵᠦ᠂ ᠬᠢᠨᠠᠨ ᠰᠢᠨᠵᠢᠬᠦ ᠠᠵᠢᠯ ᠤᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠳᠤ ᠳᠥᠭᠦᠮ ᠪᠤᠯᠭᠠᠬᠤ ᠬᠡᠷᠡᠭᠲᠡᠶ᠃ ᠬᠡᠷᠪᠡ ᠬᠢᠨᠠᠨ ᠰᠢᠨᠵᠢᠬᠦ ᠣᠷᠣᠨ ᠪᠦᠰᠡ ᠶᠢᠨ ᠳᠣᠲᠣᠷ᠎ᠠ ᠥᠷᠲᠡᠭᠡ ᠪᠠᠶᠢᠭᠤᠯᠬᠤ ᠳᠤ ᠠᠵᠢᠯ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠠᠷᠭ᠎ᠠ ᠦᠭᠡᠶ ᠪᠣᠯ ᠥᠷᠲᠡᠭᠡ ᠪᠠᠶᠢᠭᠤᠯᠵᠦ ᠭᠠᠵᠠᠷ ᠰᠣᠩᠭᠤᠬᠤ ᠳᠤ ᠪᠠᠨ ᠬᠢᠨᠠᠨ ᠰᠢᠨᠵᠢᠬᠦ ᠠᠵᠢᠯ ᠤᠨ ᠣᠷᠣᠨ ᠪᠦᠰᠡ ᠳᠤ ᠠᠯᠢ ᠪᠣᠯᠬᠤ ᠪᠠᠷ ᠣᠶᠢᠷᠠᠲᠤᠭᠤᠯᠬᠤ ᠬᠡᠷᠡᠭᠲᠡᠶ᠃
︵ᠭᠤᠷᠪᠠ︶ ᠥᠷᠲᠡᠭᠡ ᠪᠠᠶᠢᠭᠤᠯᠬᠤ ᠪᠠᠷ ᠭᠠᠵᠠᠷ ᠰᠣᠩᠭᠤᠬᠤ ᠳᠤ ᠪᠠᠨ ᠠᠵᠢᠯ ᠠᠮᠢᠳᠤᠷᠠᠯ ᠤᠨ ᠲᠠᠯ᠎ᠠ ᠪᠠᠷ ᠨᠠᠶᠢᠳᠠᠪᠤᠷᠢᠲᠠᠶ ᠠᠷᠤ ᠲᠠᠯ᠎ᠠ ᠶᠢᠨ ᠦᠢᠯᠡᠴᠢᠯᠡᠬᠡᠨ ᠤ ᠪᠠᠲᠤᠯᠠᠭ᠎ᠠ ᠪᠠ ᠠᠮᠤᠷ ᠲᠦᠪᠰᠢᠨ ᠤ ᠪᠠᠲᠤᠯᠠᠭ᠎ᠠ ᠬᠠᠩᠭᠠᠵᠦ᠂ ᠵᠠᠮ ᠬᠠᠷᠢᠯᠴᠠᠭ᠎ᠠ ᠪᠠ ᠴᠢᠮᠡᠭᠡ ᠨᠡᠪᠲᠡᠷᠡᠯᠭᠡ ᠶᠢᠨ ᠪᠠᠲᠤᠯᠠᠭ᠎ᠠ ᠶᠢᠨ ᠨᠥᠬᠦᠴᠡᠯ ᠢ ᠪᠦᠷᠢᠯᠳᠦᠬᠦᠯᠬᠦ ᠬᠡᠷᠡᠭᠳᠡᠢ᠂ ᠵᠢᠱᠢᠶᠡᠯᠡᠪᠡᠯ ᠴᠠᠬᠢᠯᠭᠠᠨ ︵220v︶ ᠨᠡᠪᠲᠡᠷᠡᠭᠦᠯᠬᠦ᠂ ᠤᠰᠤ ᠨᠡᠪᠲᠡᠷᠡᠭᠦᠯᠬᠦ᠂ ᠰᠦᠯᠵᠢᠶ᠎ᠡ ᠨᠡᠪᠲᠡᠷᠡᠭᠦᠯᠬᠦ ᠵᠡᠷᠭᠡ᠃
︵ᠲᠦᠷᠪᠡ︶ ᠪᠦᠬᠦ᠋ᠢᠯᠡ ᠬᠢᠨᠠᠨ ᠰᠢᠨᠵᠢᠬᠦ ᠥᠷᠲᠡᠭᠡ ᠳᠤ ᠰᠡᠷᠭᠡᠶᠢᠯᠡᠨ ᠬᠠᠮᠠᠭᠠᠯᠠᠬᠤ ᠬᠦᠷᠢᠶ᠎ᠡ ᠬᠠᠰᠢᠶ᠎ᠠ ᠪᠠᠶᠢᠭᠤᠯᠵᠦ ᠲᠡᠭᠦᠨ ᠢ ᠭᠠᠳᠠᠷ ᠤᠷᠴᠢᠨ ᠠᠴᠠ ᠲᠤᠰᠠᠭᠠᠷᠯᠠᠬᠤ ᠬᠡᠷᠡᠭᠲᠡᠶ᠃
ᠬᠤᠶᠠᠷ᠂ ᠰᠠᠭᠤᠷᠢ ᠪᠡᠯᠡᠳᠬᠡᠮᠵᠢ
︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠃
1. ᠠᠶᠢᠮᠠᠭ ᠬᠤᠲᠠ ᠶᠢᠨ ᠱᠠᠲᠤᠨ ᠤ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠬᠤ ᠲᠠᠯᠠᠪᠠᠶ ᠶᠢ 650 m² ᠠᠴᠠ ᠪᠠᠭ᠎ᠠ ᠪᠠᠶᠢᠯᠭᠠᠵᠦ ᠪᠣᠯᠬᠤ ᠦᠭᠡᠶ᠃
2. ᠪᠠᠶᠢᠷᠢ᠄ 30 ᠭᠠᠷᠤᠢ ᠭᠦᠮᠦᠨ ᠤ ᠬᠤᠨᠣᠭᠯᠠᠬᠤ ᠶᠢ ᠬᠠᠩᠭᠠᠬᠤ᠂ ᠠᠷᠢᠭᠤᠨ ᠴᠡᠪᠡᠷ ᠤᠨ ᠲᠠᠰᠤᠯᠭ᠎ᠠ᠂ ᠰᠦᠷᠴᠢᠮᠡᠯ ᠤᠬᠢᠶᠠᠯᠭ᠎ᠠ ᠶᠢᠨ ᠪᠡᠯᠡᠳᠬᠡᠮᠵᠢ ᠵᠡᠷᠭᠡ ᠠᠮᠢᠳᠤᠷᠠᠯ ᠤᠨ ᠦᠨᠳᠦᠰᠦᠨ ᠪᠡᠯᠡᠳᠬᠡᠮᠵᠢ ᠶᠢ ᠪᠦᠷᠢᠯᠳᠦᠬᠦᠯᠬᠦ ᠬᠡᠷᠡᠭᠳᠡᠢ᠃
3. ᠲᠣᠭᠤᠭᠠᠨ ᠭᠡᠷ᠂ ᠬᠤᠭᠤᠯᠠᠯᠠᠬᠤ ᠲᠢᠩᠬᠢᠮ᠄ 40 m² ᠠᠴᠠ ᠶᠡᠭᠡ ᠪᠠᠶᠢᠭᠤᠯᠵᠤ᠂ 50 ᠬᠥᠮᠦᠨ ᠬᠠᠮᠲᠤ ᠬᠤᠭᠤᠯᠠᠯᠠᠬᠤ ᠨᠥᠬᠦᠴᠡᠯ ᠢ ᠪᠦᠷᠢᠯᠳᠦᠬᠦᠯᠬᠦ ᠬᠡᠷᠡᠭᠳᠡᠢ᠃
4. ᠠᠯᠪᠠᠯᠠᠬᠤ ᠲᠤᠭᠤᠷᠢᠭ᠄ ᠨᠠᠭᠠᠳᠤ ᠵᠠᠬ᠎ᠠ ᠳᠤ ᠪᠠᠨ 30 m² ᠠᠴᠠ ᠶᠡᠭᠡ ᠪᠠᠶᠢᠯᠭᠠᠵᠦ᠂ 6 ᠬᠥᠮᠦᠨ ᠠᠯᠪᠠᠯᠠᠬᠤ ᠨᠦᠭᠦᠴᠡᠯ ᠢ ᠪᠦᠷᠢᠯᠳᠦᠬᠦᠯᠦᠨ᠂ ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠲᠠᠢ ᠪᠠᠶᠢᠯᠭᠠᠬᠤ ᠬᠡᠷᠡᠭᠳᠡᠢ᠃
5. ᠬᠤᠷᠠᠯ ᠤᠨ ᠭᠡᠷ᠄ 100 m² ᠠᠴᠠ ᠳᠡᠭᠡᠭᠰᠢ ᠪᠦᠲᠦᠭᠡᠨ ᠪᠠᠶᠢᠭᠤᠯᠵᠤ᠂ ᠨᠠᠭᠠᠳᠤ ᠵᠠᠬ᠎ᠠ ᠳᠤ ᠪᠠᠨ 50 ᠬᠥᠮᠦᠨ ᠬᠤᠷᠠᠯᠳᠤᠬᠤ ᠨᠦᠭᠦᠴᠡᠯ ᠢ ᠬᠠᠩᠭᠠᠵᠦ᠂ ᠬᠠᠮ ᠵᠠᠭᠤᠴᠢᠯᠠᠭᠤᠷ ᠲᠠᠢ ᠪᠠᠶᠢᠯᠭᠠᠬᠤ ᠵᠡᠷᠭᠡ ᠨᠥᠬᠦᠴᠡᠯ ᠢ ᠪᠦᠷᠢᠯᠳᠦᠬᠦᠯᠬᠦ ᠬᠡᠷᠡᠭᠳᠡᠢ᠃
6. ᠡᠳ᠋ ᠪᠠᠷᠠᠭ᠎ᠠ ᠨᠥᠭᠡᠴᠡᠯᠡᠬᠦ ᠲᠠᠰᠤᠭ᠄ ᠨᠠᠭᠠᠳᠤ ᠵᠠᠬ᠎ᠠ ᠳᠤ ᠪᠠᠨ 30 m² ᠪᠠᠶᠢᠯᠭᠠᠵᠦ᠂ ᠬᠤᠯᠤᠭᠠᠨ᠎ᠠ ᠶᠢᠨ ᠬᠠᠪᠬ᠎ᠠ᠂ ᠬᠤᠯᠤᠭᠠᠨ᠎ᠠ ᠶᠢᠨ ᠡᠮ ᠵᠡᠷᠭᠡ ᠡᠳ᠋ ᠪᠠᠷᠠᠭ᠎ᠠ ᠶᠢ ᠬᠠᠳᠠᠭᠠᠯᠠᠨ᠎ᠠ᠃
7. ᠪᠣᠬᠢᠷ ᠤᠰᠤ ᠶᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ ᠣᠶᠢᠷᠠᠯᠴᠠᠭ᠎ᠠ ᠭᠠᠵᠠᠷ ᠲᠤ ᠪᠤᠬᠢᠷᠳᠤᠯ ᠭᠠᠳ᠋ᠬᠠᠰᠢᠯᠠᠭᠤᠯᠬᠤ ᠲᠤᠰᠬᠠᠶ ᠨᠡᠪᠴᠢᠯ ᠬᠤᠳᠳᠤᠭ ᠭᠠᠷᠭᠠᠵᠦ᠂ ᠲᠤᠷᠰᠢᠯᠲᠠ ᠶᠢᠨ ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠭᠠᠳ᠋ᠬᠠᠰᠢᠯᠠᠭᠤᠯᠵᠦ ᠪᠤᠯᠬᠤ ᠪᠤᠯᠭᠠᠨ᠎ᠠ᠂ ᠲᠡᠳᠡᠬᠡᠷ ᠤᠰᠤ ᠶᠢ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠭᠤᠤᠷᠰᠤ ᠪᠠᠷ ᠤᠷᠤᠰᠬᠠᠵᠦ ᠪᠣᠯᠬᠤ ᠦᠭᠡᠢ᠃
8. ᠬᠤᠭ ᠨᠣᠪᠰᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ᠂ ᠰᠢᠲᠠᠭᠠᠬᠤ ᠨᠦᠭᠡ᠂ ᠪᠤᠯᠠᠬᠤ ᠨᠦᠬᠡ ᠶᠢ ᠰᠤᠩᠭᠤᠨ ᠪᠠᠶᠢᠭᠤᠯᠬᠤ ᠬᠡᠷᠡᠭᠳᠡᠢ᠃
9. ᠲᠤᠷᠰᠢᠯᠲᠠ ᠶᠢᠨ ᠲᠠᠰᠤᠭ᠄ 200 m² ᠠᠴᠠ ᠪᠠᠭ᠎ᠠ ᠪᠠᠶᠢᠯᠭᠠᠵᠦ ᠪᠣᠯᠬᠤ ᠥᠬᠡᠶ᠂ ᠠᠮᠢᠳᠤ ᠪᠣᠳᠠᠰ ᠤᠨ ᠠᠮᠤᠷ ᠲᠦᠪᠰᠢᠨ ᠤ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ ᠭᠠᠷᠭᠠᠨ᠎ᠠ᠂ ᠡᠭᠦᠨ ᠳᠤ ᠨᠣᠬᠠᠶ ᠶᠢᠨ ᠪᠥᠭᠡᠰᠦ ᠲᠡᠭᠦᠬᠦ ᠲᠠᠰᠤᠭ᠂ ᠪᠠᠺᠲ᠋ᠧᠷᠢ ᠦᠷᠡᠵᠢᠬᠦᠯᠬᠦ ᠲᠠᠰᠤᠭ᠂ ᠴᠢᠰᠤᠨ ᠴᠡᠶᠢᠪᠠᠨᠭ᠌ ᠤᠨ ᠲᠠᠰᠤᠭ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠳᠠ ᠶᠢᠨ ᠲᠠᠰᠤᠭ᠂ ᠡᠩ ᠤᠨ ᠲᠤᠷᠰᠢᠯᠲᠠ ᠶᠢᠨ ᠲᠠᠰᠤᠭ᠂ ᠪᠠᠺᠲ᠋ᠧᠷᠢ ᠶᠢ ᠥᠨᠳᠥᠷ ᠲᠠᠷᠤᠯᠳᠠ ᠪᠠᠷ ᠤᠰᠠᠳᠬᠠᠬᠤ ᠲᠠᠰᠤᠭ᠂ ᠬᠡᠪ ᠵᠠᠭᠪᠤᠷ ᠤᠨ ᠲᠠᠰᠤᠭ ᠵᠡᠷᠭᠡ ᠶᠢ ᠪᠠᠭᠳᠠᠭᠠᠬᠤ ᠬᠡᠷᠡᠭᠳᠡᠢ᠃ ᠲᠤᠷᠰᠢᠯᠲᠠ ᠶᠢᠨ ᠲᠠᠰᠤᠭ ᠤᠨ ᠳᠣᠲᠣᠭᠠᠳᠤ ᠪᠦᠲᠦᠴᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ︽ᠲᠤᠷᠰᠢᠯᠳᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ ᠬᠡᠷᠡᠭᠯᠡᠬᠦ ᠱᠠᠭᠠᠷᠳᠠᠯᠭ᠎ᠠ︾ ︵GB19489 — 2008︶ ᠶᠢᠨ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃
︵ᠬᠤᠶᠠᠷ︶ ᠬᠡᠭᠡᠷ᠎ᠡ ᠭᠠᠳᠠᠭ᠎ᠠ ᠬᠢᠨᠠᠨ ᠰᠢᠨᠵᠢᠬᠦ ᠥᠷᠲᠡᠭᠡ᠃
1. ᠬᠤᠯᠤᠭᠠᠨ᠎ᠠ ᠶᠢᠨ ᠬᠢᠵᠢᠭ ᠢ ᠬᠡᠭᠡᠷ᠎ᠡ ᠭᠠᠳᠠᠭ᠎ᠠ ᠬᠢᠨᠠᠨ ᠰᠢᠨᠵᠢᠬᠦ ᠥᠷᠲᠡᠭᠡ ᠶᠢ ᠪᠠᠶᠢᠭᠤᠯᠬᠤ ᠳᠤ ᠲᠠᠯᠠᠪᠠᠶ ᠶᠢ ᠨᠢ 350 m² ᠠᠴᠠ ᠪᠠᠭ᠎ᠠ ᠪᠠᠶᠢᠯᠭᠠᠵᠤ ᠪᠣᠯᠬᠤ ᠦᠭᠡᠶ᠃
2. ᠪᠠᠶᠢᠷᠢ᠄ 10 ᠭᠠᠷᠤᠢ ᠭᠦᠮᠦᠨ ᠤ ᠬᠤᠨᠣᠭᠯᠠᠬᠤ ᠶᠢ ᠬᠠᠩᠭᠠᠵᠤ᠂ ᠠᠷᠢᠭᠤᠨ ᠴᠡᠪᠡᠷ ᠤᠨ ᠲᠠᠰᠤᠯᠭ᠎ᠠ᠂ ᠰᠦᠷᠴᠢᠮᠡᠯ ᠤᠬᠢᠶᠠᠯᠭ᠎ᠠ ᠶᠢᠨ ᠪᠡᠯᠡᠳᠬᠡᠮᠵᠢ ᠵᠡᠷᠭᠡ ᠠᠮᠢᠳᠤᠷᠠᠯ ᠤᠨ ᠦᠨᠳᠦᠰᠦᠨ ᠪᠡᠯᠡᠳᠬᠡᠮᠵᠢ ᠶᠢ ᠪᠦᠷᠢᠯᠳᠦᠬᠦᠯᠬᠦ ᠬᠡᠷᠡᠭᠳᠡᠢ᠃
3. ᠲᠣᠭᠤᠭᠠᠨ ᠭᠡᠷ᠂ ᠬᠤᠭᠤᠯᠠᠯᠠᠬᠤ ᠲᠢᠩᠬᠢᠮ᠄ 20 m² ᠠᠴᠠ ᠶᠡᠭᠡ ᠪᠦᠲᠦᠭᠡᠨ ᠪᠠᠶᠢᠭᠤᠯᠵᠤ᠂ 10 ᠬᠥᠮᠦᠨ ᠬᠠᠮᠲᠤ ᠬᠤᠭᠤᠯᠠᠯᠠᠬᠤ ᠨᠥᠬᠦᠴᠡᠯ ᠢ ᠪᠦᠷᠢᠯᠳᠦᠬᠦᠯᠬᠦ ᠬᠡᠷᠡᠭᠳᠡᠢ᠃
4. ᠠᠯᠪᠠᠯᠠᠬᠤ ᠲᠤᠭᠤᠷᠢᠭ᠄ ᠨᠠᠭᠠᠳᠤ ᠵᠠᠬ᠎ᠠ ᠳᠤ ᠪᠠᠨ 30 m² ᠠᠴᠠ ᠶᠡᠭᠡ ᠪᠠᠶᠢᠯᠭᠠᠵᠤ᠂ 6 ᠬᠥᠮᠦᠨ ᠠᠯᠪᠠᠯᠠᠬᠤ ᠨᠦᠭᠦᠴᠡᠯ ᠢ ᠪᠦᠷᠢᠯᠳᠦᠬᠦᠯᠦᠨ᠂ ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠲᠠᠢ ᠪᠠᠶᠢᠯᠭᠠᠬᠤ ᠬᠡᠷᠡᠭᠳᠡᠢ᠃
5. ᠡᠳ᠋ ᠪᠠᠷᠠᠭ᠎ᠠ ᠨᠥᠭᠡᠴᠡᠯᠡᠬᠦ ᠲᠠᠰᠤᠭ᠄ ᠨᠠᠭᠠᠳᠤ ᠵᠠᠬ᠎ᠠ ᠳᠤ ᠪᠠᠨ 30 m² ᠪᠠᠶᠢᠯᠭᠠᠵᠤ᠂ ᠬᠤᠯᠤᠭᠠᠨ᠎ᠠ ᠶᠢᠨ ᠬᠠᠪᠬ᠎ᠠ᠂ ᠬᠤᠯᠤᠭᠠᠨ᠎ᠠ ᠶᠢᠨ ᠡᠮ ᠵᠡᠷᠭᠡ ᠡᠳ᠋ ᠪᠠᠷᠠᠭ᠎ᠠ ᠶᠢ ᠬᠠᠳᠠᠭᠠᠯᠠᠨ᠎ᠠ᠃
6. ᠪᠣᠬᠢᠷ ᠤᠰᠤ ᠶᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ ᠣᠶᠢᠷᠠᠯᠴᠠᠭ᠎ᠠ ᠭᠠᠵᠠᠷ ᠲᠤ ᠪᠤᠬᠢᠷᠳᠤᠯ ᠭᠠᠳ᠋ᠬᠠᠰᠢᠯᠠᠭᠤᠯᠬᠤ ᠲᠤᠰᠬᠠᠶ ᠨᠡᠪᠴᠢᠯ ᠬᠤᠳᠳᠤᠭ ᠭᠠᠷᠭᠠᠵᠦ᠂ ᠲᠤᠷᠰᠢᠯᠲᠠ ᠶᠢᠨ ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠭᠠᠳ᠋ᠬᠠᠰᠢᠯᠠᠭᠤᠯᠵᠦ ᠪᠤᠯᠬᠤ ᠪᠤᠯᠭᠠᠨ᠎ᠠ᠂ ᠲᠡᠳᠡᠬᠡᠷ ᠤᠰᠤ ᠶᠢ ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠭᠤᠤᠷᠰᠤ ᠪᠠᠷ ᠤᠷᠤᠰᠬᠠᠵᠦ ᠪᠣᠯᠬᠤ ᠦᠭᠡᠢ᠃
7. ᠬᠤᠭ ᠨᠣᠪᠰᠢ ᠰᠶᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ᠂ ᠰᠢᠲᠠᠭᠠᠬᠤ ᠨᠦᠭᠡ᠂ ᠪᠤᠯᠠᠬᠤ ᠨᠦᠬᠡ ᠶᠢ ᠰᠤᠩᠭᠤᠨ ᠪᠠᠶᠢᠭᠤᠯᠬᠤ ᠬᠡᠷᠡᠭᠳᠡᠢ᠃
8. ᠲᠤᠷᠰᠢᠯᠲᠠ ᠶᠢᠨ ᠲᠠᠰᠤᠭ᠄ 150 m² ᠠᠴᠠ ᠪᠠᠭ᠎ᠠ ᠪᠠᠶᠢᠯᠭᠠᠵᠦ ᠪᠣᠯᠬᠤ ᠥᠬᠡᠶ᠂ ᠠᠮᠢᠳᠤ ᠪᠣᠳᠠᠰ ᠤᠨ ᠠᠮᠤᠷ ᠲᠦᠪᠰᠢᠨ ᠤ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ ᠭᠠᠷᠭᠠᠨ᠎ᠠ᠂ ᠡᠭᠦᠨ ᠳᠤ ᠨᠣᠬᠠᠶ ᠶᠢᠨ ᠪᠥᠭᠡᠰᠦ ᠲᠡᠭᠦᠬᠦ ᠲᠠᠰᠤᠭ᠂ ᠪᠠᠺᠲ᠋ᠧᠷᠢ ᠦᠷᠡᠵᠢᠬᠦᠯᠬᠦ ᠲᠠᠰᠤᠭ᠂ ᠴᠢᠰᠤᠨ ᠴᠡᠶᠢᠪᠠᠨᠭ᠌ ᠤᠨ ᠲᠠᠰᠤᠭ᠂ ᠡᠩ ᠤᠨ ᠲᠤᠷᠰᠢᠯᠲᠠ ᠶᠢᠨ ᠲᠠᠰᠤᠭ᠂ ᠪᠠᠺᠲ᠋ᠧᠷᠢ ᠶᠢ ᠥᠨᠳᠥᠷ ᠲᠠᠷᠤᠯᠳᠠ ᠪᠠᠷ ᠤᠰᠠᠳᠬᠠᠬᠤ ᠲᠠᠰᠤᠭ ᠵᠡᠷᠭᠡ ᠶᠢ ᠪᠠᠭᠳᠠᠭᠠᠬᠤ ᠬᠡᠷᠡᠭᠳᠡᠢ᠃ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ ᠬᠠᠷᠢᠶᠠᠳᠤ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠨᠨᠯᠠᠬᠤ ᠲᠥᠪ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠲᠠᠢ ᠨᠢᠬᠡᠳᠦᠯᠳᠡᠢ ᠲᠦᠯᠦᠪᠵᠢᠬᠦᠯᠦᠨ ᠬᠡᠷᠡᠭᠯᠡᠨ᠎ᠠ᠃ ᠲᠤᠷᠰᠢᠯᠲᠠ ᠶᠢᠨ ᠲᠠᠰᠤᠭ ᠤᠨ ᠳᠣᠲᠣᠭᠠᠳᠤ ᠪᠦᠲᠦᠴᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ︽ᠲᠤᠷᠰᠢᠯᠳᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ ᠬᠡᠷᠡᠭᠯᠡᠬᠦ ᠱᠠᠭᠠᠷᠳᠠᠯᠭ᠎ᠠ︾ ︵GB19489 — 2008︶ ᠶᠢᠨ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃
ᠭᠤᠷᠪᠠ᠂ ᠰᠠᠭᠤᠷᠢᠨ ᠭᠠᠵᠠᠷ ᠤᠨ ᠬᠢᠨᠠᠨ ᠰᠢᠨᠵᠢᠬᠦ ᠥᠷᠲᠡᠭᠡ ᠶᠢᠨ ᠲᠣᠨᠤᠭ ᠲᠥᠬᠦᠭᠡᠷᠦᠮᠵᠢ
︵ᠨᠢᠭᠡ︶ ᠬᠢᠨᠠᠨ ᠰᠢᠨᠵᠢᠬᠦ ᠲᠣᠨᠤᠭ ᠲᠥᠬᠦᠭᠡᠷᠦᠮᠵᠢ᠄ ᠵᠢᠯᠣᠭᠤᠴᠢ ᠦᠭᠡᠢ ᠨᠢᠰᠬᠡᠯ 1᠂ ᠬᠤᠯᠤᠭᠠᠨ᠎ᠠ ᠶᠢᠨ ᠲᠥᠷᠥᠯ ᠪᠠ ᠬᠤᠯᠤᠭᠠᠨ᠎ᠠ ᠶᠢᠨ ᠨᠦᠬᠡ ᠶᠢ ᠵᠢᠯᠣᠭᠤᠴᠢ ᠥᠬᠡᠶ ᠨᠢᠰᠬᠡᠯ ᠢᠶᠠᠷ ᠠᠦ᠋ᠲ᠋ᠣ᠋ ᠢᠯᠭᠠᠨ ᠲᠠᠨᠢᠬᠤ ᠰᠢᠰᠲ᠋ᠧᠮ᠂ GPS ᠪᠠᠶᠢᠷᠢ ᠲᠣᠭᠲᠠᠭᠠᠬᠤ ᠬᠡᠮᠵᠢᠭᠦᠷᠯᠢᠭ 2᠂ ᠪᠠᠴᠢᠮ ᠪᠠᠶᠢᠳᠠᠯ ᠳᠠᠬᠢ ᠭᠡᠷᠡᠯᠲᠦᠭᠦᠯᠭᠡ ᠶᠢᠨ ᠰᠢᠰᠲ᠋ᠧᠮ 1 ᠢᠵᠢ᠂ ᠬᠤᠯᠤᠭᠠᠨ᠎ᠠ ᠶᠢᠨ ᠬᠠᠪᠬ᠎ᠠ᠃
︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ᠄ ᠤᠳᠤᠭᠤᠷ᠂ ᠬᠤᠯᠤᠭᠠᠨ᠎ᠠ ᠤᠰᠠᠳᠬᠠᠬᠤ ᠡᠮ᠂ ᠨᠤᠬᠠᠢ ᠶᠢᠨ ᠪᠦᠬᠡᠰᠦ ᠠᠷᠢᠯᠭᠠᠬᠤ ᠡᠮ᠂ ᠴᠠᠬᠢᠯᠭᠠᠨ ᠭᠠᠷᠭᠠᠭᠤᠷ᠃
︵ᠭᠤᠷᠪᠠ︶ ᠲᠡᠷᠭᠡ ᠭᠦᠰᠬᠡ᠄ ᠬᠤᠯᠤᠭᠠᠨ᠎ᠠ ᠶᠢᠨ ᠬᠢᠵᠢᠭ ᠢ ᠬᠢᠨᠠᠨ ᠰᠢᠨᠵᠢᠬᠦ ᠮᠠᠰᠢᠨ ᠲᠡᠷᠬᠡ ᠶᠢ ᠨᠠᠭᠠᠳᠤ ᠵᠠᠬ᠎ᠠ ᠳᠤ ᠪᠠᠨ 1 ᠲᠣᠬᠢᠷᠠᠭᠤᠯᠬᠤ ᠶᠢᠨ ᠬᠠᠮᠲᠤ᠂ ᠲᠡᠷᠭᠡ ᠭᠦᠰᠬᠡ ᠶᠢ ᠬᠡᠷᠡᠭᠯᠡᠵᠦ ᠡᠯᠡᠭᠡᠭᠰᠡᠨ ᠪᠠᠶᠢᠳᠠᠯ ᠢᠶᠠᠨ ᠦᠨᠳᠦᠰᠦᠯᠡᠨ ᠲᠤᠨᠨᠳᠠᠮᠠᠯ ᠬᠤᠭᠤᠴᠠᠭ᠎ᠠ ᠲᠠᠢ ᠰᠣᠯᠢᠬᠤ ᠬᠡᠷᠡᠭᠲᠡᠶ᠃
ᠳᠥᠷᠪᠡ᠂ ᠰᠠᠭᠤᠷᠢᠨ ᠭᠠᠵᠠᠷ ᠤᠨ ᠬᠢᠨᠠᠨ ᠰᠢᠨᠵᠢᠬᠦ ᠥᠷᠲᠡᠭᠡ ᠶᠢᠨ ᠲᠤᠷᠰᠢᠯᠲᠠ ᠶᠢᠨ ᠲᠥᠬᠦᠭᠡᠷᠦᠮᠵᠢ
︵ᠨᠢᠭᠡ︶ ᠪᠠᠺᠲ᠋ᠧᠷᠢ ᠦᠷᠡᠵᠢᠬᠦᠯᠬᠦ ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠮᠤᠷ ᠲᠦᠪᠰᠢᠨ ᠤ ᠠᠪᠳᠠᠷ᠎ᠠ ︵2︶᠂ ᠮᠢᠺᠷᠣᠰᠺᠣᠫ ︵2︶᠂ ᠪᠠᠺᠲ᠋ᠧᠷᠢ ᠤᠰᠠᠳᠬᠠᠬᠤ ᠳᠠᠷᠤᠯᠲᠠᠲᠤ ᠠᠭᠤᠷ ᠤᠨ ᠪᠣᠰᠤᠭ᠎ᠠ ᠬᠡᠯᠪᠡᠷᠢᠳᠤ ᠪᠠᠭᠠᠵᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠠᠺᠲ᠋ᠧᠷᠢ ᠦᠷᠡᠵᠢᠬᠦᠯᠬᠦ ᠠᠪᠳᠠᠷ᠎ᠠ᠂ ᠪᠠᠺᠲ᠋ᠧᠷᠢ ᠤᠰᠠᠳᠬᠠᠬᠤ ᠪᠤᠰᠤᠭ᠎ᠠ ᠬᠡᠯᠪᠡᠷᠢᠳᠦ ᠪᠠᠭᠠᠵᠢ᠂ ᠪᠣᠰᠤᠭ᠎ᠠ ᠬᠡᠯᠪᠡᠷᠢ ᠶᠢᠨ ᠭᠦᠯᠳᠡᠬᠡᠭᠦᠷ᠂ PCR ᠪᠦᠬᠡᠮ ᠬᠦᠴᠢᠯ ᠤᠨ ᠥᠷᠭᠡᠳᠬᠡᠯ ᠬᠡᠮᠵᠢᠭᠦᠷᠯᠢᠭ᠂ ᠳᠣᠤᠷ᠎ᠠ ᠲᠣᠭᠲᠠᠮᠠᠯ ᠲᠤᠯᠠᠭᠠᠨ ᠢᠶᠠᠷ ᠦᠷᠡᠵᠢᠬᠦᠯᠬᠦ ᠠᠪᠳᠠᠷ᠎ᠠ᠂ ᠬᠠᠭᠰᠠᠭᠠᠭᠤᠷ᠂ ᠲᠣᠭᠲᠠᠮᠠᠯ ᠳᠤᠯᠠᠠᠭᠠᠨᠲᠤ ᠬᠡᠯᠪᠡᠯᠵᠡᠬᠦᠯᠦᠭᠴᠢ᠂ ᠴᠠᠬᠢᠯᠭᠠᠨ ᠱᠤᠮᠪᠠᠯᠳᠠ ᠬᠡᠮᠵᠢᠭᠦᠷᠯᠢᠭ᠂ ᠴᠠᠬᠢᠯᠭᠠᠨ ᠱᠤᠮᠪᠠᠯᠳᠠ ᠰᠠᠪᠠ᠂ ᠪᠦᠷᠢᠨ ᠠᠦ᠋ᠲ᠋ᠣ᠋ ᠴᠠᠬᠢᠯᠭᠠᠨ ᠬᠠᠯᠠᠭᠤᠨ ᠠᠭᠤᠷ ᠤᠨ ᠪᠠᠺᠲ᠋ᠧᠷᠢ ᠤᠰᠠᠳᠬᠠᠭᠤᠷ ︵2︶᠂ ᠴᠡᠭᠡᠨ ᠬᠡᠷᠡᠯᠳᠦ ᠮᠢᠺᠷᠣᠰᠺᠣᠫ᠂ ᠠᠮᠢᠳᠤ ᠪᠣᠳᠠᠰ ᠤᠨ ᠲᠣᠩᠭᠤᠷᠠᠭᠤ ᠮᠢᠺᠷᠣᠰᠺᠣᠫ᠂ ᠢᠰᠬᠡᠭᠦᠷ ᠬᠡᠮᠵᠢᠭᠦᠷᠯᠢᠭ᠂ ᠭᠡᠳᠦ ᠳᠣᠣᠷ᠎ᠠ ᠡᠨᠧᠷᠭᠢᠲᠦ ᠰᠠᠭᠠᠬᠢᠭᠤᠷ᠂ ᠬᠡᠳᠦ ᠬᠦᠷᠢᠨ ᠤ ᠬᠡᠷᠡᠯ ᠵᠠᠳᠠᠯᠬᠤ ᠬᠡᠷᠡᠯᠳᠦᠴᠡ ᠶᠢᠨ ᠬᠡᠮᠵᠢᠭᠦᠷ᠂ ᠬᠡᠷᠡᠯᠯᠢᠭ ᠵᠠᠳᠠᠯᠤᠯᠲᠠ ᠶᠢᠨ ᠲᠡᠩᠨᠡᠭᠦᠷ᠃
︵ᠬᠤᠶᠠᠷ︶ PCR ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠮᠤᠷ ᠲᠦᠪᠰᠢᠨ ᠤ ᠠᠪᠳᠠᠷ᠎ᠠ ︵2︶᠂ ᠥᠨᠳᠥᠷ ᠬᠤᠷᠳᠤᠴᠠᠲᠤ ᠵᠢᠭᠤᠲᠠᠩᠭᠤᠶ ᠲᠠᠯᠪᠢᠭᠤᠷᠲᠤ ᠮᠠᠰᠢᠨ ︵2 ︶᠂ ᠪᠥᠭᠡᠮ ᠬᠦᠴᠢᠯ ᠤᠨ ᠪᠤᠯᠪᠠᠰᠤᠷᠠᠭᠤᠯᠬᠤ ᠬᠡᠮᠵᠢᠭᠦᠷᠯᠢᠭ ︵1︶᠂ ᠲᠤᠨᠨᠳᠠᠮᠠᠯ ᠬᠡᠮᠵᠢᠶᠡᠨ ᠤ ᠴᠡᠭᠡᠨ ᠬᠡᠷᠡᠯᠳᠦ PCR ᠬᠡᠮᠵᠢᠭᠦᠷᠯᠢᠭ ︵1︶᠂ ᠡᠩ ᠤᠨ ᠭᠦᠯᠳᠡᠬᠡᠭᠦᠷ ︵2︶᠂ ᠲᠡᠮᠦᠷᠯᠢᠭ ᠤᠬᠢᠶᠠᠯᠭ᠎ᠠ ︵1︶᠂ ᠪᠢᠴᠢᠯ ᠲᠡᠯᠬᠡᠴᠡᠳᠦ ᠵᠢᠭᠤᠲᠠᠩᠭᠤᠶ ᠮᠠᠰᠢᠨ ︵1︶᠂ ᠵᠠᠶ ᠬᠡᠮᠵᠢᠶ᠎ᠡ ᠶᠢ ᠲᠤᠬᠢᠷᠠᠭᠤᠯᠵᠦ ᠪᠤᠯᠬᠤ ᠰᠢᠩᠭᠡᠨ ᠤ ᠲᠠᠩ ᠭᠤᠤᠯᠳᠤ ᠶᠡᠭᠦᠯᠡᠭᠦᠷ ︵3 ︶᠃
ᠲᠠᠪᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ
︵ᠨᠢᠭᠡ︶ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ᠃ ᠨᠣᠬᠠᠶ ᠶᠢᠨ ᠪᠥᠭᠡᠰᠦ ᠰᠡᠷᠭᠡᠶᠢᠯᠡᠬᠦ ᠳᠤ ᠨᠢᠬᠡ ᠤᠳᠠᠭ᠎ᠠ ᠡᠮᠦᠰᠬᠦ ᠣᠶᠢᠮᠣᠰᠤ᠂ ᠨᠣᠬᠠᠶ ᠶᠢᠨ ᠪᠥᠭᠡᠰᠦ ᠰᠡᠷᠬᠡᠶᠢᠯᠡᠬᠦ ᠪᠡᠭᠡᠯᠡᠶ᠂ ᠪᠠᠷᠢᠯᠭ᠎ᠠ ᠶᠢᠨ ᠴᠡᠷᠢᠭ ᠤᠨ ᠬᠤᠰᠤᠭᠤᠷ᠂ ᠨᠢᠳᠦ ᠬᠠᠮᠠᠭᠠᠯᠠᠬᠤ ᠰᠢᠯ᠂ ᠬᠠᠮᠠᠭᠠᠯᠠᠯᠲᠠ ᠶᠢᠨ ᠬᠤᠪᠴᠠᠰᠤ᠂ N95 ᠠᠮᠠᠪᠴᠢ᠂ ᠪᠡᠭᠡᠯᠡᠶ᠂ ᠰᠡᠷᠭᠡᠶᠢᠯᠡᠬᠦ ᠴᠢᠨᠠᠷᠲᠠᠶ ᠡᠮ ᠤᠨ ᠵᠦᠢᠯ᠂ ᠬᠤᠷᠤᠬᠠᠢ ᠲᠠᠭᠤᠵᠦ ᠵᠠᠶᠢᠯᠠᠭᠤᠯᠬᠤ ᠡᠮ᠃
︵ᠬᠤᠶᠠᠷ︶ ᠬᠤᠪᠢ ᠬᠥᠮᠦᠨ ᠤ ᠠᠵᠢᠯ ᠤᠨ ᠲᠣᠨᠤᠭ ᠲᠥᠬᠦᠭᠡᠷᠦᠮᠵᠢ᠃
ᠵᠣᠨ ᠤ ᠤᠯᠠᠷᠢᠯ᠄ ᠤᠬᠤᠷ ᠬᠠᠨᠴᠤᠶ ᠲᠠᠢ ᠬᠠᠨᠳᠠᠭᠠᠰᠤ ︵2︶᠂ ᠣᠷᠳᠣ ᠬᠠᠨᠴᠤᠶ ᠲᠠᠢ ᠬᠠᠨᠳᠠᠭᠠᠰᠤ ︵1︶᠂ ᠰᠢᠷᠠᠭᠳᠠᠬᠤ ᠠᠴᠠ ᠰᠡᠷᠭᠡᠶᠢᠯᠡᠬᠦ ᠬᠤᠪᠴᠠᠰᠤ ︵1︶᠂ ᠲᠦᠷᠭᠡᠨ ᠬᠠᠳᠠᠬᠤ ᠬᠤᠪᠴᠠᠰᠤ ︵1︶᠂ ᠵᠤᠨ ᠤ ᠤᠯᠠᠷᠢᠯ ᠳᠤ ᠭᠠᠳᠠᠭᠤᠷ ᠡᠮᠦᠰᠬᠦ ᠱᠠᠬᠠᠶ᠂ ᠨᠡᠷᠡᠨ ᠰᠢᠯ᠂ ᠰᠢᠷᠬᠠᠳᠠᠬᠤ ᠠᠴᠠ ᠰᠡᠷᠭᠡᠶᠢᠯᠡᠬᠦ ᠮᠠᠯᠠᠭᠠᠶ᠂ ᠳᠤᠯᠠᠭᠠᠨ ᠢ ᠬᠠᠳᠠᠭᠠᠯᠠᠬᠤ ᠴᠣᠮᠣ᠃
ᠡᠪᠦᠯ ᠤᠨ ᠤᠯᠠᠷᠢᠯ᠄ ᠨᠤᠤᠰᠤᠨ ᠴᠤᠪᠠᠨᠴᠢᠷ ︵1︶᠂ ᠳᠤᠯᠠᠭᠠᠯᠠᠬᠤ ᠥᠪᠴᠢ ᠬᠤᠪᠴᠠᠰᠤ ︵1︶᠂ ᠴᠡᠷᠢᠭ ᠤᠨ ᠳ᠋ᠠᠴᠠᠩ ︵1︶᠂ ᠡᠪᠦᠯ ᠤᠨ ᠤᠯᠠᠷᠢᠯ ᠳᠤ ᠭᠠᠳᠠᠭᠤᠷ ᠡᠮᠦᠰᠬᠦ ᠱᠠᠬᠠᠶ᠂ ᠬᠥᠪᠥᠩ ᠮᠠᠯᠠᠭᠠᠶ᠂ ᠬᠥᠪᠥᠩ ᠪᠡᠭᠡᠯᠡᠶ᠃