ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ  252 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/12/15

      ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2021 ᠣᠨ ᠤ 11 ᠳ᠋ᠦ᠋ᠭᠡᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
                                     ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ  ᠸᠠᠩ ᠯᠢ ᠰᠢᠶᠠ
                                     2021 ᠣᠨ ᠤ 11 ᠳ᠋ᠦ᠋ᠭᠡᠷ ᠰᠠᠷ᠎ᠠ ᠶᠢᠨ 25 ᠤ ᠡᠳᠦᠷ


         ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠲᠠᠩᠰᠠ
         ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ
         ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ

     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠳᠤ ᠳᠣᠣᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠭᠠᠪᠠ᠄
     ᠨᠢᠭᠡ᠂ ᠬᠤᠶᠠᠳᠤᠭᠠᠷ ᠵᠦᠢᠯ ᠳᠤ᠄ ︽ᠲᠣᠰ ᠠᠷᠭ᠎ᠠ ᠳᠤ ᠬᠡᠯᠡᠵᠦ ᠪᠠᠶᠢᠭ᠎ᠠ ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠭᠡᠳᠡᠭ ᠨᠢ ᠰᠤᠮᠤ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠯ᠎ᠡ ᠵᠦᠢᠯ ᠤᠨ ᠠᠵᠢᠯᠯᠠᠭ᠎ᠠ ᠳᠤ ᠰᠢᠭᠤᠳ ᠪᠣᠶ ᠪᠣᠯᠤᠭᠰᠠᠨ ᠬᠠᠳᠠᠭᠠᠯᠠᠬᠤ ᠦᠨ᠎ᠡ ᠥᠷᠲᠡᠭ ᠲᠠᠢ ᠡᠯ᠎ᠡ ᠵᠦᠢᠯ ᠤᠨ ᠥᠰᠥᠭ ᠪᠢᠴᠢᠭ᠂ ᠵᠢᠷᠤᠭ ᠬᠦᠰᠦᠨᠦᠭᠲᠦ᠂ ᠲᠠᠭᠤ ᠳᠦᠷᠰᠦ ᠵᠡᠷᠭᠡ ᠠᠳᠠᠯᠢ ᠪᠤᠰᠤ ᠬᠡᠯᠪᠡᠷᠢ ᠶᠢᠨ ᠲᠡᠦᠬᠡ ᠶᠢᠨ ᠲᠡᠮᠳᠡᠭᠯᠡᠯ ᠢ ᠵᠢᠭᠠᠵᠤ ᠪᠣᠶ︾ ᠭᠡᠵᠦ ᠵᠠᠰᠠᠪᠤᠷᠢ ᠣᠷᠣᠭᠤᠯᠪᠠ᠃
     ᠬᠤᠶᠠᠷ᠂ ᠭᠤᠷᠪᠠᠳᠤᠭᠠᠷ ᠵᠦᠢᠯ ᠳᠤ᠄ ︽ᠳᠠᠩᠰᠠ ᠡᠪᠬᠡᠮᠡᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠳᠠᠩᠰᠠ ᠡᠪᠬᠡᠮᠡᠯ ᠤᠨ ᠠᠵᠢᠯ ᠢ ᠴᠢᠩᠭᠠᠳᠬᠠᠨ᠂ ᠳᠠᠩᠰᠠ ᠡᠪᠬᠡᠮᠡᠯ ᠤᠨ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳᠠᠩᠰᠠ ᠡᠪᠬᠡᠮᠡᠯ ᠤᠨ ᠠᠵᠢᠯᠲᠠᠨ ᠢ ᠵᠢᠭᠠᠵᠤ ᠲᠣᠭᠲᠠᠭᠠᠨ᠂ ᠳᠠᠩᠰᠠ ᠡᠪᠬᠡᠮᠡᠯ ᠤᠨ ᠠᠵᠢᠯ ᠳᠤ ᠬᠡᠷᠡᠭᠰᠡᠬᠦ ᠵᠠᠷᠤᠳᠠᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃︾ ᠭᠡᠵᠦ ᠵᠠᠰᠠᠪᠤᠷᠢ ᠣᠷᠣᠭᠤᠯᠪᠠ᠃
     ᠭᠤᠷᠪᠠ᠂ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠳᠣᠯᠣᠳᠤᠭᠠᠷ ᠲᠤ᠄ ︽ᠳᠠᠩᠰᠠ ᠡᠪᠬᠡᠮᠡᠯ ᠮᠠᠲ᠋ᠧᠷᠢᠶᠠᠯ ᠢ ᠬᠤᠷᠢᠶᠠᠵᠤ ᠣᠷᠣᠭᠤᠯᠤᠭᠰᠠᠨ᠂ ᠰᠢᠯᠵᠢᠭᠦᠯᠵᠦ ᠭᠠᠷᠭᠠᠭᠰᠠᠨ᠂ ᠬᠠᠳᠠᠭᠠᠯᠠᠵᠤ ᠬᠠᠮᠢᠶᠠᠷᠤᠭᠰᠠᠨ ᠪᠠ ᠠᠰᠢᠭᠯᠠᠭᠰᠠᠨ ᠵᠡᠷᠭᠡ ᠪᠠᠶᠢᠳᠠᠯ ᠢ ᠳᠠᠩᠰᠠᠯᠠᠨ ᠲᠡᠮᠳᠡᠭᠯᠡᠬᠦ ᠬᠢᠭᠡᠳ ᠪᠦᠷᠢᠳᠬᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠳᠠᠩᠰᠠ ᠡᠪᠬᠡᠮᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠ ᠡᠪᠬᠡᠮᠡᠯ ᠤᠨ ᠠᠵᠢᠯ ᠤᠨ ᠦᠨᠳᠦᠰᠦᠨ ᠪᠠᠶᠢᠳᠠᠯ ᠤᠨ ᠲᠤᠭ᠎ᠠ ᠪᠦᠷᠢᠳᠬᠡᠯ ᠤᠨ ᠪᠢᠴᠢᠭ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ︾ ᠭᠡᠵᠦ ᠵᠠᠰᠠᠪᠤᠷᠢ ᠣᠷᠣᠭᠤᠯᠪᠠ᠃
     ᠳᠦᠷᠪᠡ᠂ ᠶᠢᠰᠦᠳᠦᠭᠡᠷ ᠵᠦᠢᠯ ᠳᠤ᠄ ︽ᠡᠯᠧᠺᠲᠷᠣᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃
     ᠲᠠᠪᠤ᠂ ᠠᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ᠄ ︽ᠰᠤᠮᠤ᠂ ᠰᠢᠶᠠᠩ ᠪᠠᠯᠭᠠᠰᠤᠨ ᠤ ᠬᠠᠷᠢᠶ᠎ᠠ ᠪᠣᠯᠬᠤ ᠡᠯ᠎ᠡ ᠨᠢᠭᠡᠴᠢ ᠪᠠ ᠭᠠᠴᠠᠭ᠎ᠠ᠂ ᠲᠣᠰᠬᠤᠨ ᠤ ᠳᠠᠩᠰᠠ ᠡᠪᠬᠡᠮᠡᠯ ᠢ ᠪᠣᠯ᠂ ᠳᠠᠩᠰᠠ ᠡᠪᠬᠡᠮᠡᠯ ᠢ ᠪᠤᠶ ᠪᠣᠯᠭᠠᠭᠰᠠᠨ ᠨᠢᠭᠡᠴᠢ ᠨᠢ ᠬᠠᠳᠠᠭᠠᠯᠠᠨ ᠬᠠᠮᠢᠶᠠᠷᠴᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠳᠤ ᠲᠣᠭᠲᠠᠮᠠᠯ ᠬᠤᠭᠤᠴᠠᠭ᠎ᠠ ᠲᠠᠢ ᠰᠢᠯᠵᠢᠭᠦᠯᠦᠨ ᠲᠤᠰᠢᠶᠠᠬᠤ ᠬᠡᠷᠡᠭᠲᠡᠶ︾ ᠭᠡᠵᠦ ᠵᠠᠰᠠᠪᠤᠷᠢ ᠣᠷᠣᠭᠤᠯᠪᠠ᠃
     ᠵᠢᠷᠭᠤᠭ᠎ᠠ᠂ ᠬᠤᠷᠢᠨ ᠳᠥᠷᠪᠡᠳᠦᠭᠡᠷ ᠵᠦᠢᠯ᠂ ᠬᠤᠷᠢᠨ ᠲᠠᠪᠤᠳᠤᠭᠠᠷ ᠵᠦᠢᠯ ᠢ ᠬᠠᠰᠤᠪᠠ᠃
     ᠳᠣᠯᠤᠭ᠎ᠠ᠂ ᠨᠢᠭᠡ ᠵᠦᠢᠯ ᠢ ᠨᠡᠮᠡᠵᠦ ᠬᠤᠷᠢᠨ ᠳᠥᠷᠪᠡᠳᠦᠭᠡᠷ ᠵᠦᠢᠯ ᠪᠣᠯᠭᠠᠪᠠ᠄ ︽ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ﹀ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ︾᠃
     ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

     ᠲᠤᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠳᠤ ᠵᠣᠬᠢᠬᠤ ᠵᠠᠰᠠᠪᠤᠷᠢ ᠣᠷᠣᠭᠤᠯᠤᠭᠠᠳ ᠳᠠᠬᠢᠵᠤ ᠨᠡᠶᠢᠲᠡᠯᠡᠪᠡ᠃


         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ
         ᠪᠠᠯᠭᠠᠰᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ

   

      ︵2004 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 132 ᠳ᠋ᠤᠭᠠᠷ ᠲᠣᠭᠠᠲᠤ ᠪᠠᠷ ᠨᠡᠶᠢᠲᠡᠯᠡᠪᠡ 2021 ᠣᠨ ᠤ 11 ᠳ᠋ᠦ᠋ᠭᠡᠷ ᠰᠠᠷ᠎ᠠ ᠶᠢᠨ 25 ᠤ ᠡᠳᠦᠷ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶
     ᠨᠢᠭᠡᠳᠦᠭᠡᠷ ᠵᠦᠢᠯ  ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠢ ᠪᠦᠷᠢᠨ ᠪᠦᠲᠦᠨ ᠬᠠᠳᠠᠭᠠᠯᠠᠬᠤ ᠪᠠ ᠪᠦᠲᠦᠮᠵᠢᠲᠡᠶ ᠠᠰᠢᠭᠯᠠᠬᠤ ᠶᠢᠨ ᠲᠤᠰᠠᠳᠠ᠂

︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ ᠪᠠᠯᠭᠠᠰᠤᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃
     ᠬᠤᠶᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠭᠡᠳᠡᠭ ᠨᠢ ᠰᠤᠮᠤ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠯ᠎ᠡ ᠵᠦᠢᠯ ᠤᠨ ᠠᠵᠢᠯᠯᠠᠭ᠎ᠠ ᠳᠤ ᠰᠢᠭᠤᠳ ᠪᠣᠶ ᠪᠣᠯᠤᠭᠰᠠᠨ ᠬᠠᠳᠠᠭᠠᠯᠠᠬᠤ ᠦᠨ᠎ᠡ ᠥᠷᠲᠡᠭ ᠲᠠᠢ ᠡᠯ᠎ᠡ ᠵᠦᠢᠯ ᠤᠨ ᠥᠰᠥᠭ ᠪᠢᠴᠢᠭ᠂ ᠵᠢᠷᠤᠭ ᠬᠦᠰᠦᠨᠦᠭᠲᠦ᠂ ᠲᠠᠭᠤ ᠳᠦᠷᠰᠦ ᠵᠡᠷᠭᠡ ᠠᠳᠠᠯᠢ ᠪᠤᠰᠤ ᠬᠡᠯᠪᠡᠷᠢ ᠶᠢᠨ ᠲᠡᠦᠬᠡ ᠶᠢᠨ ᠲᠡᠮᠳᠡᠭᠯᠡᠯ ᠢ ᠵᠢᠭᠠᠵᠤ ᠪᠣᠶ᠃
     ᠭᠤᠷᠪᠠᠳᠤᠭᠠᠷ ᠵᠦᠢᠯ  ᠳᠠᠩᠰᠠ ᠡᠪᠬᠡᠮᠡᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠳᠠᠩᠰᠠ ᠡᠪᠬᠡᠮᠡᠯ ᠤᠨ ᠠᠵᠢᠯ ᠢ ᠴᠢᠩᠭᠠᠳᠬᠠᠨ᠂ ᠳᠠᠩᠰᠠ ᠡᠪᠬᠡᠮᠡᠯ ᠤᠨ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠳᠠᠩᠰᠠ ᠡᠪᠬᠡᠮᠡᠯ ᠤᠨ ᠠᠵᠢᠯᠲᠠᠨ ᠢ ᠵᠢᠭᠠᠵᠤ ᠲᠣᠭᠲᠠᠭᠠᠨ᠂ ᠳᠠᠩᠰᠠ ᠡᠪᠬᠡᠮᠡᠯ ᠤᠨ ᠠᠵᠢᠯ ᠳᠤ ᠬᠡᠷᠡᠭᠰᠡᠬᠦ ᠵᠠᠷᠤᠳᠠᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃
     ᠳᠥᠷᠪᠡᠳᠦᠭᠡᠷ ᠵᠦᠢᠯ  ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠠᠵᠢᠯ ᠳᠤ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ᠂ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ᠂ ᠳᠠᠩᠰᠠ ᠡᠪᠬᠡᠮᠡᠯ ᠤᠨ ᠪᠦᠷᠢᠨ ᠪᠦᠲᠦᠨ ᠬᠢᠭᠡᠳ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠰᠢᠭᠯᠠᠬᠤ ᠳᠤ ᠳᠥᠭᠦᠮ ᠪᠠᠶᠢᠯᠭᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃
     ᠲᠠᠪᠤᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠠᠶᠢᠭᠤᠯᠬᠤ ᠬᠡᠷᠡᠭᠲᠡᠶ᠂ ᠨᠥᠬᠦᠴᠡᠯ ᠲᠠᠢ ᠨᠢ ᠳᠠᠩᠰᠠ ᠡᠪᠬᠡᠮᠡᠯ ᠤᠨ ᠰᠠᠩ ᠪᠠᠶᠢᠭᠤᠯᠵᠤ ᠪᠣᠯᠤᠨ᠎ᠠ᠃
     ᠵᠢᠷᠭᠤᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠤᠨ ᠡᠭᠦᠷᠭᠡ ᠬᠠᠷᠢᠭᠤᠴᠠᠯᠭ᠎ᠠ ᠨᠢ ᠪᠣᠯ᠄
     ︵ᠨᠢᠭᠡ︶ ᠳᠠᠩᠰᠠ ᠡᠪᠬᠡᠮᠡᠯ ᠤᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢ ᠤᠬᠠᠭᠤᠯᠵᠤ᠂ ᠲᠤᠭᠤᠰᠢᠯᠠᠭᠤᠯᠤᠨ᠂ ᠬᠡᠷᠡᠭᠵᠢᠭᠦᠯᠵᠦ᠂ ᠡᠯ᠎ᠡ ᠵᠦᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ︔
     ︵ᠬᠤᠶᠠᠷ︶ ᠲᠤᠰ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠠᠵᠢᠯ ᠳᠤ ᠲᠥᠯᠥᠪᠵᠢᠭᠦᠯᠬᠦ᠂ ᠵᠣᠬᠢᠴᠠᠭᠤᠯᠬᠤ᠂ ᠬᠢᠨᠠᠯᠲᠠ ᠲᠠᠯᠪᠢᠬᠤ ᠪᠠ ᠵᠢᠭᠠᠨ ᠵᠢᠯᠣᠭᠤᠳᠬᠤ ᠶᠢ ᠬᠡᠷᠡᠭᠵᠢᠭᠦᠯᠵᠦ᠂ ᠰᠤᠮᠤ᠂ ᠰᠢᠶᠠᠩ ᠪᠠᠯᠭᠠᠰᠤᠨ ᠤ ᠪᠠᠶᠢᠭᠤᠯᠭ᠎ᠠ ᠪᠠ ᠬᠠᠷᠢᠶ᠎ᠠ ᠪᠣᠯᠬᠤ ᠪᠠᠶᠢᠭᠤᠯᠤᠮᠵᠢ ᠶᠢᠨ ᠳᠠᠩᠰᠠ ᠡᠪᠬᠡᠮᠡᠯ ᠪᠠ ᠮᠠᠲ᠋ᠧᠷᠢᠶᠠᠯ ᠢ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠬᠡᠷᠡᠭᠲᠡᠢ︔
     ︵ᠭᠤᠷᠪᠠ︶ ᠬᠠᠷᠢᠶ᠎ᠠ ᠪᠣᠯᠬᠤ ᠭᠠᠵᠠᠷ ᠣᠷᠣᠨ ᠳᠠᠬᠢ ᠡᠯ᠎ᠡ ᠨᠢᠭᠡᠴᠢ ᠶᠢᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠨ ᠵᠢᠭᠠᠨ ᠵᠢᠯᠣᠭᠤᠳᠴᠤ᠂ ᠵᠥᠪᠯᠡᠯᠭᠡ ᠥᠭᠴᠦ᠂ ᠳᠠᠩᠰᠠ ᠡᠪᠬᠡᠮᠡᠯ ᠤᠨ ᠠᠵᠢᠯᠲᠠᠨ ᠳᠤ ᠪᠣᠯᠪᠠᠰᠤᠷᠠᠯ ᠬᠢᠬᠦ ᠬᠡᠷᠡᠭᠲᠡᠶ︔
     ︵ᠳᠥᠷᠪᠡ︶ ᠬᠠᠷᠢᠶᠠᠯᠠᠭᠳᠠᠬᠤ ᠭᠠᠵᠠᠷ ᠣᠷᠣᠨ ᠳᠠᠬᠢ ᠡᠯ᠎ᠡ ᠨᠢᠭᠡᠴᠢ ᠵᠢᠴᠢ ᠭᠠᠴᠠᠭ᠎ᠠ᠂ ᠲᠣᠰᠬᠤᠨ ᠤ ᠥᠨᠢ ᠡᠭᠦᠷᠢᠳᠡ᠂ ᠤᠷᠲᠤ ᠬᠤᠭᠤᠴᠠᠭ᠎ᠠ ᠪᠠᠷ ᠬᠠᠳᠠᠭᠠᠯᠠᠬᠤ ᠥᠷᠲᠡᠭ ᠲᠠᠢ ᠳᠠᠩᠰᠠ ᠡᠪᠬᠡᠮᠡᠯ ᠪᠠ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠬᠦᠯᠢᠶᠡᠨ ᠠᠪᠬᠤ ᠬᠡᠷᠡᠭᠲᠡᠢ︔
     ︵ᠲᠠᠪᠤ︶ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠳᠤ ᠳᠠᠩᠰᠠ ᠡᠪᠬᠡᠮᠡᠯ ᠢ ᠠᠰᠢᠭᠯᠠᠬᠤ ᠦᠢᠯᠡᠴᠢᠯᠡᠭᠡ ᠬᠠᠩᠭᠠᠬᠤ ᠬᠡᠷᠡᠭᠲᠡᠶ︔
     ︵ᠵᠢᠷᠭᠤᠭ᠎ᠠ︶ ᠳᠠᠩᠰᠠ ᠡᠪᠬᠡᠮᠡᠯ ᠢ ᠨᠠᠶᠢᠳᠠᠨ ᠬᠠᠳᠠᠭᠠᠯᠠᠭᠤᠯᠬᠤ ᠦᠢᠯᠡᠴᠢᠯᠡᠭᠡ ᠥᠷᠨᠢᠭᠦᠯᠬᠦ ᠬᠡᠷᠡᠭᠲᠡᠢ︔
     ︵ᠳᠣᠯᠤᠭ᠎ᠠ︶ ᠳᠠᠩᠰᠠ ᠡᠪᠬᠡᠮᠡᠯ ᠮᠠᠲ᠋ᠧᠷᠢᠶᠠᠯ ᠢ ᠬᠤᠷᠢᠶᠠᠵᠤ ᠣᠷᠣᠭᠤᠯᠤᠭᠰᠠᠨ᠂ ᠰᠢᠯᠵᠢᠭᠦᠯᠵᠦ ᠭᠠᠷᠭᠠᠭᠰᠠᠨ᠂ ᠬᠠᠳᠠᠭᠠᠯᠠᠵᠤ ᠬᠠᠮᠢᠶᠠᠷᠤᠭᠰᠠᠨ ᠪᠠ ᠠᠰᠢᠭᠯᠠᠭᠰᠠᠨ ᠵᠡᠷᠭᠡ ᠪᠠᠶᠢᠳᠠᠯ ᠢ ᠨᠢ ᠳᠠᠩᠰᠠᠯᠠᠨ ᠲᠡᠮᠳᠡᠭᠯᠡᠬᠦ ᠬᠢᠭᠡᠳ ᠪᠦᠷᠢᠳᠬᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠳᠠᠩᠰᠠ ᠡᠪᠬᠡᠮᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠ ᠡᠪᠬᠡᠮᠡᠯ ᠤᠨ ᠠᠵᠢᠯ ᠤᠨ ᠦᠨᠳᠦᠰᠦᠨ ᠪᠠᠶᠢᠳᠠᠯ ᠤᠨ ᠪᠦᠷᠢᠳᠬᠡᠯ ᠤᠨ ᠪᠢᠴᠢᠭ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃
     ᠳᠣᠯᠣᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠳᠠᠩᠰᠠ ᠡᠪᠬᠡᠮᠡᠯ ᠤᠨ ᠲᠤᠰᠬᠠᠶ ᠠᠵᠢᠯᠲᠠᠨ ᠲᠠᠢ ᠪᠠᠶᠢᠯᠭᠠᠬᠤ ᠬᠡᠷᠡᠭᠲᠡᠶ᠂ ᠨᠥᠬᠦᠴᠡᠯ ᠲᠦᠷ ᠪᠦᠷᠢᠯᠳᠦᠭᠦᠯᠦᠭᠡᠳᠦᠶ ᠰᠤᠮᠤ᠂ ᠰᠢᠶᠠᠩ ᠪᠠᠯᠭᠠᠰᠤ ᠨᠢ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠤᠨ ᠠᠵᠢᠯ ᠢ ᠬᠠᠷᠢᠭᠤᠴᠠᠭᠤᠯᠬᠤ ᠠᠵᠢᠯᠲᠠᠨ ᠢᠶᠠᠨ ᠵᠢᠭᠠᠨ ᠲᠣᠭᠲᠠᠭᠠᠬᠤ ᠬᠡᠷᠡᠭᠲᠡᠶ᠃ ᠳᠠᠩᠰᠠ ᠡᠪᠬᠡᠮᠡᠯ ᠤᠨ ᠠᠵᠢᠯ ᠢ ᠬᠠᠷᠢᠭᠤᠴᠠᠵᠤ ᠪᠠᠶᠢᠭ᠎ᠠ ᠠᠵᠢᠯᠲᠠᠳ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢ ᠰᠣᠶᠣᠯ ᠤᠨ ᠬᠢᠷᠢ ᠬᠡᠮᠵᠢᠶ᠎ᠡ ᠪᠠ ᠠᠵᠢᠯ ᠳᠤ ᠳᠣᠭᠢᠷᠬᠠᠰᠠᠨ ᠲᠤᠰᠬᠠᠶ ᠮᠡᠷᠭᠡᠵᠢᠯ ᠤᠨ ᠮᠡᠳᠡᠯᠭᠡ ᠲᠠᠢ᠂ ᠡᠭᠦᠷᠭᠡ ᠲᠤᠰᠢᠶᠠᠯ ᠳᠤ ᠪᠠᠨ ᠦᠨᠡᠨᠴᠢ ᠰᠢᠳᠤᠷᠭᠤ ᠪᠠᠶᠢᠬᠤ ᠶᠢᠨ ᠬᠠᠮᠲᠤ᠂ ᠬᠠᠷᠢᠴᠠᠩᠭᠤᠶ ᠪᠠᠷ ᠲᠣᠭᠲᠠᠭᠤᠨ ᠪᠠᠶᠢᠯᠭᠠᠬᠤ ᠬᠡᠷᠡᠭᠲᠡᠶ᠃
     ᠰᠤᠮᠤ᠂ ᠰᠢᠶᠠᠩ ᠪᠠᠯᠭᠠᠰᠤᠨ ᠤ ᠬᠠᠷᠢᠶ᠎ᠠ ᠪᠣᠯᠬᠤ ᠡᠯ᠎ᠡ ᠨᠢᠭᠡᠴᠢ᠂ ᠭᠠᠴᠠᠭ᠎ᠠ ᠲᠣᠰᠬᠤᠨ ᠨᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠢ ᠵᠢᠭᠠᠨ ᠲᠣᠭᠲᠠᠭᠠᠵᠤ᠂ ᠪᠢᠴᠢᠭ ᠮᠠᠲ᠋ᠧᠷᠢᠶᠠᠯ ᠤᠨ ᠡᠪᠬᠡᠮᠡᠯᠯᠡᠵᠦ ᠳᠠᠩᠰᠠ ᠡᠪᠬᠡᠮᠡᠯ ᠳᠤ ᠣᠷᠣᠭᠤᠯᠬᠤ ᠪᠠ ᠳᠠᠩᠰᠠ ᠡᠪᠬᠡᠮᠡᠯ ᠤᠨ ᠬᠠᠳᠠᠭᠠᠯᠠᠵᠤ ᠬᠠᠮᠢᠶᠠᠷᠤᠨ ᠠᠰᠢᠭᠯᠠᠬᠤ ᠠᠵᠢᠯ ᠢ ᠬᠠᠷᠢᠭᠤᠴᠠᠭᠤᠯᠵᠤ᠂ ᠳᠠᠩᠰᠠ ᠡᠪᠬᠡᠮᠡᠯ ᠤᠨ ᠪᠦᠷᠢᠨ ᠪᠦᠲᠦᠨ ᠬᠢᠭᠡᠳ ᠠᠮᠤᠷ ᠲᠦᠪᠰᠢᠨ ᠪᠠᠶᠢᠬᠤ ᠶᠢ ᠬᠠᠮᠠᠭᠠᠯᠠᠬᠤ ᠬᠡᠷᠡᠭᠲᠡᠶ᠃
     ᠨᠠᠢᠮᠠᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠪᠠᠶᠢᠭᠤᠯᠭ᠎ᠠ ᠳᠤ ᠪᠤᠶ ᠪᠣᠯᠤᠭᠰᠠᠨ ᠪᠢᠴᠢᠭ ᠮᠠᠲ᠋ᠧᠷᠢᠶᠠᠯ ᠢ ᠰᠤᠮᠤ᠂ ᠰᠢᠶᠠᠩ ᠪᠠᠯᠭᠠᠰᠤᠨ ᠤ ᠪᠠᠶᠢᠭᠤᠯᠭ᠎ᠠ ᠨᠢ ᠡᠪᠬᠡᠮᠡᠯᠯᠡᠵᠦ᠂ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠳᠤ ᠴᠠᠭ ᠲᠤᠬᠠᠶ ᠳᠤ ᠨᠢ ᠰᠢᠯᠵᠢᠭᠦᠯᠦᠨ ᠲᠤᠰᠢᠶᠠᠵᠤ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠂ ᠬᠠᠷᠢᠶ᠎ᠠ ᠪᠦᠬᠦᠢ ᠪᠠᠶᠢᠭᠤᠯᠤᠮᠵᠢ ᠳᠤ ᠪᠤᠶ ᠪᠣᠯᠤᠭᠰᠠᠨ ᠪᠢᠴᠢᠭ ᠮᠠᠲ᠋ᠧᠷᠢᠶᠠᠯ ᠢ ᠳᠠᠭᠠᠭᠠᠨ ᠠᠪᠴᠤ ᠭᠦᠢᠴᠡᠳᠬᠡᠭᠰᠡᠨ ᠰᠠᠯᠠᠭ᠎ᠠ ᠮᠥᠴᠢᠷ ᠨᠢ ᠡᠪᠬᠡᠮᠡᠯᠯᠡᠬᠦ ᠬᠡᠷᠡᠭᠲᠡᠢ᠃
     ᠤᠯᠤᠰ ᠠᠴᠠ ᠲᠣᠭᠲᠠᠭᠠᠭᠰᠠᠨ ᠵᠠᠪᠠᠯ ᠡᠪᠬᠡᠮᠡᠯᠯᠡᠵᠦ ᠳᠠᠩᠰᠠᠯᠠᠬᠤ ᠪᠢᠴᠢᠭ ᠮᠠᠲ᠋ᠧᠷᠢᠶᠠᠯ ᠢ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠳᠠᠩᠰᠠ ᠡᠪᠬᠡᠮᠡᠯ ᠳᠤ ᠳᠠᠩᠰᠠᠯᠠᠨ ᠣᠷᠣᠭᠤᠯᠬᠤ ᠶᠢ ᠲᠡᠪᠴᠢᠬᠦ ᠪᠤᠶᠤ ᠥᠪᠡᠷ ᠤᠨ ᠬᠢ ᠪᠠᠨ ᠪᠣᠯᠭᠠᠵᠤ ᠪᠣᠯᠬᠤ ᠦᠭᠡᠶ᠃ ᠤᠯᠤᠰ ᠠᠴᠠ ᠳᠠᠩᠰᠠ ᠡᠪᠬᠡᠮᠡᠯ ᠳᠤ ᠣᠷᠣᠭᠤᠯᠵᠤ ᠪᠣᠯᠬᠤ ᠦᠭᠡᠶ ᠭᠡᠵᠦ ᠲᠣᠭᠲᠠᠭᠠᠭᠰᠠᠨ ᠮᠠᠲ᠋ᠧᠷᠢᠶᠠᠯ ᠢ ᠳᠤᠷ᠎ᠠ ᠪᠠᠷ ᠢᠶᠠᠨ ᠳᠠᠩᠰᠠ ᠡᠪᠬᠡᠮᠡᠯ ᠳᠤ ᠣᠷᠣᠭᠤᠯᠬᠤ ᠶᠢ ᠴᠠᠭᠠᠵᠠᠯᠠᠬᠤ ᠬᠡᠷᠡᠭᠲᠡᠢ᠃
     ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠷᠢᠶ᠎ᠠ ᠪᠣᠯᠬᠤ ᠰᠤᠮᠤ᠂ ᠰᠢᠶᠠᠩ ᠪᠠᠯᠭᠠᠰᠤ ᠳᠤ ᠲᠣᠮᠢᠯᠠᠨ ᠰᠠᠭᠤᠭ᠎ᠠ ᠡᠯ᠎ᠡ ᠨᠢᠭᠡᠴᠢ ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠳᠠᠩᠰᠠ ᠡᠪᠬᠡᠮᠡᠯ ᠳᠤ ᠣᠷᠣᠭᠤᠯᠬᠤ ᠪᠠ ᠳᠠᠩᠰᠠ ᠡᠪᠬᠡᠮᠡᠯ ᠢᠶᠠᠨ ᠰᠢᠯᠵᠢᠭᠦᠯᠦᠨ ᠲᠤᠰᠢᠶᠠᠬᠤ ᠬᠡᠷᠡᠭᠲᠡᠶ᠃
     ᠶᠢᠰᠦᠳᠦᠭᠡᠷ ᠵᠦᠢᠯ  ᠡᠯᠧᠺᠲᠷᠣᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠨᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃
     ᠠᠷᠪᠠᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠬᠠᠷᠢᠶ᠎ᠠ ᠪᠣᠯᠬᠤ ᠡᠯ᠎ᠡ ᠨᠢᠭᠡᠴᠢ ᠪᠠ ᠭᠠᠴᠠᠭ᠎ᠠ᠂ ᠲᠣᠰᠬᠤᠨ ᠤ ᠳᠠᠩᠰᠠ ᠡᠪᠬᠡᠮᠡᠯ ᠢ ᠳᠠᠩᠰᠠ ᠡᠪᠬᠡᠮᠡᠯ ᠤᠨ ᠪᠤᠶ ᠪᠣᠯᠭᠠᠭᠰᠠᠨ ᠨᠢᠭᠡᠴᠢ ᠨᠢ ᠬᠠᠳᠠᠭᠠᠯᠠᠨ ᠬᠠᠮᠢᠶᠠᠷᠴᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠳᠤ ᠲᠣᠭᠲᠠᠮᠠᠯ ᠬᠤᠭᠤᠴᠠᠭ᠎ᠠ ᠲᠠᠢ ᠰᠢᠯᠵᠢᠭᠦᠯᠦᠨ ᠲᠤᠰᠢᠶᠠᠬᠤ ᠬᠡᠷᠡᠭᠲᠡᠶ᠃
     ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠰᠠᠶᠢᠨ ᠳᠤᠷ᠎ᠠ ᠠᠴᠠ ᠪᠠᠨ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠳᠤ ᠳᠠᠩᠰᠠ ᠡᠪᠬᠡᠮᠡᠯ ᠢᠶᠠᠨ ᠰᠢᠯᠵᠢᠭᠦᠯᠦᠨ ᠲᠤᠰᠢᠶᠠᠬᠤ᠂ ᠲᠦᠷ ᠬᠠᠳᠠᠭᠠᠯᠠᠭᠤᠯᠬᠤ ᠳᠤ᠂ ᠵᠥᠪᠳᠡᠯᠴᠡᠭᠡᠳ ᠬᠡᠵᠢᠶ᠎ᠡ ᠴᠦ ᠰᠢᠯᠵᠢᠭᠦᠯᠦᠨ ᠲᠤᠰᠢᠶᠠᠬᠤ ᠪᠤᠶᠤ ᠲᠦᠷ ᠬᠠᠳᠠᠭᠠᠯᠠᠭᠤᠯᠵᠦ ᠪᠣᠯᠤᠨ᠎ᠠ᠃
     ᠠᠷᠪᠠᠨ ᠨᠢᠭᠡᠳᠦᠭᠡᠷ ᠵᠦᠢᠯ  ᠰᠤᠮᠤ᠂ ᠰᠢᠶᠠᠩ ᠪᠠᠯᠭᠠᠰᠤᠨ ᠤ ᠬᠠᠳᠠᠭᠠᠯᠠᠵᠤ ᠪᠠᠶᠢᠭ᠎ᠠ ᠭᠠᠵᠠᠷ ᠣᠷᠣᠨ ᠤ ᠣᠨᠴᠠᠯᠢᠭ ᠲᠠᠢ ᠠᠯᠳᠠᠷᠲᠤ ᠬᠥᠮᠦᠨ᠂ ᠨᠡᠷᠡᠲᠦ ᠭᠠᠷᠤᠯᠲᠠ᠂ ᠦᠵᠡᠮᠵᠢᠲᠦ ᠭᠠᠵᠠᠷ᠂ ᠠᠷᠠᠳ ᠤᠨ ᠵᠠᠩ ᠦᠢᠯᠡ ᠵᠡᠷᠭᠡ ᠬᠡᠯᠪᠡᠷᠢ ᠶᠢᠨ ᠳᠠᠩᠰᠠ ᠡᠪᠬᠡᠮᠡᠯ ᠨᠢ ᠨᠢᠭᠡᠨᠲᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠳᠠᠩᠰᠠ ᠡᠪᠬᠡᠮᠡᠯ ᠤᠨ ᠰᠠᠩ ᠤᠨ ᠴᠤᠭᠯᠠᠭᠤᠯᠬᠤ ᠬᠡᠪᠴᠢᠶᠡᠨ ᠳᠤ ᠣᠷᠣᠭᠰᠠᠨ ᠪᠠᠶᠢᠪᠠᠯ᠂ ᠲᠣᠭᠲᠠᠭᠠᠯ ᠶᠣᠰᠣᠭᠠᠷ ᠬᠤᠰᠢᠭᠤ ᠰᠢᠶᠠᠨ ︵ᠬᠤᠲᠠ᠂ ᠲᠣᠭᠤᠷᠢᠭ︶ ᠤ ᠳᠠᠩᠰᠠ ᠡᠪᠬᠡᠮᠡᠯ ᠤᠨ ᠰᠠᠩ ᠳᠤ ᠰᠢᠯᠵᠢᠭᠦᠯᠦᠨ ᠲᠤᠰᠢᠶᠠᠬᠤ ᠬᠡᠷᠡᠭᠲᠡᠶ᠃
     ᠠᠷᠪᠠᠨ ᠬᠤᠶᠠᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠬᠠᠷᠢᠶ᠎ᠠ ᠪᠣᠯᠬᠤ ᠠᠵᠤ ᠠᠬᠤᠶᠢᠯᠠᠯ ᠤᠨ ᠳᠠᠩᠰᠠ ᠡᠪᠬᠡᠮᠡᠯ ᠢ ᠲᠤᠰ ᠨᠢᠭᠡᠴᠢ ᠨᠢ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠬᠡᠷᠡᠭᠲᠡᠶ᠂ ᠬᠠᠳᠠᠭᠠᠯᠠᠵᠤ ᠬᠠᠮᠢᠶᠠᠷᠬᠤ ᠨᠥᠬᠦᠴᠡᠯ ᠨᠢ ᠪᠦᠷᠢᠯᠳᠦᠭᠡᠳᠦᠶ ᠪᠣᠯ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠨᠢ ᠣᠷᠣᠯᠠᠨ ᠬᠠᠮᠢᠶᠠᠷᠴᠤ ᠪᠣᠯᠤᠨ᠎ᠠ᠃
     ᠠᠷᠪᠠᠨ ᠭᠤᠷᠪᠠᠳᠤᠭᠠᠷ ᠵᠦᠢᠯ  ᠰᠤᠮᠤ᠂ ᠰᠢᠶᠠᠩ ᠪᠠᠯᠭᠠᠰᠤ ᠨᠢ ᠳᠣᠣᠷᠠᠬᠢ ᠮᠡᠲᠦ ᠳᠠᠩᠰᠠ ᠡᠪᠬᠡᠮᠡᠯ ᠤᠨ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠄
     ︵ᠨᠢᠭᠡ︶ ᠡᠪᠬᠡᠮᠡᠯᠯᠡᠵᠦ ᠳᠠᠩᠰᠠ ᠡᠪᠬᠡᠮᠡᠯ ᠳᠤ ᠣᠷᠣᠭᠤᠯᠬᠤ ᠳᠦᠷᠢᠮ ᠳᠤ᠂ ᠡᠯ᠎ᠡ ᠵᠦᠢᠯ ᠤᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ᠂ ᠴᠠᠭ᠂ ᠲᠤᠭ᠎ᠠ᠂ ᠭᠠᠷᠳᠠᠮ ᠪᠠ ᠶᠠᠰᠤ ᠴᠢᠨᠠᠷ ᠤᠨ ᠱᠠᠭᠠᠷᠳᠠᠯᠭ᠎ᠠ ᠶᠢ ᠲᠣᠭᠲᠠᠭᠠᠬᠤ ᠬᠡᠷᠡᠭᠲᠡᠶ︔
     ︵ᠬᠤᠶᠠᠷ︶ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠳᠦᠷᠢᠮ ᠳᠤ᠂ ᠳᠠᠩᠰᠠ ᠡᠪᠬᠡᠮᠡᠯ ᠢ ᠠᠮᠤᠷ ᠲᠦᠪᠰᠢᠨ ᠬᠠᠮᠠᠭᠠᠯᠠᠬᠤ᠂ ᠳᠠᠩᠰᠠ ᠡᠪᠬᠡᠮᠡᠯ ᠤᠨ ᠬᠥᠮᠥᠷᠭᠡ ᠶᠢᠨ ᠭᠡᠷ ᠬᠢᠭᠡᠳ ᠲᠥᠬᠦᠭᠡᠷᠦᠮᠵᠢ ᠶᠢᠨ ᠱᠠᠭᠠᠷᠳᠠᠯᠭ᠎ᠠ ᠵᠢᠴᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ︔
     ︵ᠭᠤᠷᠪᠠ︶ ᠳᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ ᠳᠦᠷᠢᠮ ᠳᠤ᠂ ᠳᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠪᠠ ᠨᠢᠭᠤᠴᠠ ᠶᠢ ᠬᠠᠮᠠᠭᠠᠯᠠᠬᠤ ᠲᠠᠯ᠎ᠠ ᠪᠠᠷ ᠳᠠᠩᠰᠠ ᠡᠪᠬᠡᠮᠡᠯ ᠤᠨ ᠠᠵᠢᠯᠲᠠᠨ ᠳᠠᠬᠢ ᠱᠠᠭᠠᠷᠳᠠᠯᠭ᠎ᠠ ᠶᠢ ᠲᠣᠭᠲᠠᠭᠠᠬᠤ ᠬᠡᠷᠡᠭᠲᠡᠶ︔
     ︵ᠳᠥᠷᠪᠡ︶ ᠳᠠᠩᠰᠠ ᠡᠪᠬᠡᠮᠡᠯ ᠢ ᠠᠰᠢᠭᠯᠠᠬᠤ ᠳᠦᠷᠢᠮ ᠳᠤ᠂ ᠳᠠᠩᠰᠠ ᠡᠪᠬᠡᠮᠡᠯ ᠢ ᠠᠰᠢᠭᠯᠠᠬᠤ ᠬᠡᠪᠴᠢᠶ᠎ᠡ᠂ ᠠᠷᠭ᠎ᠠ ᠮᠠᠶ᠋ᠢᠭ᠂ ᠬᠠᠮᠠᠭᠠᠯᠠᠬᠤ ᠱᠠᠭᠠᠷᠳᠠᠯᠭ᠎ᠠ᠂ ᠵᠢᠭᠡᠯᠡᠨ ᠦᠵᠡᠬᠦ ᠶᠢ ᠨᠢ ᠬᠢᠨᠠᠨ ᠵᠥᠪᠰᠢᠶᠡᠷᠡᠬᠦ ᠪᠠ ᠳᠠᠩᠰᠠᠯᠠᠨ ᠲᠡᠮᠳᠡᠭᠯᠡᠬᠦ ᠭᠠᠷᠳᠠᠮ ᠢ ᠲᠣᠭᠲᠠᠭᠠᠬᠤ ᠬᠡᠷᠡᠭᠲᠡᠢ︔
     ︵ᠲᠠᠪᠤ︶ ᠳᠠᠩᠰᠠ ᠡᠪᠬᠡᠮᠡᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠳᠤ᠂ ᠳᠠᠩᠰᠠ ᠡᠪᠬᠡᠮᠡᠯ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ᠂ ᠡᠭᠦᠷᠭᠡ᠂ ᠰᠢᠯᠭᠠᠨ ᠬᠢᠨᠠᠬᠤ᠂ ᠱᠠᠩᠨᠠᠵᠤ ᠲᠣᠷᠭᠠᠬᠤ ᠶᠢ ᠲᠣᠭᠲᠠᠭᠠᠬᠤ ᠬᠡᠷᠡᠭᠲᠡᠢ᠃
     ᠠᠷᠪᠠᠨ ᠳᠥᠷᠪᠡᠳᠦᠭᠡᠷ ᠵᠦᠢᠯ  ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠲᠠᠩᠰᠠ ᠡᠪᠬᠡᠮᠡᠯ ᠤᠨ ᠰᠠᠩ ᠳᠤ ᠲᠤᠰᠬᠠᠶ ᠬᠥᠮᠥᠷᠭᠡ ᠶᠢᠨ ᠬᠡᠷ ᠪᠠ ᠵᠢᠷᠤᠮᠵᠢᠭᠰᠠᠨ ᠲᠠᠩᠰᠠ ᠡᠪᠬᠡᠮᠡᠯ ᠤᠨ ᠪᠠᠭᠠᠵᠢ ᠬᠡᠷᠡᠭᠰᠡᠯ ᠢ ᠲᠣᠬᠢᠷᠠᠭᠤᠯᠤᠨ ᠥᠭᠴᠦ᠂ ᠴᠢᠬᠤᠯᠠ ᠪᠥᠬᠦᠶ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠯᠡᠨ᠂ ᠣᠳᠣᠬᠢᠴᠢᠯᠠᠭᠰᠠᠨ ᠬᠠᠮᠢᠶᠠᠷᠤᠯᠲᠠ ᠳᠤ ᠲᠣᠬᠢᠷᠠᠬᠤ ᠮᠡᠷᠭᠡᠵᠢᠯ ᠤᠨ ᠲᠥᠬᠦᠭᠡᠷᠦᠮᠵᠢ ᠶᠢ ᠳᠣᠭᠢᠷᠠᠭᠤᠯᠬᠤ ᠬᠡᠷᠡᠭᠲᠡᠶ᠃
     ᠠᠷᠪᠠᠨ ᠲᠠᠪᠤᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠲᠠᠩᠰᠠ ᠡᠪᠬᠡᠮᠡᠯ ᠤᠨ ᠰᠠᠩ ᠨᠢ ᠬᠠᠳᠠᠭᠠᠯᠠᠵᠤ ᠪᠠᠶᠢᠭ᠎ᠠ ᠲᠠᠩᠰᠠ ᠡᠪᠬᠡᠮᠡᠯ ᠤᠨ ᠮᠠᠲ᠋ᠧᠷᠢᠶᠠᠯ ᠢᠶᠠᠨ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ ᠪᠦᠷᠢᠨ ᠡᠪᠭᠡᠮᠡᠯᠯᠡᠬᠦ ᠬᠡᠷᠡᠭᠲᠡᠶ︔ ᠪᠦᠷᠢᠨ ᠡᠪᠬᠡᠮᠡᠯ ᠤᠨ ᠳᠣᠲᠣᠷ᠎ᠠ ᠪᠠᠨ ᠠᠳᠠᠯᠢ ᠪᠤᠰᠤ ᠲᠥᠷᠥᠯ᠂ ᠠᠳᠠᠯᠢ ᠪᠤᠰᠤ ᠠᠴᠢᠶᠠᠯᠠᠪᠤᠷᠢ᠂ ᠠᠳᠠᠯᠢ ᠪᠤᠰᠤ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠬᠢᠵᠠᠭᠠᠷ ᠢᠶᠠᠷ ᠨᠢ ᠣᠨ ᠤ ᠳᠠᠷᠠᠭᠠᠯᠠᠯ ᠢᠶᠠᠷ ᠵᠢᠶᠠᠰᠠᠨ ᠳᠤ ᠵᠢᠭᠰᠠᠭᠠᠨ ᠲᠠᠯᠪᠢᠵᠤ ᠬᠠᠮᠢᠶᠠᠷᠬᠤ ᠬᠡᠷᠡᠭᠲᠡᠶ᠃
     ᠠᠷᠪᠠᠨ ᠵᠢᠷᠭᠤᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠬᠢᠵᠠᠭᠠᠷ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠬᠢᠵᠠᠭᠠᠷ ᠤᠨ ᠬᠦᠰᠦᠨᠦᠭᠲᠦ ᠶᠢ ᠲᠣᠭᠲᠠᠭᠠᠬᠤ ᠶᠢᠨ ᠬᠠᠮᠲᠤ᠂ ᠬᠠᠮᠢᠶᠠᠷᠴᠤ ᠪᠠᠶᠢᠭ᠎ᠠ ᠳᠠᠩᠰᠠ ᠡᠪᠬᠡᠮᠡᠯ ᠤᠨ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠬᠢᠵᠠᠭᠠᠷ ᠢ ᠣᠨᠣᠪᠴᠢᠲᠠᠶ ᠲᠣᠭᠲᠠᠭᠠᠬᠤ ᠬᠡᠷᠡᠭᠲᠡᠶ᠃
     ᠠᠷᠪᠠᠨ ᠳᠣᠯᠣᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠨᠢ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠬᠠᠳᠠᠭᠠᠯᠠᠵᠤ ᠬᠠᠮᠢᠶᠠᠷᠬᠤ ᠬᠤᠭᠤᠴᠠᠭ᠎ᠠ ᠨᠢ ᠨᠢᠭᠡᠨᠲᠡ ᠲᠤᠯᠤᠭᠰᠠᠨ ᠳᠠᠩᠰᠠ ᠡᠪᠬᠡᠮᠡᠯ ᠢ ᠳᠠᠬᠢᠨᠲᠠ ᠬᠢᠨᠠᠵᠤ ᠬᠢᠨᠠᠨ ᠲᠣᠭᠲᠠᠭᠠᠬᠤ ᠬᠡᠷᠡᠭᠲᠡᠶ᠂ ᠬᠠᠳᠠᠭᠠᠯᠠᠬᠤ ᠦᠨ᠎ᠡ ᠥᠷᠲᠡᠭ ᠦᠭᠡᠶ ᠳᠠᠩᠰᠠ ᠡᠪᠬᠡᠮᠡᠯ ᠢ ᠤᠰᠠᠳᠬᠠᠬᠤ ᠳᠤ ᠡᠷᠬᠡᠪᠰᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠭᠦᠢᠴᠡᠳᠬᠡᠬᠦ ᠬᠡᠷᠡᠭᠲᠡᠶ᠃
     ᠠᠷᠪᠠᠨ ᠨᠠᠢᠮᠠᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠨᠢ ᠳᠠᠩᠰᠠ ᠡᠪᠬᠡᠮᠡᠯ ᠤᠨ ᠭᠠᠷᠴᠠᠭ᠂ ᠬᠠᠳᠠᠭᠠᠯᠠᠵᠤ ᠲᠠᠯᠪᠢᠬᠤ ᠬᠡᠯᠬᠢᠶᠡᠰᠦ᠂ ᠪᠦᠷᠢᠨ ᠡᠪᠬᠡᠮᠡᠯ ᠤᠨ ᠵᠦᠭᠯᠡᠭᠦᠷ ︵ᠲᠠᠨᠢᠯᠴᠠᠭᠤᠯᠭ᠎ᠠ︶ ᠵᠡᠷᠭᠡ ᠬᠡᠷᠡᠭᠯᠡᠭᠡᠨ ᠳᠤ ᠲᠣᠬᠢᠷᠠᠭᠰᠠᠨ ᠡᠷᠢᠬᠦ ᠬᠡᠷᠡᠭᠯᠡᠭᠦᠷ ᠢ ᠨᠠᠶᠢᠷᠠᠭᠤᠯᠤᠨ ᠵᠣᠬᠢᠶᠠᠬᠤ ᠬᠡᠷᠡᠭᠲᠡᠶ︔ ᠠᠯᠪᠠᠨ ᠠᠵᠢᠯ ᠤᠨ ᠠᠦ᠋ᠲ᠋ᠣᠴᠢᠯᠠᠯᠲᠠ ᠯᠤᠭ᠎ᠠ ᠵᠡᠷᠭᠡ ᠳᠤ ᠨᠢ ᠡᠯᠧᠺᠲᠷᠣᠨ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠪᠣᠯᠪᠠᠰᠤᠷᠠᠭᠤᠯᠬᠤ᠂ ᠬᠠᠳᠠᠭᠠᠯᠠᠬᠤ ᠶᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠢᠨ ᠤ ᠡᠷᠢᠬᠦ᠂ ᠠᠰᠢᠭᠯᠠᠬᠤ ᠳᠤ ᠳᠥᠭᠦᠮ ᠪᠠᠶᠢᠯᠭᠠᠬᠤ ᠬᠡᠷᠡᠭᠲᠡᠶ᠃
     ᠠᠷᠪᠠ ᠶᠢᠰᠦᠳᠦᠭᠡᠷ ᠵᠦᠢᠯ  ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠨᠢ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠳᠠᠪᠠᠭᠤᠯᠢᠭ ᠢᠶᠠᠨ ᠠᠰᠢᠭᠯᠠᠨ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠡ ᠵᠠᠩᠭᠢ ᠶᠢᠨ ᠰᠦᠯᠵᠢᠶᠡᠨ ᠤ ᠪᠠᠶᠢᠭᠤᠯᠤᠯᠲᠠ ᠳᠤ ᠣᠷᠣᠯᠴᠠᠵᠤ᠂ ᠲᠠᠷᠢᠶᠠᠴᠢᠨ ᠮᠠᠯᠴᠢᠳ ᠲᠤ ᠮᠡᠳᠡᠭᠡ ᠵᠠᠩᠭᠢ ᠪᠠ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠶ᠃
     ᠬᠤᠷᠢᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠳᠠᠩᠰᠠ ᠡᠪᠬᠡᠮᠡᠯ ᠤᠨ ᠰᠠᠩ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠢᠶᠠᠨ ᠨᠡᠶᠢᠭᠡᠮ ᠳᠤ ᠨᠡᠶᠢᠲᠡᠯᠡᠬᠦ ᠬᠡᠷᠡᠭᠲᠡᠶ᠃
     ᠬᠤᠷᠢᠨ ᠨᠢᠭᠡᠳᠦᠭᠡᠷ ᠵᠦᠢᠯ  ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠮᠠᠲ᠋ᠧᠷᠢᠶᠠᠯ ᠤᠨ ᠲᠥᠪ ᠪᠤᠶᠤ ᠳᠠᠩᠰᠠ ᠡᠪᠬᠡᠮᠡᠯ ᠤᠨ ᠰᠠᠩ ᠨᠢ ᠳᠠᠩᠰᠠ ᠡᠪᠬᠡᠮᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠴᠢᠯᠦᠭᠡᠲᠡᠢ ᠨᠡᠭᠡᠭᠡᠬᠦ ᠳᠠᠩᠰᠠ ᠡᠪᠬᠡᠮᠡᠯ ᠤᠨ ᠠᠭᠤᠯᠭ᠎ᠠ ᠪᠠ ᠬᠡᠪᠴᠢᠶ᠎ᠡ ᠪᠠᠨ ᠲᠣᠭᠲᠠᠭᠠᠵᠤ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠴᠠᠭ ᠲᠤᠬᠠᠶ ᠳᠤ ᠨᠢ ᠨᠡᠶᠢᠭᠡᠮ ᠳᠤ ᠴᠢᠯᠦᠭᠡᠲᠡᠢ ᠨᠡᠭᠡᠭᠡᠬᠦ ᠬᠡᠷᠡᠭᠲᠡᠶ᠃
     ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠲᠠᠩᠰᠠ ᠡᠪᠬᠡᠮᠡᠯ ᠤᠨ ᠰᠠᠩ ᠨᠢ ᠨᠥᠬᠦᠴᠡᠯ ᠪᠦᠷᠢᠯᠳᠦᠭᠦᠯᠵᠦ ᠪᠠᠶᠢᠭᠠᠳ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠢᠶᠠᠨ ᠨᠡᠶᠢᠭᠡᠮ ᠤᠨ ᠬᠢᠨ ᠳᠤ ᠦᠵᠡᠭᠦᠯᠵᠦ ᠤᠩᠰᠢᠭᠤᠯᠬᠤ ᠦᠢᠯᠡᠴᠢᠯᠡᠭᠡ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ᠃
     ᠬᠤᠷᠢᠨ ᠬᠤᠶᠠᠳᠤᠭᠠᠷ ᠵᠦᠢᠯ  ᠰᠤᠮᠤ᠂ ᠰᠢᠶᠠᠩ ᠪᠠᠯᠭᠠᠰᠤᠨ ᠤ ᠲᠠᠩᠰᠠ ᠡᠪᠬᠡᠮᠡᠯ ᠮᠠᠲ᠋ᠧᠷᠢᠶᠠᠯ ᠤᠨ ᠮᠡᠳᠡᠭᠡ ᠵᠠᠩᠭᠢ ᠶᠢᠨ ᠲᠥᠪ ᠪᠤᠶᠤ ᠲᠠᠩᠰᠠ ᠡᠪᠬᠡᠮᠡᠯ ᠤᠨ ᠰᠠᠩ ᠨᠢ ᠨᠠᠶᠢᠳᠠᠨ ᠬᠠᠳᠠᠭᠠᠯᠠᠭᠤᠯᠵᠤ ᠪᠠᠶᠢᠭ᠎ᠠ ᠲᠠᠩᠰᠠ ᠡᠪᠬᠡᠮᠡᠯ ᠢ ᠠᠰᠢᠭᠯᠠᠨ ᠨᠡᠶᠢᠭᠡᠮ ᠳᠤ ᠦᠢᠯᠡᠴᠢᠯᠡᠭᠡ ᠬᠠᠩᠭᠠᠬᠤ ᠳᠤ ᠪᠠᠨ ᠲᠠᠩᠰᠠ ᠡᠪᠬᠡᠮᠡᠯ ᠢᠶᠠᠨ ᠨᠠᠶᠢᠳᠠᠨ ᠬᠠᠳᠠᠭᠠᠯᠠᠭᠤᠯᠤᠭᠴᠢ ᠶᠢᠨ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠶ᠃
     ᠬᠤᠷᠢᠨ ᠭᠤᠷᠪᠠᠳᠤᠭᠠᠷ ᠵᠦᠢᠯ  ᠳᠤᠤᠷᠠᠬᠢ ᠦᠢᠯᠡ ᠪᠠᠶᠢᠳᠠᠯ ᠤᠨ ᠨᠢᠭᠡ ᠨᠢ ᠪᠠᠶᠢᠬᠤ ᠨᠢᠭᠡᠴᠢ ᠬᠢᠭᠡᠳ ᠬᠤᠪᠢ ᠬᠥᠮᠦᠨ ᠢ ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠱᠠᠩᠨᠠᠨ ᠬᠥᠬᠢᠭᠦᠯᠦᠨ᠎ᠡ᠄
     ︵ᠨᠢᠭᠡ︶ ᠳᠠᠩᠰᠠ ᠡᠪᠬᠡᠮᠡᠯ ᠮᠠᠲ᠋ᠧᠷᠢᠶᠠᠯ ᠢ ᠬᠤᠷᠢᠶᠠᠵᠤ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ ᠪᠠ ᠠᠰᠢᠭᠯᠠᠭᠤᠯᠬᠤ ᠳᠤ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ︔
     ︵ᠬᠤᠶᠠᠷ︶ ᠴᠢᠬᠤᠯᠠ ᠪᠤᠶᠤ ᠬᠤᠪᠣᠷ ᠴᠤᠬᠠᠭ ᠳᠠᠩᠰᠠ ᠡᠪᠬᠡᠮᠡᠯ ᠮᠠᠲ᠋ᠧᠷᠢᠶᠠᠯ ᠢ ᠤᠯᠤᠰ ᠲᠤ ᠬᠠᠨᠳᠢᠪᠯᠠᠵᠤ ᠪᠡᠯᠡᠭᠯᠡᠭᠰᠡᠨ︔
     ︵ᠭᠤᠷᠪᠠ︶ ᠳᠠᠩᠰᠠ ᠡᠪᠬᠡᠮᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠲᠡᠮᠡᠴᠡᠯ ᠬᠢᠭᠰᠡᠨ ᠢᠯᠡᠷᠡᠯ ᠨᠢ ᠳᠣᠪᠣᠶᠢᠮ᠎ᠠ ᠪᠠᠶᠢᠬᠤ︔
     ︵ᠳᠥᠷᠪᠡ︶ ᠰᠤᠮᠤ᠂ ᠰᠢᠶᠠᠩ ᠪᠠᠯᠭᠠᠰᠤᠨ ᠤ ᠳᠠᠩᠰᠠ ᠡᠪᠬᠡᠮᠡᠯ ᠤᠨ ᠠᠵᠢᠯ ᠤᠨ ᠵᠣᠬᠢᠶᠠᠨ ᠪᠠᠶᠢᠭᠤᠯᠵᠤ ᠬᠠᠮᠢᠶᠠᠷᠬᠤ ᠳᠤ ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭᠰᠡᠨ︔
     ︵ᠲᠠᠪᠤ︶ ᠰᠤᠮᠤ᠂ ᠰᠢᠶᠠᠩ ᠪᠠᠯᠭᠠᠰᠤᠨ ᠤ ᠬᠠᠷᠢᠶ᠎ᠠ ᠭᠠᠵᠠᠷ ᠲᠠᠬᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ ᠪᠤᠰᠤᠳ ᠵᠣᠬᠢᠶᠠᠨ ᠪᠠᠶᠢᠭᠤᠯᠤᠯᠲᠠ ᠵᠢᠴᠢ ᠬᠤᠪᠢ ᠬᠥᠮᠦᠨ ᠤ ᠳᠠᠩᠰᠠ ᠡᠪᠬᠡᠮᠡᠯ ᠤᠨ ᠬᠠᠮᠢᠶᠠᠷᠤᠯᠲᠠ ᠳᠤ ᠵᠢᠭᠠᠨ ᠵᠢᠯᠣᠭᠤᠳᠬᠤ ᠪᠠ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠨᠡᠯᠢᠶᠡᠳ ᠶᠡᠭᠡ ᠦᠷ᠎ᠡ ᠠᠰᠢᠭ ᠭᠠᠷᠭᠠᠭᠰᠠᠨ᠃
     ᠬᠤᠷᠢᠨ ᠳᠥᠷᠪᠡᠳᠦᠭᠡᠷ ᠵᠦᠢᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠶ᠃
     ᠬᠤᠷᠢᠨ ᠲᠠᠪᠤᠳᠤᠭᠠᠷ ᠵᠦᠢᠯ  ᠬᠤᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠠᠩᠰᠠ ᠡᠪᠬᠡᠮᠡᠯ ᠤᠨ ᠬᠠᠮᠢᠶᠠᠷᠤᠯᠲᠠ ᠳᠤ ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
     ᠬᠤᠷᠢᠨ ᠵᠢᠷᠭᠤᠳᠤᠭᠠᠷ ᠵᠦᠢᠯ  ᠲᠤᠰ ᠠᠷᠭ᠎ᠠ ᠶᠢ 2004 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠤᠤᠯ ᠤᠨ

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤᠨ ᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ︵1992 ᠣᠨ ᠤ 11 ᠳ᠋ᠦ᠋ᠭᠡᠷ ᠰᠠᠷ᠎ᠠ ᠶᠢᠨ 24 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 48 ᠳ᠋ᠤᠭᠠᠷ

ᠲᠣᠭᠠᠲᠤ︶ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃


                              2021 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map